| ᠡᠪᠦᠯ ᠯᠤᠤᠪᠠᠩ ᠢᠳᠡᠬᠦ ᠨᠢ ᠣᠷᠬᠤᠳᠠᠢ ᠢᠳᠡᠭᠰᠡᠨ ᠲᠠᠢ ᠠᠳᠠᠯᠢ | | | ᠮᠠᠷᠢᠶ᠎ᠠ ᠰᠢᠭᠤᠷᠠᠭᠤᠯᠬᠤ᠃ ᠴᠠᠭᠠᠨ ᠯᠤᠤᠪᠠᠩ ᠤᠨ ᠠᠭᠤᠯᠬᠤ ᠢᠯᠴᠢ ᠶᠢᠨ ᠬᠡᠮᠵᠢᠶ᠎ᠡ ᠨᠢ ᠨᠡᠯᠢᠶᠡᠳ ᠪᠠᠭ᠎ᠠ᠂ | ᠰᠢᠷᠬᠡᠭᠯᠢᠭ ᠡᠳ᠋ ᠨᠡᠯᠢᠶᠡᠳ ᠠᠷᠪᠢᠨ᠂ ᠢᠳᠡᠭᠰᠡᠨ ᠤ ᠳᠠᠷᠠᠭ᠎ᠠ ᠠᠮᠠᠷᠬᠠᠨ ᠴᠢᠨᠦᠷᠡᠬᠦ ᠲᠥᠷᠥᠭᠳᠡᠯ ᠭᠠᠷᠴᠤ᠂ ᠮᠠᠷᠢᠶ᠎ᠠ ᠪᠠᠨ | ᠰᠢᠭᠤᠷᠠᠭᠤᠯᠬᠤ ᠳᠤ ᠲᠤᠰᠠᠲᠠᠢ ᠪᠠᠶᠢᠳᠠᠭ᠃ ᠠᠭᠤᠯᠵᠤ ᠪᠠᠶᠢᠭ᠎ᠠ ᠭᠠᠶᠢᠮᠤ ᠶᠢᠨ ᠲᠣᠰᠣ ᠪᠠ ᠢᠳᠡᠭᠡᠨ ᠤ ᠰᠢᠷᠬᠡᠭᠯᠢᠭ ᠨᠢ | ᠴᠥᠮ ᠬᠤᠳᠣᠭᠤᠳᠤ ᠭᠡᠳᠡᠰᠦᠨ ᠤ ᠭᠦᠷᠪᠡᠯᠵᠡᠬᠦ ᠬᠥᠳᠡᠯᠭᠡᠭᠡᠨ ᠢ ᠠᠬᠢᠭᠤᠯᠵᠤ᠂ ᠪᠡᠶ᠎ᠡ ᠶᠢᠨ ᠳᠣᠲᠣᠭᠠᠳᠤ ᠶᠢᠨ ᠰᠣᠯᠢᠯᠴᠠᠭ᠎ᠠ | ᠶᠢ ᠠᠬᠢᠭᠤᠯᠵᠤ᠂ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠳᠤ ᠲᠤᠰᠠᠲᠠᠢ᠃ | ᠠᠷᠠᠰᠤ ᠬᠠᠮᠠᠭᠠᠯᠠᠬᠤ᠃ ᠴᠠᠭᠠᠨ ᠯᠤᠤᠪᠠᠩ ᠳᠤ ᠸᠢᠲ᠋ᠠᠮᠢᠨ C ᠡᠯᠪᠡᠭ ᠠᠭᠤᠯᠵᠤ᠂ ᠴᠠᠶᠢᠷᠠᠭᠤᠯᠬᠤ | ᠦᠢᠯᠡᠳᠦᠯ ᠮᠠᠰᠢ ᠰᠠᠶᠢᠨ᠃ ᠸᠢᠲ᠋ᠠᠮᠢᠨ C ᠪᠣᠯ ᠢᠰᠦᠯᠳᠦᠬᠦ ᠶᠢ ᠡᠰᠡᠷᠭᠦᠴᠡᠬᠦ ᠡᠳ᠋ ᠮᠥᠨ᠂ ᠲᠡᠷᠡ ᠨᠢ ᠬᠠᠷ᠎ᠠ ᠥᠩᠭᠡᠨ ᠤ | ᠡᠳ᠋ ᠤᠨ ᠨᠡᠶᠢᠯᠡᠯᠲᠡ ᠶᠢ ᠬᠤᠷᠢᠭᠯᠠᠵᠤ᠂ ᠥᠭᠡᠬᠦ ᠶᠢᠨ ᠢᠰᠦᠯᠳᠦᠬᠦ ᠶᠢ ᠬᠤᠷᠢᠭᠯᠠᠳᠠᠭ᠃ ᠡᠶᠢᠮᠦ ᠠᠴᠠ ᠦᠷᠭᠦᠯᠵᠢ ᠴᠠᠭᠠᠨ | ᠯᠤᠤᠪᠠᠩ ᠢᠳᠡᠪᠡᠯ ᠠᠷᠠᠰᠤ ᠪᠠᠨ ᠬᠠᠮᠠᠭᠠᠯᠠᠬᠤ ᠳᠤ ᠲᠤᠰᠠᠲᠠᠢ ᠪᠠᠶᠢᠳᠠᠭ᠃ | ᠬᠡᠢ ᠶᠢ ᠨᠡᠪᠲᠡᠷᠡᠭᠦᠯᠬᠦ᠃ ᠴᠠᠭᠠᠨ ᠯᠤᠤᠪᠠᠩ ᠢᠳᠡᠪᠡᠯ ᠬᠤᠳᠣᠭᠤᠳᠤ ᠭᠡᠳᠡᠰᠦ ᠶᠢ ᠤᠯᠠᠮ ᠢᠯᠭᠤᠮ ᠪᠣᠯᠭᠠᠳᠠᠭ | ᠂ ᠥᠭᠡᠷ᠎ᠡ ᠪᠠᠷ ᠬᠡᠯᠡᠪᠡᠯ ︽ᠬᠡᠢ ᠶᠢ ᠨᠡᠪᠲᠡᠷᠡᠭᠦᠯᠳᠡᠭ︾᠃ ᠶᠠᠭᠠᠬᠢᠭᠠᠳ ᠴᠠᠭᠠᠨ ᠯᠤᠤᠪᠠᠩ ︽ᠬᠡᠢ ᠶᠢ ᠨᠡᠪᠲᠡᠷᠡᠭᠦᠯᠬᠦ︾ | ᠦᠢᠯᠡᠳᠦᠯ ᠲᠠᠢ ᠪᠠᠶᠢᠳᠠᠭ ᠪᠤᠢ︖ ᠭᠡᠪᠡᠯ ᠴᠠᠭᠠᠨ ᠯᠤᠤᠪᠠᠩ ᠳᠤ ᠬᠤᠶᠠᠷ ᠵᠦᠢᠯ ᠤᠨ ᠤᠨᠴᠠᠭᠠᠢ ᠪᠦᠷᠢᠯᠳᠦᠭᠦᠨ ᠪᠠᠶᠢᠳᠠᠭ᠄ | ᠨᠢᠭᠡ ᠨᠢ ᠳᠡᠭᠳᠡᠮᠡᠬᠡᠢ ᠴᠢᠨᠠᠷᠲᠠᠢ ᠲᠣᠰᠣ - ᠭᠠᠶᠢᠮᠤ ᠶᠢᠨ ᠦᠷ᠎ᠡ ᠶᠢᠨ ᠲᠣᠰᠣ᠂ ᠵᠠᠷᠢᠮ ᠯᠤᠤᠪᠠᠩ ᠨᠡᠯᠢᠶᠡᠳ ᠭᠤᠱᠤᠭᠤᠨ | ᠪᠠᠶᠢᠳᠠᠭ ᠤᠨ ᠰᠢᠯᠲᠠᠭᠠᠨ ᠨᠢ ᠡᠨᠡ;ᠨᠥᠭᠦᠭᠡ ᠨᠢᠭᠡ ᠨᠢ ᠴᠠᠭᠠᠨ ᠯᠤᠤᠪᠠᠩ ᠤᠨ ᠳᠣᠲᠣᠷᠠᠬᠢ ᠢᠳᠡᠭᠡᠨ ᠤ ᠰᠢᠷᠬᠡᠭᠯᠢᠭ ᠡᠳ᠋ | ᠪᠣᠯᠣᠨ᠎ᠠ᠃ | ᠴᠠᠭᠠᠨ ᠯᠤᠤᠪᠠᠩ ᠢᠳᠡᠭᠰᠡᠨ ᠤ ᠳᠠᠷᠠᠭ᠎ᠠ᠂ ︽ᠳᠡᠭᠡᠭᠰᠢ︾ ︽ᠳᠣᠷᠣᠭᠰᠢ︾ ᠪᠦᠷ ᠨᠡᠪᠲᠡᠷᠡᠭᠦᠯᠳᠡᠭ - | ᠳᠠᠷᠤᠢ ᠳᠡᠭᠡᠭᠰᠢ ᠪᠠᠨ ᠭᠡᠭᠡᠷᠡᠭᠦᠯᠵᠤ᠂ ᠳᠣᠷᠣᠭᠰᠢ ᠪᠠᠨ ᠭᠡᠳᠡᠰᠦᠨ ᠤ ᠭᠦᠷᠪᠡᠯᠵᠡᠯ ᠴᠢᠩᠭᠠᠷᠠᠳᠠᠭ᠃ ᠡᠶᠢᠮᠦ ᠠᠴᠠ ᠯᠤᠤᠪᠠᠩ | ᠢᠳᠡᠭᠰᠡᠨ ᠤ ᠳᠠᠷᠠᠭ᠎ᠠ᠂ ᠪᠡᠶ᠎ᠡ ᠶᠢᠨ ᠰᠢᠩᠭᠡᠭᠡᠯᠲᠡ ᠬᠠᠷᠢᠴᠠᠩᠭᠤᠢ ᠪᠠᠷ ᠠᠮᠠᠷᠬᠠᠨ ᠪᠥᠭᠡᠳ ᠢᠯᠭᠤᠮ ᠪᠤᠯᠳᠠᠭ᠃ | ᠠᠭᠤᠰᠬᠢ ᠶᠢ ᠬᠠᠮᠠᠭᠠᠯᠠᠬᠤ᠃ ᠠᠩᠭ᠍ᠯᠢ ᠶᠢᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠠᠭᠤᠰᠬᠢᠨ ᠤ | ᠬᠠᠯᠳᠠᠪᠤᠷᠢᠯᠠᠯ ᠣᠯᠠᠨ ᠡᠭᠦᠰᠬᠦ ᠬᠤᠭᠤᠴᠠᠭᠠᠨ ᠳᠤ ᠲᠣᠭᠤᠨᠣᠯᠵᠢᠨ ᠴᠡᠴᠡᠭ ᠤᠨ ᠲᠦᠷᠦᠯ ᠤᠨ ᠢᠳᠡᠰᠢᠨ ᠨᠣᠭᠤᠭ᠎ᠠ ᠶᠢ | ᠢᠯᠡᠭᠦᠦ ᠢᠳᠡᠪᠡᠯ ᠠᠭᠤᠰᠬᠢ ᠶᠢ ᠬᠠᠮᠠᠭᠠᠯᠠᠵᠤ᠂ ᠬᠠᠯᠳᠠᠪᠤᠷᠢᠯᠠᠯ ᠢ ᠪᠠᠭᠠᠰᠬᠠᠬᠤ ᠦᠢᠯᠡᠳᠦᠯ ᠲᠠᠢ᠂ ᠴᠠᠭᠠᠨ ᠯᠤᠤᠪᠠᠩ ᠪᠣᠯ | ᠳᠠᠷᠤᠢ ᠲᠣᠭᠤᠨᠣᠯᠵᠢᠨ ᠴᠡᠴᠡᠭ ᠤᠨ ᠲᠦᠷᠦᠯ ᠤᠨ ᠢᠳᠡᠰᠢᠨ ᠨᠣᠭᠤᠭ᠎ᠠ ᠳᠤ ᠪᠠᠭᠲᠠᠨ᠎ᠠ᠃ | ᠴᠠᠭᠠᠨ ᠯᠤᠤᠪᠠᠩ ᠢ ᠲᠦᠭᠦᠬᠡᠢ ᠪᠠᠷ ᠢᠳᠡᠬᠦ ᠤᠤ ᠪᠣᠯᠭᠤᠵᠤ ᠢᠳᠡᠬᠦ ᠤᠤ︖ | ᠴᠠᠭᠠᠨ ᠯᠤᠤᠪᠠᠩ ᠢ ᠲᠦᠭᠦᠬᠡᠢ ᠪᠠᠷ ᠢᠳᠡᠵᠦ ᠪᠣᠯᠣᠨ᠎ᠠ᠂ ᠭᠡᠪᠡᠴᠦ ᠴᠠᠭᠠᠨ ᠯᠤᠤᠪᠠᠩ ᠤᠨ ᠳᠣᠲᠣᠷ᠎ᠠ | ᠳᠡᠭᠳᠡᠮᠡᠬᠡᠢ ᠴᠢᠨᠠᠷᠲᠠᠢ ᠭᠠᠶᠢᠮᠤ ᠶᠢᠨ ᠨᠠᠶᠢᠷᠠᠯᠭ᠎ᠠ ᠶᠢᠨ ᠲᠣᠰᠣ ᠠᠭᠤᠯᠵᠤ ᠪᠠᠶᠢᠬᠤ ᠤᠴᠢᠷ ᠠᠴᠠ ᠭᠤᠱᠤᠭᠤᠨ ᠠᠮᠲᠠ ᠲᠠᠢ᠂ | ᠵᠠᠷᠢᠮ ᠨᠠᠶᠢᠵᠠ ᠨᠠᠷ ᠡᠨᠡ ᠬᠦ ᠰᠡᠳᠦᠯᠲᠡ ᠶᠢ ᠲᠡᠰᠪᠦᠷᠢᠯᠡᠵᠦ ᠳᠡᠶᠢᠯᠭᠦ ᠦᠭᠡᠢ ᠪᠠᠶᠢᠵᠤ ᠮᠡᠳᠡᠨ᠎ᠡ᠃ | ᠲᠦᠭᠦᠬᠡᠢ ᠪᠠᠷ ᠢᠳᠡᠬᠦ ᠨᠢ ᠴᠠᠭᠠᠨ ᠯᠤᠤᠪᠠᠩ ᠤᠨ ᠳᠣᠲᠣᠷᠠᠬᠢ ᠬᠥᠮᠥᠨ ᠤ ᠪᠡᠶ᠎ᠡ ᠳᠤ ᠠᠰᠢᠭᠲᠠᠢ | ᠪᠦᠷᠢᠯᠳᠦᠭᠦᠨ ᠢ ᠨᠡᠩ ᠪᠦᠷᠢᠨ ᠪᠦᠲᠦᠨ ᠬᠠᠳᠠᠭᠠᠯᠠᠵᠤ᠂ ᠪᠣᠯᠭᠤᠵᠤ ᠢᠳᠡᠬᠦ ᠨᠢ ᠡᠨᠡ ᠬᠦ ᠠᠰᠢᠭᠲᠠᠢ ᠪᠦᠷᠢᠯᠳᠦᠭᠦᠨ ᠢ | ᠠᠯᠳᠠᠭᠳᠠᠭᠤᠯᠵᠤ ᠮᠡᠳᠡᠳᠡᠭ᠃ ᠭᠡᠬᠦ ᠳᠡᠭᠡᠨ ᠪᠤᠯᠭᠤᠪᠡᠯ ᠭᠤᠱᠤᠭᠤᠨ ᠠᠮᠲᠠ ᠶᠢ ᠨᠢ ᠠᠷᠢᠯᠭᠠᠳᠠᠭ ᠠᠴᠠ ᠥᠪᠡᠷ ᠥᠪᠡᠷ ᠤᠨ | ᠪᠠᠶᠢᠳᠠᠯ ᠳᠠᠭᠠᠨ ᠲᠣᠬᠢᠷᠠᠭᠤᠯᠵᠤ ᠢᠳᠡᠬᠦ ᠠᠷᠭ᠎ᠠ ᠪᠠᠨ ᠰᠣᠩᠭᠤᠭᠠᠷᠠᠢ᠃ ︽ᠪᠡᠭᠡᠵᠢᠩ ᠤᠨ ᠵᠠᠯᠠᠭᠤᠴᠤᠳ ᠰᠣᠨᠢᠨ︾ ᠠᠴᠠ | ᠣᠷᠴᠢᠭᠤᠯᠤᠨ ᠨᠠᠶᠢᠷᠠᠭᠤᠯᠪᠠ︶ | | |