ᠡᠪᠦᠯ ᠤᠨ ᠤᠯᠠᠷᠢᠯ ᠳᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠠᠨᠠᠭᠤᠯᠤᠮᠵᠢ
ᠨᠡᠶᠢᠲᠡᠯᠡᠭᠰᠡᠨ ᠴᠠᠭ᠄
2024/12/31
                                                           ᠡᠪᠦᠯ ᠤᠨ ᠤᠯᠠᠷᠢᠯ ᠳᠤ᠂ ᠠᠭᠠᠷ ᠤᠨ ᠳᠤᠯᠠᠭᠠᠨ ᠳᠣᠷᠣᠭᠰᠢᠯᠠᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠬᠡᠰᠦᠨ᠂ ᠬᠦᠢᠲᠡᠨ ᠬᠠᠯᠠᠭᠤᠨ ᠤ ᠬᠤᠪᠢᠷᠠᠯᠲᠠ ᠶᠡᠭᠡ᠂ ᠡᠨᠡ ᠦᠶᠡᠰ ᠠᠮᠠᠷᠬᠠᠨ ᠬᠥᠮᠥᠨ ᠬᠠᠷ᠎ᠠ ᠬᠥᠯᠳᠡᠵᠦ ᠰᠢᠷᠬᠠᠲᠤᠬᠤ᠂ ᠬᠤᠣᠷᠳᠠᠭᠳᠠᠬᠤ ᠠᠶᠤᠯ ᠡᠭᠦᠰᠳᠡᠭ ᠠᠴᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠨᠥᠯᠥᠭᠡᠯᠡᠳᠡᠭ᠃              ᠠᠶᠤᠯᠭᠦᠢ ᠦᠢᠯᠡᠳᠪᠦᠷᠢᠯᠡᠯ ᠤᠨ ᠲᠤᠬᠠᠢ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠎ᠠ              ᠠᠶᠤᠯᠭᠦᠢ ᠦᠢᠯᠡᠳᠪᠦᠷᠢᠯᠡᠯ ᠤᠨ ᠲᠤᠬᠠᠢ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠦᠢᠯᠡᠳᠪᠦᠷᠢᠯᠡᠯ ᠤᠨ ᠠᠵᠢᠯ ᠤᠨ ᠰᠠᠶᠢᠨ ᠪᠥᠭᠡᠳ ᠲᠣᠭᠲᠠᠭᠤᠨ ᠪᠠᠶᠢᠳᠠᠯ ᠢ ᠪᠠᠲᠤᠯᠠᠨ᠎ᠠ᠃              ᠦᠢᠯᠡᠳᠪᠦᠷᠢᠯᠡᠯ ᠤᠨ ᠳᠤᠨᠤᠭ ᠲᠥᠬᠦᠭᠡᠷᠦᠮᠵᠢ ᠬᠥᠯᠳᠡᠬᠦ ᠠᠴᠠ ᠰᠡᠷᠭᠡᠶᠢᠯᠡᠨ᠎ᠡ              ᠡᠪᠦᠯ ᠤᠨ ᠤᠯᠠᠷᠢᠯ ᠳᠤ ᠠᠭᠠᠷ ᠤᠨ ᠳᠤᠯᠠᠭᠠᠨ ᠤ ᠵᠥᠷᠢᠶ᠎ᠡ ᠶᠡᠭᠡ᠂ ᠮᠠᠰᠢᠨ ᠲᠥᠬᠦᠭᠡᠷᠦᠮᠵᠢ ᠶᠢᠨ ᠳᠣᠲᠣᠷᠠᠬᠢ ᠲᠡᠮᠦᠷᠯᠢᠭ ᠳᠤᠨᠤᠭ ᠬᠠᠭᠠᠷᠠᠵᠤ ᠡᠪᠳᠡᠷᠡᠬᠦ ᠠᠴᠠ ᠪᠣᠯᠵᠤ ᠯᠡᠪᠡᠷᠡᠬᠦ ᠪᠤᠶᠤ ᠳᠡᠯᠪᠡᠷᠡᠬᠦ ᠠᠴᠠ ᠰᠡᠷᠭᠡᠶᠢᠯᠡᠨ᠎ᠡ᠃              ᠬᠠᠯᠲᠤᠷᠢᠵᠤ ᠣᠶᠢᠴᠢᠬᠤ ᠠᠴᠠ ᠪᠣᠯᠭᠤᠮᠵᠢᠯᠠᠨ᠎ᠠ              ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠲᠤ ᠬᠤᠷᠠᠭᠰᠠᠨ ᠴᠠᠰᠤ ᠠᠮᠠᠷᠬᠠᠨ ᠮᠥᠰᠥ ᠭᠦᠯᠳᠡᠨ ᠬᠠᠯᠲᠤᠷᠢᠭ᠎ᠠ ᠶᠡᠬᠡᠲᠡᠢ᠂ ᠡᠶᠢᠮᠦ ᠠᠴᠠ ᠴᠠᠭ ᠲᠤᠬᠠᠢ ᠳᠤᠨᠢ ᠴᠡᠪᠡᠷᠯᠡᠨ ᠱᠦᠭᠦᠷᠳᠡᠵᠦ᠂ ᠬᠠᠯᠲᠤᠷᠢᠬᠤ ᠠᠴᠠ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠪᠠᠯ ᠵᠣᠬᠢᠨ᠎ᠠ᠃              ᠥᠨᠳᠥᠷ ᠳᠡᠭᠡᠷ᠎ᠡ ᠠᠴᠠ ᠶᠠᠭᠤᠮ᠎ᠠ ᠤᠨᠠᠵᠤ ᠨᠤᠷᠠᠬᠤ ᠠᠴᠠ ᠬᠢᠴᠢᠶᠡᠨ᠎ᠡ              ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠢ ᠳᠤᠨᠢ ᠭᠥᠯᠢᠶᠡᠨ ᠰᠣᠨᠣᠰᠴᠤ᠂ ᠬᠦᠢᠲᠡᠨ ᠤᠷᠤᠰᠬᠠᠯ᠂ ᠶᠡᠭᠡ ᠰᠠᠯᠬᠢ ᠵᠡᠷᠭᠡ ᠴᠠᠭ ᠠᠭᠤᠷ ᠤᠨ ᠭᠡᠨᠡᠳᠲᠡ ᠶᠢᠨ ᠳᠠᠭᠠᠷᠢᠯᠲᠠ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠠᠳᠬᠤᠨ᠂ ᠦᠢᠯᠡᠳᠪᠦᠷᠢᠯᠡᠯ ᠤᠨ ᠲᠤᠬᠠᠢ ᠶᠢᠨ ᠭᠠᠵᠠᠷ ᠤᠨ ᠡᠳ᠋ ᠪᠣᠳᠠᠰ ᠤᠨᠠᠵᠤ ᠨᠤᠷᠠᠬᠤ ᠠᠴᠠ ᠬᠢᠴᠢᠶᠡᠨ᠎ᠡ᠃              ᠦᠢᠯᠡᠳᠪᠦᠷᠢᠯᠡᠯ ᠤᠨ ᠭᠠᠵᠠᠷ ᠲᠤ ᠲᠠᠶᠢᠪᠤᠩ ᠴᠠᠭᠢᠯᠭᠠᠨ ᠡᠭᠦᠰᠬᠦ ᠠᠴᠠ ᠰᠡᠷᠭᠡᠶᠢᠯᠡᠨ᠎ᠡ              ᠡᠪᠦᠯ ᠤᠨ ᠤᠯᠠᠷᠢᠯ ᠭᠠᠩ ᠬᠠᠭᠤᠷᠠᠢ᠂ ᠦᠢᠯᠡᠳᠪᠦᠷᠢ ᠳᠤ ᠠᠵᠢᠯᠯᠠᠬᠤ ᠳᠤ ᠠᠮᠠᠷᠬᠠᠨ ᠲᠠᠶᠢᠪᠤᠩ ᠴᠠᠭᠢᠯᠠᠭᠠᠨ ᠡᠭᠦᠰᠬᠦ ᠲᠤᠯᠠ ᠭᠠᠯ ᠤᠨ ᠠᠶᠤᠯ ᠡᠭᠦᠰᠬᠦ ᠠᠴᠠ ᠰᠡᠷᠭᠡᠶᠢᠯᠡᠨ᠎ᠡ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号