ᠥᠲᠥᠨ ᠪᠥᠮᠪᠦᠭᠡ ᠨᠠᠭᠠᠳᠬᠤ ᠨᠢ ᠬᠦᠵᠦᠭᠦᠦ ᠰᠡᠭᠡᠷ ᠤᠨ ᠡᠪᠡᠳᠴᠢᠨ ᠢ ᠵᠠᠰᠠᠵᠤ ᠴᠢᠳᠠᠨ᠎ᠠ ᠤᠤ︖
ᠨᠡᠶᠢᠲᠡᠯᠡᠭᠰᠡᠨ ᠴᠠᠭ᠄
2024/12/31
                          ᠠᠷᠠᠳ ᠤᠨ ᠳᠤᠮᠳᠠ ︽ᠥᠳᠥᠨ ᠪᠥᠮᠪᠦᠭᠡ ᠨᠠᠭᠠᠳᠬᠤ ᠨᠢ ᠬᠦᠵᠦᠭᠦᠦ ᠰᠡᠭᠡᠷ ᠤᠨ ᠡᠪᠡᠳᠴᠢᠨ ᠢ ᠵᠠᠰᠠᠨ᠎ᠠ︾ ᠭᠡᠳᠡᠭ ᠬᠡᠯᠡᠯᠭᠡ ᠪᠠᠶᠢᠳᠠᠭ᠂ ᠲᠡᠭᠡᠪᠡᠯ ᠬᠥᠳᠡᠯᠭᠡᠭᠡᠨ ᠬᠢᠬᠦ ᠨᠢ ᠦᠨᠡᠬᠡᠷ ᠶᠠᠰᠤᠨ ᠤ ᠰᠠᠯᠠᠭᠠᠨ ᠤ ᠡᠪᠡᠳᠴᠢᠨ ᠳᠤ ᠡᠮᠴᠢᠯᠡᠭᠡᠨ ᠤ ᠦᠷ᠎ᠡ ᠳ᠋ᠦᠩ ᠲᠠᠢ ᠦᠦ︖               ᠵᠦᠢ ᠵᠣᠬᠢᠰᠲᠠᠢ ᠬᠥᠳᠡᠯᠭᠡᠭᠡᠨ ᠬᠢᠬᠦ ᠨᠢ ᠬᠥᠮᠥᠨ ᠤ ᠠᠷᠤᠭ ᠶᠠᠰᠤᠨ ᠤ ᠡᠷᠡᠭᠦᠯ ᠮᠡᠨᠳᠦ ᠳᠤ ᠠᠰᠢᠭᠲᠠᠢ᠃ ᠡᠮᠴᠢ ᠬᠦᠵᠦᠭᠦᠦ ᠰᠡᠭᠡᠷ ᠤᠨ ᠡᠪᠡᠳᠴᠢᠨ᠂ ᠪᠦᠰᠡᠯᠡᠭᠦᠷ ᠰᠡᠭᠡᠷ ᠤᠨ ᠡᠪᠡᠳᠴᠢᠨ ᠵᠡᠷᠭᠡ ᠠᠳᠠᠯᠢᠪᠲᠤᠷ ᠡᠪᠡᠳᠴᠢᠨ ᠢ ᠵᠠᠰᠠᠬᠤ ᠳᠠᠭᠠᠨ ᠡᠪᠡᠳᠴᠢᠲᠡᠨ ᠳᠤ ᠡᠪᠡᠳᠴᠢᠨ ᠤ ᠪᠠᠶᠢᠳᠠᠯ ᠳᠤ ᠲᠣᠬᠢᠷᠠᠭᠰᠠᠨ ︽ᠬᠥᠳᠡᠯᠭᠡᠭᠡᠨ ᠤ ᠵᠣᠷ︾ ᠭᠠᠷᠭᠠᠵᠤ ᠥᠭᠬᠦ ᠶᠢ ᠪᠣᠳᠣᠯᠬᠢᠯᠠᠵᠤ᠂ ᠡᠪᠡᠳᠴᠢᠲᠡᠨ ᠢ ᠠᠷᠤ ᠨᠢᠷᠤᠭᠤ ᠶᠢᠨ ᠪᠤᠯᠴᠢᠩ ᠮᠢᠬ᠎ᠠ ᠪᠠᠨ ᠪᠤᠯᠪᠠᠰᠤᠷᠠᠭᠤᠯᠵᠤ᠂ ᠬᠦᠵᠦᠭᠦᠦ ᠰᠡᠭᠡᠷ᠂ ᠪᠦᠰᠡᠯᠡᠭᠦᠷ ᠨᠢᠷᠤᠭᠤ ᠪᠠᠨ ᠨᠡᠩ ᠲᠣᠭᠲᠠᠪᠤᠷᠢᠲᠠᠢ ᠪᠤᠯᠭᠠᠬᠤ ᠬᠥᠳᠡᠯᠭᠡᠭᠡᠨ ᠳᠤ ᠣᠷᠣᠯᠴᠠᠭᠤᠯᠵᠤ᠂ ᠡᠪᠡᠳᠴᠢᠨ ᠢ ᠬᠥᠩᠭᠡᠷᠡᠭᠦᠯᠬᠦ ᠶᠢ ᠰᠠᠨᠠᠭᠤᠯᠳᠠᠭ᠃ ᠭᠡᠨᠡᠳᠲᠡ ᠶᠢᠨ ᠴᠢᠨᠠᠷᠲᠠᠢ᠂ ᠬᠥᠩᠭᠡᠪᠲᠦᠷ᠂ ᠡᠰᠡᠬᠦᠯ᠎ᠡ ᠡᠬᠢᠨ ᠤ ᠦᠶ᠎ᠡ ᠶᠢᠨ ᠡᠪᠡᠳᠴᠢᠨ ᠤ ᠰᠢᠨᠵᠢ ᠶᠢ ᠶᠡᠷᠦᠩᠬᠡᠢ ᠳᠡᠭᠡᠨ ᠵᠣᠬᠢᠬᠤ ᠬᠥᠳᠡᠯᠭᠡᠭᠡᠨ ᠢᠶᠠᠷ ᠳᠠᠮᠵᠢᠨ ᠵᠠᠰᠠᠵᠤ ᠠᠷᠢᠯᠭᠠᠵᠤ ᠪᠤᠯᠳᠠᠭ᠃              ᠲᠠᠮᠢᠷ ᠤᠨ ᠬᠥᠳᠡᠯᠭᠡᠭᠡᠨ ᠤ ᠰᠣᠩᠭᠤᠯᠲᠠ ᠮᠠᠰᠢ ᠴᠢᠬᠤᠯᠠ᠃ ᠵᠠᠷᠢᠮ ᠲᠠᠮᠢᠷ ᠤᠨ ᠬᠥᠳᠡᠯᠭᠡᠭᠡᠨ ᠨᠢ ᠶᠠᠮᠠᠷ ᠨᠢᠭᠡᠨ ᠡᠪᠡᠳᠴᠢᠨ ᠳᠤ ᠨᠡᠷᠪᠡᠭᠳᠡᠭᠰᠡᠨ ᠬᠥᠮᠥᠰ ᠲᠤ ᠲᠣᠬᠢᠷᠠᠬᠤ ᠦᠭᠡᠢ ᠪᠤᠶᠤ ᠠᠰᠢᠭ ᠦᠭᠡᠢ ᠦᠷ᠎ᠡ ᠨᠥᠯᠥᠭᠡ ᠠᠪᠴᠢᠷᠠᠳᠠᠭ᠃ ᠥᠳᠥᠨ ᠪᠥᠮᠪᠦᠭᠡ ᠪᠠᠷ ᠵᠢᠱᠢᠶᠡᠯᠡᠪᠡᠯ᠂ ᠪᠥᠮᠪᠦᠭᠡ ᠲᠤᠰᠬᠤ ᠶᠠᠪᠤᠴᠠ ᠳᠤ ᠲᠣᠯᠣᠭᠠᠢ ᠪᠠ ᠬᠦᠵᠦᠭᠦᠦ ᠪᠠᠨ ᠳᠠᠭᠢᠨ ᠳᠠᠪᠲᠠᠨ ᠡᠷᠭᠢᠭᠦᠯᠦᠨ ᠬᠥᠳᠡᠯᠭᠡᠪᠡᠯ᠂ ᠮᠠᠭᠤ ᠳᠠᠳᠬᠠᠯ ᠠᠴᠠ ᠪᠣᠯᠤᠭᠰᠠᠨ ᠬᠦᠵᠦᠭᠦᠦ ᠰᠡᠭᠡᠷ ᠤᠨ ᠡᠪᠡᠳᠴᠢᠨ ᠢ ᠡᠰᠡᠷᠭᠦᠴᠡᠵᠦ᠂ ᠡᠪᠡᠳᠴᠢᠨ ᠤ ᠢᠯᠡᠷᠡᠯ ᠢ ᠨᠠᠮᠳᠠᠭᠤᠯᠬᠤ ᠪᠠ ᠡᠶᠢᠮᠦᠷᠬᠦᠦ ᠡᠪᠡᠳᠴᠢᠨ ᠢ ᠰᠡᠷᠭᠡᠶᠢᠯᠡᠬᠦ ᠳᠤ ᠠᠰᠢᠭᠲᠠᠢ ᠪᠠᠶᠢᠳᠠᠭ᠃ ᠭᠡᠪᠡᠴᠦ ᠰᠡᠭᠡᠷ ᠤᠨ ᠭᠤᠤᠷᠰᠤ ᠨᠠᠷᠢᠰᠬᠤ ᠠᠰᠠᠭᠤᠳᠠᠯ ᠭᠠᠷᠪᠠᠯ᠂ ᠥᠲᠥᠨ ᠪᠥᠮᠪᠦᠭᠡ ᠶᠢᠨ ᠬᠥᠳᠡᠯᠭᠡᠭᠡᠨ ᠳᠤ ᠤᠷᠤᠯᠴᠠᠵᠤ ᠪᠤᠯᠬᠤ ᠡᠰᠡᠬᠦ ᠨᠢ ᠡᠮᠴᠢ ᠶᠢᠨ ᠵᠠᠬᠢᠶ᠎ᠠ ᠰᠠᠨᠠᠭᠤᠯᠭ᠎ᠠ ᠶᠢ ᠳᠠᠭᠠᠬᠤ ᠬᠡᠷᠡᠭᠲᠡᠢ᠃              ᠬᠥᠳᠡᠯᠭᠡᠭᠡᠨ ᠬᠡᠳᠦᠢ ᠠᠷᠪᠢᠨ ᠪᠣᠯ ᠲᠡᠳᠦᠢ ᠰᠠᠶᠢᠨ ᠪᠠᠶᠢᠳᠠᠭ ᠦᠦ︖ ᠲᠡᠶᠢᠮᠦ ᠪᠢᠰᠢ᠃ ᠥᠲᠥᠨ ᠪᠥᠮᠪᠦᠭᠡ ᠶᠢᠨ ᠬᠥᠳᠡᠯᠭᠡᠭᠡᠨ ᠬᠡᠲᠦᠷᠡᠪᠡᠯ ᠠᠮᠠᠷᠬᠠᠨ ᠮᠥᠷᠥ᠂ ᠨᠢᠷᠤᠭᠤ᠂ ᠡᠪᠦᠳᠦᠭ ᠵᠡᠷᠭᠡ ᠦᠶ᠎ᠡ ᠭᠡᠰᠢᠭᠦᠦ ᠭᠡᠮᠲᠦᠨ᠎ᠡ᠃ ᠬᠥᠳᠡᠯᠭᠡᠭᠡᠨ ᠬᠢᠬᠦ ᠨᠢ ᠡᠷᠡᠭᠦᠯ ᠮᠡᠨᠳᠦ ᠳᠤ ᠠᠰᠢᠭᠲᠠᠢ᠂ ᠭᠡᠪᠡᠴᠦ ᠬᠡᠮᠵᠢᠶ᠎ᠡ ᠲᠠᠢ ᠬᠥᠳᠡᠯᠭᠡᠭᠡᠨ ᠬᠢᠬᠦ ᠬᠡᠷᠡᠭᠲᠡᠢ᠃ ᠬᠥᠮᠥᠨ ᠪᠣᠯᠭᠠᠨ ᠤ ᠪᠡᠶ᠎ᠡ ᠶᠢᠨ ᠪᠠᠶᠢᠳᠠᠯ᠂ ᠪᠤᠯᠴᠢᠩ ᠤᠨ ᠪᠤᠶᠢᠵᠢᠯᠲᠠ ᠪᠦᠷ ᠠᠳᠠᠯᠢ ᠪᠤᠰᠤ ᠪᠠᠶᠢᠵᠤ᠂ ᠨᠡᠶᠢᠳᠡᠮ ᠬᠡᠷᠡᠭᠯᠡᠭᠳᠡᠬᠦ ︽ᠬᠥᠳᠡᠯᠭᠡᠭᠡᠨ ᠤ ᠵᠣᠷ︾ ᠭᠡᠵᠦ ᠪᠠᠶᠢᠳᠠᠭ ᠦᠭᠡᠢ ᠪᠣᠯᠬᠤᠷ ᠥᠪᠡᠷ ᠤᠨ ᠪᠠᠶᠢᠳᠠᠯ ᠢᠶᠠᠨ ᠦᠨᠳᠦᠰᠦᠯᠡᠨ ᠲᠣᠬᠢᠷᠠᠮᠵᠢᠲᠠᠢ ᠲᠠᠮᠢᠷ ᠤᠨ ᠬᠥᠳᠡᠯᠭᠡᠭᠡᠨ ᠪᠠ ᠬᠥᠳᠡᠯᠭᠡᠭᠡᠨ ᠤ ᠬᠦᠴᠦᠯᠡᠴᠡ ᠪᠠᠨ ᠰᠣᠩᠭᠤᠬᠤ ᠬᠡᠷᠡᠭᠲᠡᠢ᠃              ᠭᠠᠷᠠᠭ ᠪᠦᠷᠢ ᠳᠤᠮᠳᠠ ᠵᠡᠷᠭᠡ ᠶᠢᠨ ᠬᠦᠴᠦᠯᠡᠴᠡ ᠲᠠᠢ ᠬᠥᠳᠡᠯᠭᠡᠭᠡᠨ ᠳᠤ 2 - 4 ᠤᠳᠠᠭ᠎ᠠ ᠤᠷᠤᠯᠴᠠᠵᠤ ᠪᠠᠶᠢᠬᠤ ᠶᠢ ᠰᠠᠨᠠᠭᠤᠯᠤᠶ᠎ᠠ᠃ ᠬᠡᠷᠪᠡ ᠪᠡᠶ᠎ᠡ ᠳᠤ ᠡᠪ ᠦᠭᠡᠢ ᠪᠠᠶᠢᠳᠠᠯ ᠨᠡᠯᠢᠶᠡᠳ ᠤᠳᠠᠭᠠᠨ ᠦᠷᠭᠦᠯᠵᠢᠯᠡᠭᠰᠡᠨ ᠪᠤᠶᠤ ᠮᠡᠳᠡᠷᠡᠯ ᠤᠨ ᠳᠠᠷᠤᠯᠲᠠ ᠶᠢᠨ ᠪᠠᠶᠢᠳᠠᠯ ᠭᠠᠷᠤᠭᠰᠠᠨ ᠪᠠᠶᠢᠪᠠᠯ ᠡᠷᠲᠡᠬᠡᠨ ᠡᠮᠨᠡᠭᠦᠯᠵᠦ᠂ ᠡᠮᠴᠢ ᠶᠢᠨ ᠵᠢᠭᠠᠪᠤᠷᠢ ᠪᠠᠷ ᠡᠮᠨᠡᠨ ᠵᠠᠰᠠᠬᠤ ᠬᠡᠷᠡᠭᠲᠡᠢ᠃              ︵ᠤᠮᠠᠷᠠᠲᠤ ᠶᠢᠨ ᠰᠦᠯᠵᠢᠶ᠎ᠡ︶ 
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号