ᠬᠡᠦᠬᠡᠳ ᠢᠶᠠᠨ ᠠᠮᠤᠷ ᠮᠡᠨᠳᠦ ᠠᠰᠠᠭᠤᠬᠤ ᠶᠣᠰᠣ ᠮᠣᠷᠠᠯ ᠲᠠᠢ ᠪᠣᠯᠭᠠᠨ ᠬᠥᠮᠥᠵᠢᠭᠦᠯᠰᠦᠭᠡᠢ
ᠨᠡᠶᠢᠲᠡᠯᠡᠭᠰᠡᠨ ᠴᠠᠭ᠄
2024/12/31
                                   ● ᠡᠷᠳᠡᠨᠢᠴᠡᠴᠡᠭ                            ᠠᠮᠤᠷ ᠮᠡᠨᠳᠦ ᠠᠰᠠᠭᠤᠬᠤ ᠪᠣᠯ ᠪᠢᠳᠠᠨ ᠤ ᠡᠪᠦᠭᠡ ᠳᠡᠭᠡᠳᠦᠰ ᠠᠴᠠ ᠪᠠᠨ ᠤᠳᠤ ᠪᠤᠯᠳᠠᠯ᠎ᠠ ᠤᠯᠠᠮᠵᠢᠯᠠᠭᠰᠠᠭᠠᠷ ᠢᠷᠡᠭᠰᠡᠨ ᠶᠣᠰᠣᠨ ᠶᠤᠮ᠃ ᠨᠠᠩ ᠢᠯᠠᠩᠭᠤᠶ᠎ᠠ ᠪᠠᠭᠠᠴᠤᠳ ᠬᠡᠦᠬᠡᠳ ᠲᠡᠭᠡᠨ ᠨᠢᠯᠬ᠎ᠠ ᠪᠠᠭ᠎ᠠ ᠠᠴᠠ ᠨᠢ ᠡᠬᠢᠯᠡᠭᠡᠳ ︽ᠲᠠ ᠰᠠᠶᠢᠨ ᠪᠠᠶᠢᠨ᠎ᠠ ᠤᠤ︖︾ ᠭᠡᠵᠦ ᠬᠤᠶᠠᠷ ᠭᠠᠷ ᠢᠶᠠᠨ ᠳᠡᠭᠡᠭᠰᠢ ᠨᠢ ᠳᠡᠯᠭᠡᠵᠦ ᠵᠡᠷᠭᠡᠴᠡᠭᠦᠯᠦᠨ ᠡᠪᠦᠳᠦᠭ ᠢᠶᠠᠨ ᠪᠠᠭ᠎ᠠ ᠨᠤᠭᠤᠯᠤᠨ ᠬᠥᠮᠥᠨ ᠤ ᠥᠭᠡᠳᠡ ᠠᠴᠠ ᠠᠮᠤᠷ ᠮᠡᠨᠳᠦ ᠠᠰᠠᠭᠤᠬᠤ ᠨᠠᠭᠠᠲᠤ ᠵᠠᠬ᠎ᠠ ᠶᠢᠨ ᠶᠣᠰᠣ ᠮᠣᠷᠠᠯ ᠤᠨ ᠬᠥᠮᠦᠵᠢᠯ ᠢ ᠬᠦᠷᠲᠡᠭᠡᠭᠰᠡᠭᠡᠷ ᠢᠷᠡᠭᠰᠡᠨ ᠪᠢᠯᠡ᠃              ᠭᠡᠪᠡᠴᠦ ᠤᠳᠤ ᠶᠢᠨ ᠬᠡᠦᠬᠡᠳ ᠤᠨ ᠳᠤᠮᠳᠠ ᠠᠪᠤ ᠡᠵᠢ ᠪᠠᠨ ᠬᠦᠨᠳᠦᠳᠬᠡᠬᠦ ᠦᠭᠡᠢ᠂ ᠠᠬᠠᠮᠠᠳ ᠲᠣᠮᠣᠭᠠᠲᠠᠨ ᠪᠤᠶᠤ ᠥᠭᠡᠷ᠎ᠡ ᠪᠤᠰᠤᠳ ᠲᠠᠢ ᠠᠭᠤᠯᠵᠠᠪᠠᠯ ᠠᠮᠤᠷ ᠮᠡᠨᠳᠦ ᠠᠰᠠᠭᠤᠬᠤ ᠦᠭᠡᠢ᠂ ᠦᠭᠡ ᠲᠠᠭᠤᠨ ᠦᠭᠡᠢ᠂ ᠳᠣᠭᠤᠭᠰᠢ ᠪᠠᠨ ᠬᠠᠷᠠᠬᠤ ᠪᠤᠶᠤ ᠠᠪᠤ ᠡᠵᠢ ᠶᠢᠨ ᠢᠶᠠᠨ ᠵᠦᠭ ᠰᠢᠷᠭᠤᠬᠤ ᠦᠵᠡᠭᠳᠡᠯ ᠵᠥᠩᠳᠡᠭᠡᠨ ᠬᠠᠷᠠᠭᠳᠠᠳᠠᠭ᠃ ᠦᠨᠡᠨ ᠳᠡᠭᠡᠨ ᠠᠮᠤᠷ ᠮᠡᠨᠳᠦ ᠠᠰᠠᠭᠤᠬᠤ ᠦᠭᠡᠢ ᠪᠣᠯ ᠶᠠᠭ ᠠᠮᠢᠳᠤ ᠦᠬᠦᠭᠰᠡᠨ ᠢᠶᠠᠨ ᠬᠤᠭᠤᠷᠣᠨᠳᠤ ᠪᠠᠨ ᠮᠡᠳᠡᠬᠦ ᠦᠭᠡᠢ ᠲᠠᠢ ᠠᠳᠠᠯᠢ ᠭᠡᠵᠦ ᠬᠡᠯᠡᠳᠡᠭ᠃              ᠤᠳᠤ ᠶᠢᠨ ᠴᠠᠭ ᠲᠤ ᠠᠪᠤ ᠡᠵᠢ ᠪᠣᠯᠣᠭᠰᠠᠳ ᠬᠡᠦᠬᠡᠳ ᠢᠶᠠᠨ ᠳᠡᠩᠳᠡᠭᠦᠦ ᠡᠩᠬᠦᠷᠡᠶᠢᠯᠡᠨ ᠬᠠᠶᠢᠷᠠᠯᠠᠭᠰᠠᠨ ᠠᠴᠠ ᠪᠣᠯᠵᠤ ᠬᠥᠮᠥᠨ ᠢ ︽ᠲᠠ︾ ᠭᠡᠵᠦ ᠬᠦᠨᠳᠦᠯᠡᠬᠦ ᠦᠭᠡᠢ᠂ ︽ᠴᠢ︾ ᠭᠡᠵᠦ ᠳᠠᠭᠤᠳᠠᠬᠤ ᠡᠰᠡᠬᠦᠯ᠎ᠡ ᠬᠥᠮᠥᠨ ᠠᠴᠠ ᠠᠮᠤᠷ ᠮᠡᠨᠳᠦ ᠠᠰᠠᠭᠤᠬᠤ ᠦᠭᠡᠢ᠂ ᠪᠠᠭ᠎ᠠ ᠲᠤᠮᠤᠷᠠᠬᠤ ᠪᠠᠷ ᠨᠢ ᠤᠯᠠᠮ ᠲᠣᠮᠤᠭ᠎ᠠ ᠦᠭᠡᠶᠢᠳᠡᠵᠦ ᠶᠣᠰᠣ ᠮᠣᠷᠠᠯ ᠢᠶᠠᠷ ᠠᠨᠠᠢ ᠪᠣᠯᠤᠭᠰᠠᠨ ᠪᠠᠶᠢᠳᠠᠭ᠃ ᠰᠤᠷᠭᠠᠯ ᠲᠠᠢ᠂ ᠮᠣᠷᠠᠯ ᠲᠠᠢ ᠬᠡᠦᠬᠡᠳ ᠪᠣᠯᠭᠠᠶ᠎ᠠ ᠭᠡᠪᠡᠯ ᠬᠠᠷᠠᠬᠠᠨ ᠪᠠᠭ᠎ᠠ ᠠᠴᠠ  ᠨᠢ ᠪᠠᠭᠰᠢ᠂ ᠠᠬᠠᠮᠠᠳ ᠲᠣᠮᠣᠭᠠᠲᠠᠨ᠂ ᠠᠨᠳᠠ ᠨᠠᠶᠢᠵᠠ ᠨᠠᠷ ᠲᠠᠢ ᠪᠠᠨ ᠠᠮᠤᠷ ᠮᠡᠨᠳᠦ ᠠᠰᠠᠭᠤᠬᠤ ᠶᠣᠰᠣ ᠤᠴᠢᠷ ᠢ ᠵᠢᠭᠠᠵᠤ ᠣᠶᠢᠯᠠᠭᠠᠭᠤᠯᠵᠤ ᠲᠠᠨᠢᠭᠤᠯᠬᠤ ᠬᠡᠷᠡᠭᠲᠡᠢ᠃ ᠶᠡᠷᠦᠨᠢ ᠮᠠᠨ ᠤ ᠡᠪᠦᠭᠡ ᠳᠡᠭᠡᠳᠦᠰ ᠠᠴᠠ ︽ᠠᠬᠠᠮᠠᠳ ᠲᠣᠮᠣᠭᠠᠲᠠᠨ ᠢᠶᠠᠨ ᠬᠦᠨᠳᠦᠯᠡᠨ ᠠᠮᠤᠷ ᠮᠡᠨᠳᠦ ᠠᠰᠠᠭᠤᠬᠤ︾᠂ ︽ᠠᠪᠤ ᠡᠵᠢ ᠪᠠᠨ ᠬᠦᠨᠳᠦᠯᠡᠬᠦ︾᠂ ︽ᠥᠭᠡᠷ᠎ᠡ ᠪᠤᠰᠤᠳ ᠤᠨ ᠡᠮᠦᠨ᠎ᠡ ᠶᠡᠭᠡ ᠲᠠᠭᠤᠨ ᠢᠶᠠᠷ ᠶᠠᠷᠢᠵᠤ ᠠᠭᠤᠷᠯᠠᠬᠤ ᠦᠭᠡᠢ︾᠂ ︽ᠬᠡᠨ ᠲᠠᠢ ᠴᠤ ᠪᠠᠶᠠᠷᠯᠠᠩᠭᠤᠢ ᠬᠠᠷᠠᠴᠠ ᠪᠠᠷ ᠠᠮᠤᠷ ᠮᠡᠨᠳᠦᠴᠢᠯᠡᠬᠦ︾ ᠶᠢ ᠡᠷᠬᠢᠮᠯᠡᠨ ᠪᠠᠷᠢᠮᠲᠠᠯᠠᠵᠤ᠂ ᠪᠤᠰᠤᠳ ᠢ ᠬᠦᠨᠳᠦᠳᠬᠡᠬᠦ ᠶᠣᠰᠣ ᠤᠴᠢᠷ ᠢ ᠲᠠᠶᠢᠯᠪᠤᠷᠢᠯᠠᠨ ᠥᠭᠴᠦ᠂ ᠠᠮᠤᠷ ᠮᠡᠨᠳᠦ ᠠᠰᠠᠭᠤᠬᠤ ᠶᠣᠰᠣ ᠶᠢ ᠲᠠᠨᠢᠭᠤᠯᠬᠤ᠂ ᠠᠪᠤ ᠡᠵᠢ ᠠᠬᠠᠰ ᠵᠠᠬᠠᠰ ᠢᠶᠠᠨ ᠬᠦᠨᠳᠦᠯᠡᠨ ᠳᠡᠭᠡᠳᠦᠯᠡᠬᠦ ᠶᠢ ᠵᠢᠭᠠᠨ ᠰᠤᠷᠭᠠᠬᠤ ᠴᠢᠬᠤᠯᠠᠲᠠᠢ᠃              ︽ᠬᠥᠮᠥᠨ ᠪᠤᠯᠬᠤ ᠪᠠᠭ᠎ᠠ ᠠᠴᠠ ᠪᠠᠨ᠂ ᠭᠦᠯᠦᠭ ᠪᠤᠯᠬᠤ ᠤᠨᠠᠭᠠᠨ ᠠᠴᠠ ᠪᠠᠨ︾ ᠭᠡᠭᠴᠢ ᠪᠠᠷ ᠪᠠᠭᠠᠴᠤᠳ ᠬᠡᠦᠬᠡᠳ ᠤᠨ ᠠᠮᠤᠷ ᠮᠡᠨᠳᠦ ᠠᠰᠠᠭᠤᠬᠤ ᠰᠤᠷᠭᠠᠨ ᠬᠥᠮᠦᠵᠢᠯ ᠢ ᠣᠮᠲᠣᠭᠠᠶᠢᠯᠠᠵᠤ ᠪᠤᠯᠬᠤ ᠦᠭᠡᠢ᠃ ᠲᠡᠷᠡᠴᠢᠯᠡᠨ ᠬᠡᠦᠬᠡᠳ ᠢ ᠪᠠᠯᠴᠢᠷ ᠪᠠᠭ᠎ᠠ ᠠᠴᠠ ᠨᠢ ᠥᠭᠡᠷ᠎ᠡ ᠪᠤᠰᠤᠳ ᠢ ᠬᠦᠨᠳᠦᠯᠡᠬᠦ᠂ ᠠᠮᠤᠷ ᠮᠡᠨᠳᠦ ᠠᠰᠠᠭᠤᠬᠤ᠂ ᠲᠠᠯᠠᠷᠬᠠᠬᠤ᠂ ᠪᠤᠰᠤᠳ ᠢ ᠲᠤᠰᠠᠯᠠᠬᠤ ᠵᠡᠷᠭᠡ ᠰᠠᠶᠢᠨ ᠰᠠᠶᠢᠬᠠᠨ ᠪᠣᠯᠪᠠᠰᠤᠨ ᠶᠣᠰᠣ ᠮᠣᠷᠠᠯ ᠲᠠᠢ ᠬᠡᠦᠬᠡᠳ ᠪᠣᠯᠭᠠᠨ ᠬᠥᠮᠥᠵᠢᠭᠦᠯᠵᠦ᠂ ᠬᠤᠵᠢᠮ ᠤᠨ ᠵᠠᠮ ᠢ ᠨᠢ ᠵᠥᠪ ᠢᠶᠠᠷ ᠵᠢᠭᠠᠨ ᠰᠤᠷᠭᠠᠵᠤ ᠬᠥᠮᠥᠨ ᠪᠤᠯᠬᠤ ᠶᠢᠨ ᠨᠠᠭᠠᠲᠤ ᠵᠠᠬ᠎ᠠ ᠶᠢᠨ ᠶᠣᠰᠣ ᠵᠢᠷᠤᠮ ᠢ ᠰᠠᠶᠢᠬᠠᠨ ᠰᠤᠷᠭᠠᠬᠤ ᠬᠡᠷᠡᠭᠲᠡᠢ ᠪᠠᠶᠢᠨ᠎ᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号