| ᠰᠣᠯᠣᠩᠭᠠᠨ ᠥᠩᠭᠡ ᠪᠠᠷ ᠮᠢᠷᠠᠯᠵᠠᠭᠰᠠᠨ ᠭᠠᠶᠢᠬᠠᠮᠰᠢᠭᠲᠤ ᠦᠵᠡᠮᠵᠢ | - | ᠨᠡᠯᠦᠭᠡᠷ ᠰᠢᠷᠭᠠᠯ ᠡᠯᠡᠰᠦ ᠮᠠᠩᠬᠠᠨ ᠳᠤ ᠤᠳᠤᠨ ᠮᠡᠴᠢᠳ ᠲᠦᠭᠡᠭᠰᠡᠨ ᠮᠡᠲᠦ ᠨᠠᠭᠤᠷ ᠪᠦᠷᠢᠳᠦ | ᠠᠮᠢᠵᠢᠷᠠᠯ ᠤᠨ ᠬᠦᠴᠦᠨ ᠢ ᠪᠢᠯᠬᠠᠭᠤᠯᠤᠨ ᠲᠠᠪᠤᠨ ᠥᠩᠭᠡ ᠪᠠᠷ ᠰᠣᠯᠣᠩᠭᠠᠷᠠᠨ᠂ ᠡᠯᠡᠰᠦ ᠮᠠᠩᠬ᠎ᠠ ᠲᠠᠢ ᠮᠢᠷᠠᠯᠵᠠᠨ | ᠰᠦᠯᠵᠢᠯᠳᠦᠵᠦ᠂ ᠡᠲᠡᠭᠡᠳ ᠭᠠᠶᠢᠬᠠᠮᠰᠢᠭᠲᠤ ᠦᠵᠡᠮᠵᠢ ᠶᠢ ᠲᠣᠳᠣᠷᠠᠭᠤᠯᠤᠨ᠎ᠠ᠃ | ᠪᠠᠳᠠᠢ ᠶᠢᠨ ᠵᠢᠷᠠᠨ᠂ ᠲᠡᠭᠷᠢ ᠡᠯᠡᠰᠦ᠂ ᠤᠯᠠᠭᠠᠨᠪᠤᠬ᠎ᠠ ᠭᠤᠷᠪᠠᠨ ᠶᠡᠭᠡ ᠡᠯᠡᠰᠦ ᠮᠠᠩᠬ᠎ᠠ ᠠᠯᠠᠱᠠ ᠶᠢᠨ | ᠪᠦᠭᠦ ᠬᠢᠯᠢ ᠶᠢ ᠬᠥᠨᠳᠡᠯᠢᠰᠴᠦ᠂ ᠲᠠᠯᠠᠪᠠᠢ ᠨᠢ ᠪᠠᠷᠤᠭ 8 ᠲᠦᠮᠡᠨ ᠬᠠᠪᠲᠠᠭᠠᠢ ᠳᠥᠷᠪᠡᠯᠵᠢᠨ ᠺᠢᠯᠣᠮᠧᠲᠷ ᠪᠠᠶᠢᠵᠤ᠂ | ᠠᠯᠠᠱᠠ ᠠᠶᠢᠮᠠᠭ ᠤᠨ ᠨᠤᠲᠤᠭ ᠳᠡᠪᠢᠰᠬᠡᠷ ᠤᠨ 1/3 ᠶᠢ ᠡᠵᠡᠯᠡᠵᠦ ᠪᠤᠢ᠃ ᠰᠠᠯᠬᠢᠨ ᠳᠤ ᠢᠳᠡᠭᠳᠡᠭᠰᠡᠨ ᠭᠠᠵᠠᠷ ᠤᠨ | ᠲᠥᠷᠬᠦ᠂ ᠡᠯᠡᠰᠦ ᠮᠠᠩᠬ᠎ᠠ᠂ ᠨᠠᠭᠤᠷ ᠪᠦᠷᠢᠳᠦ᠂ ᠳᠠᠭᠤᠲᠤ ᠡᠯᠡᠰᠦ᠂ ᠡᠯᠡᠰᠦᠨ ᠣᠷᠭᠢᠯ ᠨᠢ ᠶᠡᠷᠦ ᠪᠤᠰᠤ ᠶᠢᠨ | ᠪᠠᠶᠢᠭᠠᠯᠢ ᠶᠢᠨ ᠭᠤᠶᠣ ᠦᠵᠡᠮᠵᠢ ᠶᠢ ᠪᠦᠷᠢᠯᠳᠦᠭᠦᠯᠦᠨ᠎ᠡ᠃ ᠶᠡᠭᠡ ᠪᠠᠭ᠎ᠠ ᠨᠠᠭᠤᠷ ᠪᠦᠷᠢᠳᠦ ᠨᠢ ᠠᠳᠠᠯᠢ ᠪᠤᠰᠤ | ᠳᠠᠪᠤᠰᠤᠨ ᠤ ᠬᠡᠮᠵᠢᠶ᠎ᠡ ᠪᠠ ᠮᠢᠺᠷᠣᠪ ᠤᠨ ᠪᠦᠯᠦᠭᠯᠡᠯ ᠠᠴᠠ ᠪᠣᠯᠵᠤ ᠭᠤᠶᠢᠳᠠ ᠰᠠᠶᠢᠬᠠᠨ ᠥᠩᠭᠡ ᠪᠤᠳᠤᠭ ᠢ | ᠢᠯᠡᠷᠡᠭᠦᠯᠵᠦ᠂ ᠥᠪᠡᠷᠮᠢᠴᠡ ᠭᠤᠸ᠎ᠠ ᠵᠦᠢ ᠶᠢᠨ ᠦᠨ᠎ᠡ ᠥᠷᠲᠡᠭ ᠢ ᠡᠭᠦᠳᠦᠨ᠂ ᠡᠯᠪᠡᠭ ᠪᠠᠶᠠᠯᠢᠭ ᠠᠮᠢᠳᠤ | ᠪᠣᠳᠠᠰ ᠤᠨ ᠣᠷᠣᠰᠢᠨ ᠠᠮᠢᠳᠤᠷᠠᠬᠤ ᠭᠠᠵᠠᠷ ᠪᠣᠯᠵᠠᠢ᠃ | ᠣᠯᠠᠨ ᠵᠢᠯ ᠤᠨ ᠲᠤᠷᠰᠢ᠂ ᠠᠯᠠᠱᠠ ᠲᠠᠰᠤᠷᠠᠯᠲᠠ ᠦᠭᠡᠢ ᠬᠠᠶᠢᠨ ᠰᠦᠪᠡᠭᠴᠢᠯᠡᠯᠲᠡ ᠬᠢᠵᠦ᠂ ᠡᠨᠡ ᠬᠦ | ᠪᠠᠶᠢᠭᠠᠯᠢ ᠶᠢᠨ ᠡᠷᠳᠡᠨᠢ ᠶᠢ ᠰᠠᠬᠢᠨ ᠬᠠᠮᠠᠭᠠᠯᠠᠬᠤ ᠪᠠᠷ ᠳᠡᠮᠵᠢᠨ ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ | ᠨᠠᠭᠤᠷ ᠪᠦᠷᠢᠳᠦ ᠨᠦᠭᠦᠳ ᠢ ︽ᠳᠡᠯᠡᠬᠡᠢ ᠶᠢᠨ ᠥᠪ ᠤᠨ ᠨᠡᠷᠡᠰ ᠤᠨ ᠲᠡᠮᠳᠡᠭᠯᠡᠯ︾ ᠳᠤ ᠣᠷᠣᠭᠤᠯᠵᠤ᠂ ᠥᠪᠥᠷ | ᠮᠣᠩᠭᠤᠯ ᠤᠨ ᠠᠩᠬᠠᠳᠠᠭᠴᠢ ᠳᠡᠯᠡᠬᠡᠢ ᠶᠢᠨ ᠪᠠᠶᠢᠭᠠᠯᠢ ᠶᠢᠨ ᠥᠪ᠂ ᠳᠤᠮᠳᠠᠳᠤ ᠤᠯᠤᠰ ᠤᠨ ᠠᠩᠬᠠᠳᠠᠭᠴᠢ ᠡᠯᠡᠰᠦ | ᠮᠠᠩᠬᠠᠨ ᠤ ᠲᠥᠷᠥᠯ ᠭᠡᠯᠪᠡᠷᠢ ᠶᠢᠨ ᠳᠡᠯᠡᠬᠡᠢ ᠶᠢᠨ ᠪᠠᠶᠢᠭᠠᠯᠢ ᠶᠢᠨ ᠥᠪ ᠪᠣᠯᠵᠤ᠂ ᠮᠠᠨ ᠤ ᠤᠯᠤᠰ ᠤᠨ ᠨᠠᠭᠤᠷ | ᠪᠦᠷᠢᠳᠦ ᠡᠯᠡᠰᠦᠨ ᠴᠣᠬᠢᠶ᠎ᠠ ᠶᠢᠨ ᠣᠨᠴᠠᠯᠢᠭ ᠪᠦᠬᠦᠢ ᠪᠠᠶᠢᠭᠠᠯᠢ ᠶᠢᠨ ᠥᠪ ᠤᠨ ᠲᠠᠯ᠎ᠠ ᠪᠠᠷ ᠬᠢ ᠴᠣᠷ ᠤᠨ ᠭᠠᠭᠴᠠ | ᠦᠨ᠎ᠡ ᠥᠷᠲᠡᠭ ᠢ ᠪᠦᠭᠦ ᠳᠡᠯᠡᠬᠡᠢ ᠳᠤ ᠳᠡᠯᠭᠡᠨ ᠦᠵᠡᠭᠦᠯᠵᠦ᠂ ᠳᠡᠯᠡᠬᠡᠢ ᠶᠢᠨ ᠪᠣᠯᠪᠠᠰᠤᠨ ᠤ ᠴᠡᠴᠡᠷᠯᠢᠭ ᠲᠤ | ᠭᠤᠶᠢᠳᠠ ᠰᠠᠶᠢᠬᠠᠨ ᠥᠩᠭᠡ ᠪᠤᠳᠤᠭ ᠢ ᠨᠡᠮᠡᠷᠢᠯᠡᠭᠰᠡᠨ ᠪᠠᠶᠢᠨ᠎ᠠ᠃ | | |