| ᠲᠦᠷᠦᠭᠦᠬᠡᠨ ᠰᠠᠶᠢᠬᠠᠨ ᠲᠣᠭᠤᠷᠢᠭ ᠤᠨ ᠴᠠᠭ ᠠᠭᠤᠷ ᠤᠨ ᠲᠣᠪᠴᠢᠶ᠎ᠠ ᠶᠢᠨ ᠴᠡᠴᠡᠭ ᠤᠨ ᠲᠣᠭᠤᠰᠣᠨ ᠤ | ᠥᠳᠬᠡᠴᠡ ᠶᠢᠨ ᠪᠣᠳᠠᠲᠤ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠤ | ᠨᠠᠮᠤᠷ ᠤᠨ ᠤᠯᠠᠷᠢᠯ ᠤᠨ ᠠᠩᠬ᠎ᠠ ᠤᠳᠠᠭ᠎ᠠ ᠶᠢᠨ ᠴᠡᠴᠡᠭ ᠤᠨ ᠲᠣᠭᠤᠰᠣᠨ ᠤ ᠥᠨᠳᠥᠷ ᠥᠳᠬᠡᠴᠡ ᠨᠢ 7 ᠰᠠᠷ᠎ᠠ ᠶᠢᠨ 5 ᠤ | ᠡᠳᠦᠷ ᠢᠯᠡᠷᠡᠭᠰᠡᠨ ᠪᠥᠭᠡᠳ ᠥᠳᠬᠡᠴᠡ ᠨᠢ ᠲᠤᠶᠢᠯ ᠤᠨ ᠳᠡᠭᠡᠳᠦ ᠲᠠᠰ ( ᠬᠤᠲᠠ ᠶᠢᠨ ᠲᠣᠭᠤᠷᠢᠭ ᠤᠨ ᠡᠮᠦᠨ᠎ᠡ ᠪᠡᠶ᠎ᠡ ᠳᠤ | 375 ᠮᠥᠬᠦᠯᠢᠭ \ 1000mm2᠂ ᠬᠤᠲᠠ ᠶᠢᠨ ᠲᠣᠭᠤᠷᠢᠭ ᠤᠨ ᠳᠤᠮᠳᠠ ᠪᠡᠶ᠎ᠡ ᠳᠤ 273 ᠮᠥᠬᠦᠯᠢᠭ \1000 | mm2᠂ ᠬᠤᠲᠠ ᠶᠢᠨ ᠲᠣᠭᠤᠷᠢᠭ ᠤᠨ ᠵᠡᠭᠦᠨ ᠪᠡᠶ᠎ᠡ ᠳᠤ 539 ᠮᠥᠬᠦᠯᠢᠭ \1000 mm2 ) ᠲᠤ ᠬᠦᠷᠴᠦ᠂ | ᠲᠤᠶᠢᠯ ᠤᠨ ᠶᠡᠭᠡ ᠥᠪᠡᠷᠮᠢᠴᠡ ᠴᠢᠨᠠᠷ ( ᠢᠯᠡᠷᠡᠭᠰᠡᠨ ᠴᠠᠭ ᠨᠢ ᠡᠷᠲᠡ᠂ ᠥᠳᠬᠡᠴᠡ ᠨᠢ ᠨᠡᠯᠢᠶᠡᠳ ᠥᠨᠳᠥᠷ ) | ᠢᠯᠡᠷᠡᠭᠦᠯᠵᠡᠢ᠃ 7 ᠰᠠᠷ᠎ᠠ ᠶᠢᠨ ᠰᠡᠭᠦᠯᠴᠢ ᠡᠯ᠎ᠡ ᠬᠢᠨᠠᠨ ᠬᠡᠮᠵᠢᠬᠦ ᠥᠷᠲᠡᠭᠡ ᠶᠢᠨ ᠴᠡᠴᠡᠭ ᠤᠨ ᠲᠣᠭᠤᠰᠣᠨ ᠤ ᠥᠳᠬᠡᠴᠡ | ᠨᠢ ᠴᠥᠮ ᠳᠡᠭᠡᠳᠦ ᠲᠠᠰ ᠲᠤ ᠬᠦᠷᠴᠦ᠂ 8 ᠰᠠᠷ᠎ᠠ ᠶᠢᠨ 5 ᠤ ᠡᠳᠦᠷ ᠠᠴᠠ ᠡᠬᠢᠯᠡᠨ ᠲᠥᠪᠯᠡᠷᠡᠩᠭᠦᠢ ᠣᠭᠵᠣᠮ | ᠨᠡᠮᠡᠭᠳᠡᠯ ᠤᠨ ᠬᠤᠭᠤᠴᠠᠭᠠᠨ ᠳᠤ ᠣᠷᠣᠵᠤ᠂ ᠥᠳᠬᠡᠴᠡ ᠨᠢ ᠴᠥᠮ ᠳᠡᠭᠡᠳᠦ ᠲᠠᠰ ᠠᠴᠠ ᠳᠠᠪᠠᠵᠠᠢ᠃ | ᠡᠶᠢᠮᠦ ᠪᠠᠶᠢᠳᠠᠯ ᠳᠤ ᠴᠢᠭᠯᠡᠭᠦᠯᠦᠨ ᠬᠠᠮᠢᠶ᠎ᠠ ᠪᠦᠬᠦᠢ ᠮᠡᠷᠭᠡᠵᠢᠯᠲᠡᠳ ᠤᠨ ᠲᠠᠨᠢᠯᠴᠠᠭᠤᠯᠤᠭᠰᠠᠨ ᠢᠶᠠᠷ᠂ ᠡᠮᠦᠨᠡᠬᠢ | ᠬᠤᠭᠤᠴᠠᠭᠠᠨ ᠤ ᠴᠠᠭ ᠠᠭᠤᠷ ᠤᠨ ᠨᠥᠬᠦᠴᠡᠯ ᠵᠢᠴᠢ ᠤᠷᠭᠤᠮᠠᠯ ᠤᠨ ᠬᠤᠴᠢᠯᠭ᠎ᠠ ᠶᠢᠨ ᠤᠷᠭᠤᠯᠲᠠ ᠶᠢᠨ ᠪᠠᠶᠢᠳᠠᠯ ᠢ | ᠶᠡᠷᠦᠩᠬᠡᠶᠢᠯᠡᠨ ᠵᠠᠳᠠᠯᠤᠭᠰᠠᠨ ᠢᠶᠠᠷ᠂ ᠵᠢᠱᠢᠯᠲᠡ ᠪᠠᠷ ᠨᠠᠮᠤᠷ ᠤᠨ ᠤᠯᠠᠷᠢᠯ ᠤᠨ ᠴᠡᠴᠡᠭ ᠤᠨ ᠲᠣᠭᠤᠰᠣᠨ ᠤ ᠥᠨᠳᠥᠷ | ᠥᠳᠬᠡᠴᠡ ᠪᠦᠬᠦᠢ ᠲᠥᠪᠯᠡᠷᠡᠩᠭᠦᠢ ᠣᠭᠵᠣᠮ ᠨᠡᠮᠡᠭᠳᠡᠯ ᠤᠨ ᠬᠤᠭᠤᠴᠠᠭ᠎ᠠ ᠨᠢ 9 ᠰᠠᠷ᠎ᠠ ᠶᠢᠨ ᠳᠤᠮᠳᠠᠴᠢ ᠪᠤᠯᠲᠠᠯ᠎ᠠ | ᠦᠷᠭᠦᠯᠵᠢᠯᠡᠵᠦ᠂ ᠭᠤᠣᠯᠳᠠᠭᠤ ᠤᠳᠪᠠᠯᠠ ᠶᠢᠨ ᠢᠵᠠᠭᠤᠷ ᠤᠨ ᠰᠢᠷᠠᠯᠵᠢ ᠶᠢᠨ ᠲᠦᠷᠦᠯ᠂ ᠨᠣᠶᠢᠯ ᠤᠨ ᠢᠵᠠᠭᠤᠷ ᠢᠶᠠᠷ | ᠭᠤᠣᠯᠯᠠᠨ᠎ᠠ᠃ | ᠡᠭᠦᠨ ᠳᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠤ ᠰᠠᠨᠠᠭᠤᠯᠤᠭᠰᠠᠨ ᠢᠶᠠᠷ᠂ ᠠᠯᠢ ᠴᠢᠳᠠᠬᠤ ᠪᠠᠷ | ᠭᠠᠳᠠᠭᠰᠢ ᠭᠠᠷᠬᠤ ᠠᠴᠠ ᠵᠠᠶᠢᠯᠠᠰᠬᠢᠵᠦ᠂ ᠠᠮᠠᠷᠬᠠᠨ ᠬᠠᠷᠰᠢᠯ ᠡᠭᠦᠰᠬᠡᠬᠦ ᠴᠡᠴᠡᠭ ᠡᠪᠡᠰᠦᠲᠦ ᠤᠷᠭᠤᠮᠠᠯ ᠲᠠᠢ ᠣᠶᠢᠷᠠᠲᠤᠬᠤ ᠶᠢ | ᠪᠠᠭᠠᠰᠬᠠᠪᠠᠯ ᠵᠣᠬᠢᠨ᠎ᠠ︔ ᠬᠠᠮᠠᠭᠠᠯᠠᠯᠲᠠ ᠪᠠᠨ ᠴᠢᠩᠭᠠᠳᠬᠠᠵᠤ᠂ ᠭᠠᠳᠠᠭᠰᠢ ᠭᠠᠷᠬᠤ ᠳᠠᠭᠠᠨ ᠠᠮᠠᠪᠴᠢ᠂ ᠨᠢᠳᠦᠨ ᠰᠢᠯ ᠪᠤᠶᠤ | ᠨᠢᠳᠦ ᠬᠠᠮᠠᠭᠠᠯᠠᠬᠤ ᠰᠢᠯ ᠵᠡᠭᠦᠵᠦ᠂ ᠠᠯᠢ ᠴᠢᠳᠠᠬᠤ ᠪᠠᠷ ᠴᠡᠴᠡᠭ ᠤᠨ ᠲᠣᠭᠤᠰᠣ ᠠᠮᠠᠷᠬᠠᠨ ᠨᠠᠭᠠᠯᠳᠤᠭᠤᠯᠬᠤ ᠭᠦᠷᠮ᠎ᠡ | ᠡᠮᠦᠰᠬᠦ ᠦᠭᠡᠢ ᠪᠣᠯ ᠰᠠᠶᠢᠨ︔ ᠭᠡᠷ ᠲᠡᠭᠡᠨ ᠬᠠᠷᠢᠭᠰᠠᠨ ᠤ ᠳᠠᠷᠠᠭ᠎ᠠ ᠲᠡᠷᠡ ᠳᠠᠷᠤᠢ ᠳᠤᠨᠢ ᠬᠠᠮᠠᠷ ᠤᠨ ᠬᠥᠨᠳᠡᠢ᠂ ᠨᠢᠭᠤᠷ᠂ | ᠪᠡᠶ᠎ᠡ ᠪᠠᠨ ᠤᠬᠢᠶᠠᠵᠤ᠂ ᠴᠡᠴᠡᠭ ᠤᠨ ᠲᠣᠭᠤᠰᠣᠨ ᠤ ᠨᠢᠭᠤᠷ᠂ ᠬᠠᠮᠠᠷ ᠤᠨ ᠬᠥᠨᠳᠡᠢ᠂ ᠭᠡᠵᠢᠭᠡᠨ ᠳᠤ ᠦᠯᠡᠳᠡᠬᠦ ᠴᠠᠭ ᠢ | ᠪᠠᠭᠠᠰᠬᠠᠵᠤ᠂ ᠬᠦᠷᠮᠡᠨ ᠳᠡᠭᠡᠷᠡᠬᠢ ᠴᠡᠴᠡᠭ ᠤᠨ ᠲᠣᠭᠤᠰᠣ ᠶᠢ ᠴᠡᠪᠡᠷᠯᠡᠵᠦ᠂ ᠭᠠᠳᠠᠷ ᠬᠤᠪᠴᠠᠰᠤ ᠪᠠᠨ ᠲᠠᠶᠢᠯᠬᠤ ᠬᠡᠷᠡᠭᠲᠡᠢ︔ | ᠠᠯᠢ ᠴᠢᠳᠠᠬᠤ ᠪᠠᠷ ᠴᠣᠩᠬᠤ ᠪᠠᠨ ᠨᠡᠭᠡᠭᠡᠬᠦ ᠪᠠᠨ ᠪᠠᠭᠠᠰᠬᠠᠨ᠎ᠠ᠂ ᠤᠴᠢᠷ ᠨᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ | ᠨᠢ ᠭᠡᠷ ᠳᠣᠲᠣᠷᠠᠬᠢ ᠴᠡᠴᠡᠭ ᠤᠨ ᠲᠣᠭᠤᠰᠣᠨ ᠤ ᠬᠡᠮᠵᠢᠶ᠎ᠡ ᠶᠢ ᠨᠡᠮᠡᠭᠳᠡᠭᠦᠯᠵᠦ᠂ ᠬᠠᠷᠰᠢᠯ ᠡᠭᠦᠰᠬᠦ ᠨᠤᠷᠮ᠎ᠠ ᠶᠢ | ᠨᠡᠮᠡᠭᠳᠡᠭᠦᠯᠦᠨ᠎ᠡ᠂ ᠭᠡᠷ ᠳᠣᠲᠣᠷ᠎ᠠ ᠪᠠᠨ ᠠᠭᠠᠷ ᠴᠡᠪᠡᠷᠰᠢᠭᠦᠯᠦᠭᠴᠢ ᠪᠠ ᠱᠦᠭᠦᠨ ᠲᠤᠩᠭᠠᠬᠤ ᠴᠢᠳᠠᠪᠤᠷᠢ ᠲᠠᠢ ᠠᠭᠠᠷ | ᠲᠣᠬᠢᠷᠠᠭᠤᠯᠤᠭᠴᠢ ᠶᠢ ᠬᠡᠷᠡᠭᠯᠡᠵᠦ ᠪᠣᠯᠣᠨ᠎ᠠ᠃ ︵ᠲᠠᠯ᠎ᠠ ᠨᠤᠲᠤᠭ ᠤᠨ ᠡᠭᠦᠯᠡ ᠰᠢᠯᠵᠢᠶ᠎ᠡ ᠠᠴᠠ︶ | | |