ᠬᠠᠮᠠᠭᠠᠯᠠᠯᠲᠠ ᠪᠣᠯ ᠳᠠᠷᠤᠢ ᠪᠦᠲᠦᠭᠡᠨ ᠪᠠᠶᠢᠭᠤᠯᠤᠯᠲᠠ ᠮᠥᠨ
ᠨᠡᠶᠢᠲᠡᠯᠡᠭᠰᠡᠨ ᠴᠠᠭ᠄
2024/12/31
           ᠸᠠᠩ ᠫᠢᠩ              ᠪᠦᠦ ᠶᠦᠨ ᠹᠧᠩ              ᠠᠯᠠᠱᠠ ᠪᠠᠷᠠᠭᠤᠨ ᠬᠤᠰᠢᠭᠤᠨ ᠤ ᠨᠤᠲᠤᠭ ᠳᠡᠪᠢᠰᠬᠡᠷ ᠤᠨ ᠲᠠᠯᠠᠪᠠᠶ 7.15 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ 4.7 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠳᠠᠢ ᠶᠢᠨ ᠵᠢᠷᠠᠨ ᠡᠯᠡᠰᠦᠨ ᠤ ᠠᠯᠠᠱᠠ ᠪᠠᠷᠠᠭᠤᠨ ᠬᠤᠰᠢᠭᠤᠨ ᠳᠠᠬᠢ ᠲᠠᠯᠠᠪᠠᠶ ᠨᠢ 3.3 ᠲᠦᠮᠡᠨ ᠲᠡᠭᠰᠢ ᠳᠥᠷᠪᠡᠯᠵᠢᠨ ᠺᠢᠯᠣᠮᠧᠲᠷ ᠢ ᠳᠠᠪᠠᠵᠠᠢ᠃ ᠡ᠊ᠨᠳᠡ ᠴᠠᠭᠠᠨ ᠭᠤᠶᠣᠣ᠂ ᠵᠠᠭ᠂ ᠬᠤᠯᠤᠰᠤ᠂ ᠬᠤᠣᠰ ᠪᠥᠬᠦᠲᠦ ᠲᠡᠮᠡᠭᠡ᠂ ᠤᠰᠤᠨ ᠤ ᠰᠢᠪᠠᠭᠤ ᠵᠡᠷᠭᠡ ᠡᠯᠪᠡᠭ ᠪᠠᠶᠠᠯᠢᠭ ᠠᠮᠢᠲᠠᠨ ᠤᠷᠭᠤᠮᠠᠯ ᠢᠶᠠᠷ ᠳᠦᠭᠦᠷᠴᠦ᠂ ᠮᠠᠩᠬᠠᠨ ᠳᠤᠮᠳᠠᠬᠢ ᠬᠠᠴᠢᠨ ᠰᠣᠨᠢᠨ ᠪᠥᠭᠡᠳ ᠥᠩᠭᠡ ᠢᠯᠭᠠᠷᠠᠭᠰᠠᠨ ᠨᠠᠭᠤᠷ ᠪᠦᠷᠢᠳᠦ ᠨᠢ ᠮᠠᠰᠢ ᠣᠯᠠᠨ ᠵᠢᠭᠠᠰᠤ ᠵᠢᠷᠠᠭᠠᠬᠠᠢ ᠶᠢᠨ ᠲᠥᠷᠥᠯ ᠤᠨ ᠦᠷᠡᠵᠢᠨ ᠬᠥᠭᠵᠢᠬᠦ ᠳᠤ ᠠᠰᠢᠭᠲᠠᠢ ᠨᠥᠬᠦᠴᠡᠯ ᠢ ᠬᠠᠩᠭᠠᠵᠤ ᠥᠭᠭᠦᠭᠰᠡᠨ ᠪᠠᠶᠢᠨ᠎ᠠ᠃ ᠵᠠᠭᠤ ᠮᠢᠩᠭᠠᠨ ᠵᠢᠯ ᠤᠨ ᠲᠤᠷᠰᠢ᠂ ᠡ᠊ᠨᠳᠡ ᠠᠮᠢᠳᠤᠷᠠᠵᠤ ᠪᠠᠶᠢᠭᠰᠠᠨ ᠬᠥᠮᠥᠰ ᠡᠯᠡᠰᠦ ᠮᠠᠩᠬ᠎ᠠ ᠪᠠᠷ ᠲᠦᠰᠢᠭ ᠪᠤᠯᠭᠠᠵᠦ᠂ ᠡᠶ᠎ᠡ ᠵᠣᠬᠢᠴᠠᠯᠳᠤ ᠠᠮᠢᠳᠤᠷᠠᠯ ᠤᠨ ᠣᠷᠴᠢᠨ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃              ᠪᠠᠳᠠᠢ ᠶᠢᠨ ᠵᠢᠷᠠᠨ ᠡᠯᠡᠰᠦᠨ ᠤ ᠪᠠᠷᠠᠭᠤᠨ ᠵᠠᠬ᠎ᠠ ᠪᠠᠷ ᠲᠡᠷᠭᠡ ᠪᠠᠷ 2 ᠴᠠᠭ ᠭᠠᠷᠤᠢ ᠠᠶᠠᠯᠠᠬᠤ ᠳᠤ ᠮᠠᠯᠴᠢᠨ ᠪᠥᠬᠡᠪᠠᠭᠠᠲᠤᠷ ᠤᠨ ᠪᠠᠶᠢᠷᠢᠨ ᠳᠤ ᠬᠦᠷᠬᠦ ᠪᠣᠯᠣᠨ᠎ᠠ᠃ ᠲᠡᠭᠦᠨ ᠤ ᠪᠠᠶᠢᠷᠢ ᠨᠢ ᠪᠠᠳᠠᠢ ᠶᠢᠨ ᠵᠢᠷᠠᠨ ᠡᠯᠡᠰᠦᠨ ᠤ ᠥᠷᠥᠴᠡᠨ ᠳᠤ ᠪᠠᠶᠢᠷᠢᠯᠠᠨ᠂ ᠨᠣᠮᠢᠨ ᠲᠤᠩᠭᠠᠯᠠᠭ ᠨᠠᠭᠤᠷ ᠪᠦᠷᠢᠳᠦ ᠨᠢ ᠠᠯᠲᠠᠨ ᠰᠢᠷᠭᠠᠯ ᠡᠯᠡᠰᠦᠨ ᠳᠤ ᠬᠦᠷᠢᠶᠡᠯᠡᠭᠳᠡᠵᠦ᠂ ᠨᠠᠭᠤᠷ ᠤᠨ ᠬᠥᠪᠡᠭᠡᠨ ᠳᠤ ᠡᠪᠡᠰᠦ ᠤᠷᠭᠤᠮᠠᠯ ᠢᠭᠴᠤᠷᠠᠨ᠂ ᠡᠲᠡᠭᠡᠳ ᠦᠵᠡᠮᠵᠢ ᠶᠢ ᠪᠦᠷᠢᠯᠳᠦᠭᠦᠯᠦᠭᠰᠡᠨ ᠪᠠᠶᠢᠳᠠᠭ᠃ ᠰᠤᠷᠪᠤᠯᠵᠢᠯᠠᠬᠴᠢ ᠪᠥᠬᠡᠪᠠᠭᠠᠲᠤᠷ ᠤᠨ ᠭᠡᠷ ᠲᠤ ᠬᠦᠷᠬᠦ ᠳᠤ ᠲᠡᠷᠡ ᠶᠠᠭ ᠠᠪᠤ ᠪᠠᠨ ᠬᠠᠪᠰᠤᠷᠤᠨ ᠮᠠᠯ ᠤᠨ ᠬᠠᠰᠢᠶ᠎ᠠ ᠪᠠᠨ ᠵᠠᠰᠠᠵᠤ ᠪᠠᠶᠢᠪᠠ᠃ ᠬᠡᠳᠦᠶᠢᠪᠡᠷ ᠪᠠᠯᠭᠠᠰᠤᠨ ᠳᠤ ᠰᠠᠭᠤᠵᠤ ᠪᠤᠢ ᠪᠤᠯᠪᠠᠴᠦ ᠬᠥᠳᠡᠭᠡ ᠭᠡᠷ ᠲᠤᠨᠢ ᠠᠵᠢᠯ ᠶᠠᠪᠤᠳᠠᠯ ᠲᠠᠢ ᠪᠣᠯ ᠪᠥᠬᠡᠪᠠᠭᠠᠲᠤᠷ ᠲᠠᠷᠠ ᠳᠠᠷᠤᠢ ᠳᠤᠨᠢ ᠬᠦᠷᠴᠦ ᠬᠦᠴᠦ ᠲᠠᠮ ᠪᠤᠯᠳᠠᠭ ᠃ ᠲᠡᠳᠡᠨᠡᠶᠢᠬᠢᠨ ᠦᠶ᠎ᠡ ᠤᠯᠠᠷᠢᠨ ᠡ᠊ᠨᠳᠡ ᠰᠠᠭᠤᠷᠢᠰᠢᠵᠤ ᠪᠠᠶᠢᠭᠰᠠᠨ ᠪᠥᠭᠡᠳ ᠤᠳᠤ ᠶᠡᠬᠡᠩᠬᠢ ᠪᠠᠶᠢᠷᠢ ᠪᠠᠨ ᠥᠬᠢᠨ ᠳᠡᠭᠦᠦ ᠳᠡᠭᠡᠨ ᠲᠤᠰᠢᠶᠠᠨ ᠥᠭᠴᠦ ᠮᠠᠯᠴᠢᠨ ᠠᠶᠢᠯ ᠤᠨ ᠵᠢᠭᠤᠯᠴᠢᠯᠠᠯ ᠢ ᠡᠵᠡᠩᠨᠡᠭᠦᠯᠵᠦ ᠪᠤᠢ᠃              ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠲᠤᠰ ᠭᠠᠵᠠᠷ ᠤᠨ ᠣᠷᠣᠰᠢᠨ ᠲᠣᠭᠲᠠᠨᠢᠬᠤ ᠵᠢᠮ᠎ᠡ ᠶᠣᠰᠣ ᠪᠣᠯᠬᠤᠷ᠂ ᠡ᠊ᠨᠳᠡ ᠠᠮᠢᠳᠤᠷᠠᠵᠤ ᠪᠤᠢ ᠮᠠᠯᠴᠢᠳ ᠴᠥᠮ ᠥᠪᠡᠷ ᠤᠨ ᠪᠠᠶᠢᠷᠢᠨ ᠳᠠᠭᠠᠨ ᠡᠪᠡᠰᠦ ᠮᠣᠳᠣ ᠳᠠᠷᠢᠵᠠᠢ᠃ ᠪᠥᠬᠡᠪᠠᠭᠠᠲᠤᠷ ᠬᠦᠷᠢᠶᠡᠨ ᠳᠡᠭᠡᠨ ᠳᠠᠷᠢᠭᠰᠠᠨ 2 ᠴᠢᠪᠠᠭ᠎ᠠ ᠶᠢᠨ ᠮᠣᠳᠣ ᠶᠢ ᠵᠢᠭᠠᠭᠰᠠᠨ  ᠢᠶᠠᠨ᠂ ᠨᠢᠭᠡ ᠶᠢ ᠨᠢ ᠨᠠᠭᠠᠴᠤ ᠡᠮᠡᠭᠡ ᠮᠢᠨᠢ 70 ᠵᠢᠯ ᠤᠨ ᠡᠮᠦᠨ᠎ᠡ ᠳᠠᠷᠢᠵᠠᠢ᠂ ᠨᠦᠭᠦᠭᠡ ᠨᠢᠭᠡ ᠶᠢ ᠨᠢ ᠡᠵᠢ ᠮᠢᠨᠢ 30 ᠵᠢᠯ ᠤᠨ ᠡᠮᠦᠨ᠎ᠡ ᠳᠠᠷᠢᠵᠠᠢ᠂ ᠨᠠᠭᠤᠷ ᠤᠨ ᠬᠥᠪᠡᠭᠡᠨ ᠤ ᠵᠠᠭ ᠪᠠ ᠤᠯᠢᠶᠠᠰᠤᠨ ᠮᠣᠳᠣ ᠶᠢ ᠪᠢ ᠪᠠᠭ᠎ᠠ ᠪᠠᠶᠢᠬᠤ ᠳᠠᠭᠠᠨ ᠳᠠᠷᠢᠵᠠᠢ᠂ ᠡᠯᠡᠰᠦ ᠮᠠᠩᠬᠠᠨ ᠳᠤ ᠮᠣᠳᠣ ᠠᠮᠢᠯᠠᠬᠤ ᠭᠡᠭᠴᠢ ᠠᠮᠠᠷ ᠦᠭᠡᠢ ᠶᠠᠪᠤᠳᠠᠯ ᠰᠢᠤ ᠭᠡᠵᠦ ᠪᠠᠶᠢᠪᠠ᠃              ᠡᠨᠡ ᠵᠢᠯ ᠤᠨ ᠵᠤᠨ ᠤ ᠤᠯᠠᠷᠢᠯ ᠤᠨ ᠭᠠᠩ ᠬᠠᠭᠰᠠᠷᠠᠭᠠᠨ ᠤ ᠨᠥᠯᠥᠭᠡ ᠪᠠᠷ᠂ ᠪᠥᠬᠡᠪᠠᠭᠠᠲᠤᠷ ᠲᠤᠭ᠎ᠠ  ᠲᠠᠢ ᠬᠡᠳᠦᠨ ᠮᠣᠳᠣ ᠤᠷᠭᠤᠮᠠᠯ ᠢᠶᠠᠨ ᠬᠠᠮᠠᠭᠠᠯᠠᠵᠤ᠂ ᠭᠠᠮᠰᠢᠭ ᠤᠨ ᠨᠥᠯᠥᠭᠡ ᠶᠢ ᠪᠠᠭᠠᠰᠬᠠᠬᠤ ᠶᠢᠨ ᠲᠥᠯᠥᠭᠡ 100 ᠭᠠᠷᠤᠢ ᠬᠤᠨᠢ ᠮᠠᠯ ᠢᠶᠠᠨ ᠬᠤᠳᠠᠯᠳᠤᠵᠠᠢ᠃ ᠭᠠᠩ ᠬᠠᠭᠰᠠᠷᠠᠭᠠᠨ ᠲᠠᠢ ᠵᠢᠯ ᠲᠣᠬᠢᠶᠠᠯᠳᠤᠪᠠᠯ ᠠᠵᠤ ᠠᠬᠤᠢ ᠶᠢᠨ ᠬᠤᠬᠢᠷᠠᠯ ᠠᠮᠰᠠᠪᠠᠴᠤ ᠠᠮᠢ ᠠᠬᠤᠢ ᠪᠠᠨ ᠬᠠᠮᠠᠭᠠᠯᠠᠬᠤ ᠨᠢ ᠲᠦᠮᠡᠨ ᠵᠦᠢ ᠭᠡᠳᠡᠭ ᠢ ᠡᠯᠡᠰᠦᠨ ᠤ ᠮᠠᠯᠴᠢᠳ ᠰᠠᠶᠢᠨ ᠮᠡᠳᠡᠨ᠎ᠠ᠃ ︽ᠪᠢ ᠬᠠᠷᠠᠬᠠᠨ ᠪᠠᠭ᠎ᠠ ᠠᠴᠠ ᠪᠠᠨ ᠨᠠᠭᠤᠷ ᠪᠦᠷᠢᠳᠦ ᠶᠢᠨ ᠬᠠᠪᠢ ᠪᠠᠷ ᠥᠰᠴᠡᠢ᠂ ᠪᠠᠳᠠᠢ ᠶᠢᠨ ᠵᠢᠷᠠᠨ ᠡᠯᠡᠰᠦ ᠮᠠᠩᠬ᠎ᠠ ᠳᠡᠯᠡᠬᠡᠢ ᠶᠢᠨ ᠪᠠᠶᠢᠭᠠᠯᠢ ᠶᠢᠨ ᠥᠪ ᠪᠣᠯᠤᠭᠰᠠᠨ ᠢ ᠮᠡᠳᠡᠭᠰᠡᠨ ᠤ ᠳᠠᠷᠠᠭ᠎ᠠ ᠭᠠᠶᠢᠬᠠᠵᠤ ᠰᠣᠴᠢᠬᠤ ᠶᠢᠨ ᠬᠠᠮᠲᠤ ᠲᠤᠶᠢᠯ ᠢᠶᠠᠷ ᠣᠮᠣᠭᠰᠢᠵᠠᠢ᠂ ᠬᠤᠶᠢᠰᠢᠳᠠ ᠪᠢᠳᠠ ᠨᠤᠲᠤᠭ ᠣᠷᠣᠨ ᠤ ᠠᠮᠢ ᠠᠬᠤᠢ ᠪᠠᠨ ᠦᠷᠭᠦᠯᠵᠢᠯᠡᠨ ᠰᠠᠶᠢᠲᠤᠷ ᠬᠠᠮᠠᠭᠠᠯᠠᠵᠤ᠂ ᠪᠠᠳᠠᠢ ᠶᠢᠨ ᠵᠢᠷᠠᠨ ᠡᠯᠡᠰᠦ ᠮᠠᠩᠬᠠᠨ ᠤ ᠷᠢᠳᠢ ᠰᠢᠳᠢ ᠶᠢ ᠤᠯᠠᠮ ᠴᠢᠨᠠᠭᠰᠢᠳᠠ ᠪᠠᠳᠠᠷᠠᠭᠤᠯᠤᠨ᠎ᠠ︾ ᠬᠡᠮᠡᠨ ᠪᠥᠬᠡᠪᠠᠭᠠᠲᠤᠷ ᠢᠲᠡᠭᠡᠯ ᠳᠦᠭᠦᠷᠡᠩ ᠶᠠᠷᠢᠵᠤ ᠪᠠᠶᠢᠯ᠎ᠠ᠃ ᠶᠠᠭ ᠡᠨᠡ ᠬᠦ ᠦᠶ᠎ᠡ ᠦᠶ᠎ᠡ ᠶᠢᠨ ᠮᠠᠯᠴᠢᠳ ᠤᠨ ᠬᠠᠮᠠᠭᠠᠯᠠᠯᠲᠠ ᠳᠣᠣᠷ᠎ᠠ᠂ ᠵᠢᠯ ᠪᠦᠷᠢ ᠶᠢᠨ ᠬᠤᠷ᠎ᠠ ᠲᠤᠨᠳᠠᠰᠤᠨ ᠤ ᠬᠡᠮᠵᠢᠶ᠎ᠡ 40 ᠮᠢᠯᠢᠮᠧᠲᠷ ᠲᠤ ᠬᠦᠷᠬᠦ ᠦᠭᠡᠢ ᠪᠠᠳᠠᠢ ᠶᠢᠨ ᠵᠢᠷᠠᠨ ᠡᠯᠡᠰᠦᠨ ᠤ 144 ᠨᠠᠭᠤᠷ ᠪᠦᠷᠢᠳᠦ ᠨᠢ ᠤᠤᠯ ᠤᠨ ᠲᠡᠷᠡ ᠬᠦ ᠲᠤᠭ᠎ᠠ ᠬᠡᠮᠵᠢᠶ᠎ᠡ  ᠪᠠᠨ ᠪᠠᠲᠤᠯᠠᠭᠰᠠᠭᠠᠷ ᠠᠵᠢ᠃              ᠠᠯᠢ ᠡᠷᠲᠡ ᠳᠡᠭᠡᠷ᠎ᠡ ᠵᠠᠭᠤᠨ ᠤ ᠶᠡᠷᠡᠭᠡᠳ ᠣᠨ ᠤ ᠦᠶ᠎ᠡ ᠳᠤ᠂ ᠠᠯᠠᠱᠠ ᠪᠠᠷᠠᠭᠤᠨ ᠬᠤᠰᠢᠭᠤ ᠪᠠᠳᠠᠢ  ᠶᠢᠨ ᠵᠢᠷᠠᠨ ᠡᠯᠡᠰᠦᠨ ᠳᠤ ᠨᠠᠭᠤᠷ ᠪᠦᠷᠢᠳᠦ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠵᠤ᠂ ᠡᠭᠦᠨ ᠠᠴᠠ ᠰᠡᠭᠦᠯᠡᠷ ᠂ ᠶᠠᠪᠠᠷᠠᠢ ᠶᠢᠨ ᠬᠥᠬᠡ ᠢᠮᠠᠭ᠎ᠠ ᠪᠣᠯᠣᠨ ᠲᠠᠩᠰᠤᠬᠪᠤᠯᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠨᠡᠶᠢᠯᠡᠭᠦᠯᠦᠭᠡᠳ ᠥᠪᠥᠷ ᠮᠣᠩᠭᠤᠯ ᠤᠨ ᠪᠠᠳᠠᠢ ᠶᠢᠨ ᠵᠢᠷᠠᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠪᠠᠳᠠᠢ ᠶᠢᠨ ᠵᠢᠷᠠᠨ ᠡᠯᠡᠰᠦᠨ ᠤ ᠦᠵᠡᠮᠵᠢ ᠶᠢᠨ ᠣᠷᠣᠨ ᠢ ᠪᠠᠶᠢᠭᠤᠯᠵᠤ᠂ ᠡᠯᠡᠰᠦ ᠮᠠᠩᠬᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠤᠯᠠᠮ ᠨᠢᠭᠡ ᠠᠯᠬᠤᠮ ᠪᠠᠲᠤᠯᠠᠭ᠎ᠠ ᠲᠠᠢ ᠪᠣᠯᠤᠭᠰᠠᠨ ᠪᠠᠶᠢᠨ᠎ᠠ᠃              ᠯᠢᠦ ᠸᠧᠢ ᠪᠢᠨ ᠪᠣᠯ ᠠᠯᠠᠱᠠ ᠪᠠᠷᠠᠭᠤᠨ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ ᠪᠣᠯᠣᠨ᠎ᠠ᠃ ᠬᠡᠳᠦᠨ ᠵᠢᠯ ᠤᠨ ᠡᠮᠦᠨ᠎ᠡ ᠲᠡᠷᠡ ᠲᠣᠭᠤᠷᠢᠨ ᠬᠠᠮᠠᠭᠠᠯᠠᠯᠲᠠ ᠬᠢᠬᠦ ᠳᠤᠮᠳᠠ ᠠᠭᠤᠯᠠᠨ ᠠᠴᠠ ᠣᠶᠢᠴᠢᠵᠤ ᠰᠢᠷᠬᠠᠲᠤᠭᠠᠳ ᠮᠡᠰᠡ ᠵᠠᠰᠠᠯ  ᠢᠶᠠᠷ ᠲᠠᠮᠵᠢᠨ ᠡᠳᠡᠭᠡᠷᠡᠭᠰᠡᠨ ᠪᠤᠯᠪᠠᠴᠦ ᠠᠷᠬᠠᠭ ᠭᠡᠮ ᠦᠯᠡᠳᠡᠵᠡᠢ᠃ ᠭᠡᠪᠡᠴᠦ ᠲᠠᠷᠠ ᠲᠣᠭᠤᠷᠢᠨ ᠬᠠᠮᠠᠭᠠᠯᠠᠬᠤ ᠠᠵᠢᠯ  ᠠᠴᠠ ᠬᠠᠯᠠᠰᠢᠷᠠᠭᠰᠠᠨ ᠦᠭᠡᠢ ᠮᠥᠨ ᠯᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭᠠᠨ ᠤ ᠲᠣᠭᠤᠷᠢᠨ ᠬᠠᠮᠠᠭᠠᠯᠠᠯᠲᠠ ᠶᠢ ᠪᠠᠲᠤᠯᠠᠵᠤ᠂ ᠪᠠᠳᠠᠢ ᠶᠢᠨ ᠵᠢᠷᠠᠨ ᠡᠯᠡᠰᠦᠨ ᠳᠣᠲᠣᠷᠠᠬᠢ ᠶᠡᠭᠡ ᠪᠠᠭ᠎ᠠ ᠨᠠᠭᠤᠷ ᠪᠦᠷᠢᠳᠦ᠂ ᠤᠰᠤ ᠪᠡᠯᠴᠢᠭᠡᠷ ᠪᠣᠯᠣᠨ ᠬᠡᠭᠡᠷ᠎ᠡ ᠶᠢᠨ ᠠᠮᠢᠲᠠᠨ ᠤ ᠪᠠᠶᠢᠳᠠᠯ ᠢ ᠲᠡᠮᠳᠡᠭᠯᠡᠬᠦ ᠶᠢᠨ ᠬᠠᠮᠲᠤ ᠬᠤᠯᠠᠭᠠᠶᠢᠯᠠᠨ ᠣᠭᠲᠣᠯᠬᠤ ᠪᠤᠶᠤ ᠬᠤᠯᠠᠭᠠᠶᠢᠯᠠᠨ ᠠᠩᠨᠠᠬᠤ ᠵᠡᠷᠭᠡ ᠡᠭᠦᠰᠴᠦ ᠮᠡᠳᠡᠬᠦ ᠬᠠᠤᠯᠢ ᠪᠤᠰᠤ ᠠᠵᠢᠯᠯᠠᠭ᠎ᠠ ᠶᠢ ᠬᠢᠨᠠᠨ ᠬᠠᠮᠢᠶᠠᠷᠤᠭᠰᠠᠭᠠᠷ ᠢᠷᠡᠭᠰᠡᠨ ᠪᠠᠶᠢᠨ᠎ᠠ᠃              ᠣᠶᠢᠷ᠎ᠠ ᠶᠢᠨ ᠡᠳᠦᠷ᠂ ᠯᠢᠦ ᠸᠧᠢ ᠪᠢᠨ ᠳᠤᠭᠤᠶᠢᠯᠠᠩ ᠤᠨ ᠭᠡᠰᠢᠭᠦᠳ ᠲᠠᠢ ᠪᠠᠨ ᠬᠠᠮᠲᠤ ᠡᠳ᠋ ᠪᠣᠳᠠᠰ ᠪᠡᠯᠡᠳᠬᠡᠨ᠂ ᠪᠠᠳᠠᠢ ᠶᠢᠨ ᠵᠢᠷᠠᠨ ᠡᠯᠡᠰᠦᠨ ᠳᠤ ᠰᠠᠷ᠎ᠠ ᠪᠦᠷᠢ ᠨᠢᠭᠡ ᠤᠳᠠᠭ᠎ᠠ ᠲᠣᠭᠤᠷᠢᠨ ᠬᠠᠮᠠᠭᠠᠯᠠᠬᠤ ᠠᠵᠢᠯ  ᠢᠶᠠᠨ ᠡᠬᠢᠯᠡᠭᠦᠯᠵᠡᠢ᠃ ᠲᠡᠭᠦᠨ ᠤ ᠠᠵᠢᠯ ᠪᠣᠯ ᠳᠠᠷᠤᠢ ᠭᠦᠷᠦᠭᠰᠡᠨ ᠭᠠᠵᠠᠷ ᠪᠣᠯᠭᠠᠨ ᠤ ᠡᠯᠡᠰᠦᠨ ᠴᠣᠬᠢᠶ᠎ᠠ ᠶᠢ ᠮᠠᠴᠤᠵᠤ᠂ ᠲᠡᠮᠳᠡᠭᠯᠡᠯ ᠬᠢᠬᠦ ᠶᠠᠪᠤᠳᠠᠯ ᠪᠣᠯᠣᠨ᠎ᠠ᠃ ᠬᠠᠮᠢᠶᠠᠷᠤᠨ ᠬᠠᠮᠠᠭᠠᠯᠠᠬᠤ ᠣᠷᠣᠨ ᠤ ᠲᠠᠯᠠᠪᠠᠶ ᠨᠢ ᠶᠡᠭᠡ᠂ ᠭᠠᠵᠠᠷ ᠤᠨ ᠪᠠᠶᠢᠴᠠ ᠨᠢ ᠨᠠᠷᠢᠨ ᠪᠤᠳᠤᠯᠢᠶᠠᠨᠲᠠᠢ ᠪᠥᠭᠡᠳ ᠬᠥᠮᠥᠨ ᠠᠮᠠ ᠴᠥᠭᠡᠨ ᠪᠣᠯᠬᠤᠷ᠂ ᠲᠡᠷᠡ ᠳᠤᠭᠤᠶᠢᠯᠠᠩ ᠤᠨ ᠭᠡᠰᠢᠭᠦᠳ ᠲᠠᠢ ᠪᠠᠨ ᠬᠠᠮᠲᠤ ᠤᠳᠠᠭ᠎ᠠ ᠪᠣᠯᠭᠠᠨ ᠲᠣᠭᠤᠷᠢᠨ ᠬᠠᠮᠠᠭᠠᠯᠠᠬᠤ ᠳᠤ ᠪᠦᠷ 5 - 8 ᠡᠳᠦᠷ ᠤᠨ ᠴᠠᠭ ᠵᠠᠷᠤᠴᠠᠭᠤᠯᠳᠠᠭ᠃ ᠡᠨᠡ ᠠᠵᠢᠯ ᠢ ᠲᠡᠳᠡ 20 ᠰᠢᠬᠠᠮ ᠵᠢᠯ ᠦᠷᠭᠦᠯᠵᠢᠯᠡᠨ ᠬᠢᠭᠰᠡᠨ ᠪᠠᠶᠢᠨ᠎ᠠ᠃              ᠯᠢᠦ ᠸᠧᠢ ᠪᠢᠨ ᠤ ᠲᠡᠮᠳᠡᠭᠯᠡᠯ ᠳᠤ᠄ ︽ᠣᠳᠣᠬᠠᠨ ᠳᠤ ᠪᠠᠳᠠᠢ ᠨᠠᠭᠤᠷ ᠤᠨ ᠤᠰᠤᠨ ᠤ ᠲᠦᠪᠰᠢᠨ ᠨᠢᠭᠡᠨᠲᠡ ᠳᠡᠭᠡᠭᠰᠢᠯᠡᠵᠦ᠂ ᠥᠩᠭᠡᠷᠡᠭᠰᠡᠨ ᠵᠢᠯ ᠤᠳ ᠤᠨ ᠬᠢ ᠲᠠᠢ ᠬᠠᠷᠢᠴᠠᠭᠤᠯᠪᠠᠯ᠂ ᠡᠨᠡ ᠵᠢᠯ ᠤᠷᠢᠳᠴᠢᠯᠠᠵᠠᠢ︾ ᠬᠡᠮᠡᠨ ᠨᠠᠷᠢᠨ ᠲᠡᠮᠳᠡᠭᠯᠡᠭᠰᠡᠨ ᠪᠠᠶᠢᠯ᠎ᠠ᠃ ᠯᠢᠦ ᠸᠧᠢ ᠪᠢᠨ᠂ ᠳᠤᠭᠤᠶᠢᠯᠠᠩ ᠬᠤᠪᠢᠶᠠᠨ ᠲᠣᠭᠤᠷᠢᠨ ᠬᠠᠮᠠᠭᠠᠯᠠᠬᠤ ᠠᠷᠭ᠎ᠠ  ᠪᠠᠷ ᠳᠠᠮᠵᠢᠭᠤᠯᠤᠨ᠂ ᠪᠢᠳᠡ ᠵᠢᠯ ᠪᠦᠷᠢ ᠨᠠᠭᠠᠲᠤ ᠵᠠᠬ᠎ᠠ ᠳᠠᠭᠠᠨ 3 - 4 ᠦᠶᠡᠯᠡᠯ ᠤᠨ ᠬᠤᠭᠤᠴᠠᠭᠠᠨ ᠤ ᠲᠣᠭᠤᠷᠢᠨ ᠬᠠᠮᠠᠭᠠᠯᠠᠯᠲᠠ ᠶᠢ ᠪᠠᠲᠤᠯᠠᠵᠤ᠂ ᠬᠠᠮᠠᠭᠠᠯᠠᠯᠲᠠ ᠶᠢᠨ ᠭᠠᠵᠠᠷ ᠪᠣᠯᠭᠠᠨ ᠢ ᠴᠥᠮ ᠲᠣᠭᠤᠷᠢᠨ ᠬᠠᠮᠠᠭᠠᠯᠠᠵᠠᠢ᠂ ᠣᠶᠢᠷ᠎ᠠ ᠶᠢᠨ ᠬᠡᠳᠦᠨ ᠵᠢᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠭᠰᠠᠨ ᠠᠴᠠ ᠪᠠᠳᠠᠢ ᠶᠢᠨ ᠵᠢᠷᠠᠨ ᠡᠯᠡᠰᠦᠨ ᠤ ᠠᠮᠢ ᠠᠬᠤᠢ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠵᠤ᠂ ᠨᠡᠭᠦᠳᠡᠯ ᠤᠨ ᠰᠢᠪᠠᠭᠤ ᠵᠡᠷᠭᠡ ᠠᠮᠢᠲᠠᠨ ᠤ ᠲᠥᠷᠥᠯ ᠵᠦᠢᠯ ᠪᠣᠯᠣᠨ ᠤᠷᠭᠤᠮᠠᠯ ᠤᠨ ᠬᠤᠴᠢᠯᠭ᠎ᠠ ᠴᠥᠮ ᠨᠡᠮᠡᠭᠳᠡᠵᠦ ᠪᠠᠶᠢᠬᠤ ᠶᠢ ᠣᠯᠵᠤ ᠮᠠᠲᠠᠵᠠᠢ ᠭᠡᠵᠦ ᠪᠠᠶᠢᠪᠠ᠃              ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ᠂ ᠠᠯᠠᠱᠠ ᠪᠠᠷᠠᠭᠤᠨ ᠬᠤᠰᠢᠭᠤᠨ ᠳᠤ ᠪᠠᠶᠢᠭ᠎ᠠ ᠳᠤᠮᠳᠠᠳᠤ ᠤᠯᠤᠰ ᠤᠨ ᠲᠡᠮᠡᠭᠡᠨ ᠤ ᠣᠷᠳᠣᠨ ᠳᠤ ᠰᠢᠨ᠎ᠡ ᠬᠢᠴᠢᠶᠡᠯ ᠡᠬᠢᠯᠡᠬᠦ ᠠᠩᠬᠠᠨ ᠤ ᠠᠵᠢᠯᠯᠠᠭ᠎ᠠ ᠶᠠᠪᠤᠭᠳᠠᠵᠤ᠂ ᠠᠯᠠᠱᠠ ᠶᠢᠨ ᠡᠯᠡᠰᠦ ᠮᠠᠩᠬᠠᠨ ᠤ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠠᠯᠠᠱᠠ ᠪᠠᠷᠠᠭᠤᠨ ᠬᠤᠰᠢᠭᠤᠨ ᠤ ᠬᠠᠮᠢᠶᠠᠷᠤᠯᠲᠠ ᠶᠢᠨ ᠲᠣᠪᠴᠢᠶᠠᠨ ᠤ ᠲᠠᠶᠢᠯᠪᠤᠷᠢᠯᠠᠭᠴᠢ ᠠᠴᠠ ᠰᠤᠷᠤᠬᠴᠢᠳ ᠲᠤ ᠪᠠᠳᠠᠢ ᠶᠢᠨ ᠵᠢᠷᠠᠨ ᠡᠯᠡᠰᠦᠨ ᠤ ᠬᠤᠯᠪᠣᠭᠳᠠᠯ ᠪᠦᠬᠦᠢ ᠮᠡᠳᠡᠯᠭᠡ ᠶᠢ ᠣᠶᠢᠯᠠᠭᠠᠮᠵᠢᠲᠠᠢ ᠰᠠᠶᠢᠬᠠᠨ ᠲᠠᠶᠢᠯᠪᠤᠷᠢᠯᠠᠵᠤ ᠪᠠᠶᠢᠯ᠎ᠠ᠃ ︽︿ᠪᠠᠳᠠᠢ ᠶᠢᠨ ᠵᠢᠷᠠᠨ ᠡᠯᠡᠰᠦ ᠮᠠᠩᠬ᠎ᠠ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ﹀ᠭᠡᠬᠦ ᠡᠨᠡ ᠬᠦ ᠳᠡᠯᠡᠬᠡᠢ ᠶᠢᠨ ᠪᠠᠶᠢᠭᠠᠯᠢ ᠶᠢᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠵᠠᠯᠭᠠᠮᠵᠢᠯᠠᠨ᠂ ᠰᠠᠶᠢᠲᠤᠷ ᠠᠰᠢᠭᠯᠠᠬᠤ ᠪᠣᠯ ᠮᠠᠨ ᠤ ᠪᠠᠳᠠᠢ ᠶᠢᠨ ᠵᠢᠷᠠᠨ ᠤ ᠬᠥᠮᠥᠰ ᠤᠨ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ ᠬᠤᠶᠢᠰᠢᠳᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠪᠤᠴᠠ ᠳᠤ ᠪᠢᠳᠡ ᠭᠤᠣᠯ ᠰᠡᠳᠦᠪᠲᠦ ᠠᠩᠭᠢ ᠶᠢᠨ ᠬᠤᠷᠠᠯ ᠥᠷᠨᠢᠭᠦᠯᠬᠦ ᠵᠡᠷᠭᠡ ᠭᠡᠯᠪᠡᠷᠢ ᠪᠠᠷ ᠳᠠᠮᠵᠢᠭᠤᠯᠤᠨ᠂ ᠬᠡᠦᠬᠡᠳ ᠤᠳ ᠢ ᠬᠥᠲᠥᠯᠥᠨ ᠵᠢᠯᠤᠭᠤᠳᠴᠤ ᠪᠠᠶᠢᠭᠠᠳ ᠨᠤᠲᠤᠭ ᠣᠷᠣᠨ ᠤ ᠭᠤᠶᠢᠳᠠ ᠰᠠᠶᠢᠬᠠᠨ ᠠᠭᠤᠯᠠ ᠤᠰᠤ ᠪᠠ ᠳᠤᠮᠳᠠᠳᠤ ᠶᠢᠨ ᠪᠣᠯᠪᠠᠰᠤᠨ ᠢ ᠲᠠᠨᠢᠭᠤᠯᠤᠨ ᠮᠡᠳᠡᠷᠡᠭᠦᠯᠵᠦ᠂ ᠦᠨᠳᠦᠰᠦᠲᠡᠨ ᠤ ᠥᠪᠡᠷ ᠢ ᠪᠠᠨ ᠬᠦᠨᠳᠦᠳᠬᠡᠬᠦ ᠰᠡᠳᠬᠢᠯᠭᠡ᠂ ᠥᠪᠡᠷ ᠢ ᠪᠠᠨ ᠢᠲᠡᠭᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠢ ᠨᠡᠮᠡᠭᠳᠡᠭᠦᠯᠦᠨ᠎ᠡ︾ ᠭᠡᠵᠦ ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠬᠤᠶᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠠᠩ ᠱᠤ᠋ ᠴᠢᠨ ᠬᠡᠯᠡᠯ᠎ᠡ᠃              ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠡᠳ ᠠᠮᠵᠢᠯᠲᠠ ᠣᠯᠣᠭᠰᠠᠨ ᠶᠠᠪᠤᠳᠠᠯ ᠢᠶᠠᠷ ᠰᠢᠨ᠎ᠡ ᠭᠠᠷᠤᠭ᠎ᠠ ᠪᠤᠯᠭᠠᠵᠤ᠂ ᠡᠨᠡ ᠬᠦ ᠬᠤᠪᠣᠷ ᠨᠠᠨᠳᠢᠨ ᠳᠡᠯᠡᠬᠡᠢ ᠶᠢᠨ ᠪᠠᠶᠢᠭᠠᠯᠢ ᠶᠢᠨ ᠥᠪ ᠢ ᠬᠡᠷᠬᠢᠨ ᠰᠠᠶᠢᠲᠤᠷ ᠬᠠᠮᠠᠭᠠᠯᠠᠬᠤ᠂ ᠰᠠᠶᠢᠲᠤᠷ ᠵᠠᠯᠭᠠᠮᠵᠢᠯᠠᠬᠤ᠂ ᠰᠠᠶᠢᠲᠤᠷ ᠠᠰᠢᠭᠯᠠᠬᠤ᠂ ᠠᠮᠢ ᠠᠬᠤᠢ ᠶᠢᠨ ᠬᠠᠮᠠᠭᠠᠯᠠᠯᠲᠠ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠴᠢᠨᠠᠭᠰᠢᠳᠠ ᠠᠬᠢᠭᠤᠯᠬᠤ ᠲᠤᠬᠠᠢ ᠠᠯᠠᠱᠠ ᠪᠠᠷᠠᠭᠤᠨ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠪᠣᠯᠣᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠣᠪᠴᠢᠶᠠᠨ ᠤ ᠳᠡᠳ᠋ ᠳᠠᠷᠤᠭ᠎ᠠ ᠵᠠᠩ ᠵᠤᠤ ᠰᠢᠨ᠄ ︽ᠪᠢᠳᠡ ᠡᠯᠡᠰᠦᠨ ᠴᠣᠬᠢᠶ᠎ᠠ᠂ ᠨᠠᠭᠤᠷ ᠪᠦᠷᠢᠳᠦ᠂ ᠤᠷᠭᠤᠮᠠᠯ ᠤᠨ ᠬᠤᠴᠢᠯᠭ᠎ᠠ ᠵᠡᠷᠭᠡ ᠶᠢᠨ ᠪᠠᠶᠢᠭᠠᠯᠢ ᠶᠢᠨ ᠦᠷᠳᠡᠭ᠂ ᠡᠯᠧᠮᠧᠨ᠋ᠲ ᠤᠨ ᠬᠢᠨᠠᠨ ᠬᠡᠮᠵᠢᠯᠲᠡ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠵᠣᠬᠢᠴᠠᠬᠤ ᠴᠢᠨᠠᠷᠲᠠᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠭᠦᠨ ᠤ ᠵᠡᠷᠭᠡ ᠪᠠᠷ ᠥᠪ ᠬᠥᠷᠥᠩᠭᠡ ᠶᠢᠨ ᠭᠠᠷᠤᠯᠲᠠ ᠶᠢᠨ ᠣᠷᠣᠨ ᠢ ᠬᠢᠨᠠᠨ ᠬᠡᠮᠵᠢᠬᠦ ᠰᠢᠰᠲ᠋ᠧᠮ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠲᠡᠭᠦᠯᠳᠡᠷᠵᠢᠭᠦᠯᠵᠦ᠂ ᠬᠠᠮᠠᠭᠠᠯᠠᠬᠤ ᠪᠠ ᠵᠠᠰᠠᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠬᠡᠷᠡᠭᠵᠢᠭᠦᠯᠦᠨ᠂ ᠥᠪ ᠬᠥᠷᠥᠩᠭᠡ ᠶᠢ ᠬᠠᠮᠠᠭᠠᠯᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠲᠠᠶᠢᠴᠢᠯᠠᠵᠦ ᠪᠠᠶᠢᠭᠠᠳ ᠬᠢᠨᠠᠨ ᠬᠡᠮᠵᠢᠬᠦ᠂ ᠬᠠᠮᠠᠭᠠᠯᠠᠬᠤ᠂ ᠬᠠᠮᠲᠤ ᠪᠠᠷ ᠬᠠᠮᠢᠶᠠᠷᠬᠤ ᠪᠠ ᠤᠯᠠᠨ ᠨᠡᠶᠢᠲᠡ ᠶᠢᠨ ᠬᠥᠮᠦᠵᠢᠯ ᠤᠨ ᠡ᠊ᠩᠨᠡᠭᠡᠨ ᠳᠤ ᠣᠷᠣᠯᠴᠠᠭᠤᠯᠵᠤ᠂ ᠥᠪ ᠬᠥᠷᠥᠩᠭᠡ ᠶᠢ ᠬᠠᠮᠠᠭᠠᠯᠠᠬᠤ ᠪᠠ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ︾ ᠭᠡᠪᠡ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号