ᠠᠦ᠋ᠲ᠋ᠦᠲᠦ ᠭᠡᠯᠪᠡᠷᠢ ᠶᠢᠨ ᠦᠷᠭᠦᠯᠵᠢᠯᠡᠨ ᠰᠦᠢᠳᠬᠡᠯ ᠲᠤᠰᠢᠶᠠᠬᠤ ︽ᠤᠨᠠᠭᠤᠯᠢ︾ ᠶᠢ ᠰᠡᠷᠭᠡᠶᠢᠯᠡᠶ᠎ᠡ
ᠨᠡᠶᠢᠲᠡᠯᠡᠭᠰᠡᠨ ᠴᠠᠭ᠄
2024/12/31
                             ᠣᠷᠴᠢᠮ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠶᠧ ᠣᠪᠣᠭᠲᠤ ᠪᠠᠩᠬᠢ ᠶᠢᠨ ᠨᠠᠷᠢᠨ ᠳᠠᠩᠰᠠ ᠪᠠᠨ ᠤᠷᠪᠠᠭᠤᠯᠤᠨ ᠪᠠᠶᠢᠴᠠᠭᠠᠬᠤ ᠶᠠᠪᠤᠴᠠ ᠳᠤ᠂ ᠨᠢᠭᠡ ᠵᠦᠢᠯ ᠤᠨ ᠪᠢᠴᠢᠭ ᠮᠠᠲ᠋ᠧᠷᠢᠶᠠᠯ ᠤᠨ ᠰᠢᠷᠪᠢᠯᠲᠡ ᠶᠢᠨ ᠵᠥᠭᠡᠯᠡᠨ ᠲᠤᠨᠤᠭ ᠭᠠᠷᠠᠭ ᠪᠦᠷᠢ ᠲᠡᠭᠦᠨ ᠤ ᠪᠠᠩᠬᠢ ᠶᠢᠨ ᠺᠠᠷᠲ ᠠᠴᠠ 50 ᠲᠥᠭᠦᠷᠢᠭ ᠰᠠᠭᠤᠯᠭᠠᠨ ᠠᠪᠴᠤ ᠪᠠᠶᠢᠭ᠎ᠠ ᠮᠥᠷᠲᠡᠭᠡᠨ ᠨᠢᠭᠡᠨᠲᠡ ᠭᠤᠷᠪᠠᠨ ᠵᠢᠯ ᠦᠷᠭᠦᠯᠵᠢᠯᠡᠵᠦ᠂ ᠨᠡᠶᠢᠲᠡ 8000 ᠲᠥᠭᠦᠷᠢᠭ ᠰᠠᠭᠤᠯᠭᠠᠨ ᠠᠪᠤᠭᠰᠠᠨ ᠢ ᠮᠠᠲᠠᠵᠠᠢ᠃ ᠡᠭᠦᠨ ᠠᠴᠠ ᠡᠮᠦᠨᠡᠬᠢ ᠬᠤᠭᠤᠴᠠᠭᠠᠨ ᠳᠤ ᠲᠡᠷᠡ ᠡᠨᠡ ᠬᠦ ᠪᠠᠶᠢᠳᠠᠯ ᠢ ᠤᠬᠲᠦ ᠮᠡᠳᠡᠬᠦ ᠦᠭᠡᠢ ᠪᠠᠶᠢᠪᠠ᠃              ᠢᠨᠲ᠋ᠧᠷ ᠰᠦᠯᠵᠢᠶ᠎ᠡ ᠪᠠ ᠣᠶᠤᠨᠲᠤ ᠭᠠᠷ ᠤᠲᠠᠰᠤᠨ ᠤ ᠲᠦᠭᠡᠮᠡᠯᠵᠢᠬᠦ ᠶᠢ ᠳᠠᠭᠠᠯᠳᠤᠨ᠂ ᠮᠠᠰᠢ ᠣᠯᠠᠨ APP ᠨᠢ ᠴᠥᠮ ᠠᠦ᠋ᠲ᠋ᠦᠲᠦ ᠭᠡᠯᠪᠡᠷᠢ ᠶᠢᠨ ᠦᠷᠭᠦᠯᠵᠢᠯᠡᠨ ᠰᠦᠢᠳᠬᠡᠯ ᠬᠤᠷᠢᠶᠠᠬᠤ ᠦᠢᠯᠡᠴᠢᠯᠡᠭᠡ ᠶᠢ ᠡᠬᠢᠯᠡᠭᠦᠯᠦᠭᠰᠡᠨ ᠪᠠᠶᠢᠨ᠎ᠠ᠃ ᠰᠢᠭᠤᠳ ᠦᠷᠭᠦᠯᠵᠢᠯᠡᠨ ᠰᠦᠢᠳᠬᠡᠯ ᠬᠤᠷᠢᠶᠠᠬᠤ ᠨᠢ ᠵᠣᠬᠢᠬᠤ ᠬᠡᠮᠵᠢᠶᠡᠨ ᠳᠡᠭᠡᠷ᠎ᠡ ᠬᠤᠶᠠᠷ ᠲᠠᠯ᠎ᠠ ᠪᠠᠷ ᠢᠶᠠᠨ ᠴᠥᠮ ᠠᠰᠢᠭ ᠭᠦᠷᠳᠡᠭᠦ ᠦᠢᠯᠡᠳᠦᠯ ᠲᠠᠢ ᠭᠡᠳᠡᠭ ᠢ ᠦᠭᠡᠶᠢᠰᠬᠡᠵᠦ ᠪᠤᠯᠬᠤ ᠦᠭᠡᠢ ᠶᠤᠮ᠃ ᠬᠡᠷᠡᠭᠯᠡᠭᠴᠢᠳ ᠲᠤ ᠠᠪᠴᠤ ᠬᠡᠯᠡᠪᠡᠯ᠂ ᠰᠦᠢᠳᠬᠡᠯ ᠦᠷᠭᠦᠯᠵᠢᠯᠡᠭᠦᠯᠬᠦ ᠠᠦ᠋ᠲ᠋ᠣ᠋ ᠴᠢᠳᠠᠮᠵᠢ ᠶᠢ ᠨᠡᠭᠡᠭᠡᠪᠡᠯ ᠵᠣᠬᠢᠬᠤ ᠬᠠᠷᠠᠭᠠᠯᠵᠠᠯ ᠤᠨ ᠦᠨ᠎ᠡ ᠶᠢ ᠬᠦᠷᠲᠡᠵᠦ ᠪᠣᠯᠣᠨ᠎ᠠ᠂ ᠡᠨᠡ ᠨᠢ ᠰᠠᠷ᠎ᠠ ᠪᠦᠷᠢ ᠪᠤᠶᠤ ᠤᠯᠠᠷᠢᠯ ᠪᠦᠷᠢ ᠳᠤ ᠲᠤᠰᠠᠭᠠᠷ ᠰᠦᠢᠳᠬᠡᠯ ᠲᠤᠰᠢᠶᠠᠬᠤ ᠠᠴᠠ ᠪᠠᠭ᠎ᠠ ᠪᠤᠰᠤ ᠬᠠᠷᠠᠭᠠᠯᠵᠠᠯ ᠲᠠᠢ ᠪᠠᠶᠢᠳᠠᠭ᠃ APP ᠶᠢᠨ ᠡᠵᠡᠩᠨᠡᠯᠲᠡ ᠶᠢᠨ ᠲᠠᠯ᠎ᠠ ᠳᠤ ᠠᠪᠴᠤ ᠬᠡᠯᠡᠪᠡᠯ᠂ ᠬᠡᠷᠡᠭᠯᠡᠭᠴᠢᠳ ᠵᠠᠯᠭᠠᠭ᠎ᠠ ᠪᠠᠷ ᠰᠠᠷ᠎ᠠ ᠪᠠᠷ ᠰᠦᠢᠳᠬᠡᠯ ᠲᠤᠰᠢᠶᠠᠬᠤ᠂ ᠵᠢᠯ ᠢᠶᠠᠷ ᠰᠦᠢᠳᠬᠡᠯ ᠲᠤᠰᠢᠶᠠᠬᠤ᠂ ᠠᠦ᠋ᠲ᠋ᠤᠲᠦ ᠦᠢᠯᠡᠴᠢᠯᠡᠭᠡ ᠶᠢ ᠰᠣᠩᠭᠤᠬᠤ ᠳᠤ ᠭᠦᠷᠪᠡᠯ᠂ ᠬᠡᠷᠡᠭᠯᠡᠭᠴᠢᠳ ᠤᠨ ᠠᠩᠬᠠᠷᠤᠯ ᠢ ᠤᠷᠲᠤ ᠬᠤᠭᠤᠴᠠᠭ᠎ᠠ ᠪᠠᠷ ᠲᠠᠲᠠᠬᠤ ᠪᠠᠷ ᠪᠠᠷᠠᠬᠤ ᠦᠭᠡᠢ ᠪᠠᠰᠠ ᠲᠣᠭᠲᠠᠪᠤᠷᠢᠲᠠᠢ ᠬᠡᠷᠡᠭᠯᠡᠭᠴᠢᠳ ᠪᠠ ᠣᠷᠣᠯᠭ᠎ᠠ ᠶᠢ ᠠᠪᠴᠢᠷᠠᠳᠠᠭ ᠪᠠᠶᠢᠨ᠎ᠠ᠃              ᠭᠡᠪᠡᠴᠦ ᠪᠣᠳᠠᠲᠤ ᠪᠠᠶᠢᠳᠠᠯ ᠤᠨ ᠳᠤᠮᠳᠠ᠂ ᠵᠠᠷᠢᠮ APP ᠡᠵᠡᠩᠨᠡᠭᠴᠢᠳ ᠠᠷᠭ᠎ᠠ ᠤᠬᠠᠭᠠᠨ ᠵᠠᠷᠤᠵᠤ᠂ ᠬᠡᠷᠡᠭᠯᠡᠭᠴᠢᠳ ᠲᠤ ᠠᠰᠢᠭ ᠦᠭᠡᠢ ᠮᠠᠰᠢ ᠣᠯᠠᠨ ᠵᠦᠢᠯ ᠵᠤᠷᠪᠤᠰ ᠪᠠ ᠮᠡᠬᠡᠯᠡᠯ ᠭᠠᠷᠭᠠᠵᠤ᠂ ᠨᠢᠭᠡ ᠯᠡ ᠤᠳᠠᠭ᠎ᠠ ᠶᠢᠨ ᠴᠢᠨᠠᠷᠲᠠᠢ ᠵᠠᠬᠢᠶᠠᠯᠠᠭ᠎ᠠ ᠶᠢ ᠣᠷᠳᠣ ᠬᠤᠭᠤᠴᠠᠭ᠎ᠠ ᠪᠠᠷ ᠦᠷᠭᠦᠯᠵᠢᠯᠡᠨ ᠰᠦᠢᠳᠬᠡᠯ ᠬᠤᠷᠢᠶᠠᠬᠤ᠂ ᠠᠶᠠᠨᠳᠠᠭᠠᠨ ᠰᠦᠢᠳᠬᠡᠯ ᠬᠠᠰᠤᠬᠤ ᠪᠣᠯᠭᠠᠨ ᠬᠤᠪᠢᠷᠠᠭᠤᠯᠵᠤ ᠪᠠᠶᠢᠨ᠎ᠠ᠃ ᠴᠢᠨᠠᠭᠰᠢᠯᠠᠪᠠᠯ ᠲᠤᠶᠢᠯ ᠤᠨ ᠬᠢᠮᠳᠠ ᠦᠨ᠎ᠡ ᠪᠤᠶᠤ ᠪᠤᠰᠤᠳ ᠬᠠᠷᠠᠭᠠᠯᠵᠠᠯ ᠢᠶᠠᠷ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠦᠢᠳᠬᠡᠯ ᠢ ᠦᠷᠭᠦᠯᠵᠢᠯᠡᠭᠦᠯᠬᠦ ᠠᠦ᠋ᠲ᠋ᠣ᠋ ᠴᠢᠳᠠᠮᠵᠢ ᠶᠢ ᠨᠢ ᠨᠡᠭᠡᠭᠡᠯᠭᠡᠵᠦ᠂ ᠵᠠᠷᠢᠮ ᠬᠡᠷᠡᠭᠯᠡᠭᠴᠢᠳ ᠢ ︽ᠤᠨᠠᠭᠤᠯᠢ︾ ᠳᠤ ᠣᠷᠣᠭᠤᠯᠳᠠᠭ᠃              APP ᠶᠢᠨ ᠡᠵᠡᠩᠨᠡᠭᠴᠢᠳ ᠤᠨ ᠡᠲᠡᠭᠡᠷ ᠠᠷᠭ᠎ᠠ ᠮᠡᠭᠡ ᠨᠢ ᠮᠡᠷᠭᠡᠵᠢᠯ ᠤᠨ ᠳᠠᠪᠠᠭᠤᠯᠢᠭ ᠢᠶᠠᠨ ᠳᠤᠷ᠎ᠠ ᠪᠠᠷ ᠢᠶᠠᠨ ᠬᠡᠷᠡᠭᠯᠡᠵᠦ ᠬᠡᠷᠡᠭᠯᠡᠭᠴᠢᠳ ᠤᠨ ᠵᠦᠢ ᠶᠣᠰᠣᠨ ᠤ ᠡᠷᠬᠡ ᠠᠰᠢᠭ ᠲᠤ ᠬᠠᠯᠳᠠᠭᠰᠠᠨ ᠰᠡᠵᠢᠭᠯᠡᠯ ᠲᠠᠢ᠃ 2021 ᠣᠨ ᠳᠤ ᠬᠡᠷᠡᠭᠵᠢᠭᠦᠯᠦᠭᠰᠡᠨ ᠰᠦᠯᠵᠢᠶᠡᠨ ᠤ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠ 2023 ᠣᠨ ᠤ 2 ᠰᠠᠷ᠎ᠠ ᠳᠤ ᠨᠡᠶᠢᠲᠡᠯᠡᠭᠰᠡᠨ ︽ᠰᠢᠯᠵᠢᠶ᠎ᠡ ᠢᠨᠲ᠋ᠧᠷ ᠰᠦᠯᠵᠢᠶᠡᠨ ᠤ ᠬᠡᠷᠡᠭᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠲᠤᠬᠠᠢ ᠮᠡᠳᠡᠭᠳᠡᠯ︾ ᠳᠤ᠂ ᠠᠦ᠋ᠲ᠋ᠦᠲᠦ ᠭᠡᠯᠪᠡᠷᠢ ᠶᠢᠨ ᠦᠷᠭᠦᠯᠵᠢᠯᠡᠨ ᠵᠠᠬᠢᠶᠠᠯᠠᠬᠤ᠂ ᠠᠦ᠋ᠲ᠋ᠦᠲᠦ ᠭᠡᠯᠪᠡᠷᠢ ᠶᠢᠨ ᠦᠷᠭᠦᠯᠵᠢᠯᠡᠨ ᠰᠦᠢᠳᠬᠡᠯ ᠲᠤᠰᠢᠶᠠᠬᠤ ᠠᠷᠭ᠎ᠠ ᠮᠠᠶ᠋ᠢᠭ ᠢᠶᠠᠷ ᠦᠢᠯᠡᠴᠢᠯᠡᠭᠡ ᠬᠠᠩᠭᠠᠬᠤ ᠳᠤ ᠬᠡᠷᠡᠭᠯᠡᠭᠴᠢ ᠶᠢᠨ ᠵᠥᠪᠰᠢᠶᠡᠷᠡᠯ ᠢ ᠣᠯᠬᠤ ᠬᠡᠷᠡᠭᠲᠡᠢ᠂ ᠠᠯᠪᠠᠳᠠᠯᠭ᠎ᠠ ᠪᠠᠷ ᠨᠡᠶᠢᠯᠡᠭᠦᠯᠦᠨ ᠨᠠᠪᠲᠠᠷᠡᠭᠦᠯᠵᠦ ᠪᠤᠯᠬᠤ ᠦᠭᠡᠢ᠃ ᠠᠦ᠋ᠲ᠋ᠦᠲᠦ ᠭᠡᠯᠪᠡᠷᠢ ᠶᠢᠨ ᠦᠷᠭᠦᠯᠵᠢᠯᠡᠨ ᠵᠠᠬᠢᠶᠠᠯᠠᠬᠤ᠂ ᠠᠦ᠋ᠲ᠋ᠦᠲᠦ ᠭᠡᠯᠪᠡᠷᠢ ᠶᠢᠨ ᠦᠷᠭᠦᠯᠵᠢᠯᠡᠨ ᠰᠦᠢᠳᠬᠡᠯ ᠲᠤᠰᠢᠶᠠᠬᠤ ᠠᠴᠠ 5 ᠡᠳᠦᠷ ᠤᠨ ᠡᠮᠦᠨ᠎ᠡ ᠣᠬᠤᠷ ᠴᠢᠮᠡᠭᠡ ᠪᠤᠶᠤ ᠮᠡᠳᠡᠭᠡ ᠬᠦᠷᠭᠡᠬᠦ ᠵᠡᠷᠭᠡ ᠢᠯᠡᠷᠬᠡᠢ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠰᠠᠨᠠᠭᠤᠯᠵᠤ᠂ ᠦᠢᠯᠡᠴᠢᠯᠡᠭᠡᠨ ᠤ ᠬᠤᠭᠤᠴᠠᠭᠠᠨ ᠳᠤ ᠵᠠᠬᠢᠶᠠᠯᠠᠭ᠎ᠠ ᠪᠠᠨ ᠴᠠᠭ ᠲᠤᠬᠠᠢ ᠳᠤᠨᠢ ᠪᠤᠴᠠᠭᠠᠬᠤ ᠳᠥᠭᠦᠮ ᠳᠥᠲᠡ ᠠᠷᠭ᠎ᠠ ᠮᠠᠶ᠋ᠢᠭ ᠪᠠ ᠠᠦ᠋ᠲ᠋ᠦᠲᠦ ᠭᠡᠯᠪᠡᠷᠢ ᠶᠢᠨ ᠦᠷᠭᠦᠯᠵᠢᠯᠡᠨ ᠰᠦᠢᠳᠬᠡᠯ ᠲᠤᠰᠢᠶᠠᠬᠤ᠂ ᠰᠦᠢᠳᠬᠡᠯ ᠲᠤᠰᠢᠶᠠᠬᠤ ᠦᠷᠭᠦᠯᠵᠢᠯᠡᠭᠰᠡᠨ ᠵᠠᠬᠢᠶᠠᠯᠠᠭ᠎ᠠ ᠪᠠᠨ ᠬᠦᠴᠦᠨ ᠦᠭᠡᠢ ᠪᠤᠯᠭᠠᠬᠤ ᠠᠷᠭ᠎ᠠ ᠵᠠᠮ ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃          
 
ᠢᠷᠡᠯᠲᠡ᠄ ᠬᠠᠤᠯᠢ ᠪᠠᠷ ᠵᠠᠰᠠᠬᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号