| | ᠣᠶᠢᠷ᠎ᠠ ᠳᠤ᠂ ᠭᠦᠭᠡᠬᠤᠳᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ | ᠨᠢᠭᠡ ᠤᠳᠠᠭᠠᠨ ᠤ ᠨᠡᠷ᠎ᠡ ᠲᠥᠷᠥ ᠶᠢᠨ ᠡᠷᠬᠡ ᠶᠢᠨ ᠵᠠᠭᠤᠷᠠᠯᠳᠤᠭᠠᠨ ᠤ ᠬᠡᠷᠡᠭ ᠢ ᠠᠮᠵᠢᠯᠲᠠ ᠲᠠᠢ ᠡᠶᠡᠳᠡᠭᠦᠯᠪᠡ᠃ | ᠴᠧᠨ ᠣᠪᠣᠭᠲᠤ ᠪᠠ ᠯᠢᠦ ᠣᠪᠣᠭᠲᠤ ᠬᠤᠶᠠᠭᠤᠯᠠ ᠪᠣᠯ ᠬᠠᠮᠲᠤ ᠰᠤᠷᠤᠯᠭᠠᠲᠠᠨ᠂ ᠵᠢᠵᠢᠭᠬᠡᠨ ᠶᠠᠪᠤᠳᠠᠯ ᠠᠴᠠ | ᠵᠥᠷᠢᠴᠡᠯ ᠭᠠᠷᠴᠤ᠂ ᠳᠤᠷ᠎ᠠ ᠦᠭᠡᠶᠢᠴᠡᠯ ᠢᠶᠠᠨ ᠭᠠᠷᠭᠠᠬᠤ ᠶᠢᠨ ᠲᠥᠯᠥᠭᠡ᠂ ᠯᠢᠦ ᠣᠪᠣᠭᠲᠤ ᠣᠬᠤᠷ ᠸᠢᠳᠢᠤ᠋ ᠶᠢᠨ | ᠲᠠᠪᠴᠠᠩ ᠳᠤ ᠴᠧᠨ ᠣᠪᠣᠭᠲᠤ ᠶᠢ ᠢᠯᠡ ᠪᠠᠷ ᠭᠦᠳᠬᠡᠨ ᠬᠠᠷᠢᠶᠠᠪᠠ᠃ ᠴᠧᠨ ᠣᠪᠣᠭᠲᠤ ᠮᠡᠳᠡᠭᠰᠡᠨ ᠤ ᠲᠠᠷᠠᠭ᠎ᠠ ᠪᠠᠰᠠ | ᠣᠬᠤᠷ ᠸᠢᠳᠢᠤ᠋ ᠰᠢᠩᠭᠡᠭᠡᠵᠦ ᠯᠢᠦ ᠣᠪᠣᠭᠲᠤ ᠶᠢ ᠬᠠᠷᠢᠶᠠᠵᠠᠢ᠃ ᠬᠤᠶᠠᠷ ᠬᠥᠮᠥᠨ ᠤ ᠰᠦᠯᠵᠢᠶᠡᠨ ᠳᠡᠭᠡᠷᠡᠬᠢ ᠵᠠᠭᠤᠷᠠᠯᠳᠤᠭᠠᠨ | ᠨᠢ ᠮᠠᠰᠢ ᠣᠯᠠᠨ ᠬᠠᠮᠲᠤ ᠰᠤᠷᠤᠬᠴᠢ᠂ ᠰᠦᠯᠵᠢᠶᠡᠨ ᠠᠨᠳᠠ ᠶᠢᠨ ᠠᠩᠬᠠᠷᠤᠯ ᠢ ᠲᠠᠲᠠᠪᠠ᠃ ᠥᠪᠡᠷ ᠤᠨ ᠬᠠᠤᠯᠢ ᠶᠣᠰᠣᠨ ᠤ | ᠡᠷᠬᠡ ᠠᠰᠢᠭ ᠢᠶᠠᠨ ᠬᠠᠮᠠᠭᠠᠯᠠᠬᠤ ᠶᠢᠨ ᠲᠥᠯᠥᠭᠡ ᠴᠧᠨ ᠣᠪᠣᠭᠲᠤ ᠯᠢᠦ ᠣᠪᠣᠭᠲᠤ ᠶᠢ ᠰᠢᠭᠦᠬᠦ ᠬᠤᠷᠢᠶ᠎ᠠ ᠳᠤ ᠵᠠᠭᠠᠯᠳᠤᠵᠤ᠂ | ᠯᠢᠦ ᠣᠪᠣᠭᠲᠤ ᠶᠢ ᠪᠤᠷᠤᠭᠤ ᠬᠦᠯᠢᠶᠡᠬᠦ ᠶᠢ ᠱᠠᠭᠠᠷᠳᠠᠵᠠᠢ᠃ ᠯᠢᠦ ᠣᠪᠣᠭᠲᠤ ᠪᠠᠰᠠ ᠭᠡᠳᠡᠷᠭᠦ ᠵᠠᠭᠠᠯᠳᠤᠵᠤ᠂ ᠴᠧᠨ | ᠣᠪᠣᠭᠲᠤ ᠪᠠᠷ ᠪᠤᠷᠤᠭᠤ ᠬᠦᠯᠢᠶᠡᠯᠭᠡᠬᠦ ᠭᠡᠪᠡ᠃ | ᠬᠡᠷᠡᠭ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ᠂ ᠰᠢᠭᠦᠬᠦ ᠲᠤᠰᠢᠶᠠᠯᠲᠠᠨ ᠬᠡᠷᠡᠭ ᠤᠨ | ᠪᠠᠶᠢᠳᠠᠯ ᠢ ᠨᠠᠷᠢᠨ ᠣᠶᠢᠯᠠᠭᠠᠵᠤ᠂ ᠲᠤᠰ ᠬᠡᠷᠡᠭ ᠨᠢ ᠲᠡᠶᠢᠮᠦ ᠪᠤᠳᠤᠯᠢᠶᠠᠨᠲᠠᠢ ᠪᠢᠰᠢ᠂ ᠬᠤᠯᠪᠣᠭᠳᠠᠯ ᠪᠦᠬᠦᠢ ᠣᠬᠤᠷ | ᠸᠢᠳᠢᠤ᠋ ᠶᠢ ᠴᠤ ᠨᠢᠭᠡᠨᠲᠡ ᠬᠠᠰᠤᠭᠰᠠᠨ ᠢ ᠣᠯᠵᠤ ᠮᠡᠳᠡᠪᠡ᠂ ᠭᠡᠪᠡᠴᠦ ᠬᠤᠶᠠᠷ ᠲᠠᠯ᠎ᠠ ᠪᠠᠷ ᠢᠶᠠᠨ ᠴᠥᠮ ᠨᠦᠭᠦᠭᠡ | ᠡᠲᠡᠭᠡᠳ ᠢᠶᠠᠨ ᠪᠤᠷᠤᠭᠤ ᠲᠠᠢ ᠭᠡᠵᠦ ᠦᠵᠡᠭᠡᠳ ᠴᠥᠮ ᠨᠦᠭᠦᠭᠡ ᠡᠲᠡᠭᠡᠳ ᠲᠡᠭᠡᠨ ᠪᠤᠷᠤᠭᠤ ᠬᠦᠯᠢᠶᠡᠬᠦ ᠳᠤᠷ᠎ᠠ ᠦᠭᠡᠢ | ᠪᠠᠶᠢᠪᠠ᠃ ᠰᠢᠭᠦᠬᠦ ᠲᠤᠰᠢᠶᠠᠯᠲᠠᠨ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠲᠠᠢ ᠣᠯᠠᠨᠲᠠ ᠶᠠᠷᠢᠯᠴᠠᠨ ᠨᠡᠪᠲᠡᠷᠡᠯᠴᠡᠵᠦ᠂ | ᠡᠶᠡᠳᠡᠭᠦᠯᠬᠦ ᠠᠷᠭ᠎ᠠ ᠬᠡᠮᠵᠢᠶ᠎ᠡ ᠶᠢ ᠵᠥᠪᠳᠡᠯᠴᠡᠪᠡ᠃ ᠡᠴᠦᠰ ᠲᠡᠭᠡᠨ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ | ᠡᠶᠡᠳᠡᠭᠦᠯᠭᠡ ᠶᠢᠨ ᠬᠡᠯᠡᠯᠴᠡᠭᠡᠷ ᠲᠣᠬᠢᠷᠠᠭᠰᠠᠨ ᠪᠥᠭᠡᠳ ᠬᠠᠷᠢᠯᠴᠠᠨ ᠪᠤᠷᠤᠭᠤ ᠬᠦᠯᠢᠶᠡᠵᠦ ᠭᠠᠷ ᠠᠳᠬᠤᠨ ᠡᠶᠡᠳᠡᠵᠡᠢ᠃ | ᠰᠢᠭᠦᠭᠴᠢ ᠠᠴᠠ᠂ ᠰᠦᠯᠵᠢᠶ᠎ᠡ ᠪᠣᠯ ᠬᠠᠤᠯᠢ ᠶᠢᠨ ᠭᠠᠳᠠᠨᠠᠬᠢ ᠣᠷᠣᠨ ᠵᠠᠢ ᠪᠢᠰᠢ᠂ ᠰᠦᠯᠵᠢᠶᠡᠨ ᠤ ᠳᠥᠭᠦᠮ | ᠳᠥᠲᠡ ᠶᠢ ᠡᠳ᠋ᠯᠡᠬᠦ ᠶᠢᠨ ᠬᠠᠮᠲᠤ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠴᠢᠶᠡᠵᠦ᠂ ᠠᠷᠠᠳ ᠢᠷᠭᠡᠨ ᠨᠢᠭᠡᠪᠦᠷᠢ ᠶᠢᠨ | ᠨᠡᠶᠢᠲᠡᠯᠡᠭᠰᠡᠨ ᠶᠠᠷᠢᠶ᠎ᠠ ᠬᠡᠯᠡᠯᠴᠡᠭᠡ ᠨᠢ ᠦᠨᠡᠨ ᠪᠣᠳᠠᠲᠠᠢ᠂ ᠳᠦᠷᠢᠮ ᠲᠣᠭᠲᠠᠭᠠᠯ ᠢ ᠵᠢᠷᠤᠮᠯᠠᠭᠰᠠᠨ ᠪᠠᠶᠢᠬᠤ ᠬᠡᠷᠡᠭᠲᠡᠢ᠃ ᠵᠦᠢ | ᠵᠣᠬᠢᠰ ᠦᠭᠡᠢ ᠦᠭᠡ ᠶᠠᠷᠢᠶ᠎ᠠ ᠨᠡᠶᠢᠲᠡᠯᠡᠵᠦ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠳᠠᠪᠠᠪᠠᠯ ᠪᠤᠰᠤᠳ ᠤᠨ ᠬᠠᠤᠯᠢ | ᠶᠣᠰᠣᠨ ᠤ ᠡᠷᠬᠡ ᠠᠰᠢᠭ ᠲᠤ ᠬᠠᠯᠳᠠᠵᠤ ᠮᠡᠳᠡᠨ᠎ᠠ ᠭᠡᠵᠦ ᠰᠠᠨᠠᠭᠤᠯᠤᠭᠰᠠᠨ ᠪᠠᠶᠢᠨ᠎ᠠ᠃ | |