︽ᠮᠤᠵᠢ ᠠᠯᠤᠰᠯᠠᠨ ᠣᠨᠳᠣᠣ ᠭᠠᠵᠠᠷ︾ ᠲᠤ ᠡᠪᠡᠳᠴᠢᠨ ᠦᠵᠡᠭᠦᠯᠭᠦ ᠳᠤ ᠬᠡᠷᠬᠢᠨ ᠰᠢᠭᠤᠳ ᠲᠠᠩᠰᠠ ᠲᠠᠶᠢᠯᠬᠤ ᠪᠤᠶ︖ 
ᠨᠡᠶᠢᠲᠡᠯᠡᠭᠰᠡᠨ ᠴᠠᠭ᠄
2024/12/31
                         ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠪᠤᠶᠤ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠭᠦ ᠳᠠᠭᠠᠳᠬᠠᠯ ᠳᠤ ᠣᠷᠣᠯᠴᠠᠬᠰᠠᠨ ᠬᠥᠮᠥᠰ ᠨᠢ ᠣᠨᠳᠣᠣ ᠭᠠᠵᠠᠷ ᠲᠤ ᠡᠮᠨᠡᠭᠦᠯᠭᠦ ᠪᠦᠷᠢᠳᠬᠡᠨ ᠳᠠᠩᠰᠠᠯᠠᠭᠤᠯᠬᠤ ᠭᠠᠷᠳᠠᠮ ᠢᠶᠠᠨ ᠬᠢᠭᠰᠡᠨ ᠤ ᠳᠠᠷᠠᠭ᠎ᠠ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢᠶᠠᠨ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠬᠦᠷᠲᠡᠵᠦ ᠪᠣᠯᠣᠨ᠎ᠠ᠃              ᠪᠣᠳᠠᠲᠠᠢ ᠪᠠᠷ ᠶᠠᠮᠠᠷ ᠶᠠᠮᠠᠷ ᠬᠥᠮᠥᠰ ᠲᠤ ᠲᠣᠬᠢᠷᠠᠬᠤ ᠪᠤᠢ︖               ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠥᠰ᠃ ᠡᠭᠦᠨ ᠳᠤ ᠣᠨᠳᠣᠣ ᠭᠠᠵᠠᠷ ᠲᠤ ᠲᠥᠪᠭᠢᠨᠡᠭᠦᠯᠦᠭᠳᠡᠭᠰᠡᠨ ᠠᠵᠢᠯ ᠠᠴᠠ ᠪᠠᠨ ᠠᠮᠠᠷᠠᠭᠰᠠᠳ᠂ ᠣᠨᠳᠣᠣ ᠭᠠᠵᠠᠷ ᠲᠤ ᠤᠷᠲᠤ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠥᠰ᠂ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠵᠡᠷᠭᠡ ᠳᠠᠭᠠᠳᠬᠠᠯ ᠳᠤ ᠣᠷᠣᠯᠴᠠᠬᠰᠠᠨ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠪᠠᠨ ᠭᠠᠳᠠᠨᠠᠬᠢ ᠭᠠᠵᠠᠷ ᠲᠤ ᠤᠷᠲᠤ ᠬᠤᠭᠤᠴᠠᠭ᠎ᠠ ᠪᠠᠷ ᠠᠵᠢᠯᠯᠠᠵᠤ᠂ ᠣᠷᠣᠰᠢᠨ ᠰᠠᠭᠤᠵᠤ᠂ ᠠᠮᠢᠳᠤᠷᠠᠵᠤ ᠪᠠᠶᠢᠭ᠎ᠠ ᠬᠥᠮᠥᠰ ᠪᠠᠭᠲᠠᠵᠤ ᠪᠤᠢ᠃              ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠭᠦ ᠪᠦᠷᠢᠳᠬᠡᠨ ᠳᠠᠩᠰᠠᠯᠠᠭᠤᠯᠬᠤ ᠭᠠᠷᠳᠠᠮ ᠢ ᠶᠠᠭᠠᠬᠢᠵᠤ ᠭᠦᠢᠴᠡᠳᠬᠡᠬᠦ ᠪᠤᠶ︖               ᠨᠢᠭᠡᠳᠦᠭᠡᠷ ᠠᠯᠬᠤᠮ᠄ ᠡᠬᠢᠯᠡᠵᠦ ᠪᠦᠷᠢᠳᠬᠡᠨ ᠳᠠᠩᠰᠠᠯᠠᠭᠤᠯᠬᠤ              ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︾ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠣᠷᠣᠵᠤ᠂ ᠪᠢᠴᠢᠯ ᠦᠢᠯᠡᠴᠢᠯᠡᠭᠡ↓ᠤᠯᠤᠰ ᠤᠨ ᠣᠨᠳᠣᠣ ᠭᠠᠵᠠᠷ ᠲᠤ ᠡᠮᠨᠡᠭᠦᠯᠭᠦ ᠶᠢ ᠪᠦᠷᠢᠳᠬᠡᠨ ᠳᠠᠩᠰᠠᠯᠠᠭᠤᠯᠬᠤ ᠶᠢ ᠲᠣᠪᠰᠢᠵᠤ᠂ ᠣᠨᠳᠣᠣ ᠭᠠᠵᠠᠷ ᠲᠤ ᠳᠠᠩᠰᠠᠯᠠᠭᠤᠯᠬᠤ ᠵᠢᠵᠢᠭ ᠫᠷᠣᠭ᠍ᠷᠠᠮ ᠤᠨ ᠨᠢᠭᠤᠷ ᠲᠤ ᠣᠷᠣᠨ᠎ᠠ᠃ ᠲᠠᠷᠠᠭ᠎ᠠ ᠨᠢ ︽ᠣᠨᠳᠣᠣ ᠭᠠᠵᠠᠷ ᠲᠤ ᠡᠮᠨᠡᠭᠦᠯᠭᠦ ᠶᠢ ᠪᠦᠷᠢᠳᠬᠡᠨ ᠳᠠᠩᠰᠠᠯᠠᠭᠤᠯᠬᠤ ᠭᠤᠶᠤᠴᠢᠯᠠᠯ︾ ᠤᠨ ᠳᠠᠷᠤᠪᠴᠢ ᠶᠢ ᠲᠣᠪᠰᠢᠭᠠᠳ ᠡᠬᠢᠯᠡᠵᠦ ᠪᠦᠷᠢᠳᠬᠡᠨ ᠳᠠᠩᠰᠠᠯᠠᠭᠤᠯᠤᠨ᠎ᠠ᠃              ᠬᠤᠶᠠᠳᠤᠭᠠᠷ ᠠᠯᠬᠤᠮ᠄ ᠪᠦᠷᠢᠳᠬᠡᠨ ᠳᠠᠩᠰᠠᠯᠠᠭᠤᠯᠬᠤ              ᠲᠥᠷᠥᠯ ᠭᠡᠯᠪᠡᠷᠢ ᠶᠢ ᠰᠣᠩᠭᠤᠬᠤ ᠣᠨᠳᠣᠣ ᠭᠠᠵᠠᠷ ᠲᠤ ᠡᠮᠨᠡᠭᠦᠯᠭᠦ ᠶᠢ ᠪᠦᠷᠢᠳᠬᠡᠨ ᠳᠠᠩᠰᠠᠯᠠᠭᠤᠯᠬᠤ ᠪᠠᠷ ᠭᠤᠶᠤᠴᠢᠯᠠᠬᠤ ᠨᠢᠭᠤᠷ ᠲᠤ ᠣᠷᠣᠵᠤ᠂ ᠳᠠᠭᠠᠳᠬᠠᠯ ᠳᠤ ᠣᠷᠣᠯᠴᠠᠬᠰᠠᠨ ᠭᠠᠵᠠᠷ ᠢ ᠰᠢᠰᠲ᠋ᠧᠮ ᠨᠢ ᠳᠤᠭᠤᠢ ᠮᠡᠳᠡᠷᠡᠭᠰᠡᠨ ᠤ ᠬᠤᠶᠢᠨ᠎ᠠ᠂ ᠳᠠᠭᠠᠳᠬᠠᠯ ᠳᠤ ᠣᠷᠣᠯᠴᠠᠭᠴᠢ ᠨᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠤᠯᠬᠤ ᠪᠥᠭᠡᠳ ᠡᠮᠨᠡᠭᠦᠯᠭᠦ ᠭᠠᠵᠠᠷ᠂ ᠳᠠᠭᠠᠳᠬᠠᠯ ᠳᠤ ᠣᠷᠤᠯᠴᠠᠬᠤ ᠳᠠᠭᠠᠳᠬᠠᠯ ᠤᠨ ᠲᠥᠷᠥᠯ᠂ ᠪᠦᠷᠢᠳᠬᠡᠨ ᠳᠠᠩᠰᠠᠯᠠᠭᠤᠯᠬᠤ ᠲᠥᠷᠥᠯ ᠭᠡᠯᠪᠡᠷᠢ ᠶᠢᠨ ᠰᠣᠩᠭᠤᠯᠲᠠ ᠶᠢ ᠰᠠᠶᠢᠲᠤᠷ ᠬᠢᠬᠦ ᠬᠡᠷᠡᠭᠲᠡᠢ᠃              ᠭᠤᠷᠪᠠᠳᠤᠭᠠᠷ ᠠᠯᠬᠤᠮ᠄ ᠪᠦᠷᠢᠳᠬᠡᠨ ᠳᠠᠩᠰᠠᠯᠠᠭᠤᠯᠬᠤ ᠮᠠᠲ᠋ᠧᠷᠢᠶᠠᠯ ᠢᠶᠠᠨ ᠲᠤᠰᠢᠶᠠᠬᠤ              ᠪᠦᠷᠢᠳᠬᠡᠨ ᠳᠠᠩᠰᠠᠯᠠᠭᠤᠯᠬᠤ ᠮᠡᠳᠡᠭᠳᠡᠯ ᠤᠨ ᠪᠢᠴᠢᠭ ᠢ ᠤᠩᠰᠢᠵᠤ᠂ 【 ᠲᠤᠰ ᠬᠥᠮᠥᠨ ᠪᠦᠷᠢᠳᠬᠡᠨ ᠳᠠᠩᠰᠠᠯᠠᠭᠤᠯᠬᠤ ᠮᠡᠳᠡᠭᠳᠡᠯ ᠤᠨ ᠪᠢᠴᠢᠭ ᠢ ᠨᠢᠭᠡᠨᠲᠡ ᠨᠠᠷᠢᠨ ᠤᠩᠰᠢᠭᠰᠠᠨ】 ᠢ ᠰᠣᠩᠭᠤᠭᠰᠠᠨ ᠤ ᠳᠠᠷᠠᠭ᠎ᠠ᠂ 【 ᠪᠢ ᠨᠢᠭᠡᠨᠲᠡ ᠤᠩᠰᠢᠪᠠ᠂ ᠡᠬᠢᠯᠡᠵᠦ ᠪᠦᠷᠢᠳᠬᠡᠨ ᠳᠠᠩᠰᠠᠯᠠᠭᠤᠯᠤᠨ᠎ᠠ】ᠭᠡᠰᠡᠨ ᠳᠠᠷᠤᠪᠴᠢ ᠶᠢ ᠲᠣᠪᠰᠢᠨ᠎ᠠ᠃              ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠠᠷᠢᠯᠴᠠᠬᠤ ᠬᠥᠮᠥᠨ ᠤ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠶᠠᠪᠤᠭᠤᠯᠬᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠰᠠᠶᠢᠲᠤᠷ ᠬᠠᠷᠭᠤᠭᠤᠯᠤᠨ ᠦᠵᠡᠵᠦ ᠪᠤᠷᠤᠭᠤ ᠦᠭᠡᠢ ᠭᠡᠳᠡᠭ ᠢᠶᠠᠨ ᠨᠤᠲᠠᠯᠠᠭᠰᠠᠨ ᠤ ᠳᠠᠷᠠᠭ᠎ᠠ᠂ 【ᠪᠦᠷᠢᠳᠬᠡᠨ ᠳᠠᠩᠰᠠᠯᠠᠭᠤᠯᠤᠭᠰᠠᠨ ᠮᠠᠲ᠋ᠧᠷᠢᠶᠠᠯ ᠢᠶᠠᠨ ᠲᠤᠰᠢᠶᠠᠬᠤ】ᠳᠠᠷᠤᠪᠴᠢ ᠶᠢ ᠲᠣᠪᠰᠢᠭᠠᠳ ᠪᠦᠷᠢᠳᠬᠡᠨ ᠳᠠᠩᠰᠠᠯᠠᠭᠤᠯᠬᠤ ᠭᠤᠶᠤᠴᠢᠯᠠᠯ ᠢᠶᠠᠨ ᠭᠦᠢᠴᠡᠳᠬᠡᠨ᠎ᠡ᠃              ᠳᠥᠷᠪᠡᠳᠦᠭᠡᠷ ᠠᠯᠬᠤᠮ᠄ ᠪᠦᠷᠢᠳᠬᠡᠨ ᠳᠠᠩᠰᠠᠯᠠᠭᠤᠯᠤᠭᠰᠠᠨ ᠠᠬᠢᠴᠠ ᠶᠢ ᠪᠠᠶᠢᠴᠠᠭᠠᠨ ᠦᠵᠡᠬᠦ              ᠲᠦᠷᠦᠭᠦᠤ ᠨᠢᠭᠤᠷ ᠲᠠᠬᠢ【 ᠪᠦᠷᠢᠳᠬᠡᠨ ᠳᠠᠩᠰᠠᠯᠠᠭᠤᠯᠤᠭᠰᠠᠨ ᠲᠡᠮᠳᠡᠭᠯᠡᠯ 】 ᠤᠨ ᠳᠠᠷᠤᠪᠴᠢ ᠶᠢ ᠲᠣᠪᠰᠢᠭᠠᠳ ᠣᠨᠳᠣᠣ ᠭᠠᠵᠠᠷ ᠲᠤ ᠡᠮᠨᠡᠭᠦᠯᠭᠦ ᠶᠢ ᠪᠦᠷᠢᠳᠬᠡᠨ ᠳᠠᠩᠰᠠᠯᠠᠭᠤᠯᠤᠭᠰᠠᠨ ᠲᠡᠮᠳᠡᠭᠯᠡᠯ ᠤᠨ ᠬᠠᠭᠤᠳᠠᠰᠤᠨ ᠳᠤ ᠣᠷᠣᠵᠤ᠂ ᠪᠦᠷᠢᠳᠬᠡᠨ ᠳᠠᠩᠰᠠᠯᠠᠭᠤᠯᠤᠭᠰᠠᠨ ᠠᠬᠢᠴᠠ ᠶᠢ ᠴᠠᠭ ᠲᠤᠬᠠᠢ ᠳᠤᠨᠢ ᠪᠠᠶᠢᠴᠠᠭᠠᠨ ᠦᠵᠡᠵᠦ ᠪᠣᠯᠣᠨ᠎ᠠ᠃ ︵ ︶               
 
ᠢᠷᠡᠯᠲᠡ᠄ ᠠᠷᠠᠳ ᠤᠨ ᠰᠦᠯᠵᠢᠶ᠎ᠡ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号