| | | ᠸᠧᠢ ᠣᠪᠣᠭᠲᠤ ᠵᠤᠤ ᠣᠪᠣᠭᠲᠤ ᠳᠤ 10 ᠲᠦᠮᠡᠨ ᠲᠥᠭᠦᠷᠢᠭ ᠵᠢᠭᠡᠯᠡᠭᠦᠯᠪᠡ᠂ ᠵᠤᠤ ᠣᠪᠣᠭᠲᠤ ᠵᠢᠭᠡᠯᠡᠬᠦ | ᠪᠠᠷᠢᠮᠲᠠ ᠪᠢᠴᠢᠬᠦ ᠳᠡᠭᠡᠨ ᠳᠠᠪᠬᠤᠷᠯᠠᠨ ᠪᠢᠴᠢᠬᠦ ᠴᠠᠭᠠᠰᠤ ᠪᠠᠷ ᠪᠢᠴᠢᠵᠦ᠂ ᠤᠤᠯ ᠵᠢᠭᠡᠯᠡᠭᠰᠡᠨ ᠪᠠᠷᠢᠮᠲᠠ ᠶᠢ ᠦᠪᠡᠰᠥᠪᠡᠨ | ᠦᠯᠡᠳᠡᠭᠡᠨ᠂ ᠬᠠᠭᠤᠯᠪᠤᠷᠢ ᠶᠢ ᠨᠢ ᠸᠧᠢ ᠣᠪᠣᠭᠲᠤ ᠳᠤ ᠥᠭᠴᠡᠢ᠃ ᠵᠣᠭᠤᠰ ᠢᠶᠠᠨ ᠪᠤᠴᠠᠭᠠᠬᠤ ᠬᠤᠭᠤᠴᠠᠭ᠎ᠠ ᠲᠤᠯᠵᠤ᠂ | ᠸᠧᠢ ᠣᠪᠣᠭᠲᠤ ᠵᠤᠤ ᠣᠪᠣᠭᠲᠤ ᠠᠴᠠ ᠵᠣᠭᠤᠰ ᠢᠶᠠᠨ ᠨᠡᠬᠡᠬᠦ ᠳᠤ ᠳᠡᠷᠡ ᠬᠠᠷᠢᠨ ᠬᠠᠭᠤᠯᠪᠤᠷᠢ ᠨᠢ ᠭᠡᠷᠡᠴᠢ ᠪᠠᠷᠢᠮᠲᠠ ᠳᠤ | ᠪᠠᠭᠲᠠᠬᠤ ᠦᠭᠡᠢ ᠭᠡᠵᠦ ᠪᠤᠯᠢᠬᠠᠶᠢᠯᠠᠨ ᠵᠢᠭᠡᠯᠡᠭᠰᠡᠨ ᠵᠣᠭᠤᠰ ᠢᠶᠠᠨ ᠪᠤᠴᠠᠭᠠᠬᠤ ᠳᠤᠷ᠎ᠠ ᠦᠭᠡᠢ᠃ ᠠᠰᠠᠭᠤᠬᠤ ᠨᠢ᠂ ᠸᠧᠢ | ᠣᠪᠣᠭᠲᠤ ᠵᠢᠭᠡᠯᠡᠭᠰᠡᠨ ᠪᠠᠷᠢᠮᠲᠠ ᠶᠢᠨ ᠬᠠᠭᠤᠯᠪᠤᠷᠢ ᠪᠠᠷ ᠵᠤᠤ ᠣᠪᠣᠭᠲᠤ ᠠᠴᠠ ᠵᠣᠭᠤᠰ ᠢᠶᠠᠨ ᠪᠤᠴᠠᠭᠠᠵᠤ ᠠᠪᠴᠤ | ᠳᠡᠶᠢᠯᠥᠨ᠎ᠡ ᠤᠤ︖ | ︽ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠢᠷᠭᠡᠨ ᠤ ᠵᠠᠷᠭᠤ ᠶᠢᠨ ᠭᠡᠷᠡᠴᠢ ᠪᠠᠷᠢᠮᠲᠠ ᠶᠢᠨ ᠲᠤᠬᠠᠢ | ᠲᠣᠭᠲᠠᠭᠠᠯ︾ ᠤᠨ ᠵᠢᠷᠠ ᠶᠢᠰᠦᠳᠦᠭᠡᠷ ᠵᠦᠢᠯ ᠳᠤ᠂ ︽ᠤᠤᠯ ᠪᠠᠷᠢᠮᠲᠠ ᠲᠠᠢ ᠨᠢ ᠬᠠᠷᠭᠤᠭᠤᠯᠵᠤ ᠴᠢᠳᠠᠬᠤ ᠦᠭᠡᠢ | ᠳᠠᠷᠤᠮᠠᠯᠯᠠᠭᠰᠠᠨ ᠪᠢᠴᠢᠭ ᠢ ᠠᠰ ᠲᠤᠨᠢ ᠬᠡᠷᠡᠭ ᠤᠨ ᠪᠣᠳᠠᠲᠤ ᠪᠠᠶᠢᠳᠠᠯ ᠢ ᠬᠢᠨᠠᠨ ᠲᠣᠭᠲᠠᠭᠠᠬᠤ ᠦᠨᠳᠦᠰᠦᠯᠡᠯ ᠪᠤᠯᠭᠠᠵᠤ | ᠪᠤᠯᠬᠤ ᠦᠭᠡᠢ︾ ᠭᠡᠵᠦ ᠲᠣᠭᠲᠠᠭᠠᠪᠠ᠃ ᠭᠡᠪᠡᠴᠦ ᠡᠭᠦᠨ ᠳᠤ ᠶᠠᠷᠢᠵᠤ ᠪᠠᠶᠢᠭ᠎ᠠ ︽ᠳᠠᠷᠤᠮᠠᠯᠯᠠᠭᠰᠠᠨ ᠪᠢᠴᠢᠭ︾ ᠨᠢ ᠲᠤᠰ | ᠬᠡᠷᠡᠭ ᠲᠠᠬᠢ ᠵᠢᠭᠡᠯᠡᠭᠰᠡᠨ ᠪᠠᠷᠢᠮᠲᠠ ᠶᠢᠨ ︽ᠬᠠᠭᠤᠯᠪᠤᠷᠢ ᠪᠢᠴᠢᠭ︾ ᠲᠠᠢ ᠠᠳᠠᠯᠢ ᠦᠭᠡᠢ᠃ ᠳᠠᠷᠤᠮᠠᠯᠯᠠᠭᠰᠠᠨ ᠪᠢᠴᠢᠭ | ᠭᠡᠳᠡᠭ ᠨᠢ ᠤᠤᠯ ᠪᠢᠴᠢᠭ ᠢ ᠦᠨᠳᠦᠰᠦᠯᠡᠨ ᠳᠠᠭᠢᠨ ᠳᠠᠷᠤᠮᠠᠯᠯᠠᠭᠰᠠᠨ ᠢ ᠵᠢᠭᠠᠵᠤ᠂ ᠳᠡᠷᠡ ᠨᠢ ᠳᠠᠮ ᠢᠶᠠᠷ ᠣᠯᠣᠭᠰᠠᠨ | ᠭᠡᠷᠡᠴᠢ ᠪᠠᠷᠢᠮᠲᠠ ᠳᠤ ᠪᠠᠭᠲᠠᠨ᠂ ᠭᠡᠷᠡᠴᠢᠯᠡᠬᠦ ᠬᠦᠴᠦᠨ ᠢᠶᠠᠷ ᠳᠤᠲᠠᠮᠠᠭ ᠤᠴᠢᠷ ᠠᠴᠠ ᠠᠰ ᠲᠤᠨᠢ ᠬᠡᠷᠡᠭ ᠢ ᠰᠢᠭᠦᠨ | ᠲᠣᠭᠲᠠᠭᠠᠬᠤ ᠦᠨᠳᠦᠰᠦᠯᠡᠯ ᠪᠤᠯᠭᠠᠵᠤ ᠪᠤᠯᠬᠤ ᠦᠭᠡᠢ᠃ ᠭᠡᠪᠡᠴᠦ ᠬᠠᠭᠤᠯᠪᠤᠷᠢ ᠪᠢᠴᠢᠭ ᠨᠢ ᠬᠡᠳᠦᠶᠢᠪᠡᠷ ᠤᠤᠯ ᠪᠢᠴᠢᠭ ᠲᠠᠢ | ᠨᠢ ᠠᠳᠠᠯᠢ ᠦᠭᠡᠢ ᠪᠤᠯᠪᠠᠴᠥ᠂ ᠳᠡᠷᠡ ᠨᠢ ᠤᠤᠯ ᠪᠢᠴᠢᠭ ᠲᠠᠢ ᠬᠠᠮᠲᠤᠪᠠᠷ ᠪᠢᠴᠢᠭᠳᠡᠭᠰᠡᠨ ᠪᠣᠯᠬᠤᠷ ᠤᠤᠯ ᠭᠡᠷᠡᠴᠢ ᠳᠤ | ᠬᠠᠷᠢᠶᠠᠯᠠᠭᠳᠠᠵᠤ᠂ ᠤᠤᠯ ᠪᠢᠴᠢᠭ ᠲᠠᠢ ᠡᠭᠡᠭᠡ ᠠᠳᠠᠯᠢᠬᠠᠨ ᠭᠡᠷᠡᠴᠢᠯᠡᠬᠦ ᠬᠦᠴᠦᠨ ᠲᠠᠢ᠃ ︽ᠠᠷᠠᠳ ᠤᠨ ᠳᠡᠭᠡᠳᠦ ᠰᠢᠭᠦᠬᠦ | ᠬᠤᠷᠢᠶ᠎ᠠ ᠶᠢᠨ ᠢᠷᠭᠡᠨ ᠤ ᠵᠠᠷᠭᠤ ᠶᠢᠨ ᠭᠡᠷᠡᠴᠢ ᠪᠠᠷᠢᠮᠲᠠ ᠶᠢᠨ ᠲᠤᠬᠠᠢ ᠲᠣᠭᠲᠠᠭᠠᠯ︾ ᠤᠨ ᠳᠠᠯᠠᠳᠤᠭᠠᠷ ᠵᠦᠢᠯ ᠳᠤ᠄ ︽ | ᠨᠢᠭᠡ ᠡᠲᠡᠭᠡᠳ ᠤᠨ ᠪᠢᠴᠢᠭ ᠤᠨ ᠭᠡᠷᠡᠴᠢ ᠶᠢᠨ ᠤᠤᠯ ᠪᠢᠴᠢᠭ ᠪᠤᠶᠤ ᠪᠢᠴᠢᠭ ᠤᠨ ᠭᠡᠷᠡᠴᠢ ᠲᠠᠢ ᠬᠠᠷᠭᠤᠭᠤᠯᠤᠭᠰᠠᠨ ᠤ | ᠳᠠᠷᠠᠭ᠎ᠠ ᠠᠯᠳᠠᠭ᠎ᠠ ᠦᠭᠡᠢ ᠳᠠᠷᠤᠮᠠᠯᠯᠠᠭᠰᠠᠨ ᠪᠢᠴᠢᠭ ᠲᠤ᠂ ᠨᠦᠭᠦᠭᠡ ᠡᠲᠡᠭᠡᠳ ᠨᠢ ᠡᠰᠡᠷᠭᠦᠴᠡᠨ ᠮᠠᠷᠭᠤᠬᠤ ᠭᠦᠢᠴᠡᠳ | ᠭᠡᠷᠡᠴᠢ ᠦᠭᠡᠢ ᠪᠣᠯ ᠰᠢᠭᠦᠬᠦ ᠬᠤᠷᠢᠶ᠎ᠠ ᠠᠴᠠ ᠲᠡᠭᠦᠨ ᠤ ᠭᠡᠷᠡᠴᠢᠯᠡᠬᠦ ᠬᠦᠴᠦᠨ ᠢ ᠨᠤᠲᠠᠯᠠᠨ᠎ᠠ︾ ᠭᠡᠵᠦ ᠲᠣᠭᠲᠠᠭᠠᠪᠠ᠃ ᠸᠧᠢ | ᠣᠪᠣᠭᠲᠤ ᠶᠢᠨ ᠳᠠᠷᠤᠮᠠᠯᠯᠠᠨ ᠪᠢᠴᠢᠬᠦ ᠴᠠᠭᠠᠰᠤ ᠪᠠᠷ ᠳᠠᠮᠵᠢᠨ ᠪᠢᠴᠢᠭᠰᠡᠨ ᠬᠠᠭᠤᠯᠪᠤᠷᠢ ᠨᠢ ᠤᠤᠯ ᠪᠢᠴᠢᠭ ᠤᠨ ᠭᠡᠷᠡᠴᠢᠯᠡᠬᠦ | ᠬᠦᠴᠦᠨ ᠲᠠᠢ ᠠᠳᠠᠯᠢ᠂ ᠸᠧᠢ ᠣᠪᠣᠭᠲᠤ ᠵᠤᠤ ᠣᠪᠣᠭᠲᠤ ᠶᠢ ᠰᠢᠭᠦᠬᠦ ᠬᠤᠷᠢᠶᠠᠨ ᠳᠤ ᠵᠠᠭᠠᠯᠳᠤᠪᠠᠯ ᠰᠢᠭᠦᠬᠦ ᠬᠤᠷᠢᠶ᠎ᠠ ᠶᠢᠨ | ᠳᠡᠮᠵᠢᠯᠭᠡ ᠶᠢ ᠣᠯᠵᠤ ᠴᠢᠳᠠᠨ᠎ᠠ᠃ | ︵︽ᠥᠪᠥᠷ ᠮᠣᠩᠭᠤᠯ ᠤᠨ ᠡᠮᠡᠭᠲᠡᠶᠢᠴᠦᠳ︾ ᠰᠡᠳᠬᠦᠯ︶ | |