ᠬᠤᠭᠤᠯᠠ ᠤᠮᠳᠠ ᠶᠢᠨ ᠲᠠᠯᠠᠪᠤᠷ ᠲᠤ ᠭᠠᠯ ᠢ ᠬᠡᠷᠬᠢᠨ ᠰᠡᠷᠭᠡᠶᠢᠯᠡᠬᠦ ᠪᠤᠢ︖ 
ᠨᠡᠶᠢᠲᠡᠯᠡᠭᠰᠡᠨ ᠴᠠᠭ᠄
2024/12/31
             ᠬᠤᠭᠤᠯᠠᠨ ᠲᠢᠩᠬᠢᠮ ᠪᠣᠯᠣᠨ ᠭᠠᠯ ᠲᠣᠭᠤᠭᠠᠨ ᠤ ᠦᠷᠦᠭᠡ ᠶᠢ ᠵᠠᠭᠠᠭᠯᠠᠨ ᠰᠠᠯᠭᠠᠨ᠎ᠠ              ᠬᠡᠷᠪᠡ ᠲᠣᠭᠤᠭᠠᠨ ᠭᠡᠷ ᠲᠤ ᠭᠠᠯ ᠭᠠᠷᠪᠠᠯ᠂ ᠭᠠᠯ ᠢ ᠵᠣᠬᠢᠰᠲᠠᠢ ᠬᠤᠷᠢᠭᠯᠠᠬᠤ ᠦᠭᠡᠢ ᠪᠣᠯ ᠬᠤᠭᠤᠯᠠᠨ ᠲᠢᠩᠬᠢᠮ ᠳᠤ ᠭᠠᠯ ᠵᠣᠯᠭᠠᠵᠤ᠂ ᠬᠥᠮᠥᠨ ᠬᠠᠷ᠎ᠠ ᠠᠮᠠᠷᠬᠠᠨ ᠰᠢᠷᠬᠠᠲᠤᠵᠤ ᠡ᠊ᠡᠳᠡᠭᠦ ᠲᠦᠭᠰᠢᠭᠦᠷᠢ ᠲᠠᠢ᠂ ᠡᠶᠢᠮᠦ ᠠᠴᠠ ᠬᠤᠭᠤᠯᠠᠨ ᠲᠢᠩᠬᠢᠮ ᠪᠣᠯᠣᠨ ᠲᠣᠭᠤᠭᠠᠨ ᠭᠡᠷ ᠢ ᠭᠠᠯ ᠢ ᠰᠡᠷᠭᠡᠶᠢᠯᠡᠬᠦ ᠲᠠᠰᠤᠯᠤᠪᠴᠢ ᠪᠠᠷ ᠵᠠᠭᠠᠭᠯᠠᠨ ᠰᠠᠯᠭᠠᠪᠠᠯ ᠵᠣᠬᠢᠨ᠎ᠠ᠃              ᠭᠠᠯ ᠲᠣᠭᠤᠭᠠᠨ ᠤ ᠦᠷᠦᠭᠡ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠨ᠎ᠠ              ᠲᠣᠭᠤᠭᠠᠨ ᠭᠡᠷ ᠤᠨ ᠰᠢᠲᠠᠮᠠᠬᠠᠢ ᠬᠡᠢ ᠶᠢᠨ ᠬᠤᠭᠤᠯᠠᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠪᠠᠶᠢᠴᠠᠭᠠᠨ ᠬᠡᠮᠵᠢᠬᠦ ᠬᠡᠷᠡᠭᠲᠡᠢ᠃ ᠣᠨᠴᠠᠭᠠᠶᠢᠯᠠᠨ ᠰᠢᠲᠠᠮᠠᠬᠠᠢ ᠬᠡᠢ ᠶᠢᠨ ᠬᠤᠭᠤᠯᠠᠢ᠂ ᠬᠡᠮᠵᠢᠭᠦᠷᠯᠢᠭ ᠤᠨ ᠨᠡᠭᠡᠯᠡᠭᠡᠢ᠂ ᠵᠠᠯᠭᠠᠭᠠᠰᠤ ᠵᠡᠷᠭᠡ ᠶᠢ ᠦᠷᠭᠦᠯᠵᠢ ᠪᠠᠶᠢᠴᠠᠭᠠᠵᠤ᠂ ᠰᠢᠲᠠᠮᠠᠬᠠᠢ ᠬᠡᠢ ᠯᠡᠪᠡᠷᠡᠬᠦ ᠠᠴᠠ ᠰᠡᠷᠭᠡᠶᠢᠯᠡᠨ᠎ᠡ᠃              ᠢᠳᠡᠭᠡᠨ ᠤᠮᠳᠠᠭᠠᠨ ᠤ ᠲᠠᠯᠠᠪᠤᠷ ᠲᠤ ᠳᠤᠷ᠎ᠠ ᠪᠠᠷ ᠴᠠᠭᠢᠯᠭᠠᠨ ᠤᠲᠠᠰᠤ ᠲᠠᠲᠠᠵᠤ ᠪᠤᠯᠬᠤ ᠦᠭᠡᠢ              ᠬᠤᠭᠤᠯᠠ ᠤᠮᠳᠠ ᠶᠢᠨ ᠲᠠᠯᠠᠪᠤᠷ ᠲᠤ ᠬᠡᠷᠡᠭᠯᠡᠬᠦ ᠴᠠᠭᠢᠯᠭᠠᠨ ᠤᠲᠠᠰᠤ ᠪᠠ ᠴᠠᠭᠢᠯᠭᠠᠨ ᠲᠥᠬᠦᠭᠡᠷᠦᠮᠵᠢ ᠶᠢ ᠴᠥᠮ ᠴᠠᠭᠢᠯᠭᠠᠨ ᠬᠦᠴᠦᠨ ᠤ ᠠᠵᠢᠯᠴᠢᠨ ᠢᠶᠠᠷ ᠤᠭᠰᠠᠷᠠᠭᠤᠯᠬᠤ ᠬᠡᠷᠡᠭᠲᠡᠢ᠃ ᠬᠡᠷᠪᠡ ᠴᠠᠭᠢᠯᠭᠠᠨ ᠤᠲᠠᠰᠤ ᠬᠠᠭᠤᠴᠢᠷᠠᠬᠤ᠂ ᠢᠯᠠ ᠭᠠᠷᠬᠤ ᠵᠡᠷᠭᠡ ᠠᠰᠠᠭᠤᠳᠠᠯ ᠣᠷᠣᠰᠢᠵᠤ ᠪᠠᠶᠢᠪᠠᠯ᠂ ᠴᠠᠭ ᠲᠤᠬᠠᠢ ᠳᠤᠨᠢ ᠰᠡᠯᠪᠢᠨ ᠵᠠᠰᠠᠨ᠎ᠠ᠃              ᠠᠮᠤᠷ ᠲᠦᠪᠰᠢᠨ ᠤ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠦᠨ᠎ᠡ              ᠬᠤᠭᠤᠯᠠ ᠤᠮᠳᠠ ᠶᠢᠨ ᠲᠠᠯᠠᠪᠤᠷ ᠤᠨ ᠡᠵᠡᠩᠨᠡᠭᠴᠢ ᠠᠴᠠ ᠠᠵᠢᠯᠲᠠᠳ ᠢᠶᠠᠨ ᠵᠣᠬᠢᠶᠠᠨ ᠪᠠᠶᠢᠭᠤᠯᠤᠨ ᠭᠠᠯ ᠤᠨ ᠠᠶᠤᠯ ᠠᠴᠠ ᠰᠡᠷᠭᠡᠶᠢᠯᠡᠬᠦ ᠬᠥᠮᠦᠵᠢᠯ ᠢ ᠪᠠᠶᠢᠩᠭᠤ ᠥᠷᠨᠢᠭᠦᠯᠬᠦ ᠶᠢᠨ ᠬᠠᠮᠲᠤ᠂ ᠠᠶᠤᠯ ᠦᠭᠡᠢ ᠪᠠᠷ ᠭᠠᠯ ᠢ ᠬᠡᠷᠡᠭᠯᠡᠬᠦ᠂ ᠴᠠᠭᠢᠯᠭᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ᠂ ᠲᠣᠰᠣ ᠬᠡᠷᠡᠭᠯᠡᠬᠦ ᠬᠠᠮᠢᠶᠠᠷᠤᠯᠲᠠ ᠶᠢᠨ ᠳᠦᠷᠢᠮ᠂ ᠠᠵᠢᠯᠯᠠᠭᠤᠯᠬᠤ ᠠᠷᠭ᠎ᠠ ᠳᠦᠷᠢᠮ ᠢ ᠲᠣᠭᠲᠠᠭᠠᠨ᠎ᠠ᠃              ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢ ᠪᠦᠷᠢᠨ ᠲᠡᠭᠦᠯᠳᠡᠷ ᠪᠠᠶᠢᠯᠭᠠᠨ᠎ᠠ              ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢ ᠪᠦᠷᠢᠨᠰᠢᠭᠦᠯᠵᠦ᠂ ᠲᠦᠭᠰᠢᠭᠦᠷᠢ ᠶᠢ ᠤᠷᠢᠳᠴᠢᠯᠠᠨ ᠮᠡᠳᠡᠭᠡᠯᠡᠬᠦ ᠲᠥᠬᠦᠭᠡᠷᠦᠮᠵᠢ ᠶᠢ ᠭᠦᠢᠴᠡᠳ ᠲᠣᠬᠢᠷᠠᠭᠤᠯᠬᠤ ᠬᠡᠷᠡᠭᠲᠡᠢ᠃ ᠰᠢᠲᠠᠮᠠᠬᠠᠢ ᠬᠡᠢ ᠶᠢᠨ ᠬᠤᠭᠤᠯᠠᠢ ᠳᠡᠭᠡᠷ᠎ᠡ ᠠᠦ᠋ᠲ᠋ᠣ᠋ ᠭᠠᠯ ᠤᠨᠲᠠᠷᠠᠭᠠᠬᠤ ᠲᠥᠬᠦᠭᠡᠷᠦᠮᠵᠢ ᠶᠢ ᠳᠠᠭᠠᠷᠠᠭᠤᠯᠣᠨ᠎ᠠ᠃              ᠠᠶᠤᠯ ᠠᠴᠠ ᠵᠠᠶᠢᠯᠠᠬᠤ ᠠᠮᠤᠷ ᠲᠦᠪᠰᠢᠨ ᠤ ᠵᠠᠮ ᠢ ᠰᠠᠭᠠᠳ ᠦᠭᠡᠢ ᠨᠡᠪᠲᠡᠷᠡᠭᠦᠯᠦᠨ᠎ᠡ              ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠠᠮᠤᠷ ᠲᠦᠪᠰᠢᠨ ᠤ ᠵᠠᠮ ᠳᠤ ᠭᠠᠯ ᠤᠨᠲᠠᠷᠠᠭᠠᠬᠤ ᠵᠢᠭᠠᠯᠲᠠ ᠲᠡᠮᠳᠡᠭ ᠪᠣᠯᠣᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠳ᠋ᠧᠩ ᠳᠠᠭᠠᠷᠠᠭᠤᠯᠣᠨ᠂ ᠡᠳ᠋ ᠪᠠᠷᠠᠭ᠎ᠠ᠂ ᠡᠯᠳᠡᠪ ᠶᠠᠭᠤᠮ᠎ᠠ ᠣᠪᠣᠭᠠᠯᠠᠵᠤ᠂ ᠠᠮᠤᠷ ᠲᠦᠪᠰᠢᠨ ᠤ ᠵᠠᠮ ᠢ ᠪᠥᠭᠯᠡᠨ ᠬᠠᠷᠰᠢᠯᠠᠵᠤ ᠪᠤᠯᠬᠤ ᠦᠭᠡᠢ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号