ᠬᠢᠮᠳᠠ ᠪᠠᠷᠠᠭ᠎ᠠ ᠲᠠᠸᠠᠷ ᠢ ᠪᠢᠲᠡᠭᠡᠢ ᠬᠡᠲᠦᠷᠬᠡᠢ ᠬᠥᠭᠡᠭᠡᠴᠡᠯᠳᠦᠭᠡᠷᠡᠢ
ᠨᠡᠶᠢᠲᠡᠯᠡᠭᠰᠡᠨ ᠴᠠᠭ᠄
2024/12/31
         ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠲᠠᠬᠢ ᠡᠯ᠎ᠡ ᠵᠦᠢᠯ ᠤᠨ ᠪᠠᠶᠠᠷ ᠳᠤᠷᠠᠰᠬᠠᠯ ᠤᠨ ᠵᠠᠰᠠᠯ ᠴᠢᠮᠡᠭᠯᠡᠯ ᠤᠨ ᠡᠳ᠋᠂ ᠨᠠᠭᠠᠳᠤᠮ ᠤᠨ ᠵᠦᠢᠯ᠂ ᠬᠤᠪᠴᠠᠰᠤ ᠬᠤᠨᠠᠷ ᠵᠡᠷᠭᠡ ᠨᠢ ᠪᠣᠷᠤᠯᠠᠭᠤᠯᠭ᠎ᠠ ᠰᠠᠶᠢᠲᠠᠢ ᠪᠤᠯᠳᠠᠭ᠂ ᠵᠠᠷᠢᠮ ᠪᠠᠶᠠᠷ ᠳᠤᠷᠠᠰᠬᠠᠯ ᠤᠨ ᠡᠳᠦᠷ ᠤᠨ ᠪᠠᠷᠠᠭ᠎ᠠ ᠲᠠᠸᠠᠷ ᠤᠨ ᠦᠨ᠎ᠡ ᠨᠢ ᠬᠡᠳᠦᠢ ᠪᠠᠷ ᠦᠨᠡᠲᠡᠢ ᠪᠢᠰᠢ ᠪᠤᠯᠪᠡᠴᠦ ᠶᠠᠰᠤ ᠴᠢᠨᠠᠷ ᠨᠢ ᠬᠠᠷᠢᠨ ᠰᠠᠨᠠᠭᠠᠨ ᠳᠤ ᠬᠦᠷᠬᠦ ᠦᠭᠡᠢ ᠪᠠᠶᠢᠵᠤ᠂ ᠵᠠᠷᠢᠮ ᠨᠢ ᠴᠢᠨᠠᠭᠰᠢᠯᠠᠪᠠᠯ ᠠᠮᠤᠷ ᠲᠦᠪᠰᠢᠨ ᠤ ᠲᠡᠯᠳᠡ ᠭᠡᠮ ᠣᠷᠣᠰᠢᠵᠤ ᠪᠠᠶᠢᠳᠠᠭ᠃ ᠠᠵᠢᠯ ᠲᠦᠷᠦᠯ ᠤᠨ ᠬᠥᠮᠥᠰ ᠬᠢᠮᠳᠠ ᠪᠠᠷᠠᠭ᠎ᠠ ᠲᠠᠸᠠᠷ ᠢ ᠪᠢᠲᠡᠭᠡᠢ ᠬᠡᠲᠦᠷᠬᠡᠢ ᠬᠥᠭᠡᠭᠡᠴᠡᠯᠳᠦᠭᠡᠷᠡᠢ ᠭᠡᠵᠦ ᠰᠠᠨᠠᠭᠤᠯᠵᠤ ᠪᠤᠢ  ᠃          ᠣᠶᠢᠷ᠎ᠠ ᠶᠢᠨ ᠬᠤᠭᠤᠴᠠᠭᠠᠨ ᠳᠤ᠂  ᠬᠤᠳᠠᠯᠳᠤᠭᠠᠴᠢᠳ ᠴᠥᠮ ᠰᠢᠨ᠎ᠡ ᠵᠢᠯ ᠴᠠᠭᠠᠨ ᠰᠠᠷ᠎ᠠ ᠶᠢᠨ ᠵᠠᠰᠠᠯ ᠴᠢᠮᠡᠭᠯᠡᠯ ᠤᠨ ᠡᠳ᠋ ᠢᠶᠠᠨ ᠪᠣᠷᠣᠯᠠᠭᠤᠯᠵᠤ ᠡᠬᠢᠯᠡᠵᠡᠢ᠃ ᠵᠠᠷᠢᠮ ᠬᠤᠳᠠᠯᠳᠤᠭᠠᠴᠢᠨ ᠤ ᠳ᠋ᠧᠩᠯᠦ᠂ ᠪᠤᠶᠠᠨᠲᠤ ᠤᠭᠤᠲᠠ᠂ ᠥᠩᠭᠡᠲᠦ ᠳ᠋ᠧᠩᠯᠦ ᠵᠡᠷᠭᠡ ᠪᠠᠶᠠᠷ ᠳᠤᠷᠠᠰᠬᠠᠯ ᠤᠨ ᠡᠳᠦᠷ ᠲᠤ ᠬᠡᠷᠡᠭᠯᠡᠬᠦ ᠪᠠᠷᠠᠭ᠎ᠠ ᠲᠠᠸᠠᠷ ᠨᠢ ᠭᠡᠳᠦ ᠬᠡᠳᠦᠨ ᠲᠠᠯᠪᠢᠭᠤᠷ ᠢᠶᠠᠷ ᠳᠦᠭᠦᠷᠦᠭᠰᠡᠨ ᠪᠤᠯᠪᠡᠴᠦ ᠪᠠᠷᠠᠭ᠎ᠠ ᠲᠠᠸᠠᠷ ᠤᠨ ᠶᠠᠰᠤ ᠴᠢᠨᠠᠷ ᠨᠢ ᠬᠡᠷᠡᠭᠯᠡᠭᠴᠢᠳ ᠤᠨ ᠰᠠᠨᠠᠭᠠᠨ ᠳᠤ ᠬᠦᠷᠬᠦ ᠦᠭᠡᠢ ᠪᠠᠶᠢᠯ᠎ᠠ᠃          ᠭᠡᠳᠦ ᠳᠡᠯᠭᠡᠭᠦᠷ ᠢᠶᠠᠷ ᠲᠣᠭᠤᠷᠢᠵᠤ᠂ ᠬᠡᠳᠦᠨ ᠬᠡᠯᠬᠢᠶ᠎ᠡ ᠤᠯᠠᠭᠠᠨ ᠳ᠋ᠧᠩᠯᠦ ᠶᠢᠨ ᠵᠠᠰᠠᠯ ᠴᠢᠮᠡᠭᠯᠡᠯ ᠠᠪᠤᠭᠰᠠᠨ ᠬᠤᠳᠡ ᠶᠢᠨ ᠠᠷᠠᠳ ᠯᠢ ᠣᠪᠣᠭᠲᠤ ᠡᠭᠦᠨ ᠤ ᠲᠤᠬᠠᠢ ᠶᠠᠷᠢᠬᠤ ᠳᠠᠭᠠᠨ᠄ ︽ᠦᠨ᠎ᠡ ᠨᠢ ᠥᠨᠳᠥᠷ ᠪᠢᠰᠢ ᠊ᠴᠦ ᠴᠢᠨᠠᠷ ᠨᠢ ᠬᠠᠷᠢᠨ ᠲᠡᠶᠢᠮᠦ ᠰᠠᠶᠢᠨ ᠪᠢᠰᠢ᠂ ᠭᠡᠷ ᠲᠡᠭᠡᠨ ᠬᠠᠷᠢᠭᠰᠠᠨ ᠤ ᠲᠠᠷᠠᠭ᠎ᠠ ᠠᠪᠤᠭᠰᠠᠨ ᠳ᠋ᠧᠩᠯᠦ ᠪᠠᠨ ᠪᠣᠭᠤᠳᠠᠯ ᠠᠴᠠ ᠨᠢ ᠠᠪᠴᠤ ᠭᠠᠷᠭᠠᠬᠤ ᠳᠤ ᠳ᠋ᠧᠩᠯᠦ ᠶᠢᠨ ᠦᠡᠭᠭᠡᠨ ᠲᠠᠯ᠎ᠠ ᠶᠢᠨ ᠨᠣᠣᠯᠣᠭᠤᠷ ᠨᠢ ᠨᠢᠭᠡᠨᠲᠡ ᠬᠠᠯᠲᠤᠷᠢᠵᠤ ᠤᠨᠠᠭᠠᠳ᠂ ᠰᠠᠨᠠᠮᠰᠠᠷ ᠦᠭᠡᠢ ᠬᠤᠪᠴᠠᠰᠤᠨ ᠳᠡᠭᠡᠷ᠎ᠡ ᠪᠠᠨ ᠱᠦᠷᠭᠦᠭᠡᠭᠡᠳ ᠠᠷᠢᠯᠭᠠᠬᠤ ᠳᠤ ᠪᠡᠷᠬᠡ ᠪᠣᠯᠵᠠᠢ᠃ ᠡᠭᠦᠨ ᠠᠴᠠ ᠭᠠᠳᠠᠨ᠎ᠠ ᠡᠯ᠎ᠡ ᠳ᠋ᠧᠩᠯᠦ ᠶᠢᠨ ᠵᠠᠯᠭᠠᠭᠰᠠᠨ ᠭᠠᠵᠠᠷ ᠤᠨ ᠰᠦᠯᠢᠶᠥᠦ ᠲᠤᠨᠤᠬ ᠨᠢ ᠪᠦᠷ ᠦᠰᠦᠯᠢᠭ ᠥᠷᠭᠡᠰᠦ ᠲᠠᠢ᠂ ᠬᠢᠴᠡ ᠨᠢ ᠮᠠᠰᠢ ᠪᠦᠳᠦᠭᠦᠯᠢᠭ︾ ᠭᠡᠵᠦ ᠪᠠᠶᠢᠯ᠎ᠠ᠃          ᠬᠤᠳᠡ ᠶᠢᠨ ᠠᠷᠠᠳ ᠸᠠᠩ ᠣᠪᠣᠭᠲᠤ ᠲᠦᠷᠦᠭᠦᠦ ᠬᠡᠳᠦᠨ ᠡᠳᠦᠷ ᠭᠡᠷ ᠲᠡᠭᠡᠨ ᠴᠠᠭᠠᠨ ᠰᠠᠷ᠎ᠠ ᠶᠢᠨ ᠵᠠᠰᠠᠯ ᠴᠢᠮᠡᠭᠯᠡᠯ ᠤᠨ ᠡᠳ᠋ ᠬᠤᠳᠠᠯᠳᠤᠨ ᠠᠪᠬᠤ ᠳᠤ ᠮᠥᠨ ᠡᠶᠢᠮᠦᠷᠬᠦᠦ ᠪᠠᠶᠢᠳᠠᠯ ᠲᠣᠬᠢᠶᠠᠯᠳᠤᠵᠠᠢ᠃  ᠲᠡᠷᠡ᠄ ︽ᠭᠡᠳᠦ ᠳᠡᠯᠭᠡᠭᠦᠷ  ᠢᠶᠠᠷ ᠲᠣᠭᠤᠷᠢᠬᠤ ᠦᠶ᠎ᠡ ᠳᠤ ᠴᠠᠭᠠᠨ ᠰᠠᠷ᠎ᠠ ᠶᠢᠨ ᠵᠠᠰᠠᠯ ᠴᠢᠮᠡᠭᠯᠡᠯ ᠤᠨ ᠡᠳ᠋ ᠵᠠᠬ᠎ᠠ ᠳᠡᠯᠭᠡᠭᠦᠷ ᠲᠤ ᠭᠠᠷᠴᠤ᠂ ᠦᠨ᠎ᠡ ᠬᠠᠩᠰᠢ ᠨᠢ ᠨᠡᠯᠢᠶᠡᠳ ᠬᠢᠮᠳᠠ ᠪᠠᠶᠢᠬᠤ ᠶᠢ ᠣᠯᠵᠤ ᠬᠠᠷᠠᠪᠠ᠃ ᠭᠡᠪᠡᠴᠦ ᠰᠣᠩᠭᠤᠬᠤ ᠦᠶ᠎ᠡ ᠳᠤ ᠣᠯᠵᠤ ᠮᠡᠳᠡᠭᠰᠡᠨ ᠨᠢ᠂ ᠣᠯᠠᠩᠬᠢ ᠪᠦᠲᠦᠭᠡᠭᠳᠡᠬᠦᠨ ᠤ ᠶᠠᠰᠤ ᠴᠢᠨᠠᠷ ᠨᠢ ᠪᠦᠷ ᠲᠡᠶᠢᠮᠦ ᠰᠠᠶᠢᠨ ᠪᠢᠰᠢ ᠰᠢᠭ᠃ ᠨᠢᠭᠡ ᠵᠦᠢᠯ ᠤᠨ ᠠᠯᠳᠠᠨ ᠥᠩᠭᠡ  ᠪᠠᠷ ᠬᠤᠸᠠᠷ ᠳᠠᠷᠤᠮᠠᠯᠯᠠᠭᠰᠠᠨ ᠪᠤᠶᠠᠨᠲᠤ ᠤᠭᠤᠲᠠ ᠶᠢᠨ ᠴᠢᠮᠡᠭᠯᠡᠯ ᠲᠠᠢ᠂ ᠲᠣᠮᠣ ᠤᠯᠠᠭᠠᠨ ᠥᠩᠭᠡ ᠲᠠᠢ ᠨᠡᠬᠡᠮᠡᠯ ᠡᠳ᠋ ᠤᠨ ᠪᠤᠶᠠᠨᠲᠤ ᠤᠭᠤᠲᠠ ᠶᠢᠨ ᠭᠠᠳᠠᠨ᠎ᠠ ᠨᠢ ᠠᠯᠳᠡᠨ ᠥᠩᠭᠡ ᠶᠢᠨ ︿ᠪᠤᠶᠠᠨ﹀ ᠭᠡᠬᠦ ᠦᠰᠦᠭ ᠲᠠᠢ᠂ ᠦᠵᠡᠬᠦ ᠳᠤ ᠮᠠᠰᠢ ᠭᠤᠶᠤ ᠬᠠᠷᠠᠭᠳᠠᠵᠤ᠂ ᠨᠠᠷᠢᠨ ᠠᠵᠢᠭᠯᠠᠭᠰᠠᠨ ᠴᠢᠨᠢ ᠪᠤᠶᠠᠨᠲᠤ ᠤᠭᠤᠲᠠ ᠶᠢᠨ ᠥᠩᠭᠡ ᠨᠢ ᠤᠨᠠᠬᠤ ᠪᠠᠷ ᠪᠠᠷᠠᠬᠤ ᠦᠭᠡᠢ᠂ ᠣᠶᠣᠭᠰᠠᠨ ᠤᠲᠠᠰᠤ ᠨᠢ ᠊ᠴᠦ ᠰᠤᠯᠠ ᠵᠠᠳᠠᠭᠠᠢ᠂ ᠠᠮᠠᠷᠬᠠᠨ ᠱᠠᠭᠠᠷᠠᠨ᠎ᠠ︾ ᠭᠡᠵᠡᠢ᠃ ᠸᠠᠩ ᠣᠪᠣᠭᠲᠤ ᠶᠢᠨ ᠦᠵᠡᠬᠦ ᠪᠠᠷ᠂ ᠡᠳᠡᠭᠡᠷ ᠵᠠᠰᠠᠯ ᠵᠢᠮᠰᠡᠭ ᠢ ᠬᠤᠳᠠᠯᠳᠤᠨ ᠠᠪᠬᠤ ᠨᠢ ᠪᠠᠶᠠᠷ ᠤᠨ ᠡᠳᠦᠷ ᠤᠨ ᠪᠠᠶᠠᠰᠤᠯᠳᠤ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ ᠶᠤᠮ᠂ ᠭᠡᠪᠡᠴᠦ ᠪᠦᠲᠦᠭᠡᠭᠳᠡᠬᠦᠨ ᠤ ᠴᠢᠨᠠᠷ ᠴᠢᠨᠰᠠᠭ᠎ᠠ ᠨᠢ ᠮᠠᠭᠤ ᠪᠣᠯ ᠪᠠᠶᠠᠰᠤᠯᠳᠤ ᠰᠡᠳᠬᠢᠯᠭᠡ ᠲᠥᠷᠥᠭᠳᠡᠬᠦ ᠦᠭᠡᠢ ᠮᠥᠷᠲᠡᠭᠡᠨ ᠭᠡᠷ ᠲᠡᠭᠡᠨ ᠡᠯᠭᠦᠭᠰᠡᠨ ᠊ᠴᠦ ᠮᠠᠭᠤᠬᠠᠢ ᠰᠠᠨᠠᠭᠳᠠᠳᠠᠭ ᠪᠠᠶᠢᠨ᠎ᠠ  ᠃          ᠵᠠᠷᠢᠮ ᠬᠡᠷᠡᠭᠯᠡᠭᠴᠢᠳ ᠪᠠᠶᠠᠷ ᠳᠤᠷᠠᠰᠬᠠᠯ ᠤᠨ ᠡᠳᠦᠷ ᠤᠨ ᠬᠡᠷᠡᠭᠰᠡᠯ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠳᠠᠭᠠᠨ᠂ ᠬᠤᠳᠠᠯᠳᠤᠭᠠᠴᠢᠳ ᠮᠥᠨ ᠰᠢᠭᠤᠳ ︽ᠳᠣᠣᠷ᠎ᠠ ᠦᠨ᠎ᠡ︾᠂ ︽ᠬᠢᠮᠳᠠ ᠦᠨ᠎ᠡ︾ ᠪᠠᠷ ᠬᠡᠷᠡᠭᠯᠡᠭᠴᠢᠳ ᠢ ᠲᠠᠲᠠᠵᠤ ᠪᠠᠶᠢᠬᠤ ᠶᠢ ᠣᠯᠵᠤ ᠮᠠᠲᠠᠵᠠᠢ᠃ ᠬᠤᠳᠡ ᠶᠢᠨ ᠠᠷᠠᠳ ᠯᠢᠦ ᠣᠪᠣᠭᠲᠤ ᠡᠮᠦᠨ᠎ᠡ ᠬᠡᠳᠦᠨ ᠡᠳᠦᠷ ᠰᠦᠯᠵᠢᠶᠡᠨ ᠠᠴᠠ ᠬᠡᠦᠬᠡᠳ ᠲᠡᠭᠡᠨ ᠰᠢᠨ᠎ᠡ ᠵᠢᠯ ᠤᠨ ᠲᠤᠬᠯᠠᠯᠳᠡ ᠶᠢᠨ ᠬᠤᠪᠴᠠᠰᠤ ᠬᠤᠳᠠᠯᠳᠤᠨ ᠠᠪᠬᠤ ᠳᠤ᠂ ᠵᠠᠷᠢᠮ ᠭᠢᠯᠪᠠᠭᠠᠨ ᠢᠯᠲᠠᠰᠤ᠂ ᠲᠣᠷᠭᠠᠨ ᠪᠦᠴᠡ ᠲᠠᠢ ᠨᠥᠮᠥᠷᠭᠡ᠂ ᠨᠥᠮᠥᠷᠭᠡ ᠶᠢᠨ ᠲᠠᠩ ᠡᠳ᠋ ᠤᠨ ᠦᠨ᠎ᠡ ᠨᠢ ᠵᠦᠪᠭᠡᠨ ᠠᠷᠪᠠ ᠭᠠᠷᠤᠢ ᠲᠥᠭᠦᠷᠢᠭ᠂ ᠪᠠᠭ᠂ ᠮᠠᠯᠠᠭᠠᠢ ᠵᠡᠷᠭᠡ ᠪᠠᠶᠠᠷ ᠳᠤᠷᠠᠰᠬᠠᠯ ᠤᠨ ᠨᠠᠭᠠᠳᠤᠮ ᠤᠨ ᠪᠠᠭᠠᠵᠢ ᠬᠡᠷᠡᠭᠰᠡᠯ ᠨᠢ ᠨᠠᠩ ᠊ᠴᠦ ᠬᠡᠳᠦᠨ ᠲᠥᠭᠦᠷᠢᠭ ᠳᠣᠣᠷ᠎ᠠ ᠦᠨ᠎ᠡ ᠲᠠᠢ ᠪᠠᠶᠢᠬᠤ ᠶᠢ ᠣᠯᠵᠤ ᠬᠠᠷᠠᠪᠠ᠃ ᠭᠡᠲᠡᠯ᠎ᠡ ᠬᠤᠳᠠᠯᠳᠤᠨ ᠠᠪᠤᠭᠰᠠᠨ ᠤ ᠲᠠᠷᠠᠭ᠎ᠠ᠂ ᠡᠳᠡᠭᠡᠷ ᠬᠢᠮᠳᠠ ᠦᠨ᠎ᠡ ᠶᠢᠨ ᠦᠢᠯᠡᠳᠬᠦᠨ ᠤ ᠶᠠᠰᠤ ᠴᠢᠨᠠᠷ ᠨᠢ ᠨᠡᠶᠢᠳᠡᠮ ᠳᠡᠭᠡᠨ ᠨᠡᠯᠢᠶᠡᠳ ᠠᠨᠠᠢ ᠪᠠᠶᠢᠵᠤ᠂ ᠵᠠᠷᠢᠮ ᠤᠨ ᠬᠢᠨᠢ ᠱᠣᠰᠢᠭ᠎ᠠ ᠲᠡᠮᠳᠡᠭ ᠨᠢ ᠊ᠴᠦ ᠪᠦᠷᠢᠨ ᠪᠤᠰᠤ ᠪᠠᠶᠢᠵᠤ᠂ ᠬᠡᠷᠡᠭᠯᠡᠭᠴᠢᠳ ᠲᠠᠸᠠᠷ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠣᠶᠢᠯᠠᠭᠠᠬᠤ ᠳᠤ ᠮᠠᠰᠢ ᠬᠦᠴᠢᠷᠲᠡᠢ᠃          ᠠᠵᠢᠯ ᠲᠦᠷᠦᠯ ᠤᠨ ᠳᠣᠲᠣᠭᠠᠳᠤ ᠶᠢᠨ ᠬᠥᠮᠥᠰ ᠤᠨ ᠰᠠᠨᠠᠭᠤᠯᠬᠤ ᠪᠠᠷ᠂ ᠣᠳᠣᠬᠠᠨ ᠤ ᠵᠠᠬ᠎ᠠ ᠳᠡᠯᠭᠡᠭᠦᠷ ᠳᠡᠭᠡᠷᠡᠬᠢ ᠪᠠᠶᠠᠷ ᠳᠤᠷᠠᠰᠬᠠᠯ ᠤᠨ ᠡᠳᠦᠷ ᠤᠨ ᠪᠠᠷᠠᠭ᠎ᠠ ᠲᠠᠸᠠᠷ ᠲᠤ ᠦᠨᠡᠬᠡᠷ ᠰᠠᠶᠢᠨ ᠮᠠᠭᠤ ᠲᠡᠭᠰᠢ ᠦᠭᠡᠢ ᠦᠵᠡᠭᠳᠡᠯ ᠣᠷᠣᠰᠢᠵᠤ ᠪᠤᠢ᠃ ᠪᠠᠶᠠᠷ ᠳᠤᠷᠠᠰᠬᠠᠯ ᠤᠨ ᠪᠠᠷᠠᠭ᠎ᠠ ᠲᠠᠸᠠᠷ ᠤᠨ ᠣᠯᠠᠩᠬᠢ ᠶᠢ ᠨᠢᠭᠡ ᠯᠡ ᠤᠳᠠᠭ᠎ᠠ ᠬᠡᠷᠡᠭᠯᠡᠬᠦ ᠪᠤᠶᠤ ᠣᠬᠤᠷ ᠬᠤᠭᠤᠴᠠᠭᠠᠨ ᠳᠤ ᠬᠡᠷᠡᠭᠯᠡᠬᠦ ᠤᠴᠢᠷ ᠠᠴᠠ ᠮᠠᠰᠢ ᠤᠯᠠᠨ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠥᠨᠳᠥᠷ ᠪᠢᠰᠢ ᠪᠠᠶᠢᠵᠤ᠂ ᠪᠠᠶᠠᠷ ᠳᠤᠷᠠᠰᠬᠠᠯ ᠤᠨ ᠡᠳᠦᠷ ᠪᠠᠷᠠᠭ᠎ᠠ ᠲᠠᠸᠠᠷ ᠠᠪᠬᠤ ᠳᠠᠭᠠᠨ ᠬᠡᠷᠪᠡ ᠢᠷᠡᠯᠲᠡ ᠨᠢ ᠲᠣᠳᠣᠷᠬᠠᠢ ᠦᠭᠡᠢ ᠪᠤᠶᠤ ᠬᠢᠷᠢ ᠲᠡᠩᠴᠡᠬᠦ ᠦᠭᠡᠢ ᠲᠦᠭᠦᠬᠡᠢ ᠮᠠᠲ᠋ᠧᠷᠢᠶᠡᠯ ᠢᠶᠠᠷ ᠦᠢᠯᠡᠳᠪᠦᠷᠢᠯᠡᠭᠰᠡᠨ ᠪᠠᠷᠠᠭ᠎ᠠ ᠲᠠᠸᠠᠷ ᠬᠤᠳᠠᠯᠳᠤᠨ ᠠᠪᠤᠪᠠᠯ᠂ ᠠᠮᠤᠷ ᠲᠦᠪᠰᠢᠨ ᠤ ᠲᠠᠯᠳᠡ ᠭᠡᠮ ᠢ ᠪᠤᠢ ᠪᠤᠯᠭᠠᠵᠤ ᠮᠡᠳᠡᠨ᠎ᠡ᠃ ᠡᠶᠢᠮᠦ ᠠᠴᠠ ᠬᠡᠷᠡᠭᠯᠡᠭᠴᠢᠳ ᠪᠠᠷᠠᠭ᠎ᠠ ᠬᠤᠳᠠᠯᠳᠤᠨ ᠠᠪᠬᠤ ᠳᠠᠭᠠᠨ ᠬᠢᠮᠳᠠ ᠦᠨ᠎ᠡ ᠶᠢᠨ ᠥᠳᠥᠭᠡᠯᠭᠡ ᠳᠤ ᠪᠣᠯᠭᠤᠮᠵᠢᠲᠠᠢ ᠬᠠᠨᠳᠤᠵᠤ᠂ ᠴᠢᠳᠠᠬᠤ ᠶᠢᠨ ᠳᠣᠲᠣᠷ᠎ᠠ ᠵᠢᠩᠬᠢᠨᠢ ᠦᠢᠯᠡᠳᠪᠦᠷᠢ᠂ ᠵᠢᠩᠬᠢᠨᠢ ᠠᠷᠭ᠎ᠠ ᠵᠡᠮ ᠢ ᠰᠣᠩᠭᠤᠵᠤ᠂ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ  ᠃                        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号