| | | ᠳᠤᠯᠠᠭᠠᠨ ᠢ ᠬᠠᠳᠠᠭᠠᠯᠠᠬᠤ ᠴᠢᠨᠠᠷ ᠪᠣᠯ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠭᠤᠣᠯ ᠴᠥᠮ᠎ᠡ ᠮᠥᠨ᠃ | ᠴᠣᠮᠣ ᠶᠢᠨ ᠳᠤᠯᠠᠭᠠᠨ ᠤ ᠬᠡᠮᠵᠢᠶ᠎ᠡ ᠶᠢ ᠬᠡᠷᠬᠢᠨ ᠮᠠᠭᠠᠳᠯᠠᠬᠤ ᠲᠤᠬᠠᠢ ᠵᠠᠷᠢᠮ ᠰᠦᠯᠵᠢᠶᠡᠨ ᠠᠨᠳᠠ ᠨᠠᠷ ᠰᠠᠨᠠᠯ ᠢᠶᠠᠨ ᠳᠠᠶᠠᠭᠠᠷ | ᠤᠯᠠᠨ ᠲᠠᠢ ᠬᠤᠪᠢᠶᠠᠯᠴᠠᠭᠰᠠᠨ ᠪᠠᠶᠢᠨ᠎ᠠ᠃ ᠴᠣᠮᠣ ᠤᠷᠤᠭᠤ ᠪᠠᠨ ᠨᠢᠭᠡ ᠦᠯᠢᠶᠡᠭᠡᠳ ᠬᠤᠷᠳᠤᠬᠠᠨ ᠴᠣᠮᠣ ᠪᠠᠨ | ᠴᠢᠬᠢᠨ ᠳᠡᠭᠡᠨ ᠲᠠᠯᠪᠢᠵᠤ ᠴᠢᠩᠨᠠᠵᠤ ᠦᠵᠡᠨ᠎ᠡ᠂ ᠬᠡᠷᠪᠡ ᠢᠯᠡᠷᠬᠡᠢ ︽ᠳᠦᠩᠭᠢᠨᠡᠬᠦ︾ ᠳᠠᠭᠤ ᠭᠠᠷᠴᠤ ᠪᠠᠶᠢᠪᠠᠯ ᠴᠣᠮᠣ ᠶᠢᠨ | ᠬᠠᠯᠠᠭᠤᠨ ᠢᠶᠠᠷ ᠨᠢ ᠪᠠᠶᠢᠯᠭᠠᠬᠤ ᠴᠢᠳᠠᠪᠤᠷᠢ ᠨᠢ ᠰᠠᠶᠢᠨ ᠭᠡᠳᠡᠭ ᠢ ᠲᠣᠳᠣᠷᠬᠠᠶᠢᠯᠠᠵᠤ ᠲᠠᠶᠢᠯᠤᠨ᠎ᠠ ᠭᠡᠪᠡ᠃ ᠡᠶᠢᠮᠦ ᠠᠷᠭ᠎ᠠ ᠨᠢ | ᠰᠦᠯᠵᠢᠶᠡᠨ ᠳᠡᠭᠡᠷ᠎ᠡ ︽ᠬᠡᠢ ᠦᠯᠢᠶᠡᠵᠦ ᠴᠢᠩᠨᠠᠬᠤ︾ ᠠᠷᠭ᠎ᠠ ᠭᠡᠳᠡᠭ᠃ ᠡᠨᠡ ᠠᠷᠭ᠎ᠠ ᠨᠠᠶᠢᠳᠠᠪᠤᠷᠢᠲᠠᠢ ᠤᠤ︖ | ︽ᠬᠡᠢ ᠦᠯᠢᠶᠡᠵᠦ ᠴᠢᠩᠨᠠᠬᠤ︾ ᠠᠷᠭ᠎ᠠ ᠨᠢ ᠦᠨᠡᠨ ᠳᠡᠭᠡᠨ ︽ᠬᠢᠰᠤᠭᠠᠨ ᠬᠠᠪᠲᠠᠰᠤ ᠶᠢᠨ ᠳᠠᠷᠪᠢᠯᠲᠠ ᠶᠢᠨ | ᠤᠭ ᠶᠣᠰᠣ ᠲᠠᠢ ᠠᠳᠠᠯᠢᠪᠲᠤᠷ︾ ᠶᠤᠮ᠃ ᠴᠦᠩᠴᠢᠩ ᠶᠡᠭᠡ ᠰᠤᠷᠭᠠᠭᠤᠯᠢ ᠶᠢᠨ ᠹᠢᠽᠢᠺ ᠤᠨ ᠤᠬᠠᠭᠠᠨ ᠤ ᠳᠡᠭᠡᠳᠦ | ᠰᠤᠷᠭᠠᠭᠤᠯᠢ ᠶᠢᠨ ᠳᠡᠳ᠋ ᠫᠷᠣᠹᠧᠰᠰᠣᠷ ᠭᠦᠩ ᠶᠢᠤ ᠫᠢᠨ᠄ ︽ᠬᠥᠮᠥᠰ ᠴᠣᠮᠣ᠂ ᠬᠤᠨᠳᠠᠭ᠎ᠠ ᠮᠡᠲᠦ ᠶᠢᠨ ᠠᠮᠠᠰᠠᠷ ᠨᠢ ᠬᠠᠭᠠᠰ | ᠨᠡᠭᠡᠭᠡᠯᠲᠡᠲᠡᠢ ᠪᠣᠳᠠᠰ ᠢ ᠴᠢᠬᠢ ᠳᠡᠭᠡᠨ ᠲᠠᠯᠪᠢᠬᠤ ᠳᠤ ᠴᠣᠮᠣ ᠶᠢᠨ ᠭᠠᠳᠠᠨᠠᠬᠢ ᠠᠭᠠᠷ ᠤᠨ ᠤᠷᠤᠰᠬᠠᠯ ᠨᠢ ᠴᠣᠮᠣ ᠶᠢᠨ | ᠳᠣᠲᠣᠷ᠎ᠠ ᠣᠷᠣᠵᠤ ᠢᠷᠡᠨ᠎ᠠ᠂ ᠲᠠᠷᠠ ᠨᠢ ᠴᠣᠮᠣ ᠶᠢᠨ ᠳᠣᠲᠣᠷ ᠬᠠᠨ᠎ᠠ ᠪᠣᠯᠣᠨ ᠴᠢᠬᠢ ᠪᠠᠷ ᠳᠠᠭᠢᠨ ᠳᠠᠪᠲᠠᠨ ᠪᠤᠴᠠᠵᠤ | ᠡᠷᠭᠢᠳᠡᠭ ᠠᠴᠠ ︿ᠳᠦᠩᠭᠢᠨᠡᠬᠦ﹀ ᠳᠠᠭᠤ ᠭᠠᠷᠳᠠᠭ ᠪᠠᠶᠢᠨ᠎ᠠ᠃ ᠪᠢᠳᠡ ᠶᠠᠮᠠᠷᠪᠠ ᠮᠠᠲ᠋ᠧᠷᠢᠶᠠᠯ ᠤᠨ ᠴᠣᠮᠣ ᠤᠷᠤᠭᠤ ᠬᠡᠢ | ᠦᠯᠢᠶᠡᠭᠡᠳ ᠴᠢᠬᠢᠨ ᠳᠡᠭᠡᠨ ᠲᠠᠯᠪᠢᠵᠤ ᠰᠣᠨᠣᠰᠪᠠᠯ ᠪᠦᠷ ︿ᠳᠦᠩᠭᠢᠨᠡᠬᠦ﹀ ᠳᠠᠭᠤᠨ ᠢ ᠣᠯᠵᠤ ᠰᠣᠨᠣᠰᠤᠨ᠎ᠠ᠂ | ᠴᠢᠨᠠᠭᠰᠢᠯᠠᠪᠠᠯ ᠬᠡᠢ ᠦᠯᠢᠶᠡᠬᠦ ᠦᠭᠡᠢ ᠴᠤ ᠭᠡᠰᠡᠨ ︿ᠳᠦᠩᠭᠢᠨᠡᠬᠦ﹀ ᠳᠠᠭᠤᠨ ᠰᠣᠨᠣᠰᠳᠠᠳᠠᠭ᠂ ᠲᠠᠷᠠ ᠨᠢ ᠦᠨᠡᠨ ᠳᠡᠭᠡᠨ | ᠠᠭᠠᠷ ᠤᠨ ᠤᠷᠤᠰᠬᠠᠯ ᠤᠨ ᠱᠤᠤᠭᠢᠶᠠᠨ ᠲᠡᠳᠦᠢ︾ ᠭᠡᠵᠦ ᠨᠠᠷᠢᠯᠢᠭ ᠲᠠᠶᠢᠯᠪᠤᠷᠢᠯᠠᠵᠤ ᠥᠭᠴᠡᠢ᠃ | ᠲᠡᠭᠡᠪᠡᠯ ᠶᠠᠮᠠᠷᠰᠢᠤ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠴᠢᠳᠠᠪᠬᠢ ᠨᠢ ᠨᠠᠩ ᠰᠠᠶᠢᠨ ᠪᠣᠯ︖ | ᠳᠤᠯᠠᠭᠠᠨ ᠢ ᠬᠠᠳᠠᠭᠠᠯᠠᠬᠤ ᠴᠣᠮᠣ ᠡᠩ ᠤᠨ ᠴᠣᠮᠣ ᠲᠠᠢ ᠠᠳᠠᠯᠢ ᠦᠭᠡᠢ᠂ ᠬᠤᠭᠤᠰᠤᠨ ᠳᠠᠪᠬᠤᠷᠭ᠎ᠠ ᠲᠠᠢ ᠮᠥᠷᠲᠡᠭᠡᠨ | ᠠᠮᠠᠰᠠᠷ ᠨᠢ ᠪᠠᠭ᠎ᠠ ᠪᠣᠯᠬᠤᠷ ᠳᠤᠯᠠᠭᠠᠨ ᠢ ᠳᠠᠮᠵᠢᠭᠤᠯᠬᠤ ᠪᠠ ᠳᠤᠯᠠᠭᠠᠨ ᠢ ᠰᠣᠯᠢᠯᠴᠠᠭᠤᠯᠬᠤ ᠶᠢ ᠬᠤᠷᠢᠬᠯᠠᠳᠠᠭ; ᠴᠣᠮᠣ | ᠶᠢᠨ ᠳᠣᠲᠣᠷ ᠬᠠᠨ᠎ᠠ ᠶᠢ ᠶᠡᠷᠦ ᠨᠢ ᠨᠢᠭᠡ ᠳᠠᠪᠬᠤᠷᠭ᠎ᠠ ᠮᠥᠩᠭᠦ ᠪᠤᠶᠤ ᠭᠠᠤᠯᠢ ᠪᠠᠷ ᠥᠩᠭᠡᠯᠡᠵᠦ᠂ ᠬᠠᠯᠠᠭᠤᠨ | ᠰᠠᠴᠤᠷᠠᠯᠲᠠ ᠶᠢ ᠪᠠᠭᠠᠰᠬᠠᠬᠤ ᠳᠤ ᠲᠤᠰᠠᠲᠠᠢ ᠪᠠᠶᠢᠳᠠᠭ᠃ ᠭᠦᠩ ᠶᠢᠦ ᠫᠢᠨ ᠬᠡᠯᠡᠬᠦ ᠳᠡᠭᠡᠨ᠂ ᠬᠠᠯᠠᠭᠤᠨ ᠢᠶᠠᠷ ᠨᠢ ᠪᠠᠶᠢᠯᠭᠠᠬᠤ | ᠴᠣᠮᠣ ᠶᠢᠨ ᠬᠤᠭᠤᠰᠤᠨ ᠳᠠᠪᠬᠤᠷᠭ᠎ᠠ ᠶᠢᠨ ᠤᠷ᠎ᠠ ᠮᠡᠷᠭᠡᠵᠢᠯ ᠪᠣᠯ ᠬᠠᠯᠠᠭᠤᠨ ᠢᠶᠠᠷ ᠨᠢ ᠪᠠᠶᠢᠯᠭᠠᠬᠤ ᠦᠷ᠎ᠡ ᠪᠦᠲᠦᠮᠵᠢ ᠶᠢᠨ | ᠵᠠᠩᠭᠢᠯᠠᠭ᠎ᠠ ᠮᠥᠨ᠂ ᠭᠡᠪᠡᠴᠦ ᠡᠩ ᠤᠨ ᠬᠡᠷᠡᠭᠯᠡᠭᠴᠢᠳ ᠲᠤ ᠠᠪᠴᠤ ᠬᠡᠯᠡᠪᠡᠯ ᠤᠷ᠎ᠠ ᠮᠡᠷᠭᠡᠵᠢᠯ ᠤᠨ ᠰᠠᠶᠢᠨ ᠮᠠᠭᠤ ᠶᠢ | ᠮᠠᠭᠠᠳᠯᠠᠬᠤ ᠳᠤ ᠮᠠᠰᠢ ᠬᠦᠴᠢᠷ ᠶᠤᠮ᠃ ᠡᠶᠢᠮᠦ ᠠᠴᠠ ᠬᠡᠷᠡᠭᠯᠡᠭᠴᠢᠳ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢ | ᠬᠤᠳᠠᠯᠳᠤᠨ ᠠᠪᠬᠤ ᠳᠠᠭᠠᠨ ᠳᠦᠷᠢᠮ ᠲᠣᠭᠲᠠᠭᠠᠯ ᠳᠤ ᠨᠡᠶᠢᠴᠡᠬᠦ ᠲᠡᠮᠳᠡᠭ ᠪᠠ ᠬᠢᠷᠢ ᠲᠡᠩᠴᠡᠭᠰᠡᠨ ᠦᠨᠡᠮᠯᠡᠯ ᠲᠠᠢ | ᠪᠦᠲᠦᠭᠡᠭᠳᠡᠬᠦᠨ ᠢ ᠬᠤᠳᠠᠯᠳᠤᠨ ᠠᠪᠬᠤ ᠶᠢ ᠰᠠᠨᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠠᠳᠠᠯᠢ ᠪᠤᠰᠤ | ᠪᠦᠲᠦᠭᠡᠭᠳᠡᠬᠦᠨ ᠤ ᠬᠠᠯᠠᠭᠤᠨ ᠢᠶᠠᠷ ᠨᠢ ᠪᠠᠶᠢᠯᠭᠠᠬᠤ ᠲᠤᠷᠰᠢᠯᠲᠠ ᠶᠢᠨ ᠮᠡᠳᠡᠭᠦᠯᠦᠯᠲᠡ ᠪᠠᠷ ᠳᠠᠮᠵᠢᠨ ᠬᠠᠯᠠᠭᠤᠨ ᠢᠶᠠᠷ ᠨᠢ | ᠪᠠᠶᠢᠯᠭᠠᠬᠤ ᠴᠣᠮᠣ ᠶᠢ ᠰᠣᠩᠭᠤᠵᠤ ᠪᠣᠯᠣᠨ᠎ᠠ ᠭᠡᠯᠡ᠃ | ᠨᠠᠷᠢᠯᠢᠭᠵᠢᠭᠤᠯᠤᠭᠰᠠᠨ ᠬᠡᠮᠵᠢᠶ᠎ᠡ ᠨᠢ ᠨᠡᠯᠢᠶᠡᠳ ᠥᠨᠳᠥᠷ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ | ᠲᠤᠬᠠᠢ᠂ ᠲᠤᠰᠬᠠᠢ ᠮᠡᠷᠭᠡᠵᠢᠯᠲᠡᠳ ᠠᠴᠠ ᠬᠠᠯᠠᠭᠤᠨ ᠢᠶᠠᠷ ᠨᠢ ᠪᠠᠶᠢᠯᠭᠠᠬᠤ ᠦᠷ᠎ᠡ ᠪᠦᠲᠦᠮᠵᠢ ᠶᠢ ᠠᠩᠬᠠᠷᠬᠤ ᠠᠴᠠ ᠭᠠᠳᠠᠨ᠎ᠠ | ᠥᠪᠡᠷ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠲᠣᠬᠢᠷᠠᠮᠵᠢᠲᠠᠢ ᠮᠠᠲ᠋ᠧᠷᠢᠶᠠᠯ ᠪᠦᠬᠦᠢ ᠬᠠᠯᠠᠭᠤᠨ ᠢᠶᠠᠷ ᠨᠢ | ᠪᠠᠶᠢᠯᠭᠠᠬᠤ ᠴᠣᠮᠣ ᠶᠢ ᠰᠣᠩᠭᠤᠬᠤ ᠨᠢ ᠪᠠᠰᠠ ᠲᠤᠶᠢᠯ ᠤᠨ ᠴᠢᠬᠤᠯᠠ ᠭᠡᠵᠦ ᠰᠠᠨᠠᠭᠤᠯᠪᠠ᠃ | ᠣᠯᠠᠨ ᠡᠯᠧᠺᠲᠷᠣᠨ ᠬᠤᠳᠠᠯᠳᠤᠭᠠᠨ ᠤ ᠲᠠᠪᠴᠠᠩ ᠠᠴᠠ ︽ᠬᠠᠯᠠᠭᠤᠨ ᠢᠶᠠᠷ ᠨᠢ ᠪᠠᠶᠢᠯᠭᠠᠬᠤ ᠴᠣᠮᠣ︾ ᠪᠠᠷ | ᠵᠠᠩᠭᠢᠯᠠᠭ᠎ᠠ ᠶᠢᠨ ᠦᠭᠡ ᠪᠣᠯᠭᠠᠨ ᠬᠠᠶᠢᠪᠠᠯ᠂ ᠵᠠᠬ᠎ᠠ ᠳᠡᠯᠭᠡᠭᠦᠷ ᠳᠡᠭᠡᠷᠡᠬᠢ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ | ᠳᠣᠲᠣᠷ ᠪᠣᠯᠣᠨ ᠱᠦᠭᠦᠬᠦ ᠲᠣᠣᠷ ᠤᠨ ᠮᠠᠲ᠋ᠧᠷᠢᠶᠠᠯ ᠤᠨ ᠴᠢᠨᠠᠷ ᠨᠢ ᠦᠨᠳᠦᠰᠦᠨ ᠳᠡᠭᠡᠨ 304 ᠵᠢᠪᠡᠷᠡᠬᠦ ᠦᠭᠡᠢ ᠪᠣᠯᠣᠳ᠂ | 316 ᠵᠢᠪᠡᠷᠡᠬᠦ ᠦᠭᠡᠢ ᠪᠣᠯᠣᠳ ᠵᠡᠷᠭᠡ ᠪᠠᠶᠢᠵᠤ᠂ ᠴᠣᠮᠣ ᠶᠢᠨ ᠮᠠᠲ᠋ᠧᠷᠢᠶᠠᠯ ᠤᠨ ᠡᠳ᠋ ᠤᠨ ᠣᠯᠠᠩᠬᠢ ᠨᠢ ᠴᠠᠬᠢᠭᠤᠷᠲᠤ | ᠰᠢᠷᠣᠢ᠂ ᠫᠷᠤᠫᠧᠨ ᠤ ᠪᠥᠭᠡᠭᠡᠨᠡᠪᠦᠷᠢ ︵PP︶ ᠵᠡᠷᠭᠡ ᠪᠣᠯᠣᠨ᠎ᠠ᠃ ᠭᠦᠩ ᠶᠢᠦ ᠫᠢᠨ ᠬᠡᠯᠡᠬᠦ ᠳᠡᠭᠡᠨ᠂ ᠬᠡᠳᠦᠶᠢᠪᠡᠷ | ᠢᠳᠡᠭᠡᠨ ᠤ ᠳᠡᠰ ᠤᠨ 304 ᠵᠢᠪᠡᠷᠡᠬᠦ ᠦᠭᠡᠢ ᠪᠣᠯᠣᠳ ᠤᠨ ᠬᠠᠯᠠᠭᠤᠨ ᠢᠶᠠᠷ ᠨᠢ ᠪᠠᠶᠢᠯᠭᠠᠬᠤ ᠴᠣᠮᠣ ᠦᠷᠭᠦᠯᠵᠢ | ᠬᠠᠷᠠᠭᠳᠠᠳᠠᠭ ᠪᠤᠯᠪᠠᠴᠤ ᠤᠷᠲᠤ ᠬᠤᠭᠤᠴᠠᠭ᠎ᠠ ᠪᠠᠷ ᠴᠠᠢ ᠤᠤᠭᠤᠬᠤ ᠪᠤᠶᠤ ᠢᠰᠬᠦᠯᠡᠩ ᠤᠮᠳᠠᠭᠠᠨ ᠰᠠᠪᠠᠯᠠᠬᠤ | ᠬᠡᠷᠡᠭᠴᠡᠭᠡ ᠲᠠᠢ ᠶᠤᠮ ᠪᠣᠯ᠂ ᠢᠳᠡᠮᠡᠬᠡᠢ ᠴᠢᠨᠠᠷ ᠢ ᠡᠰᠡᠷᠭᠦᠴᠡᠬᠦ ᠴᠢᠨᠠᠷ ᠢᠶᠠᠷ ᠨᠡᠩ ᠴᠢᠩᠭ᠎ᠠ ᠡᠮᠴᠢᠯᠡᠭᠡᠨ ᠳᠤ ᠬᠡᠷᠡᠭᠯᠡᠬᠦ | ᠳᠡᠰ ᠤᠨ 316 ᠵᠢᠪᠡᠷᠡᠬᠦ ᠦᠭᠡᠢ ᠪᠣᠯᠣᠳ ᠮᠠᠲ᠋ᠧᠷᠢᠶᠠᠯ ᠤᠨ ᠴᠢᠨᠠᠷ ᠢ ᠰᠣᠩᠭᠤᠨ ᠬᠡᠷᠡᠭᠯᠡᠪᠡᠯ ᠵᠣᠬᠢᠨ᠎ᠠ᠃ ᠴᠠᠬᠢᠭᠤᠷᠲᠤ | ᠰᠢᠷᠣᠢ᠂ PP ᠮᠠᠲ᠋ᠧᠷᠢᠶᠠᠯ ᠢᠶᠠᠷ ᠦᠢᠯᠡᠳᠦᠭᠰᠡᠨ ᠴᠣᠮᠣ ᠨᠢ ᠬᠠᠷᠢᠴᠠᠩᠭᠤᠢ ᠠᠮᠤᠷ ᠲᠦᠪᠰᠢᠨ ᠪᠠᠶᠢᠵᠤ᠂ ᠥᠨᠳᠥᠷ | ᠬᠠᠯᠠᠭᠤᠨ ᠳᠤ ᠬᠤᠣᠷᠲᠤ ᠪᠣᠳᠠᠰ ᠢ ᠠᠮᠠᠷᠬᠠᠨ ᠭᠠᠷᠭᠠᠬᠤ ᠦᠭᠡᠢ ᠪᠣᠯᠬᠤᠷ ᠰᠠᠨᠠᠭ᠎ᠠ ᠠᠮᠤᠷ ᠬᠤᠳᠠᠯᠳᠤᠨ ᠠᠪᠴᠤ ᠪᠣᠯᠣᠨ᠎ᠠ | ᠭᠡᠪᠡ᠃ | ᠭᠦᠩ ᠶᠢᠦ ᠫᠢᠨ᠂ ᠬᠥᠮᠥᠰ ᠤᠨ ᠬᠡᠷᠡᠭᠯᠡᠭᠡᠨ ᠤ ᠬᠡᠷᠡᠭᠴᠡᠭᠡ ᠶᠢᠨ ᠲᠠᠰ ᠳᠡᠪᠰᠢᠬᠦ ᠶᠢ ᠳᠠᠭᠠᠯᠳᠤᠨ ᠬᠠᠯᠠᠭᠤᠨ | ᠢᠶᠠᠷ ᠨᠢ ᠪᠠᠶᠢᠯᠭᠠᠬᠤ ᠴᠣᠮᠣ ᠶᠢᠨ ᠵᠠᠭᠪᠤᠷ ᠨᠢ ᠤᠯᠠᠮ ᠰᠢᠨᠡᠳᠴᠦ᠂ ᠴᠢᠳᠠᠮᠵᠢ ᠨᠢ ᠴᠦ ᠲᠠᠩ ᠭᠠᠭᠴᠠ ᠬᠠᠯᠠᠭᠤᠨ ᠢᠶᠠᠷ ᠨᠢ | ᠪᠠᠶᠢᠯᠭᠠᠬᠤ ᠪᠠᠶᠢᠭᠰᠠᠨ ᠠᠴᠠ ᠪᠠᠨ ᠨᠠᠩ ᠶᠡᠷᠦᠩᠬᠡᠶᠢᠯᠡᠭᠰᠡᠨ ᠴᠢᠨᠠᠷᠲᠠᠢ ᠪᠣᠯᠵᠤ᠂ ᠬᠡᠷᠡᠭᠯᠡᠭᠴᠢᠳ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠣᠯᠤᠭᠰᠠᠨ ᠪᠠᠶᠢᠨ᠎ᠠ᠂ ᠵᠢᠱᠢᠶᠡᠯᠡᠪᠡᠯ᠂ ᠳᠤᠯᠠᠭᠠᠨ ᠤ ᠬᠡᠮᠵᠢᠶ᠎ᠡ ᠶᠢᠨ ᠦᠵᠡᠭᠦᠯᠭᠦ ᠳᠡᠯᠭᠡᠴᠡ ᠲᠠᠢ | ᠂ ᠤᠰᠤ ᠤᠤᠭᠤᠬᠤ ᠴᠠᠭ ᠢ ᠰᠠᠨᠠᠭᠤᠯᠬᠤ ᠵᠡᠷᠭᠡ ᠣᠶᠤᠨᠴᠢᠯᠠᠭᠰᠠᠨ ᠴᠢᠳᠠᠮᠵᠢ ᠲᠠᠢ ᠪᠣᠯᠵᠠᠢ᠃ ᠬᠡᠷᠡᠭᠯᠡᠭᠴᠢᠳ ᠬᠠᠯᠠᠭᠤᠨ | ᠢᠶᠠᠷ ᠨᠢ ᠪᠠᠶᠢᠯᠭᠠᠬᠤ ᠴᠣᠮᠣ ᠶᠢ ᠰᠣᠩᠭᠤᠵᠤ ᠬᠤᠳᠠᠯᠳᠤᠨ ᠠᠪᠬᠤ ᠳᠠᠭᠠᠨ ᠲᠤᠰ ᠪᠡᠶ᠎ᠡ ᠶᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠨ᠂ ᠲᠡᠮᠳᠡᠭ ᠨᠢ ᠪᠦᠷᠢᠨ ᠭᠦᠢᠴᠡᠳ᠂ ᠤᠷ᠎ᠠ ᠮᠡᠷᠭᠡᠵᠢᠯ ᠨᠢ ᠲᠡᠷᠢᠭᠦᠨ ᠤ ᠬᠢ᠂ | ᠮᠠᠲ᠋ᠧᠷᠢᠶᠠᠯ ᠤᠨ ᠴᠢᠨᠠᠷ ᠨᠢ ᠠᠮᠤᠷ ᠲᠦᠪᠰᠢᠨ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢ ᠤᠷᠢᠳ ᠢᠶᠠᠷ ᠰᠣᠩᠭᠤᠬᠤ | ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃ ︵︽ᠠᠷᠠᠳ ᠤᠨ ᠰᠦᠯᠵᠢᠶ᠎ᠡ︾ ᠠᠴᠠ ᠣᠷᠴᠢᠭᠤᠯᠤᠨ ᠨᠠᠶᠢᠷᠠᠭᠤᠯᠪᠠ︶ | | |