| | ᠬᠠᠭᠤᠴᠢ ᠦᠭᠡᠨ ᠳᠤ ︽ᠳᠠᠯ᠎ᠠ ᠭᠦᠷᠦᠭᠰᠡᠳ ᠡᠷᠲᠡᠨ ᠠᠴᠠ ᠴᠥᠭᠡᠨ︾ ᠭᠡᠵᠦ ᠬᠡᠯᠡᠳᠡᠭ ᠰᠠᠨ᠃ | ᠤᠯᠠᠨᠬᠭᠢ ᠬᠥᠮᠥᠰ ᠳᠠᠯ᠎ᠠ ᠭᠦᠷᠦᠮᠡᠭᠴᠡ ᠰᠠᠬᠠᠯ ᠰᠠᠨᠴᠢᠭ ᠨᠢ ᠴᠠᠶᠢᠵᠤ᠂ ᠨᠢᠳᠦ ᠴᠢᠬᠢ ᠨᠢ ᠮᠠᠭᠤᠳᠠᠳᠠᠭ᠃ ᠥᠲᠡᠯᠬᠦ ᠭᠡᠳᠡᠭ | ᠪᠣᠯ ᠬᠥᠮᠥᠨ ᠲᠥᠷᠥᠯᠬᠢᠲᠡᠨ ᠤ ᠠᠮᠢ ᠨᠠᠰᠤᠨ ᠯᠤᠭ᠎ᠠ ᠨᠢᠭᠲᠠ ᠬᠤᠯᠪᠣᠭᠳᠠᠵᠤ ᠪᠠᠶᠢᠬᠤ ᠪᠣᠯᠬᠤᠷ ᠳᠡᠯᠡᠬᠡᠢ ᠨᠡᠶᠢᠲᠡ ᠪᠠᠷ ᠢᠶᠠᠨ | ᠡᠨᠡ ᠠᠰᠠᠭᠤᠳᠠᠯ ᠢ ᠮᠠᠰᠢ ᠠᠩᠬᠠᠷᠴᠤ ᠪᠤᠢ᠃ ᠡᠯ᠎ᠡ ᠤᠯᠤᠰ ᠤᠨ ᠰᠤᠳᠤᠯᠤᠯ ᠤᠨ ᠮᠠᠲ᠋ᠧᠷᠢᠶᠠᠯ ᠠᠴᠠ ᠦᠵᠡᠪᠡᠯ᠂ ᠥᠲᠡᠯᠬᠦ | ᠰᠢᠯᠲᠠᠭᠠᠨ ᠪᠠᠷᠤᠭ 300 ᠭᠠᠷᠤᠢ ᠵᠦᠢᠯ ᠪᠠᠶᠢᠨ᠎ᠠ᠃ ᠤᠯᠠᠨ ᠤ ᠮᠡᠳᠡᠭᠡᠵᠢ ᠪᠠᠷ ᠡᠪᠡᠳᠴᠢᠨ ᠡᠮᠭᠡᠭ᠂ ᠰᠢᠮ᠎ᠡ ᠲᠡᠵᠢᠭᠡᠯ ᠤᠨ | ᠬᠤᠪᠢᠷᠠᠯᠲᠠ ᠪᠠ ᠤᠳᠤᠮᠰᠢᠯ ᠤᠨ ᠠᠷᠬᠠᠭ ᠵᠡᠷᠭᠡ ᠬᠡᠳᠦᠨ ᠵᠦᠢᠯ ᠤᠨ ᠰᠢᠯᠲᠠᠭᠠᠨ ᠨᠢ ᠭᠤᠣᠯ ᠪᠤᠯᠳᠠᠭ ᠶᠤᠮ᠃ ᠶᠡᠭᠡ | ᠲᠥᠯᠥᠪ ᠲᠤᠨᠢ ᠠᠪᠴᠤ ᠬᠡᠯᠡᠪᠡᠯ᠂ ᠨᠠᠰᠤᠵᠢᠭᠰᠠᠨ ᠬᠥᠮᠥᠰ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷᠤᠭᠲᠠᠢ ᠪᠣᠯᠬᠤᠷ | ᠬᠠᠯᠳᠠᠪᠤᠷᠢᠲᠦ ᠡᠪᠡᠳᠴᠢᠨ ᠳᠤ ᠭᠢᠯᠪᠠᠷᠬᠠᠨ ᠨᠡᠷᠪᠡᠭᠳᠡᠳᠡᠭ᠃ ᠨᠠᠰᠤᠵᠢᠭᠰᠠᠨ ᠬᠥᠮᠥᠰ ᠤᠨ ᠬᠥᠳᠡᠯᠭᠡᠭᠡᠨ ᠤ ᠬᠡᠮᠵᠢᠶ᠎ᠡ ᠪᠠᠭ᠎ᠠ | ᠤᠴᠢᠷ ᠠᠴᠠ ᠰᠢᠮ᠎ᠡ ᠲᠡᠵᠢᠭᠡᠯ ᠱᠠᠭᠠᠷᠳᠠᠬᠤ ᠬᠡᠮᠵᠢᠶ᠎ᠡ ᠨᠢ ᠴᠦ ᠪᠠᠭ᠎ᠠ ᠪᠤᠯᠳᠠᠭ᠃ ᠬᠡᠷᠪᠡ ᠰᠥᠰᠥᠨ ᠤ ᠴᠢᠯᠠᠭᠤᠯᠢᠭ | ᠠᠯᠺᠦᠦᠯ ᠲᠠᠢ ᠢᠳᠡᠭᠡᠨ ᠢᠯᠡᠭᠦᠦ ᠢᠳᠡᠪᠡᠯ ᠠᠮᠠᠷᠬᠠᠨ ᠲᠠᠷᠭᠤᠯᠠᠵᠤ᠂ ᠲᠡᠷᠡᠴᠢᠯᠡᠨ ᠴᠢᠰᠤᠨ ᠳᠠᠷᠤᠯᠲᠠ ᠥᠨᠳᠥᠷ᠂ ᠵᠢᠷᠦᠬᠡᠨ | ᠲᠢᠲᠢᠮ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠳᠡᠭ᠃ ᠦᠮᠡᠨ ᠡᠪᠡᠳᠴᠢᠨ ᠪᠤᠶᠤ ᠤᠳᠠᠭᠠᠨ | ᠴᠢᠨᠠᠷᠲᠠᠢ ᠰᠠᠯᠪᠤᠷᠢ ᠮᠦᠭᠡᠷᠰᠦᠨ ᠬᠤᠭᠤᠯᠠᠢ ᠶᠢᠨ ᠡᠪᠡᠳᠴᠢᠨ ᠵᠡᠷᠭᠡ ᠨᠢ ᠨᠠᠰᠤᠵᠢᠭᠰᠠᠨ ᠬᠥᠮᠥᠰ ᠤᠨ ᠤᠯᠠᠨ ᠨᠡᠷᠪᠡᠭᠳᠡᠳᠡᠭ | ᠡᠪᠡᠳᠴᠢᠨ ᠪᠣᠯᠣᠨ᠎ᠠ᠃ ᠡᠳᠡᠭᠡᠷ ᠪᠤᠢ ᠪᠦᠬᠦᠢ ᠬᠦᠴᠦᠨ ᠵᠦᠢᠯ ᠤᠳ ᠨᠢ ᠬᠥᠮᠥᠨ ᠤ ᠪᠡᠶ᠎ᠡ ᠶᠢᠨ ᠨᠡᠬᠡᠳᠡᠰᠦ ᠪᠣᠯᠣᠨ ᠳᠣᠲᠣᠷ | ᠡᠷᠬᠡᠲᠡᠨ ᠤ ᠰᠢᠰᠲ᠋ᠧᠮ ᠲᠠᠢ ᠠᠵᠢᠯᠯᠠᠭ᠎ᠠ ᠶᠢ ᠨᠡᠶᠢᠳᠡᠮ ᠪᠠᠭᠤᠷᠠᠭᠤᠯᠤᠨ ᠬᠥᠭᠰᠢᠷᠡᠭᠦᠯᠳᠡᠭ᠃ ᠡᠭᠦᠨ ᠢ ᠡᠮᠨᠡᠯᠭᠡ ᠶᠢᠨ | ᠤᠬᠠᠭᠠᠨ ᠳᠤ ᠥᠲᠡᠯᠬᠦ ᠭᠡᠳᠡᠭ᠃ | ᠬᠥᠮᠥᠰ ᠤᠯᠠᠨ ᠵᠢᠯ ᠤᠨ ᠲᠤᠷᠰᠢ᠂ ᠥᠲᠡᠯᠬᠦ ᠪᠠ ᠲᠡᠭᠦᠨ ᠢ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ | ᠰᠡᠷᠭᠡᠶᠢᠯᠡᠬᠦ ᠠᠷᠭ᠎ᠠ ᠵᠠᠮ ᠢ ᠰᠦᠪᠡᠭᠴᠢᠯᠡᠨ ᠰᠤᠳᠤᠯᠬᠤ ᠪᠠᠷ ᠶᠡᠭᠡ ᠦᠨ᠎ᠡ ᠦᠷᠳᠡᠭ ᠢ ᠵᠠᠷᠤᠴᠠᠭᠤᠯᠵᠤ ᠥᠩᠭᠡᠷᠡᠪᠡ᠃ | ᠥᠲᠡᠯᠬᠦ ᠶᠢ ᠰᠡᠷᠭᠡᠶᠢᠯᠡᠬᠦ ᠭᠡᠳᠡᠭ ᠨᠢ ᠳᠠᠷᠤᠢ ᠨᠠᠰᠤᠨ ᠬᠤᠲᠤᠭ ᠢ ᠤᠷᠲᠤᠳᠬᠠᠬᠤ ᠭᠡᠰᠡᠨ ᠤᠳᠬ᠎ᠠ ᠲᠠᠢ ᠶᠤᠮ᠃ ᠵᠠᠷᠢᠮ | ᠬᠥᠮᠥᠨ ᠪᠠᠨᠠᠨᠠ ᠪᠣᠯ ᠤᠷᠳᠦ ᠨᠠᠰᠤᠯᠠᠬᠤ ᠳᠤ ᠤᠭᠢ ᠢᠳᠡᠭᠡᠨ ᠪᠣᠯᠬᠤᠷ ᠢᠯᠡᠭᠦᠬᠡᠨ ᠢᠳᠡᠪᠡᠯ ᠰᠠᠶᠢᠨ ᠭᠡᠵᠦ ᠦᠵᠡᠳᠡᠭ; | ᠪᠠᠰᠠ ᠵᠠᠷᠢᠮ ᠲᠤᠷᠰᠢᠯᠲᠠ ᠲᠤᠰᠬᠠᠭᠰᠠᠨ ᠨᠢ᠂ ᠲᠣᠭᠲᠠᠭᠰᠠᠨ ᠬᠤᠭᠤᠴᠠᠭ᠎ᠠ ᠲᠠᠢ ᠪᠠᠷ ᠰᠦᠳᠡ ᠲᠠᠢ ᠤᠰᠤ ᠪᠠᠷ ᠪᠡᠶ᠎ᠡ ᠪᠠᠨ | ᠤᠬᠢᠶᠠᠪᠠᠯ ᠥᠲᠡᠯᠬᠦ ᠶᠢ ᠰᠡᠷᠭᠡᠶᠢᠯᠡᠵᠦ ᠪᠣᠯᠣᠨ᠎ᠠ ᠭᠡᠳᠡᠭ᠃ ᠭᠡᠲᠡᠯ᠎ᠡ ᠡᠳᠡᠭᠡᠷ ᠪᠦᠭᠦᠨ ᠨᠢ ᠪᠦᠷ ᠯᠡ ᠬᠠᠷᠠᠬᠠᠨ ᠬᠥᠮᠥᠨ ᠢ | ᠦᠨᠡᠮᠰᠢᠭᠦᠯᠦᠮᠡᠷ ᠦᠨᠳᠦᠰᠦ ᠪᠠᠷᠢᠮᠲᠠ ᠦᠭᠡᠢ ᠪᠠᠶᠢᠭᠰᠠᠭᠠᠷ ᠪᠢᠯᠡ᠃ | ᠬᠤᠵᠢᠮ ᠨᠢ ᠡᠮᠨᠡᠯᠭᠡ ᠶᠢᠨ ᠤᠬᠠᠭᠠᠨ ᠤ ᠰᠤᠳᠤᠯᠤᠯᠲᠠ ᠨᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠣᠯ | ᠥᠲᠡᠯᠬᠦ ᠶᠢ ᠤᠳᠠᠭᠠᠰᠢᠷᠠᠭᠤᠯᠬᠤ ᠳᠤ ᠲᠤᠶᠢᠯ ᠤᠨ ᠴᠢᠬᠤᠯᠠ ᠦᠢᠯᠡᠳᠦᠯ ᠭᠠᠷᠭᠠᠳᠠᠭ ᠭᠡᠰᠡᠨ ᠢ ᠣᠯᠵᠤ ᠮᠡᠳᠡᠪᠡ᠄ ᠨᠠᠶᠠᠨ | ᠬᠤᠶᠠᠷ ᠨᠠᠰᠤᠲᠠᠢ ᠭᠧᠷᠮᠠᠨ ᠤ ᠲᠠᠮᠢᠷᠴᠢᠨ ᠯᠠᠮᠪᠸᠢᠢᠲ ᠤᠨ ᠵᠢᠷᠦᠬᠡᠨ ᠤ ᠠᠵᠢᠯᠯᠠᠭᠠᠨ ᠤ ᠴᠢᠳᠠᠪᠤᠷᠢ ᠨᠢ ᠬᠤᠷᠢᠨ ᠲᠠᠪᠤᠨ ᠨᠠᠰᠤ | ᠲᠠᠢ ᠵᠠᠯᠠᠭᠤ ᠬᠥᠮᠥᠨ ᠲᠠᠢ ᠠᠳᠠᠯᠢ ᠪᠠᠶᠢᠪᠠ᠃ ᠬᠦᠯᠢᠴᠡᠩᠭᠦᠢ ᠲᠡᠰᠪᠦᠷᠢᠯᠡᠯ ᠤᠨ ᠪᠣᠯᠪᠠᠰᠤᠷᠠᠯ ︵ᠬᠦᠯᠢᠴᠡᠩᠭᠦᠢ ᠲᠡᠰᠪᠦᠷᠢᠯᠡᠯ | ᠨᠢ ᠳᠣᠲᠣᠭᠠᠳᠤ ᠱᠦᠭᠦᠷᠡᠯ ᠢ ᠵᠠᠬᠢᠷᠴᠤ ᠪᠤᠢ︶ ᠨᠢ ᠨᠠᠰᠤ ᠠᠬᠢᠭᠰᠠᠨ ᠡᠮᠡᠭᠲᠡᠢ ᠶᠢ ᠴᠦ ᠭᠡᠰᠡᠨ ᠵᠠᠯᠠᠭᠤ ᠪᠣᠯᠭᠠᠳᠠᠭ᠃ | ᠮᠠᠨ ᠤ ᠤᠯᠤᠰ ᠤᠨ ᠡᠷᠲᠡᠨ ᠤ ᠲᠡᠦᠬᠡ ᠰᠤᠳᠤᠷ ᠲᠤ᠂ ᠠᠯᠳᠠᠷᠲᠤ ᠡᠮᠴᠢ ᠬᠤᠸᠠ ᠲᠦᠸᠧ ᠶᠢᠨ ᠱᠠᠪᠢ ᠦ᠋ ᠫᠦ᠋ ᠴᠢᠨ ︽ | ᠲᠠᠪᠤᠨ ᠵᠢᠭᠦᠷᠲᠡᠨ ᠤ ᠲᠣᠭᠯᠠᠭᠠᠮ︾ ᠢ ᠪᠣᠯᠪᠠᠰᠤᠷᠠᠭᠰᠠᠨ ᠠᠴᠠ ᠶᠡᠷᠡᠨ ᠨᠠᠰᠤ ᠬᠦᠷᠴᠢᠬᠡᠭᠡᠳ ᠪᠠᠰᠠ ᠨᠢᠳᠦ ᠴᠢᠬᠢ ᠨᠢ | ᠰᠣᠷᠭᠤᠭ ᠪᠥᠭᠡᠳ ᠴᠤᠭ ᠵᠢᠪᠬᠤᠭ᠎ᠠ ᠲᠠᠢ ᠪᠠᠶᠢᠵᠤᠬᠤᠢ ᠬᠡᠮᠡᠨ ᠲᠡᠮᠳᠡᠭᠯᠡᠵᠦ ᠪᠤᠢ᠃ ᠲᠡᠶᠢᠮᠦ ᠠᠴᠠ ᠪᠡᠶ᠎ᠡ ᠶᠢᠨ ᠲᠠᠮᠢᠷ ᠤᠨ | ᠬᠥᠳᠡᠯᠭᠡᠭᠡᠨ ᠨᠢ ᠡᠯ᠎ᠡ ᠡᠷᠬᠡᠲᠡᠨ ᠤ ᠠᠵᠢᠯᠯᠠᠭ᠎ᠠ ᠶᠢ ᠨᠡᠶᠢᠳᠡᠮ ᠰᠠᠶᠢᠵᠢᠷᠠᠭᠤᠯᠵᠤ᠂ ᠡᠯ᠎ᠡ ᠡᠷᠬᠡᠲᠡᠨ ᠤ ᠮᠠᠭᠤᠲᠠᠬᠤ ᠶᠢ | ᠰᠡᠷᠭᠡᠶᠢᠯᠡᠨ ᠬᠢᠵᠠᠭᠠᠷᠯᠠᠵᠤ᠂ ᠡᠪᠡᠳᠴᠢᠨ ᠡᠮᠭᠡᠭ ᠢ ᠰᠡᠷᠭᠡᠶᠢᠯᠡᠨ᠂ ᠥᠲᠡᠯᠬᠦ ᠶᠢ ᠤᠳᠠᠭᠠᠰᠢᠷᠠᠭᠤᠯᠳᠠᠭ ᠪᠦᠲᠦᠮᠵᠢᠲᠡᠢ ᠠᠷᠭ᠎ᠠ | ᠬᠡᠮᠵᠢᠶ᠎ᠡ ᠭᠡᠵᠦ ᠬᠥᠮᠥᠰ ᠦᠵᠡᠵᠦ ᠪᠤᠢ᠃ | ᠵᠢᠮ᠎ᠡ ᠶᠣᠰᠣ ᠲᠠᠢ ᠠᠮᠢᠳᠤᠷᠠᠯ ᠪᠣᠯ ᠡᠷᠡᠭᠦᠯ ᠮᠡᠨᠳᠦ ᠶᠠᠪᠤᠵᠤ ᠤᠷᠲᠦ ᠨᠠᠰᠤᠯᠠᠬᠤ ᠶᠢᠨ ᠴᠢᠬᠤᠯᠠ ᠨᠥᠬᠦᠴᠡᠯ | ᠮᠥᠨ ᠭᠡᠵᠦ ᠮᠠᠰᠢ ᠤᠯᠠᠨ ᠮᠠᠲ᠋ᠧᠷᠢᠶᠠᠯ ᠨᠤᠲᠠᠯᠠᠵᠤ ᠪᠤᠢ᠃ ᠳᠦᠷᠪᠡᠨ ᠤᠯᠠᠷᠢᠯ ᠤᠨ ᠠᠭᠤᠷ ᠠᠮᠢᠰᠬᠤᠯ ᠯᠤᠭ᠎ᠠ | ᠵᠣᠬᠢᠴᠠᠭᠤᠯᠤᠨ ᠡᠷᠲᠡ ᠤᠨᠲᠠᠵᠤ᠂ ᠡᠷᠲᠡ ᠪᠣᠰᠴᠤ᠂ ᠲᠣᠭᠲᠠᠭᠰᠠᠨ ᠴᠠᠭ ᠲᠠᠭᠠᠨ ᠢᠳᠡᠵᠦ ᠤᠤᠭᠤᠬᠤ ᠬᠡᠷᠡᠭᠲᠡᠢ᠃ | ᠬᠠᠮᠤᠭ ᠤᠨ ᠰᠠᠶᠢᠨ ᠨᠢ ᠳᠠᠩᠴᠢ ᠴᠠᠳᠲᠠᠯ᠎ᠠ ᠢᠳᠡᠬᠦ ᠦᠭᠡᠢ ᠪᠠᠶᠢᠵᠤ᠂ ᠢᠳᠡᠵᠦ ᠪᠠᠷᠠᠭᠰᠠᠨ ᠤ ᠳᠠᠷᠠᠭ᠎ᠠ ᠭᠠᠳᠠᠭᠤᠷ | ᠠᠯᠬᠤᠯᠠᠪᠠᠯ ᠵᠣᠬᠢᠨ᠎ᠠ᠃ ᠢᠳᠡᠰᠢᠨ ᠨᠣᠭᠤᠭ᠎ᠠ᠂ ᠪᠤᠷᠴᠠᠭ ᠤᠨ ᠵᠦᠢᠯ ᠢ ᠢᠯᠡᠭᠦᠦ ᠢᠳᠡᠵᠦ᠂ ᠥᠭᠡᠬᠦ᠂ ᠥᠨᠳᠡᠭᠡᠨ ᠰᠢᠷ᠎ᠠ | ᠶᠢᠨ ᠵᠦᠢᠯ ᠢ ᠳᠤᠲᠠᠭᠤ ᠢᠳᠡᠬᠦ ᠬᠡᠷᠡᠭᠲᠡᠢ᠃ ᠬᠡᠷᠪᠡ ᠪᠡᠶ᠎ᠡ ᠶᠢᠨ ᠬᠦᠨᠳᠦ ᠬᠡᠲᠦᠷᠬᠡᠢ ᠨᠡᠮᠡᠭᠳᠡᠭᠰᠡᠨ ᠪᠠᠶᠢᠪᠠᠯ ᠬᠥᠳᠡᠯᠭᠡᠭᠡᠨ | ᠬᠢᠬᠦ ᠴᠠᠭ ᠢᠶᠠᠨ ᠤᠷᠲᠤᠳᠬᠠᠵᠤ᠂ ᠬᠤᠭᠤᠯᠠ ᠢᠳᠡᠭᠡᠨ ᠪᠣᠯᠣᠨ ᠢᠯᠴᠢ ᠶᠢ ᠵᠣᠬᠢᠬᠤ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | | | ︵︽ᠠᠮᠢᠳᠤᠷᠠᠯ ᠤᠨ ᠳᠤᠮᠳᠠᠬᠢ ᠰᠢᠨᠵᠢᠯᠡᠬᠦ ᠤᠬᠠᠭᠠᠨ︾ ᠨᠣᠮ | |