ᠬᠠᠶᠢᠷ᠎ᠠ ᠶᠢᠨ ᠬᠦᠴᠦᠨ
ᠨᠡᠶᠢᠲᠡᠯᠡᠭᠰᠡᠨ ᠴᠠᠭ᠄
2024/12/31
           ᠥᠩᠭᠡ ᠵᠢᠰᠦ ᠨᠢ ᠶᠡᠷᠦᠮᠳᠡᠭ ᠨᠢᠭᠡ ᠥᠬᠢᠨ ᠡᠩ ᠤᠨ ᠨᠢᠭᠡ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠢᠴᠢᠭ ᠦᠵᠡᠵᠦ᠂ ᠬᠢᠷᠢ ᠪᠦᠲᠦᠮᠵᠢ ᠨᠢ ᠴᠦ ᠲᠤᠩ ᠡᠩ ᠤᠨ ᠪᠠᠶᠢᠵᠠᠢ᠃ ᠡᠵᠢ ᠶᠢᠨ ᠢᠶᠠᠨ ᠡᠪᠡᠳᠴᠢᠨ ᠳᠤ ᠨᠡᠷᠪᠡᠭᠳᠡᠭᠰᠡᠨ ᠢ ᠮᠡᠳᠡᠭᠡᠳ᠂ ᠭᠡᠷ ᠤᠨ ᠢᠶᠠᠨ ᠳᠠᠷᠤᠭᠠᠰᠤ ᠶᠢ ᠬᠥᠩᠭᠡᠯᠡᠶ᠎ᠡ ᠭᠡᠵᠦ ᠪᠤᠳᠣᠭᠠᠳ᠂ ᠵᠤᠨ ᠤ ᠠᠮᠠᠷᠠᠯᠲᠠ ᠶᠢᠨ ᠬᠤᠶᠠᠷ ᠰᠠᠷ᠎ᠠ ᠶᠢᠨ ᠴᠠᠭ ᠢ ᠠᠰᠢᠭᠯᠠᠨ ᠵᠣᠭᠤᠰ ᠣᠯᠬᠤ ᠭᠡᠵᠦ᠂ ᠨᠢᠭᠡ ᠺᠤᠮᠫᠠᠨᠢ ᠳᠤ ᠣᠴᠢᠵᠤ ᠠᠵᠢᠯ ᠡᠯᠰᠡᠬᠦ ᠳᠤ ᠣᠷᠣᠯᠴᠠᠵᠠᠢ᠃ ᠺᠤᠮᠫᠠᠨᠢ ᠶᠢᠨ ᠳᠠᠭᠠᠭᠠᠮᠠᠯ ᠲᠡᠭᠦᠨ ᠤ ᠬᠢᠷᠢ ᠪᠦᠲᠦᠮᠵᠢ ᠶᠢ ᠦᠵᠡᠭᠡᠳ ᠪᠡᠯᠡᠨ ᠳᠣᠣᠷ᠎ᠠ ᠨᠢ ᠪᠤᠴᠠᠭᠠᠭᠰᠠᠨ ᠪᠠᠶᠢᠪᠠ᠃ ᠬᠡᠦᠬᠡᠨ ᠮᠠᠲ᠋ᠧᠷᠢᠶᠠᠯ ᠢᠶᠠᠨ ᠬᠤᠷᠢᠶᠠᠵᠤ ᠠᠪᠤᠭᠠᠳ᠂ ᠭᠠᠷ ᠢᠶᠠᠷ ᠢᠶᠠᠨ ᠰᠠᠨᠳᠠᠯᠢ ᠶᠢᠨ ᠲᠦᠰᠢᠯᠭᠡ  ᠶᠢ ᠳᠦᠰᠢᠠ ᠪᠤᠰᠬᠤ ᠳᠠᠭᠠᠨ ᠭᠠᠷ ᠢᠶᠠᠨ ᠰᠢᠯᠪᠤᠯᠵᠠᠢ᠃ ᠳᠠᠷᠠ ᠨᠠᠷᠢᠨ ᠠᠵᠢᠭᠯᠠᠵᠤ ᠦᠵᠡᠪᠡᠯ ᠰᠠᠨᠳᠠᠯᠢ ᠶᠢᠨ ᠲᠦᠰᠢᠯᠭᠡ ᠳᠡᠭᠡᠷᠡᠬᠢ ᠨᠢᠭᠡ ᠬᠠᠳᠠᠭᠠᠰᠤ ᠳᠡᠭᠡᠭᠰᠢ ᠪᠠᠨ ᠴᠤᠬᠤᠶᠢᠵᠤ ᠭᠠᠷᠤᠭᠠᠳ ᠭᠠᠷ ᠢ ᠨᠢ ᠰᠢᠯᠪᠤᠯᠤᠭᠰᠠᠨ ᠪᠠᠶᠢᠵᠠᠢ᠃ ᠳᠠᠷᠠ ᠰᠢᠷᠡᠭᠡᠨ ᠳᠡᠭᠡᠷ᠎ᠡ ᠨᠢᠭᠡ ᠴᠠᠭᠠᠰᠤ ᠳᠠᠷᠤᠬᠤ ᠴᠢᠯᠠᠭᠤᠨ ᠳᠠᠷᠤᠭᠤᠯ ᠪᠠᠶᠢᠬᠤ ᠶᠢ ᠣᠯᠵᠤ ᠬᠠᠷᠠᠭᠠᠳ ᠳᠠᠷᠤᠭᠤᠯ ᠢ ᠠᠪᠴᠤ ᠬᠠᠳᠠᠭᠠᠰᠤ ᠶᠢ ᠴᠣᠬᠢᠵᠤ ᠲᠡᠭᠰᠢᠯᠡᠭᠡᠳ ᠭᠠᠷᠴᠤ ᠶᠠᠪᠤᠵᠠᠢ᠃ ᠬᠡᠳᠦᠨ ᠮᠢᠨᠦ᠋ᠲ ᠤᠨ ᠳᠠᠷᠠᠭ᠎ᠠ ᠺᠤᠮᠫᠠᠨᠢ ᠶᠢᠨ ᠳᠠᠭᠠᠭᠠᠮᠠᠯ ᠠᠴᠠ ᠤᠲᠠᠰᠤ ᠢᠷᠠᠵᠤ᠂ ᠺᠤᠮᠫᠠᠨᠢ ᠳᠠᠭᠠᠨ ᠤᠷᠢᠨ ᠬᠡᠷᠡᠭᠯᠡᠬᠦ ᠶᠢ ᠮᠡᠳᠡᠭᠳᠡᠭᠰᠡᠨ ᠪᠠᠶᠢᠨ᠎ᠠ᠃              ᠬᠠᠶᠢᠷ᠎ᠠ ᠶᠢᠨ ᠳᠤᠮᠳᠠ ᠥᠰᠴᠦ ᠲᠣᠷᠨᠢᠭᠰᠠᠨ ᠬᠥᠮᠥᠨ ᠬᠠᠶᠢᠷ᠎ᠠ ᠶᠢᠨ ᠬᠦᠷᠲᠡᠭᠡᠯ ᠢ ᠣᠯᠳᠠᠭ᠃ ᠰᠡᠳᠬᠢᠯ ᠵᠢᠷᠦᠬᠡᠨ ᠳᠡᠭᠡᠨ ᠬᠠᠶᠢᠷ᠎ᠠ ᠪᠢᠯᠬᠠᠭᠤᠯᠵᠤ ᠶᠠᠪᠤᠳᠠᠭ ᠬᠥᠮᠥᠨ ᠬᠢᠵᠦ ᠲᠡᠶᠢᠯᠭᠦ ᠦᠭᠡᠢ ᠤᠴᠢᠷ ᠢᠶᠠᠨ ᠪᠦᠲᠦᠭᠡᠵᠦ ᠪᠠᠶᠢᠪᠠᠯ ᠳᠠᠷᠠ ᠨᠢ ᠬᠠᠶᠢᠷ᠎ᠠ ᠶᠢᠨ ᠬᠦᠴᠦᠨ ᠢ ᠭᠡᠷᠡᠴᠢᠯᠡᠵᠦ ᠪᠠᠶᠢᠭ᠎ᠠ ᠶᠤᠮ᠃              ᠨᠢᠭᠡ ᠵᠦᠢᠯ ᠤᠨ ᠳᠤᠩ ᠵᠢᠵᠢᠭ᠂ ᠥᠪᠡᠷ ᠲᠠᠢ ᠨᠢ ᠬᠤᠯᠪᠤᠭ᠎ᠠ ᠦᠭᠡᠢ ᠬᠡᠷᠡᠭ ᠳᠡᠭᠡᠷ᠎ᠡ ᠴᠸ ᠪᠤᠰᠤᠳ ᠢ ᠬᠠᠪᠰᠤᠷᠴᠤ ᠬᠠᠯᠠᠮᠵᠢᠯᠠᠵᠤ ᠪᠠᠶᠢᠭ᠎ᠠ ᠬᠥᠮᠥᠨ ᠤ ᠭᠥᠷᠳᠡᠭᠰᠡᠨ ᠬᠠᠶᠢᠷ᠎ᠠ ᠶᠢᠨ ᠬᠥᠮᠦᠵᠢᠯ ᠨᠢ ᠶᠡᠷᠦ ᠳᠡᠭᠡᠨ ᠠᠮᠵᠢᠯᠲᠠ ᠲᠠᠢ ᠪᠠᠶᠢᠳᠠᠭ᠃                            ᠰᠦᠯᠵᠢᠶ᠎ᠡ ᠠᠴᠠ ᠣᠷᠴᠢᠭᠤᠯᠪᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号