| ᠵᠢᠱᠢᠶ᠎ᠡ ᠬᠡᠷᠡᠭ᠄ ᠬᠥᠬᠡ᠂ ᠬᠥᠬᠡᠭᠴᠢᠨ᠂ ᠤᠯᠠᠭᠠᠨ᠂ ᠤᠯᠠᠭᠴᠢᠨ ᠨᠠᠷ ᠬᠠᠭᠤᠴᠢᠨ ᠠᠬ᠎ᠠ ᠳᠡᠭᠦᠦ ᠪᠠᠶᠢᠵᠤ | ᠵᠢᠯ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠪᠠᠯ ᠬᠠᠷᠢᠯᠴᠠᠨ ᠡᠭᠡᠯᠵᠢᠯᠡᠨ ᠵᠠᠯᠠᠵᠤ ᠬᠤᠭᠤᠯᠠᠨ ᠭᠡᠷ ᠲᠤ ᠴᠤᠭᠯᠠᠷᠠᠨ | ᠬᠥᠭᠡᠷᠴᠦ ᠨᠠᠷᠭᠢᠳᠠᠭ ᠪᠠᠶᠢᠪᠠ᠃ ᠨᠢᠭᠡ ᠣᠷᠣᠢ ᠬᠥᠬᠡ ᠵᠣᠬᠢᠶᠠᠨ ᠪᠠᠶᠢᠭᠤᠯᠤᠨ ᠬᠠᠮᠲᠤ ᠪᠠᠷ ᠠᠷᠢᠬᠢ ᠤᠤᠭᠤᠵᠠᠢ᠃ ᠠᠷᠢᠬᠢ | ᠤᠤᠭᠤᠬᠤ ᠶᠠᠪᠤᠴᠠ ᠳᠤ ᠬᠥᠬᠡᠭᠴᠢᠨ ᠤᠷᠢᠳᠠᠪᠠᠷ ᠮᠡᠳᠡᠭᠳᠡᠮ᠎ᠡ ᠰᠣᠭᠲᠣᠵᠤ ᠠᠯᠬᠤᠵᠤ ᠭᠢᠰᠬᠢᠬᠦ ᠨᠢ ᠭᠦᠷᠲᠡᠯ᠎ᠡ ᠭᠡᠯᠲᠦᠷᠭᠢᠯᠡᠭᠦ | ᠪᠣᠯᠪᠠ᠃ ᠨᠠᠶᠢᠷ ᠤᠨ ᠰᠢᠷᠡᠭᠡ ᠥᠨᠳᠥᠷᠯᠡᠭᠰᠡᠨ ᠤ ᠲᠠᠷᠠᠭ᠎ᠠ᠂ ᠬᠥᠬᠡ᠂ ᠤᠯᠠᠭᠠᠨ᠂ ᠤᠯᠠᠭᠴᠢᠨ ᠭᠤᠷᠪᠠᠭᠤᠯᠠ ᠲᠡᠷᠭᠡ | ᠳᠠᠭᠤᠳᠠᠨ ᠬᠥᠬᠡᠭᠴᠢᠨ ᠢ ᠭᠡᠷ ᠲᠤ ᠨᠢ ᠬᠦᠷᠭᠡᠵᠦ ᠥᠭᠭᠦᠭᠰᠡᠨ ᠪᠠᠶᠢᠨ᠎ᠠ᠃ ᠲᠤᠬᠠᠢ ᠶᠢᠨ ᠦᠶ᠎ᠡ ᠳᠤ ᠬᠥᠬᠡᠭᠴᠢᠨ ᠤ ᠡᠬᠡᠨᠡᠷ | ᠴᠠᠭᠠᠭᠴᠢᠨ ᠭᠡᠷ ᠲᠡᠭᠡᠨ ᠪᠠᠶᠢᠭᠰᠠᠨ ᠦᠭᠡᠢ᠃ ᠲᠡᠷᠨ ᠣᠷᠣᠢ ᠬᠥᠬᠡᠭᠴᠢᠨ ᠭᠡᠷ ᠲᠡᠭᠡᠨ ᠪᠦᠳᠦᠷᠢᠵᠦ ᠤᠨᠠᠭᠠᠳ ᠲᠣᠯᠣᠭᠠᠢ | ᠨᠢ ᠭᠡᠮᠲᠦᠵᠦ ᠨᠠᠰᠤ ᠪᠠᠷᠠᠵᠠᠢ᠃ ᠬᠡᠷᠡᠭ ᠭᠠᠷᠤᠭᠰᠠᠨ ᠤ ᠲᠠᠷᠠᠭ᠎ᠠ᠂ ᠬᠥᠬᠡ᠂ ᠤᠯᠠᠭᠠᠨ᠂ ᠤᠯᠠᠭᠴᠢᠨ ᠭᠤᠷᠪᠠᠭᠤᠯᠠ | ᠴᠠᠭᠠᠭᠴᠢᠨ ᠢ ᠡᠷᠢᠵᠦ ᠭᠡᠮᠰᠢᠬᠦ ᠶᠢᠨ ᠬᠠᠮᠲᠤ ᠬᠡᠷᠬᠢᠨ ᠰᠢᠢᠳᠪᠦᠷᠢᠯᠡᠬᠦ ᠲᠤᠬᠠᠢ ᠵᠥᠪᠳᠡᠭᠰᠡᠨ ᠳᠤ ᠴᠠᠭᠠᠭᠴᠢᠨ᠂ ᠠᠬ᠎ᠠ ᠳᠡᠭᠦᠦ | ᠨᠠᠷ ᠤᠨ ᠬᠤᠭᠤᠷᠣᠨᠳᠤ ᠭᠠᠷᠤᠭᠰᠠᠨ ᠰᠠᠨᠠᠭᠠᠨ ᠳᠤ ᠦᠭᠡᠢ ᠤᠴᠢᠷ ᠭᠡᠳ ᠬᠡᠷᠡᠭ ᠬᠡᠯᠡᠯᠴᠡᠬᠦ ᠦᠭᠡᠢ ᠭᠡᠬᠦ ᠰᠠᠨᠠᠯ ᠢᠶᠠᠨ | ᠢᠯᠡᠷᠬᠡᠶᠢᠯᠡᠵᠡᠢ᠃ ᠭᠡᠪᠡᠴᠦ ᠬᠥᠬᠡᠭᠴᠢᠨ ᠪᠣᠯᠣᠨ ᠴᠠᠭᠠᠭᠴᠢᠨ ᠤ ᠲᠦᠷᠣᠯ ᠰᠠᠲᠣᠨ ᠨᠠᠷ ᠵᠥᠪᠰᠢᠶᠡᠷᠡᠭᠰᠡᠨ ᠦᠭᠡᠢ᠂ ᠡᠷᠬᠡᠪᠰᠢ | ᠬᠠᠤᠯᠢ ᠪᠠᠷ ᠰᠢᠢᠳᠪᠦᠷᠢᠯᠡᠪᠡᠯ ᠰᠠᠶ᠋ᠢ ᠳᠠᠯᠠᠶᠢᠭᠴᠢ ᠳᠤ ᠣᠰᠣᠯᠳᠠᠬᠤ ᠦᠭᠡᠢ ᠪᠣᠯᠣᠨ᠎ᠠ ᠭᠡᠵᠦ ᠳᠤᠷᠠᠳᠴᠠᠢ᠃ ᠭᠡᠷ ᠪᠦᠯᠢ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠳᠠᠷᠤᠯᠲᠠ ᠳᠣᠣᠷ᠎ᠠ ᠴᠠᠭᠠᠭᠴᠢᠨ ᠠᠷᠭ᠎ᠠ ᠪᠤᠰᠤ ᠬᠥᠬᠡ᠂ ᠤᠯᠠᠭᠠᠨ᠂ ᠤᠯᠠᠭᠴᠢᠨ | ᠭᠤᠷᠪᠠᠭᠤᠯᠠ ᠶᠢ ᠰᠢᠭᠦᠬᠦ ᠬᠤᠷᠢᠶᠠᠨ ᠳᠤ ᠵᠠᠭᠠᠯᠳᠤᠵᠤ ᠲᠥᠯᠥᠪᠦᠷᠢ ᠥᠭᠬᠦ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ | ᠭᠡᠵᠦ ᠱᠠᠭᠠᠷᠳᠠᠪᠠ᠃ ᠨᠢᠭᠡ ᠲᠣᠳᠣᠷᠬᠠᠶᠢᠯᠠᠭᠤᠰᠢᠲᠠᠢ ᠨᠢ ᠠᠷᠢᠬᠢ ᠤᠤᠭᠤᠬᠤ ᠶᠠᠪᠤᠴᠠ ᠳᠤ ᠬᠠᠷᠢᠯᠴᠠᠨ ᠱᠠᠯᠠᠵᠤ | ᠮᠥᠷᠥᠶᠢᠴᠡᠭᠰᠡᠨ ᠤᠴᠢᠷ ᠪᠠᠶᠢᠬᠤ ᠦᠭᠡᠢ᠃ ᠡᠭᠦᠨ ᠳᠤ ᠲᠣᠰ ᠵᠠᠷᠭᠤ ᠶᠢ ᠬᠡᠷᠬᠢᠨ ᠰᠢᠢᠳᠪᠦᠷᠢᠯᠡᠪᠡᠯ ᠵᠣᠬᠢᠬᠤ ᠪᠤᠢ︖ | ᠵᠠᠳᠠᠯᠤᠯᠲᠠ᠄ ᠨᠠᠶᠢᠵᠠ ᠨᠥᠬᠦᠳ ᠲᠦᠷᠣᠯ ᠰᠠᠲᠣᠨ ᠴᠤᠭᠯᠠᠷᠠᠨ ᠬᠠᠮᠲᠤᠪᠠᠷ ᠠᠷᠢᠬᠢ ᠤᠤᠭᠤᠬᠤ ᠪᠣᠯ | ᠨᠡᠶᠢᠭᠡᠮ ᠤᠨ ᠠᠮᠢᠳᠤᠷᠠᠯ ᠳᠤᠮᠳᠠᠬᠢ ᠳᠣᠲᠣᠨᠣ ᠠᠵᠢᠯᠯᠠᠭᠠᠨ ᠳᠤ ᠲᠣᠭᠠᠴᠠᠭᠳᠠᠵᠤ ᠬᠠᠤᠯᠢ ᠴᠠᠭᠠᠵᠠ ᠪᠣᠯᠭᠤᠮᠵᠢᠲᠠᠢ ᠬᠠᠨᠳᠤᠨ | ᠡᠩ ᠤᠨ ᠪᠠᠶᠢᠳᠠᠯ ᠳᠣᠣᠷ᠎ᠠ ᠬᠠᠷᠢᠭᠤᠴᠠᠯᠭ᠎ᠠ ᠡᠭᠦᠷᠭᠡᠯᠡᠬᠦ ᠶᠠᠪᠤᠳᠠᠯ ᠭᠠᠷᠬᠤ ᠦᠭᠡᠢ᠃ ᠤᠴᠢᠷ ᠨᠢ ᠴᠤᠭᠯᠠᠷᠠᠵᠤ ᠠᠷᠢᠬᠢ | ᠤᠤᠭᠤᠨ ᠬᠠᠮᠲᠤ ᠨᠠᠶᠢᠷᠯᠠᠭᠰᠠᠳ ᠪᠣᠯ ᠶᠡᠷᠦᠳᠡᠭᠡᠨ ᠨᠠᠰᠣᠨ ᠳᠤ ᠭᠦᠷᠦᠭᠰᠡᠳ ᠪᠠᠶᠢᠵᠤ᠂ ᠢᠷᠭᠡᠨ ᠤ ᠬᠡᠷᠡᠭ ᠤᠨ ᠦᠢᠯᠨ | ᠠᠵᠢᠯᠯᠠᠭ᠎ᠠ ᠶᠢᠨ ᠪᠦᠷᠢᠮᠦᠰᠦᠨ ᠴᠢᠳᠠᠪᠤᠷᠢ ᠲᠠᠢ ᠬᠥᠮᠥᠰ ᠲᠤ ᠲᠣᠭᠠᠴᠠᠭᠳᠠᠨ᠂ ᠥᠪᠡᠷ ᠤᠨ ᠪᠡᠶ᠎ᠡ ᠳᠤᠨᠢ ᠠᠷᠢᠬᠢ ᠲᠣᠬᠢᠷᠠᠬᠤ | ᠡᠰᠡᠬᠦ᠂ ᠠᠷᠢᠬᠢ ᠬᠡᠳᠦᠢ ᠤᠤᠭᠤᠪᠠᠯ ᠪᠤᠯᠬᠤ ᠵᠢᠴᠢ ᠬᠡᠲᠦᠷᠡᠲᠡᠯ᠎ᠡ ᠤᠤᠭᠤᠪᠠᠯ ᠶᠠᠮᠠᠷ ᠬᠤᠣᠷ ᠬᠥᠨᠥᠭᠡᠯ ᠲᠠᠢ ᠪᠠᠶᠢᠬᠤ ᠶᠢ | ᠴᠥᠮ ᠲᠣᠳᠣᠷᠬᠠᠢ ᠮᠡᠳᠡᠵᠡᠭᠡᠳᠡᠭ᠃ ᠡᠶᠢᠮᠦ ᠠᠴᠠ ᠠᠮᠢᠳᠤᠷᠠᠯ ᠳᠤᠮᠳᠠ ᠠᠷᠢᠬᠢᠨ ᠠᠴᠠ ᠪᠣᠯᠤᠭᠰᠠᠨ ᠵᠠᠭᠤᠷᠠᠭᠠᠨ ᠲᠣᠩ | ᠴᠥᠭᠡᠨ ᠲᠣᠬᠢᠶᠠᠯᠳᠤᠳᠠᠭ᠃ ᠭᠡᠪᠡᠴᠦ ᠨᠡᠶᠢᠭᠡᠮ ᠤᠨ ᠬᠥᠭᠵᠢᠯ᠂ ᠠᠮᠢᠳᠤᠷᠠᠯ ᠤᠨ ᠰᠠᠶᠢᠵᠢᠷᠠᠯ᠂ ᠬᠠᠷᠢᠯᠴᠠᠭᠠᠨ ᠤ ᠥᠷᠭᠡᠵᠢᠯ᠂ | ᠵᠤᠭ᠎ᠠ ᠴᠡᠩᠭᠡᠯ ᠤᠨ ᠬᠥᠭᠡᠭᠡᠴᠡᠯᠳᠦᠯ ᠤᠨ ᠨᠡᠮᠡᠭᠳᠡᠯ ᠢ ᠳᠠᠭᠠᠯᠳᠤᠨ ᠬᠥᠮᠥᠰ ᠤᠨ ᠤᠬᠠᠮᠰᠠᠷ ᠤᠯᠠᠮ ᠢᠶᠠᠷ ᠳᠡᠭᠡᠭᠰᠢᠯᠡᠵᠦ᠂ | ᠠᠮᠢᠳᠤᠷᠠᠯ ᠤᠨ ᠣᠷᠣᠨ ᠵᠠᠢ ᠥᠨᠴᠥᠭ ᠪᠤᠯᠣᠩ ᠪᠣᠯᠭᠠᠨ ᠳᠤ ᠠᠮᠢ ᠨᠠᠰᠤ ᠡᠷᠡᠭᠦᠯ ᠮᠠᠨᠳᠣ ᠶᠢᠨ ᠠᠮᠤᠷ ᠲᠦᠪᠰᠢᠨ ᠢ | ᠳᠡᠭᠡᠵᠢᠯᠡᠬᠦ ᠪᠣᠯᠵᠤ᠂ ᠵᠠᠷᠢᠮ ᠲᠠᠯ᠎ᠠ ᠪᠠᠷ ᠬᠠᠤᠯᠢ ᠴᠠᠭᠠᠵᠠ ᠠᠴᠠ ᠲᠣᠬᠢᠷᠠᠭᠤᠯᠤᠯᠲᠠ ᠬᠢᠬᠦ ᠴᠢᠬᠤᠯᠠᠲᠠᠢ ᠪᠣᠯᠤᠭᠰᠠᠨ ᠪᠠᠶᠢᠨ᠎ᠠ᠃ | ᠢᠩᠭᠢᠭᠡᠳ ᠠᠷᠢᠬᠢ ᠤᠤᠭᠤᠨ ᠬᠠᠮᠲᠤ ᠨᠠᠶᠢᠷᠯᠠᠭᠰᠠᠳ ᠲᠤ ᠳᠣᠣᠷᠠᠬᠢ ᠲᠦᠷᠪᠡᠨ ᠵᠦᠢᠯ ᠤᠨ ᠪᠠᠶᠢᠳᠠᠯ ᠳᠣᠣᠷ᠎ᠠ ᠬᠤᠬᠢᠷᠠᠯ | ᠭᠠᠷᠪᠠᠯ ᠬᠠᠷᠢᠯᠴᠠᠨ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠄ ᠨᠢᠭᠡ ᠳᠤ ᠠᠯᠪᠠᠳᠠᠯᠭ᠎ᠠ ᠶᠢᠨ ᠴᠢᠨᠠᠷᠲᠠᠢ ᠱᠠᠯᠠᠬᠤ ᠪᠤᠶᠤ | ᠬᠤᠷᠣᠰᠬᠠᠬᠤ ᠬᠥᠭᠵᠢᠭᠡᠬᠦ ᠤᠷᠮᠠᠰᠢᠭᠤᠯᠬᠤ ᠮᠠᠶ᠋ᠢᠭ ᠢᠶᠠᠷ ᠠᠷᠢᠬᠢ ᠣᠣᠭᠤᠯᠭᠠᠬᠰᠠᠨ; ᠬᠤᠶᠠᠷ ᠲᠤ ᠠᠷᠢᠬᠢ ᠤᠤᠭᠤᠵᠤ | ᠴᠢᠳᠠᠬᠤ ᠦᠭᠡᠢ ᠡᠰᠡᠪᠡᠯ ᠠᠷᠢᠬᠢ ᠤᠤᠭᠤᠵᠤ ᠪᠤᠯᠬᠤ ᠦᠭᠡᠢ ᠶᠢ ᠨᠢ ᠲᠣᠳᠣᠷᠬᠠᠢ ᠮᠡᠲᠡᠵᠦ ᠪᠠᠶᠢᠭᠠᠳ ᠮᠥᠨ ᠠᠷᠢᠬᠢ ᠪᠠᠷ | ᠱᠠᠯᠠᠭᠰᠠᠨ᠂ ᠡᠭᠦᠨ ᠳᠤ ᠠᠷᠢᠬᠢᠨ ᠠᠴᠠ ᠪᠣᠯᠤᠭᠰᠠᠨ ᠲᠦᠷᠭᠡᠨ ᠴᠢᠨᠠᠷᠲᠠᠢ ᠡᠪᠡᠳᠴᠢᠨ ᠵᠡᠷᠭᠡ ᠪᠠᠭᠲᠠᠨ᠎ᠠ; ᠭᠤᠷᠪᠠ ᠳᠤ | ᠠᠷᠢᠬᠢᠨ ᠳᠤ ᠰᠣᠭᠲᠣᠭᠰᠠᠨ ᠤ ᠲᠠᠷᠠᠭ᠎ᠠ ᠨᠢ ᠠᠮᠤᠷ ᠲᠦᠪᠰᠢᠨ ᠬᠦᠷᠭᠡᠭᠰᠡᠨ ᠦᠭᠡᠢ᠂ ᠡᠭᠦᠨ ᠳᠤ ᠣᠢ ᠮᠡᠳᠡᠷᠡᠯ ᠨᠢ | ᠪᠠᠯᠠᠷᠠᠵᠤ ᠥᠪᠡᠷ ᠤᠨ ᠪᠡᠶ᠎ᠡ ᠪᠠᠨ ᠡᠵᠡᠮᠳᠡᠵᠦ ᠲᠡᠶᠢᠯᠭᠦ ᠦᠭᠡᠢ ᠪᠤᠶᠤ ᠤᠳᠠᠯ ᠦᠭᠡᠢ ᠪᠠᠯᠠᠷᠠᠵᠤ ᠮᠡᠳᠡᠬᠦ ᠪᠠᠶᠢᠳᠠᠯ ᠳᠣᠣᠷ᠎ᠠ | ᠡᠮᠨᠡᠯᠭᠡ ᠶᠢᠨ ᠬᠤᠷᠢᠶ᠎ᠠ ᠡᠰᠡᠪᠡᠯ ᠭᠡᠷ ᠲᠤ ᠨᠢ ᠠᠮᠤᠷ ᠲᠦᠪᠰᠢᠨ ᠬᠦᠷᠭᠡᠭᠰᠡᠨ ᠦᠭᠡᠢ ᠪᠠᠶᠢᠳᠠᠯ ᠪᠠᠭᠲᠠᠨ᠎ᠠ; ᠳᠥᠷᠪᠡ ᠳᠤ | ᠠᠷᠢᠬᠢᠨ ᠤ ᠲᠠᠷᠠᠭ᠎ᠠ ᠲᠡᠷᠭᠡ ᠵᠢᠯᠤᠭᠤᠳᠬᠤ ᠳᠤ ᠬᠤᠷᠢᠭᠯᠠᠭᠰᠠᠨ ᠦᠭᠡᠢ ᠠᠴᠠ ᠪᠣᠯᠵᠤ ᠵᠠᠮ ᠬᠠᠷᠢᠯᠴᠠᠭᠠᠨ ᠤ ᠭᠡᠨᠡᠳᠡᠯ ᠤᠨ | ᠬᠤᠬᠢᠷᠠᠯ ᠭᠠᠷᠭᠠᠭᠰᠠᠨ ᠵᠡᠷᠭᠡ ᠪᠣᠯᠣᠨ᠎ᠠ᠃ ᠢᠩᠭᠢᠪᠡᠯ ᠳᠡᠭᠡᠷᠡᠬᠢ ᠵᠠᠷᠭᠤ ᠳᠤ ᠬᠥᠬᠡᠭᠴᠢᠨ ᠢᠷᠭᠡᠨ ᠤ ᠬᠡᠷᠡᠭ ᠤᠨ ᠦᠢᠯᠨ | ᠠᠵᠢᠯᠯᠠᠭᠠᠨ ᠤ ᠪᠦᠷᠢᠨ ᠴᠢᠳᠠᠪᠤᠷᠢ ᠲᠠᠢ ᠨᠠᠰᠣᠨ ᠳᠤ ᠭᠦᠷᠦᠭᠰᠡᠨ ᠬᠥᠮᠥᠨ ᠤ ᠬᠤᠪᠢ ᠳᠤ ᠥᠪᠡᠷ ᠤᠨ ᠪᠡᠶ᠎ᠡ ᠳᠤ ᠨᠢ ᠠᠷᠢᠬᠢ | ᠲᠣᠬᠢᠷᠠᠬᠤ ᠡᠰᠡᠬᠦ᠂ ᠠᠷᠢᠬᠢ ᠬᠡᠳᠦᠢ ᠳᠠᠭᠠᠭᠠᠵᠤ ᠲᠡᠶᠢᠯᠭᠦ ᠵᠢᠴᠢ ᠬᠡᠲᠦᠷᠬᠡᠢ ᠤᠤᠭᠤᠪᠠᠯ ᠶᠠᠮᠠᠷ ᠬᠤᠣᠷ ᠬᠥᠨᠥᠭᠡᠯ ᠲᠠᠢ | ᠪᠠᠶᠢᠬᠤ ᠶᠢ ᠲᠣᠳᠣᠷᠬᠠᠢ ᠮᠡᠲᠡᠵᠦ ᠪᠤᠯᠬᠤ ᠪᠠᠶᠢᠲᠠᠯ᠎ᠠ ᠪᠡᠶ᠎ᠡ ᠪᠠᠨ ᠡᠵᠡᠮᠳᠡᠵᠦ ᠳᠡᠶᠢᠯᠦᠭᠰᠡᠨ ᠦᠭᠡᠢ ᠰᠣᠭᠲᠣᠨ ᠪᠠᠯᠠᠷᠠᠵᠤ | ᠥᠪᠡᠷ ᠤᠨ ᠢᠶᠠᠨ ᠠᠮᠤᠷ ᠲᠦᠪᠰᠢᠨ ᠳᠤ ᠴᠠᠯᠠᠭᠠᠶᠢᠷᠠᠵᠠᠢ᠃ ᠲᠠᠭᠢᠪᠠᠯ ᠬᠥᠬᠡ᠂ ᠣᠯᠭᠠᠨ᠂ ᠤᠯᠠᠭᠴᠢᠨ ᠠᠴᠠ ᠬᠥᠬᠡᠭᠴᠢᠨ ᠢ | ᠱᠠᠯᠠᠵᠤ ᠬᠥᠭᠵᠢᠭᠡᠵᠦ ᠤᠷᠮᠠᠰᠢᠭᠤᠯᠤᠭᠰᠠᠨ ᠤᠴᠢᠷ ᠪᠠᠶᠢᠬᠤ ᠦᠭᠡᠢ᠃ ᠡᠶᠢᠮᠦ ᠠᠴᠠ ᠬᠤᠬᠢᠷᠠᠯ ᠭᠠᠷᠤᠭᠰᠠᠨ ᠳᠤ ᠬᠥᠬᠡᠭᠴᠢᠨ | ᠥᠪᠡᠷ ᠢᠶᠠᠨ ᠭᠤᠣᠯ ᠬᠠᠷᠢᠭᠤᠴᠠᠯᠭ᠎ᠠ ᠲᠠᠢ᠃ ᠬᠥᠬᠡ᠂ ᠤᠯᠠᠭᠠᠨ᠂ ᠤᠯᠠᠭᠴᠢᠨ ᠨᠢ ᠬᠥᠬᠡᠭᠴᠢᠨ ᠤ ᠬᠡᠲᠦᠷᠡᠲᠡᠯ᠎ᠡ | ᠰᠣᠭᠲᠣᠭᠰᠠᠨ ᠢ ᠮᠠᠲᠠᠵᠦ ᠭᠡᠷ ᠲᠤᠨᠢ ᠬᠦᠷᠭᠡᠭᠰᠡᠨ ᠪᠤᠯᠪᠠᠴᠦ᠂ ᠬᠥᠬᠡᠭᠴᠢᠨ ᠭᠡᠷ ᠲᠡᠭᠡᠨ ᠭᠠᠭᠴᠠᠭᠠᠷ ᠢᠶᠠᠨ ᠦᠯᠡᠳᠡᠭᠰᠡᠨ ᠢ | ᠮᠡᠲᠡᠵᠦ ᠪᠠᠶᠢᠭᠠᠳ ᠭᠡᠷ ᠪᠦᠯᠢ ᠳᠤᠨᠢ ᠮᠡᠳᠡᠭᠳᠡᠭᠰᠡᠨ ᠦᠭᠡᠢ ᠰᠢᠭᠤᠳ ᠪᠤᠴᠠᠵᠠᠭᠠᠭᠰᠠᠨ ᠨᠢ ᠠᠩᠬᠠᠷᠴᠤ ᠪᠣᠯᠭᠤᠮᠵᠢᠯᠠᠬᠤ | ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠵᠤ᠂ ᠡᠮᠭᠡᠨᠢᠯᠲᠦ ᠤᠴᠢᠷ ᠡᠭᠦᠰᠬᠦ ᠳᠤ ᠨᠢᠭᠡ ᠬᠡᠮᠵᠢᠶᠡᠨ ᠤ ᠰᠢᠯᠲᠠᠭᠠᠨ ᠪᠣᠯᠵᠠᠢ᠃ | ᠡᠶᠢᠮᠦ ᠠᠴᠠ ᠲᠠᠲᠠ ᠵᠣᠬᠢᠬᠤ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ᠃ ︽ᠭᠡᠷ ᠲᠤᠨᠢ ᠬᠦᠷᠭᠡᠬᠦ︾ ᠭᠡᠲᠡᠭ ᠵᠦᠪᠭᠡᠨ | ᠦᠭᠡ ᠶᠢᠨ ᠰᠢᠭᠤᠳ ᠤᠬᠠᠭᠳᠠᠬᠤᠨ ᠤ ᠠᠰᠠᠭᠤᠳᠠᠯ ᠪᠢᠰᠢ᠂ ︽ᠠᠮᠤᠷ ᠲᠦᠪᠰᠢᠨ ᠢ ᠠᠩᠬᠠᠷᠴᠤ ᠪᠠᠲᠤᠯᠠᠬᠤ︾ ᠨᠢ ᠭᠤᠣᠯ | ᠠᠭᠤᠯᠭ᠎ᠠ ᠪᠤᠯᠬᠤ ᠶᠤᠮ᠃ ᠬᠠᠤᠯᠢ ᠴᠠᠭᠠᠵᠠ ᠶᠢᠨ ᠪᠣᠳᠠᠲᠠᠢ ᠦᠢᠯᠡᠳᠦᠯᠭᠡ ᠠᠴᠠ ᠦᠵᠡᠪᠡᠯ᠂ ᠬᠥᠬᠡ᠂ ᠤᠯᠠᠭᠠᠨ᠂ | ᠤᠯᠠᠭᠴᠢᠨ ᠨᠢ ᠴᠠᠭᠠᠭᠴᠢᠨ ᠤ ᠬᠤᠬᠢᠷᠠᠯ ᠳᠤ ᠵᠠᠭᠤᠨ ᠤ ᠠᠷᠪᠠ ᠶᠢᠨ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ᠃ ᠡᠭᠦᠨ ᠳᠤ | ᠬᠤᠬᠢᠷᠠᠯ ᠨᠢ ᠭᠤᠣᠯᠳᠠᠭᠤ ᠦᠬᠦᠯ ᠤᠨ ᠲᠥᠯᠥᠪᠦᠷᠢ ᠶᠢᠨ ᠮᠥᠩᠭᠦ᠂ ᠲᠡᠳᠬᠦᠭᠦᠯᠦᠨ ᠲᠡᠵᠢᠭᠡᠭᠳᠡᠭᠴᠢ ᠶᠢᠨ ᠠᠮᠢᠳᠤᠷᠠᠯ ᠤᠨ | ᠵᠠᠷᠤᠳᠠᠯ᠂ ᠣᠶᠣᠨ ᠰᠠᠨᠠᠭᠠᠨ ᠤ ᠬᠤᠬᠢᠷᠠᠯ ᠤᠨ ᠲᠣᠬᠤᠨᠢᠭᠤᠯᠬᠤ ᠮᠥᠩᠭᠦ᠂ ᠣᠷᠣᠰᠢᠭᠤᠯᠭ᠎ᠠ ᠶᠢᠨ ᠵᠠᠷᠤᠳᠠᠯ ᠵᠡᠷᠭᠡ ᠪᠣᠯᠣᠨ᠎ᠠ᠃ | ᠬᠠᠤᠯᠢ ᠶᠢᠨ ᠲᠣᠭᠲᠠᠭᠠᠯ ᠢᠶᠠᠷ ᠪᠣᠯ᠂ ᠦᠬᠦᠯ ᠤᠨ ᠲᠥᠯᠥᠪᠦᠷᠢ ᠶᠢᠨ ᠮᠥᠩᠭᠦ ᠶᠢ ᠵᠠᠭᠠᠯᠳᠤᠯᠭ᠎ᠠ ᠶᠢ ᠭᠥᠯᠢᠶᠡᠨ ᠠᠪᠤᠭᠰᠠᠨ | ᠰᠢᠭᠦᠬᠦ ᠬᠤᠷᠢᠶ᠎ᠠ ᠶᠢᠨ ᠪᠠᠶᠢᠭ᠎ᠠ ᠭᠠᠵᠠᠷ ᠤᠨ ᠳᠡᠭᠡᠷ᠎ᠡ ᠨᠢᠭᠡ ᠵᠢᠯ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ | ᠪᠦᠷᠢ ᠶᠢᠨ ᠡᠵᠡᠮᠳᠡᠵᠦ ᠪᠤᠯᠬᠤ ᠳᠤᠮᠳᠠᠴᠢ ᠣᠷᠣᠯᠭ᠎ᠠ ᠶᠢᠨ ᠪᠠᠷᠢᠮᠵᠢᠶ᠎ᠠ ᠪᠠᠷ ᠬᠤᠷᠢᠨ ᠵᠢᠯ ᠢᠶᠠᠷ ᠪᠤᠳᠤᠨ᠎ᠠ᠂ ᠭᠡᠬᠦ ᠳᠤ ᠪᠦᠬᠦᠯᠢ | ᠵᠢᠷᠠᠨ ᠨᠠᠰᠤᠨ ᠠᠴᠠ ᠳᠡᠭᠡᠭᠰᠢ ᠪᠠᠶᠢᠪᠠᠯ᠂ ᠨᠠᠰᠤ ᠨᠢ ᠨᠢᠭᠡ ᠨᠡᠮᠡᠭᠳᠡᠬᠦ ᠪᠦᠷᠢ ᠨᠢᠭᠡ ᠵᠢᠯ ᠬᠠᠰᠤᠨ᠎ᠠ᠂ ᠪᠦᠬᠦᠯᠢ ᠲᠠᠯᠠᠨ ᠲᠠᠪᠤᠨ | ᠨᠠᠰᠤᠨ ᠠᠴᠠ ᠳᠡᠭᠡᠭᠰᠢ ᠪᠠᠶᠢᠪᠠᠯ᠂ ᠲᠠᠪᠤᠨ ᠵᠢᠯ ᠢᠶᠠᠷ ᠪᠤᠳᠤᠨ᠎ᠠ; ᠲᠡᠳᠬᠦᠭᠦᠯᠦᠨ ᠲᠡᠵᠢᠭᠡᠭᠳᠡᠭᠴᠢ ᠶᠢᠨ ᠠᠮᠢᠳᠤᠷᠠᠯ ᠤᠨ | ᠵᠠᠷᠤᠳᠠᠯ ᠢ ᠲᠡᠳᠬᠦᠨ ᠲᠡᠵᠢᠭᠡᠭᠴᠢ ᠶᠢᠨ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠦᠨᠳᠦᠰᠦᠯᠡᠨ᠂ | ᠵᠠᠭᠠᠯᠳᠤᠯᠭ᠎ᠠ ᠶᠢ ᠭᠥᠯᠢᠶᠡᠨ ᠠᠪᠤᠭᠰᠠᠨ ᠰᠢᠭᠦᠬᠦ ᠬᠤᠷᠢᠶ᠎ᠠ ᠶᠢᠨ ᠪᠠᠶᠢᠭ᠎ᠠ ᠭᠠᠵᠠᠷ ᠤᠨ ᠳᠡᠭᠡᠷ᠎ᠡ ᠨᠢᠭᠡ ᠵᠢᠯ ᠤᠨ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠬᠡᠷᠡᠭᠯᠡᠭᠡᠨ ᠤ ᠵᠠᠷᠤᠯᠭ᠎ᠠ ᠶᠢᠨ ᠪᠠᠷᠢᠮᠵᠢᠶ᠎ᠠ ᠶᠣᠰᠣᠭᠠᠷ | ᠪᠤᠳᠣᠨ᠎ᠠ᠂ ᠲᠡᠳᠬᠦᠭᠦᠯᠦᠨ ᠲᠡᠵᠢᠭᠡᠭᠳᠡᠭᠴᠢ ᠨᠢ ᠨᠠᠰᠤᠨ ᠳᠤ ᠤᠢᠯᠦ ᠭᠦᠷᠦᠭᠰᠡᠦᠠ ᠪᠠᠶᠢᠪᠠᠯ᠂ ᠪᠦᠬᠦᠯᠢ ᠠᠷᠪᠠᠨ ᠨᠠᠢᠮᠠᠨ | ᠨᠠᠰᠤ ᠭᠦᠷᠲᠡᠯ᠎ᠡ ᠪᠤᠳᠦᠨ᠎ᠡ᠂ ᠲᠡᠳᠬᠦᠨ ᠲᠡᠵᠢᠭᠡᠭᠳᠡᠭᠴᠢ ᠨᠢ ᠬᠥᠳᠡᠯᠮᠦᠷᠢᠯᠡᠬᠦ ᠴᠢᠳᠠᠪᠤᠷᠢ ᠦᠭᠡᠢ ᠮᠥᠷᠲᠡᠭᠡᠨ ᠪᠤᠰᠤᠳ | ᠠᠮᠢᠳᠤᠷᠠᠯ ᠤᠨ ᠢᠷᠡᠯᠲᠡ ᠦᠭᠡᠢ ᠪᠠᠶᠢᠪᠠᠯ᠂ ᠬᠤᠷᠢᠨ ᠵᠢᠯ ᠢᠶᠠᠷ ᠪᠤᠳᠤᠨ᠎ᠠ᠂ ᠭᠡᠬᠦ ᠳᠤ ᠪᠦᠬᠦᠯᠢ ᠵᠢᠷᠠᠨ ᠨᠠᠰᠤᠨ ᠠᠴᠠ | ᠳᠡᠭᠡᠭᠰᠢ ᠪᠠᠶᠢᠪᠠᠯ᠂ ᠨᠠᠰᠤ ᠨᠢ ᠨᠢᠭᠡ ᠨᠡᠮᠡᠭᠳᠡᠬᠦ ᠪᠦᠷᠢ ᠨᠢᠭᠡ ᠵᠢᠯ ᠬᠠᠰᠤᠨ᠎ᠠ᠂ ᠪᠦᠬᠦᠯᠢ ᠲᠠᠯᠠᠨ ᠲᠠᠪᠤᠨ ᠨᠠᠰᠤᠨ ᠠᠴᠠ | ᠳᠡᠭᠡᠭᠰᠢ ᠪᠠᠶᠢᠪᠠᠯ᠂ ᠲᠠᠪᠤᠨ ᠵᠢᠯ ᠢᠶᠠᠷ ᠪᠤᠳᠤᠨ᠎ᠠ; ᠤᠶᠤᠨ ᠰᠠᠨᠠᠭᠠᠨ ᠤ ᠬᠤᠬᠢᠷᠠᠯ ᠤᠨ ᠲᠣᠬᠤᠨᠢᠭᠤᠯᠬᠤ ᠮᠥᠩᠭᠦ ᠶᠢ ︽ | ᠢᠷᠭᠡᠨ ᠤ ᠬᠡᠷᠡᠭ ᠤᠨ ᠡᠷᠬᠡ ᠳᠤ ᠬᠠᠯᠳᠠᠭᠰᠠᠨ ᠤᠶᠤᠨ ᠰᠠᠨᠠᠭᠠᠨ ᠤ ᠬᠤᠬᠢᠷᠠᠯ ᠤᠨ ᠲᠥᠯᠥᠪᠦᠷᠢ ᠶᠢᠨ ᠬᠠᠷᠢᠭᠤᠴᠠᠯᠭ᠎ᠠ ᠶᠢ | ᠲᠣᠭᠲᠠᠭᠠᠬᠤ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ᠪᠠᠷ | ᠲᠣᠬᠲᠠᠭᠠᠨ᠎ᠠ; ᠣᠷᠣᠰᠢᠭᠤᠯᠭ᠎ᠠ ᠶᠢᠨ ᠵᠠᠷᠤᠳᠠᠯ ᠢ ᠵᠠᠭᠠᠯᠳᠤᠯᠭ᠎ᠠ ᠶᠢ ᠭᠥᠯᠢᠶᠡᠨ ᠠᠪᠤᠭᠰᠠᠨ ᠰᠢᠭᠦᠬᠦ ᠬᠤᠷᠢᠶᠠᠨ ᠤ ᠪᠠᠶᠢᠭ᠎ᠠ | ᠭᠠᠵᠠᠷ ᠤᠨ ᠲᠦᠷᠦᠭᠦᠦ ᠨᠢᠭᠡ ᠵᠢᠯ ᠤᠨ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠤᠨ ᠪᠠᠷᠢᠮᠵᠢᠶ᠎ᠠ ᠪᠠᠷ | ᠵᠢᠷᠭᠤᠭᠠᠨ ᠰᠠᠷ᠎ᠠ ᠶᠢᠨ ᠶᠡᠷᠦᠩᠬᠡᠢ ᠲᠤᠭ᠎ᠠ ᠪᠠᠷ ᠪᠤᠳᠤᠨ᠎ᠠ᠃ ᠡᠶᠢᠮᠦ ᠠᠴᠠ ᠬᠥᠬᠡ᠂ ᠤᠯᠠᠭᠠᠨ᠂ ᠤᠯᠠᠭᠴᠢᠨ ᠳᠡᠭᠡᠷᠡᠬᠢ | ᠪᠠᠷᠢᠮᠵᠢᠶ᠎ᠠ ᠶᠢᠨ ᠵᠠᠭᠤᠨ ᠤ ᠠᠷᠪᠠ ᠪᠠᠷ ᠴᠠᠭᠠᠭᠴᠢᠨ ᠳᠤ ᠲᠥᠯᠥᠪᠦᠷᠢ ᠥᠭᠪᠡᠯ ᠵᠣᠬᠢᠨ᠎ᠠ᠃ ᠬᠠᠮᠢᠶ᠎ᠠ ᠪᠦᠬᠦᠢ ᠬᠠᠤᠯᠢ | ᠴᠠᠭᠠᠵᠠ ᠶᠢᠨ ᠲᠣᠭᠲᠠᠭᠠᠯ᠄ ︽ᠪᠦᠭᠦᠲᠡ ᠨᠠᠶᠢᠷᠠᠮᠳᠠᠬᠤ ᠲᠣᠮᠲᠠᠲᠣ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ | ᠤᠨ ᠮᠢᠩᠭ᠎ᠠ ᠨᠢᠭᠡ ᠵᠠᠭᠤ ᠵᠢᠷᠠᠨ ᠲᠠᠪᠤᠳᠤᠭᠠᠷ ᠵᠦᠢᠯ ᠤᠨ ᠲᠣᠭᠲᠠᠭᠠᠯ᠄ ᠦᠢᠯᠨ ᠠᠵᠢᠯᠯᠠᠭᠠᠲᠠᠨ ᠤ ᠣᠰᠣᠯ ᠠᠴᠠ ᠪᠣᠯᠵᠤ᠂ | ᠪᠤᠰᠤᠳ ᠤᠨ ᠢᠷᠭᠡᠨ ᠤ ᠬᠡᠷᠡᠭ ᠤᠨ ᠡᠷᠬᠡ ᠠᠰᠢᠭ ᠲᠤ ᠬᠠᠯᠳᠠᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡ ᠳᠤ | ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | | | | |