ᠣᠶᠢᠷ᠎ᠠ ᠬᠠᠷᠠᠭᠠᠨ ᠤ ᠮᠡᠰᠡ ᠵᠠᠰᠠᠯ ᠬᠢᠬᠦ ᠳᠤ ᠤᠨᠴᠠᠭᠠᠢ ᠠᠩᠬᠠᠷᠬᠤ ᠵᠦᠢᠯ
ᠨᠡᠶᠢᠲᠡᠯᠡᠭᠰᠡᠨ ᠴᠠᠭ᠄
2024/12/31
                           ᠵᠢᠯ ᠪᠦᠷᠢ ᠶᠢᠨ ᠤᠯᠤᠰ ᠤᠨ ᠨᠢᠭᠡᠳᠦᠯᠲᠡᠢ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠡᠯ᠎ᠡ ᠲᠣᠮᠣ ᠡᠮᠨᠡᠯᠭᠡ ᠶᠢᠨ ᠬᠤᠷᠢᠶ᠎ᠠ ᠴᠥᠮ ᠣᠶᠢᠷ᠎ᠠ ᠬᠠᠷᠠᠭᠠᠨ ᠤ ᠮᠡᠰᠡ ᠵᠠᠰᠠᠯ ᠬᠢᠬᠦ ︽ᠬᠠᠯᠠᠭᠤᠷᠠᠯ︾ ᠳᠤ ᠣᠷᠣᠳᠠᠭ᠃ ᠴᠥᠭᠡᠨ ᠪᠤᠰᠤ ᠰᠤᠷᠤᠬᠴᠢᠳ ᠣᠶᠢᠷ᠎ᠠ ᠬᠠᠷᠠᠭᠠᠨ ᠤ ᠮᠡᠰᠡ ᠵᠠᠰᠠᠯ ᠢ ᠨᠢᠭᠡᠳᠦᠯᠲᠡᠢ ᠰᠢᠯᠭᠠᠯᠲᠠ ᠶᠢᠨ ᠳᠠᠷᠠᠭᠠᠬᠢ ᠬᠦᠰᠡᠯ ᠡᠷᠡᠮᠡᠯᠵᠡᠯ ᠤᠨ ᠢᠶᠠᠨ ᠨᠢᠭᠡ ᠪᠤᠯᠭᠠᠬᠰᠠᠨ ᠪᠠᠶᠢᠳᠠᠭ᠃              ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠵᠠᠯᠭᠠᠭ᠎ᠠ ᠪᠠᠷ ᠨᠡᠶᠢᠲᠡᠯᠡᠭᠳᠡᠭᠰᠡᠨ ᠤ ᠲᠠᠷᠠᠭ᠎ᠠ᠂ ᠵᠠᠷᠢᠮ ᠬᠥᠮᠥᠰ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠣᠩᠭᠤᠯᠲᠠ ᠪᠤᠶᠤ ᠠᠵᠢᠯ ᠮᠡᠷᠭᠡᠵᠢᠯ ᠤᠨ ᠲᠥᠯᠦᠪᠵᠢᠭᠦᠯᠭᠡ ᠠᠴᠠ ᠪᠣᠯᠵᠤ ᠵᠤᠵᠠᠭᠠᠨ ᠨᠢᠳᠦᠨ ᠰᠢᠯ ᠠᠴᠠ ᠪᠠᠨ ᠰᠠᠯᠬᠤ  ᠶᠢᠨ ᠲᠥᠯᠥᠭᠡ ᠣᠶᠢᠷ᠎ᠠ ᠬᠠᠷᠠᠭᠠᠨ ᠤ ᠮᠡᠰᠡ ᠵᠠᠰᠠᠯ ᠬᠢᠵᠡᠢ᠃              ᠲᠡᠭᠡᠪᠡᠯ ᠶᠠᠮᠠᠷ ᠬᠥᠮᠥᠨ ᠣᠶᠢᠷ᠎ᠠ ᠬᠠᠷᠠᠭᠠᠨ ᠤ ᠮᠡᠰᠡ ᠵᠠᠰᠠᠯ ᠬᠢᠵᠦ ᠪᠤᠯᠬᠤ᠂ ᠶᠠᠮᠠᠷ ᠬᠥᠮᠥᠨ ᠬᠢᠵᠦ ᠪᠤᠯᠬᠤ ᠦᠭᠡᠢ ᠭᠡᠳᠡᠭ ᠲᠤ ᠲᠤᠰᠬᠠᠢ ᠮᠡᠷᠭᠡᠵᠢᠯᠲᠡᠨ ᠠᠴᠠ ᠵᠥᠪᠯᠡᠯᠭᠡ ᠰᠠᠨᠠᠭᠤᠯᠤᠮᠵᠢ ᠥᠭᠭᠦᠭᠰᠡᠨ ᠪᠠᠶᠢᠳᠠᠭ᠃ ᠤᠯᠤᠰ ᠤᠨ ᠨᠢᠭᠡᠳᠦᠯᠲᠡᠢ ᠰᠢᠯᠭᠠᠯᠲᠠ ᠶᠢᠨ ᠳᠠᠷᠠᠭ᠎ᠠ ᠣᠶᠢᠷ᠎ᠠ ᠬᠠᠷᠠᠭ᠎ᠠ ᠶᠢᠨ ᠮᠡᠰᠡ ᠵᠠᠰᠠᠯ ᠬᠢᠬᠦ ᠨᠢ ᠤᠯᠠᠨ ᠬᠥᠮᠥᠰ ᠤᠨ ᠰᠣᠩᠭᠤᠯᠲᠠ ᠪᠤᠯᠳᠠᠭ ᠤᠨ ᠤᠴᠢᠷ ᠨᠢ ᠡᠨᠡ ᠨᠠᠰᠤᠨ ᠤ ᠦᠶ᠎ᠡ ᠳᠤ ᠬᠥᠮᠥᠨ ᠤ ᠪᠡᠶ᠎ᠡ ᠶᠢᠨ ᠭᠡᠷᠡᠯ ᠤᠨ ᠨᠤᠭᠤᠷᠠᠯᠲᠠ ᠶᠢᠨ ᠪᠠᠶᠢᠳᠠᠯ ᠬᠠᠷᠢᠴᠠᠩᠭᠤᠢ ᠲᠣᠭᠲᠠᠪᠤᠷᠢᠲᠠᠢ ᠪᠠᠶᠢᠳᠠᠭ ᠠᠴᠠ ᠪᠣᠯᠤᠭᠰᠠᠨ ᠶᠤᠮ᠃              18 - 40 ᠨᠠᠰᠤᠨ ᠤ ᠬᠤᠭᠤᠷᠣᠨᠳᠤ ᠪᠣᠯ ᠣᠶᠢᠷ᠎ᠠ ᠬᠠᠷᠠᠭ᠎ᠠ ᠶᠢᠨ ᠮᠡᠰᠡ ᠵᠠᠰᠠᠯ ᠬᠢᠬᠦ ᠳᠤ ᠨᠡᠯᠢᠶᠡᠳ ᠲᠣᠬᠢᠷᠠᠮᠵᠢᠲᠠᠢ ᠬᠤᠭᠤᠴᠠᠭ᠎ᠠ ᠪᠣᠯᠣᠨ᠎ᠠ᠃ ᠨᠠᠰᠤ ᠬᠡᠲᠦᠷᠬᠡᠢ ᠪᠠᠭ᠎ᠠ ᠪᠣᠯ ᠬᠠᠷᠠᠭᠠᠨ ᠰᠡᠷᠡᠯ ᠤᠨ ᠪᠤᠶᠢᠵᠢᠯᠲᠠ ᠪᠣᠯᠪᠠᠰᠤᠷᠠᠭᠠᠳᠤᠢ ᠪᠠᠶᠢᠵᠤ᠂ ᠨᠠᠰᠤ ᠳᠡᠩᠳᠡᠭᠦᠦ ᠶᠡᠭᠡ ᠪᠣᠯᠪᠠᠯ᠂ ᠣᠶᠢᠷ᠎ᠠ ᠬᠠᠷᠠᠭᠠᠨ ᠤ ᠮᠡᠰᠡ ᠵᠠᠰᠠᠯ ᠢᠶᠠᠷ ᠡᠳᠡᠭᠡᠷ ᠠᠰᠠᠭᠤᠳᠠᠯ ᠢ ᠰᠢᠢᠳᠪᠦᠷᠢᠯᠡᠵᠦ ᠳᠡᠶᠢᠯᠭᠦ ᠦᠭᠡᠢ ᠪᠤᠯᠳᠠᠭ᠃              ᠭᠡᠪᠡᠴᠦ ᠡᠮᠴᠢᠯᠡᠭᠡᠨ ᠳᠡᠭᠡᠷ᠎ᠡ᠂ ᠵᠠᠷᠢᠮ ᠪᠠᠶᠢᠳᠠᠯ ᠳᠤ ᠯᠠᠶᠢᠰᠧᠷ ᠢᠶᠠᠷ ᠣᠶᠢᠷ᠎ᠠ ᠬᠠᠷᠠᠭ᠎ᠠ ᠶᠢ ᠵᠠᠰᠠᠵᠤ ᠪᠤᠯᠬᠤ ᠦᠭᠡᠢ᠃ ᠡᠶᠢᠮᠦ ᠠᠴᠠ ᠣᠶᠢᠷ᠎ᠠ ᠬᠠᠷᠠᠭᠠᠨ ᠤ ᠮᠡᠰᠡ ᠵᠠᠰᠠᠯ ᠬᠢᠬᠦ ᠶᠢ ᠪᠣᠳᠣᠯᠬᠢᠯᠠᠵᠤ ᠪᠠᠶᠢᠭ᠎ᠠ ᠬᠥᠮᠥᠰ ᠤᠷᠢᠳ ᠢᠶᠠᠷ ᠡᠮᠨᠡᠯᠭᠡ ᠳᠤ ᠣᠴᠢᠵᠤ ᠮᠡᠰᠡ ᠵᠠᠰᠠᠯ ᠠᠴᠠ ᠡᠮᠦᠨᠡᠬᠢ ᠪᠠᠶᠢᠴᠠᠭᠠᠯᠲᠠ ᠪᠠ ᠨᠢᠳᠦᠨ ᠤ ᠬᠡᠰᠡᠭ ᠤᠨ ᠪᠠᠶᠢᠴᠠᠭᠠᠯᠲᠠ ᠬᠢᠵᠦ᠂ ᠮᠡᠰᠡ ᠵᠠᠰᠠᠯ ᠬᠢᠬᠦ ᠳᠤ ᠲᠣᠬᠢᠷᠠᠬᠤ ᠡᠪᠡᠳᠴᠢᠨ ᠪᠠᠶᠢᠪᠠᠯ ᠰᠠᠶ᠋ᠢ ᠮᠡᠰᠡ ᠵᠠᠰᠠᠯ ᠬᠢᠯᠭᠡᠬᠦ ᠬᠡᠷᠡᠭᠲᠡᠢ᠃              ᠮᠡᠰᠡ ᠵᠠᠰᠠᠯ ᠤᠨ ᠡᠮᠦᠨ᠎ᠡ ᠬᠤᠶᠢᠨ᠎ᠠ ᠡᠮᠴᠢ ᠶᠢᠨ ᠵᠢᠭᠠᠪᠤᠷᠢ ᠶᠢ ᠴᠢᠩᠭ᠎ᠠ ᠰᠠᠬᠢᠵᠤ᠂ ᠨᠢᠳᠦᠨ ᠤ ᠡᠮ ᠢᠶᠠᠨ ᠳᠤᠰᠤᠭᠠᠵᠤ᠂ ᠮᠡᠰᠡ ᠵᠠᠰᠠᠯ ᠤᠨ ᠳᠠᠷᠠᠭᠠᠬᠢ ᠬᠠᠯᠳᠠᠪᠤᠷᠢᠯᠠᠯ ᠠᠴᠠ ᠰᠡᠷᠭᠡᠶᠢᠯᠡᠵᠦ᠂ ᠬᠠᠷᠠᠭ᠎ᠠ ᠪᠠᠨ ᠰᠡᠷᠭᠦᠭᠡᠬᠦ ᠳᠤ ᠠᠰᠢᠭᠲᠠᠢ ᠪᠣᠯᠭᠠᠨ᠎ᠠ᠃              ᠮᠡᠰᠡ ᠵᠠᠰᠠᠯ ᠤᠨ ᠳᠠᠷᠠᠭ᠎ᠠ ᠨᠢᠭᠡ ᠭᠠᠷᠠᠭ ᠲᠤ ᠭᠦᠶᠦᠬᠦ᠂ ᠪᠡᠶ᠎ᠡ ᠪᠣᠯᠪᠠᠰᠤᠷᠠᠬᠤ ᠵᠡᠷᠭᠡ ᠲᠠᠮᠢᠷ ᠤᠨ ᠬᠥᠳᠡᠯᠭᠡᠭᠡᠨ ᠢ ᠬᠢᠵᠦ᠂ ᠨᠢᠳᠦ ᠪᠠᠨ ᠨᠤᠬᠤᠯᠠᠬᠤ ᠠᠴᠠ ᠬᠢᠴᠢᠶᠡᠨ᠎ᠡ᠃              ᠮᠡᠰᠡ ᠵᠠᠰᠠᠯ ᠤᠨ ᠳᠠᠷᠠᠭ᠎ᠠ 3 ᠰᠠᠷ᠎ᠠ ᠶᠢᠨ ᠳᠣᠲᠣᠷ᠎ᠠ ᠡᠯᠧᠺᠲᠷᠣᠨ ᠪᠦᠲᠦᠭᠡᠭᠳᠡᠬᠦᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠰᠥᠨᠢᠵᠢᠨ ᠰᠠᠭᠤᠬᠤ ᠠᠴᠠ ᠵᠠᠶᠢᠯᠠᠰᠬᠢᠪᠡᠯ ᠮᠡᠰᠡ ᠵᠠᠰᠠᠯ ᠤᠨ ᠳᠠᠷᠠᠭ᠎ᠠ ᠣᠶᠢᠷ᠎ᠠ ᠬᠠᠷᠠᠭ᠎ᠠ ᠳᠠᠭᠠᠨ ᠪᠤᠴᠠᠬᠤ ᠪᠤᠶᠤ ᠨᠢᠳᠦ ᠬᠠᠭᠤᠷᠠᠶᠢᠰᠢᠬᠤ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠃              ᠮᠡᠰᠡ ᠵᠠᠰᠠᠯ ᠬᠢᠭᠰᠡᠨ ᠤ ᠳᠠᠷᠠᠭ᠎ᠠ ᠨᠢᠳᠦ ᠪᠠᠨ ᠰᠠᠶᠢᠲᠤᠷ ᠬᠠᠮᠠᠭᠠᠯᠠᠬᠤ ᠦᠭᠡᠢ᠂ ᠵᠢᠷᠤᠮᠵᠢᠭᠤᠨ ᠬᠡᠷᠡᠭᠯᠡᠬᠦ ᠦᠭᠡᠢ ᠪᠣᠯ ᠮᠥᠨ ᠯᠡ ᠣᠶᠢᠷ᠎ᠠ ᠬᠠᠷᠠᠭ᠎ᠠ ᠪᠣᠯᠵᠤ ᠮᠡᠳᠡᠬᠦ ᠠᠶᠤᠯᠲᠠᠢ ᠭᠡᠳᠡᠭ ᠢ ᠲᠤᠰᠬᠠᠢ ᠮᠡᠷᠭᠡᠵᠢᠯᠲᠡᠨ ᠠᠴᠠ ᠰᠠᠨᠠᠭᠤᠯᠵᠠᠢ᠃              ᠣᠶᠢᠷ᠎ᠠ ᠬᠠᠷᠠᠭᠠᠨ ᠤ ᠮᠡᠰᠡ ᠵᠠᠰᠠᠯ ᠬᠢᠬᠦ ᠳᠤ ᠳᠣᠣᠷᠠᠬᠢ 5 ᠵᠦᠢᠯ ᠢ ᠤᠨᠴᠠᠭᠠᠢ ᠠᠩᠬᠠᠷᠬᠤ ᠴᠢᠬᠤᠯᠠᠲᠠᠢ᠃              ● ᠪᠦᠬᠦᠯᠢ 18 ᠨᠠᠰᠤᠨ ᠠᠴᠠ ᠳᠡᠭᠡᠭᠰᠢ᠃ ᠤᠴᠢᠷ ᠨᠢ 18 ᠨᠠᠰᠤ ᠭᠦᠷᠦᠭᠡᠳᠦᠢ ᠬᠥᠮᠥᠨ ᠤ ᠨᠢᠳᠦᠨ ᠤ ᠪᠦᠲᠦᠴᠡ ᠨᠢ ᠪᠦᠷᠢᠮᠦᠰᠦᠨ ᠲᠣᠭᠲᠠᠪᠤᠷᠢ ᠦᠭᠡᠢ᠂ ᠡᠶᠢᠮᠦ ᠠᠴᠠ ᠮᠡᠰᠡ ᠵᠠᠰᠠᠯ ᠬᠢᠬᠦ ᠳᠤ ᠲᠣᠬᠢᠷᠠᠬᠤ ᠦᠭᠡᠢ᠃              ●ᠡᠪᠡᠳᠴᠢᠲᠡᠨ ᠡᠨᠡ ᠬᠦ ᠮᠡᠰᠡ ᠵᠠᠰᠠᠯ ᠢᠶᠠᠷ ᠳᠠᠮᠵᠢᠨ ᠣᠶᠢᠷ᠎ᠠ ᠬᠠᠷᠠᠭ᠎ᠠ ᠪᠠᠨ ᠰᠠᠶᠢᠵᠢᠷᠠᠭᠤᠯᠬᠤ ᠬᠦᠰᠡᠯ᠂ ᠰᠡᠳᠬᠢᠴᠡ ᠶᠢᠨ ᠡᠷᠡᠭᠦᠯ ᠮᠡᠨᠳᠦ᠂ ᠮᠡᠰᠡ ᠵᠠᠰᠠᠯ ᠤᠨ ᠦᠷ᠎ᠡ ᠳ᠋ᠦᠩ ᠳᠤ ᠵᠥᠪ ᠣᠨᠣᠪᠴᠢᠲᠠᠶ ᠵᠢᠱᠢᠯᠲᠡ ᠲᠥᠰᠥᠭᠡᠯᠡᠯ ᠲᠠᠢ ᠪᠠᠶᠢᠬᠤ᠃              ●ᠣᠶᠢᠷ᠎ᠠ ᠬᠠᠷᠠᠭ᠎ᠠ ᠶᠢᠨ ᠭᠷᠡᠳᠦ᠋ᠰ ᠤᠨ ᠲᠤᠭ᠎ᠠ ᠨᠢ ᠬᠠᠷᠢᠴᠠᠩᠭᠤᠢ ᠲᠣᠭᠲᠠᠪᠤᠷᠢᠲᠠᠢ᠂ ᠲᠤᠬᠠᠶᠢᠯᠠᠪᠠᠯ 2 ᠵᠢᠯ ᠳᠠᠷᠠᠭᠠᠯᠠᠨ ᠵᠢᠯ ᠪᠦᠷᠢ ᠶᠢᠨ ᠣᠶᠢᠷ᠎ᠠ ᠬᠠᠷᠠᠭ᠎ᠠ ᠶᠢᠨ ᠨᠡᠮᠡᠭᠳᠡᠯ 50 ᠭᠷᠡᠳᠦ᠋ᠰ ᠠᠴᠠ ᠬᠡᠲᠦᠷᠡᠭᠰᠡᠨ ᠦᠭᠡᠢ ᠪᠠᠶᠢᠬᠤ᠃              ●ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ ᠬᠡᠷᠡᠭᠯᠡᠬᠦ ᠪᠠᠨ ᠵᠣᠭᠰᠣᠭᠠᠳ ᠵᠣᠬᠢᠬᠤ ᠬᠤᠭᠤᠴᠠᠭ᠎ᠠ ᠪᠣᠯᠤᠭᠰᠠᠨ᠂ ᠵᠥᠭᠡᠯᠡᠨ ᠴᠢᠨᠠᠷᠲᠠᠢ ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ ᠵᠡᠭᠦᠬᠦ ᠪᠠᠨ ᠵᠣᠭᠰᠣᠭᠠᠳ ᠨᠢᠭᠡ ᠭᠠᠷᠠᠭ ᠬᠡᠲᠦᠷᠡᠭᠰᠡᠨ᠂ ᠬᠠᠲᠠᠭᠤ ᠴᠢᠨᠠᠷᠲᠠᠢ ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ ᠵᠡᠭᠦᠬᠦ ᠪᠠᠨ ᠵᠣᠭᠰᠣᠭᠠᠳ ᠨᠢᠭᠡ ᠰᠠᠷ᠎ᠠ ᠬᠡᠲᠦᠷᠡᠭᠰᠡᠨ᠂ ᠡᠪᠡᠷᠯᠢᠭ ᠪᠦᠷᠬᠦᠪᠴᠢ ᠶᠢᠨ ᠰᠦᠯᠢᠶᠥᠦ ᠰᠢᠯ ᠵᠡᠭᠦᠬᠦ ᠪᠠᠨ ᠵᠣᠭᠰᠣᠭᠠᠳ ᠭᠤᠷᠪᠠᠨ ᠰᠠᠷ᠎ᠠ ᠬᠡᠲᠦᠷᠡᠭᠰᠡᠨ ᠪᠠᠶᠢᠬᠤ᠃              ● ᠬᠢᠷᠢ ᠭᠡᠮ ᠲᠠᠢ ᠡᠮᠴᠢ ᠶᠢᠨ ᠲᠤᠰᠬᠠᠢ ᠮᠡᠷᠭᠡᠵᠢᠯ ᠤᠨ ᠪᠠᠶᠢᠴᠠᠭᠠᠯᠲᠠ ᠪᠠᠷ ᠳᠠᠮᠵᠢᠨ ᠬᠠᠷᠰᠢᠬᠤ ᠭᠡᠮ ᠪᠠᠶᠢᠬᠤ ᠡᠰᠡᠬᠦ ᠶᠢ ᠪᠠᠶᠢᠴᠠᠭᠠᠬᠤ᠃              ᠯᠠᠶᠢᠰᠧᠷ ᠮᠡᠰᠡ ᠵᠠᠰᠠᠯ ᠳᠤ ᠡᠷᠡᠰ ᠴᠡᠭᠡᠷᠯᠡᠬᠦ ᠡᠪᠡᠳᠴᠢᠨ ᠭᠡᠮ᠄               ●ᠱᠣᠪᠣᠭᠤᠷ ᠡᠪᠡᠷᠯᠢᠭ ᠪᠦᠷᠬᠦᠪᠴᠢ᠂ ᠡᠪᠡᠷᠯᠢᠭ ᠪᠦᠷᠬᠦᠪᠴᠢ ᠶᠢᠨ ᠲᠡᠯᠡᠭᠳᠡᠬᠦ ᠴᠢᠨᠠᠷᠲᠠᠢ ᠡᠪᠡᠳᠴᠢᠨ᠃              ●ᠥᠪᠡᠷ ᠤᠨ ᠪᠡᠶ᠎ᠡ ᠶᠢᠨ ᠴᠠᠷᠤᠯᠲᠠ ᠶᠢᠨ ᠴᠢᠨᠠᠷᠲᠠᠢ ᠡᠪᠡᠳᠴᠢᠨ᠃ ᠵᠢᠱᠢᠶᠡᠯᠡᠪᠡᠯ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ ᠣᠯᠠᠨ ᠡᠭᠦᠰᠬᠦ ᠴᠢᠨᠠᠷᠲᠠᠢ ᠬᠠᠲᠠᠭᠤᠷᠠᠯ ᠵᠡᠷᠭᠡ᠃              ●ᠪᠦᠭᠦ ᠪᠡᠶ᠎ᠡ ᠶᠢᠨ ᠰᠢᠰᠲ᠋ᠧᠮ ᠤᠨ ᠴᠢᠨᠠᠷᠲᠠᠢ ᠪᠤᠶᠤ ᠬᠡᠰᠡᠭ ᠰᠣᠯᠢᠯᠴᠠᠭᠠᠨ ᠤ ᠴᠢᠨᠠᠷᠲᠠᠢ ᠡᠪᠡᠳᠴᠢᠨ᠃ ᠵᠢᠱᠢᠶᠡᠯᠡᠪᠡᠯ ᠬᠦᠨᠳᠦ ᠨᠣᠴᠢᠲᠠᠢ ᠪᠠᠮᠪᠠᠢ ᠪᠤᠯᠴᠢᠷᠬᠠᠢ ᠶᠢᠨ ᠡᠪᠡᠳᠴᠢᠨ ᠪᠤᠶᠤ ᠪᠠᠮᠪᠠᠢ ᠪᠤᠯᠴᠢᠷᠬᠠᠢ ᠶᠢᠨ ᠠᠵᠢᠯᠯᠠᠭ᠎ᠠ ᠴᠢᠩᠭᠠᠷᠠᠬᠤ ᠴᠢᠨᠠᠷᠲᠠᠢ ᠨᠢᠳᠦ ᠪᠦᠯᠲᠡᠶᠢᠬᠦ᠃              ●ᠨᠢᠳᠦᠨ ᠬᠡᠰᠡᠭ ᠤᠨ ᠬᠥᠳᠡᠯᠭᠡᠭᠡᠨᠲᠦ ᠴᠢᠨᠠᠷᠲᠠᠢ ᠡᠪᠡᠳᠴᠢᠨ᠃ ᠵᠢᠱᠢᠶᠡᠯᠡᠪᠡᠯ ᠨᠢᠳᠦᠨ ᠳᠣᠲᠣᠷᠠᠬᠢ ᠬᠠᠯᠳᠠᠪᠤᠷᠢᠯᠠᠯ᠂ ᠡᠪᠡᠷᠯᠢᠭ ᠪᠦᠷᠬᠦᠪᠴᠢ ᠶᠢᠨ ᠬᠠᠯᠳᠠᠪᠤᠷᠢᠯᠠᠯ ᠵᠡᠷᠭᠡ ᠳᠤ ᠬᠠᠯᠳᠠᠪᠤᠷᠢᠯᠠᠯ ᠪᠤᠶᠤ ᠦᠷᠪᠢᠰᠦᠯ ᠤᠨ ᠬᠤᠭᠤᠴᠠᠭᠠᠨ ᠳᠤ ᠮᠡᠰᠡ ᠵᠠᠰᠠᠯ ᠬᠢᠬᠦ ᠶᠢ ᠴᠠᠭᠠᠵᠠᠯᠠᠨ᠎ᠠ᠃              ᠬᠦᠨᠳᠦ ᠨᠣᠴᠢᠲᠠᠢ ᠴᠠᠭᠠᠨ ᠬᠠᠷᠠᠩ᠂ ᠴᠡᠩᠬᠡᠷ ᠬᠠᠷᠠᠩ ᠡᠪᠡᠳᠴᠢᠨ᠃              ᠳᠡᠭᠡᠷᠡᠬᠢ ᠪᠠᠶᠢᠳᠠᠯ ᠠᠴᠠ ᠭᠠᠳᠠᠨ᠎ᠠ ᠪᠠᠰᠠ ᠯᠠᠶᠢᠰᠧᠷ ᠮᠡᠰᠡ ᠵᠠᠰᠠᠯ ᠢ ᠬᠠᠷᠢᠴᠠᠩᠭᠤᠢ ᠴᠡᠭᠡᠷᠯᠡᠬᠦ ᠡᠪᠡᠳᠴᠢᠨ ᠭᠡᠮ ᠳᠤ᠂ ᠪᠦᠬᠦᠯᠢ 18 ᠨᠠᠰᠤ ᠭᠦᠷᠦᠭᠡᠳᠦᠢ ᠬᠥᠮᠥᠨ᠂ ᠰᠢᠬᠢᠷ ᠰᠢᠵᠢᠩ ᠡᠪᠡᠳᠴᠢᠲᠡᠨ᠂ ᠨᠢᠳᠦᠨ ᠤ ᠰᠠᠯᠠᠭᠠᠨ ᠤ ᠮᠡᠰᠡ ᠵᠠᠰᠠᠯ ᠤᠨ ᠲᠡᠦᠬᠡ ᠲᠠᠢ ᠬᠥᠮᠥᠰ᠂ ᠪᠡᠶ᠎ᠡ ᠮᠠᠬᠠᠪᠤᠳ ᠰᠣᠷᠪᠢᠲᠠᠢ ᠬᠥᠮᠥᠰ ᠴᠦ ᠠᠩᠬᠠᠷᠬᠤ ᠴᠢᠬᠤᠯᠠᠲᠠᠢ᠃              ︵︽ᠠᠮᠢ ᠨᠠᠰᠤ ᠴᠠᠭ ᠤᠨ ᠰᠣᠨᠢᠨ︾ ᠵᠢᠷᠭᠢᠶ᠎ᠡ ᠶᠢᠨ ᠲᠠᠪᠴᠠᠩ ᠠᠴᠠ ᠣᠷᠴᠢᠭᠤᠯᠤᠨ ᠨᠠᠶᠢᠷᠠᠭᠤᠯᠪᠠ︶ 
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号