ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠥᠰᠴᠡᠢ - | ᠮᠠᠰᠢᠨ ᠲᠡᠷᠭᠡ ᠬᠤᠳᠠᠯᠳᠤᠨ ᠠᠪᠬᠤ ᠳᠠᠭᠠᠨ ᠶᠠᠭᠤ ᠶᠢ ᠠᠩᠬᠠᠷᠪᠠᠯ ᠵᠣᠬᠢᠬᠤ ᠪᠤᠢ | ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠬᠠᠮᠤᠭ ᠤᠨ ᠰᠢᠨ᠎ᠡ | ᠲᠤᠭ᠎ᠠ ᠪᠦᠷᠢᠳᠬᠡᠯ ᠠᠴᠠ ᠦᠵᠡᠪᠡᠯ᠂ ᠡᠨᠡ ᠵᠢᠯ ᠤᠨ 7 ᠰᠠᠷ᠎ᠠ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠠᠷ᠎ᠠ ᠶᠢᠨ | ᠪᠣᠷᠤᠯᠠᠭᠤᠯᠭ᠎ᠠ ᠶᠢᠨ ᠬᠡᠮᠵᠢᠶ᠎ᠡ 53.5% ᠶᠢ ᠡᠵᠡᠯᠡᠵᠦ᠂ ᠠᠩᠬ᠎ᠠ ᠤᠳᠠᠭ᠎ᠠ ᠲᠣᠰᠣ ᠰᠢᠲᠠᠭᠠᠯᠭ᠎ᠠ ᠶᠢᠨ ᠮᠠᠰᠢᠨ | ᠲᠡᠷᠭᠡᠨ ᠠᠴᠠ ᠳᠠᠪᠠᠵᠠᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠠᠪᠤᠬᠤ ᠲᠤᠰᠤᠮ ᠥᠷᠭᠡᠳᠴᠦ᠂ | ᠪᠦᠷᠭᠦᠵᠢᠯᠲᠡ ᠶᠢᠨ ᠨᠣᠷᠮ᠎ᠠ ᠨᠢ ᠦᠷᠭᠦᠯᠵᠢᠯᠡᠨ ᠳᠡᠭᠡᠭᠰᠢᠯᠡᠭᠰᠡᠨ ᠪᠤᠯᠪᠠᠴᠤ ᠮᠥᠨ ᠬᠦ᠄ ︽ᠦᠨ᠎ᠡ ᠨᠢ ᠥᠨᠳᠥᠷ ᠪᠠᠶᠢᠨ᠎ᠠ | ᠭᠡᠬᠦ ᠬᠡᠷᠡᠭᠯᠡᠭᠴᠢ ᠶᠢᠨ ᠲᠤᠰᠬᠠᠯ᠂ ᠪᠡᠨ᠎ᠡ ᠪᠠᠨ ᠠᠯᠳᠠᠵᠤ ᠪᠠᠶᠢᠨ᠎ᠠ ᠭᠡᠬᠦ ᠠᠵᠤ ᠠᠬᠤᠶᠢᠯᠠᠯ ᠤᠨ ᠦᠭᠡ︾ ᠨᠢ ᠵᠣᠬᠢᠬᠤ | ᠬᠡᠮᠵᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠳᠤ ᠬᠠᠷᠰᠢ ᠰᠠᠭᠠᠳ ᠪᠣᠯᠵᠤ | ᠪᠤᠢ᠃ | ᠵᠠᠯᠭᠠᠯᠳᠤᠭ᠎ᠠ ᠪᠠᠷ ᠳᠠᠭᠠᠳᠬᠠᠯ ᠢᠶᠠᠨ ᠬᠡᠷᠡᠭᠯᠡᠬᠦ ᠦᠭᠡᠢ ᠪᠣᠯ ᠮᠠᠰᠢᠨ ᠲᠡᠷᠭᠡᠨ ᠤ ᠳᠠᠭᠠᠳᠬᠠᠯ ᠤᠨ | ᠦᠷᠭᠦᠯᠵᠢᠯᠡᠨ ᠲᠤᠰᠢᠶᠠᠬᠤ ᠦᠨ᠎ᠡ ᠬᠠᠩᠰᠢ ᠨᠢ ᠪᠠᠭᠤᠷᠠᠳᠠᠭ ᠭᠡᠳᠡᠭ ᠪᠣᠯ ᠬᠥᠮᠥᠰ ᠤᠨ ᠮᠡᠳᠡᠳᠡᠭ ᠮᠠᠰᠢᠨ ᠲᠡᠷᠭᠡᠨ ᠤ ᠶᠡᠷᠦ | ᠶᠢᠨ ᠲᠠᠨᠢᠯᠲᠠ ᠭᠡᠵᠦ ᠬᠡᠯᠡᠵᠦ ᠪᠣᠯᠣᠨ᠎ᠠ᠃ ᠭᠡᠪᠡᠴᠦ ᠵᠠᠷᠢᠮ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ | ᠦᠷᠭᠦᠯᠵᠢᠯᠡᠨ ᠲᠤᠰᠢᠶᠠᠬᠤ ᠦᠨ᠎ᠡ ᠨᠢ ᠥᠰᠦᠭᠰᠡᠨ ᠬᠡᠷᠡᠭ ᠤᠨ ᠵᠢᠱᠢᠶ᠎ᠡ ᠨᠢ ᠡᠨᠡ ᠬᠦ ᠲᠠᠨᠢᠯᠲᠠ ᠶᠢ ᠡᠪᠳᠡᠵᠡᠢ᠃ | ᠣᠶᠢᠷ᠎ᠠ ᠳᠤ ᠨᠢᠭᠡᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠤ ᠬᠡᠯᠡᠬᠦ ᠪᠠᠷ ᠳᠠᠭᠠᠳᠬᠠᠯ ᠬᠡᠷᠡᠭᠯᠡᠭᠰᠡᠨ ᠦᠭᠡᠢ | ᠪᠠᠶᠢᠳᠠᠯ ᠳᠣᠣᠷ᠎ᠠ᠂ ᠬᠤᠶᠠᠳᠤᠭᠠᠷ ᠵᠢᠯ᠂ ᠭᠤᠷᠪᠠᠳᠤᠭᠠᠷ ᠵᠢᠯ ᠳᠤ ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠦᠶᠡᠰ᠂ | ᠰᠠᠨᠠᠭᠠᠨ ᠠᠴᠠ ᠭᠠᠳᠠᠭᠤᠷ ᠳᠠᠭᠠᠳᠬᠠᠯ ᠤᠨ ᠺᠤᠮᠫᠠᠨᠢ ᠶᠢᠨ ᠮᠡᠳᠡᠭᠦᠯᠦᠭᠰᠡᠨ ᠦᠨ᠎ᠡ ᠨᠢ ᠥᠰᠴᠦ᠂ ᠬᠡᠳᠦᠨ ᠵᠠᠭᠤᠨ | ᠲᠥᠭᠦᠷᠢᠭ ᠠᠴᠠ ᠮᠢᠩᠭᠠᠨ ᠲᠥᠭᠦᠷᠢᠭ ᠪᠤᠯᠲᠠᠯ᠎ᠠ ᠥᠰᠦᠭᠰᠡᠨ ᠭᠡᠵᠡᠢ᠃ | ᠰᠠᠨᠠᠭᠠᠨ ᠠᠴᠠ ᠭᠠᠳᠠᠭᠤᠷ ᠦᠨ᠎ᠡ ᠨᠢ ᠥᠰᠪᠡ | ᠣᠶᠢᠷ᠎ᠠ ᠳᠤ᠂ ᠵᠠᠷᠢᠮ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠠᠴᠠ ᠲᠦᠷᠦᠭᠦᠸ ᠨᠢᠭᠡ ᠵᠢᠯ ᠳᠤ | ᠳᠠᠭᠠᠳᠬᠠᠯ ᠬᠡᠷᠡᠭᠯᠡᠭᠰᠡᠨ ᠦᠭᠡᠢ ᠪᠤᠯᠪᠠᠴᠤ ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠭᠡᠲᠡᠯ᠎ᠡ ᠳᠠᠭᠠᠳᠬᠠᠯ ᠤᠨ ᠦᠨ᠎ᠡ | ᠨᠢ ᠬᠡᠳᠦᠨ ᠵᠠᠭᠤ ᠭᠠᠷᠤᠢ ᠴᠢᠨᠠᠭᠰᠢᠯᠠᠭᠠᠳ ᠮᠢᠩᠭᠠᠨ ᠲᠥᠭᠦᠷᠢᠭ ᠭᠦᠷᠲᠡᠯ᠎ᠡ ᠥᠰᠦᠭᠰᠡᠨ ᠭᠡᠵᠡᠢ᠃ | ︽ᠨᠠᠳᠠ ᠳᠤ ᠦᠨ᠎ᠡ ᠮᠡᠳᠡᠭᠦᠯᠦᠭᠰᠡᠨ ᠭᠤᠷᠪᠠᠨ ᠺᠤᠮᠫᠠᠨᠢ ᠶᠢᠨ ᠬᠤᠶᠠᠷ ᠨᠢ ᠲᠣᠮᠣ ᠳᠠᠭᠠᠳᠬᠠᠯ ᠤᠨ ᠺᠤᠮᠫᠠᠨᠢ | ᠪᠠᠶᠢᠵᠤ᠂ ᠨᠢᠭᠡ ᠨᠢ 6900 ᠲᠥᠭᠦᠷᠢᠭ᠂ ᠨᠥᠭᠦᠭᠡ ᠨᠢ 7700 ᠲᠥᠭᠦᠷᠢᠭ ᠭᠡᠵᠡᠢ;ᠪᠠᠭ᠎ᠠ ᠰᠢᠭ᠋ ᠳᠠᠭᠠᠳᠬᠠᠯ ᠤᠨ | ᠺᠤᠮᠫᠠᠨᠢ ᠶᠢᠨ ᠮᠡᠳᠡᠭᠦᠯᠦᠭᠰᠡᠨ ᠦᠨ᠎ᠡ ᠨᠢ ᠴᠦ 7000 ᠭᠠᠷᠤᠢ ᠲᠥᠭᠦᠷᠢᠭ ᠪᠠᠶᠢᠵᠤ᠂ 900 ᠲᠥᠭᠦᠷᠢᠭ ᠤᠨ ᠪᠡᠯᠡᠨ | ᠵᠣᠭᠤᠰ ᠪᠤᠴᠠᠭᠠᠨ᠎ᠠ ᠭᠡᠵᠡᠢ᠂ ᠭᠡᠪᠡᠴᠦ ᠥᠩᠭᠡᠷᠡᠭᠰᠡᠨ ᠤ ᠬᠢ ᠲᠠᠢ ᠬᠠᠷᠢᠴᠠᠭᠤᠯᠪᠠᠯ ᠪᠠᠭ᠎ᠠ ᠪᠤᠰᠤ ᠥᠰᠴᠡᠢ︾ ᠭᠡᠵᠦ | ᠵᠢᠶᠠᠩᠰᠤ ᠮᠤᠵᠢ ᠶᠢᠨ ᠶᠠᠨ ᠴᠧᠩ ᠤᠨ ᠲᠧᠰᠯᠠ ᠮᠠᠰᠢᠨ ᠲᠠᠢ ᠬᠤᠸᠠᠩ ᠠᠪᠤᠭᠠᠢ ᠳᠠᠭᠠᠳᠬᠠᠯ ᠬᠡᠷᠡᠭᠯᠡᠭᠰᠡᠨ ᠦᠭᠡᠢ ᠪᠠᠶᠢᠭᠠᠳ | ᠦᠷᠭᠦᠯᠵᠢᠯᠡᠨ ᠲᠤᠰᠢᠶᠠᠬᠤ ᠦᠨ᠎ᠡ ᠨᠢ ᠶᠠᠭᠠᠬᠢᠭᠠᠳ ᠨᠡᠩ ᠦᠨᠡᠲᠡᠢ ᠪᠣᠯᠤᠭᠰᠠᠨ ᠲᠤᠬᠠᠢ ᠪᠤᠳᠤᠯᠢᠵᠤ ᠶᠠᠷᠢᠨ᠎ᠠ᠃ | ︽ᠨᠢᠭᠡᠳᠦᠭᠡᠷ ᠵᠢᠯ ᠳᠤ 6900 ᠲᠥᠭᠦᠷᠢᠭ ᠤᠨ ᠳᠠᠭᠠᠳᠬᠠᠯ ᠲᠤᠰᠢᠶᠠᠵᠤ᠂ ᠬᠤᠶᠠᠳᠤᠭᠠᠷ ᠵᠢᠯ ᠳᠤ ᠪᠠᠷᠤᠭ | 7200 ᠲᠥᠭᠦᠷᠢᠭ ᠤᠨ ᠳᠠᠭᠠᠳᠬᠠᠯ ᠲᠤᠰᠢᠶᠠᠵᠠᠢ᠂ ᠪᠦᠭᠦ ᠵᠢᠯ ᠤᠨ ᠲᠤᠷᠰᠢ ᠳᠠᠭᠠᠳᠬᠠᠯ ᠬᠡᠷᠡᠭᠯᠡᠭᠰᠡᠨ ᠦᠭᠡᠢ᠂ ᠮᠠᠰᠢᠨ | ᠲᠡᠷᠭᠡ ᠬᠤᠳᠠᠯᠳᠤᠨ ᠠᠪᠴᠤ ᠳᠡᠶᠢᠯᠪᠡᠴᠦ ᠲᠡᠵᠢᠭᠡᠵᠦ ᠳᠡᠶᠢᠯᠭᠦ ᠦᠭᠡᠢ ᠪᠠᠶᠢᠨ᠎ᠠ︕︾ ᠭᠡᠵᠦ ᠰᠧᠴᠦᠸᠠᠨ ᠮᠤᠵᠢ ᠶᠢᠨ | ᠴᠧᠩᠳᠦ᠋ ᠶᠢᠨ ᠨᠢᠭᠡᠨ ᠯᠢ ᠰᠢᠶᠠᠩ ᠲᠡᠮᠳᠡᠭᠲᠦ ᠮᠠᠰᠢᠨ ᠲᠡᠷᠭᠡᠨ ᠤ ᠡᠵᠡᠨ ᠰᠠᠨᠠᠭ᠎ᠠ ᠠᠯᠳᠠᠵᠤ ᠶᠠᠷᠢᠯ᠎ᠠ᠃ ᠱᠠᠩᠬᠠᠢ ᠶᠢᠨ | ᠨᠢᠭᠡᠨ ᠪᠢ ᠶᠠ ᠳ᠋ᠢ ᠮᠠᠰᠢᠨ ᠲᠡᠷᠭᠡᠨ ᠤ ᠡᠵᠡᠨ ᠠᠩᠬᠠᠨ ᠤ ᠳᠠᠭᠠᠳᠬᠠᠯ ᠳᠤ 5000 ᠭᠠᠷᠤᠢ ᠲᠥᠭᠦᠷᠢᠭ ᠲᠤᠰᠢᠶᠠᠵᠤ᠂ | ᠳᠠᠷᠠᠭ᠎ᠠ ᠵᠢᠯ ᠤᠨ ᠲᠤᠰᠢᠶᠠᠬᠤ ᠳᠠᠭᠠᠳᠬᠠᠯ ᠤᠨ ᠮᠡᠳᠡᠭᠦᠯᠦᠭᠰᠡᠨ ᠦᠨ᠎ᠡ ᠨᠢ 1000 ᠭᠠᠷᠤᠢ ᠲᠥᠭᠦᠷᠢᠭ ᠥᠰᠪᠡ ᠭᠡᠵᠡᠢ᠃ | ᠬᠤᠪᠧᠢ ᠮᠤᠵᠢ ᠶᠢᠨ ᠦᠬᠠᠨ ᠤ ᠨᠢᠭᠡᠨ ᠸᠧᠢ ᠯᠠᠢ ᠮᠠᠰᠢᠨ ᠲᠡᠷᠭᠡᠨ ᠤ ᠡᠵᠡᠨ᠄ ︽ᠲᠡᠷᠭᠡᠨ ᠤ ᠳᠠᠭᠠᠳᠬᠠᠯ 8 ᠰᠠᠷ᠎ᠠ ᠶᠢᠨ | 22 ᠲᠤ ᠲᠤᠯᠤᠭᠰᠠᠨ᠂ ᠳᠡᠭᠡᠷ᠎ᠡ ᠰᠠᠷ᠎ᠠ ᠶᠢᠨ ᠮᠡᠳᠡᠭᠦᠯᠦᠭᠰᠡᠨ ᠦᠨ᠎ᠡ ᠨᠢ 5000 ᠲᠥᠭᠦᠷᠢᠭ ᠣᠷᠴᠢᠮ᠂ ᠬᠤᠳᠠᠯᠳᠤᠵᠤ | ᠠᠪᠤᠭᠰᠠᠨ ᠦᠭᠡᠢ᠂ ᠲᠡᠭᠡᠲᠡᠯ᠎ᠡ ᠡᠨᠡ ᠰᠠᠷ᠎ᠠ ᠶᠢᠨ ᠮᠡᠳᠡᠭᠦᠯᠦᠭᠰᠡᠨ ᠦᠨ᠎ᠡ ᠨᠢ ᠰᠢᠭᠤᠳ 6900 ᠲᠥᠭᠦᠷᠢᠭ ᠪᠤᠯᠲᠠᠯ᠎ᠠ | ᠥᠰᠴᠡᠢ᠂ ᠡᠨᠡ ᠰᠠᠷ᠎ᠠ ᠶᠢᠨ ᠮᠡᠳᠡᠭᠦᠯᠦᠭᠰᠡᠨ ᠦᠨ᠎ᠡ ᠨᠢ ᠦᠨᠡᠬᠡᠷ ᠰᠠᠨᠠᠭ᠎ᠠ ᠵᠡᠭᠦᠳᠦᠨ ᠳᠤ ᠣᠷᠣᠮᠠᠷ ᠦᠭᠡᠢ ᠶᠤᠮ︾ ᠭᠡᠪᠡ᠃ | | ᠰᠦᠯᠵᠢᠶ᠎ᠡ ᠪᠠᠷ ᠴᠦ ᠬᠥᠮᠥᠰ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠬᠠᠮᠢᠶᠠᠲᠠᠢ | ᠪᠢᠴᠢᠭᠡᠰᠦ ᠶᠢᠨ ᠳᠣᠲᠣᠷᠠᠬᠢ ᠤᠯᠠᠩᠭᠢ ᠨᠢ ᠳᠠᠭᠠᠳᠬᠠᠯ ᠦᠨᠡᠲᠡᠢ ᠪᠠᠶᠢᠬᠤ᠂ ᠦᠷᠭᠦᠯᠵᠢᠯᠡᠨ ᠲᠥᠯᠥᠬᠦ ᠦᠨ᠎ᠡ ᠨᠢ | ᠥᠰᠦᠭᠰᠡᠨ ᠵᠡᠷᠭᠡ ᠠᠰᠠᠭᠤᠳᠠᠯ ᠢ ᠶᠠᠷᠢᠯᠴᠠᠵᠤ ᠪᠤᠢ᠃ ︽ᠮᠢᠨᠤ ᠰᠢᠨ᠎ᠡ ᠡᠨᠧᠷᠭᠢ ᠶᠢᠨ ᠮᠠᠰᠢᠨ ᠲᠡᠷᠭᠡ ᠠᠪᠬᠤ ᠭᠡᠰᠡᠨ | ᠰᠡᠳᠬᠢᠯ ᠢ ᠳᠠᠬᠢᠨᠲᠠ ᠬᠥᠷᠥᠭᠡᠪᠡ︾ ᠭᠡᠰᠡᠨ ᠪᠢᠴᠢᠭᠡᠰᠦ ᠴᠦ ᠬᠠᠷᠠᠭᠳᠠᠵᠤ ᠪᠠᠶᠢᠯ᠎ᠠ᠃ | ᠵᠠᠷᠢᠮ ᠬᠠᠭᠤᠴᠢᠨ ᠵᠢᠯᠣᠭᠤᠴᠢ ᠨᠠᠷ ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠦᠶᠡᠰ ︽ᠵᠠᠯᠢᠬᠠᠢ | ᠪᠣᠷᠣᠯᠠᠭᠤᠯᠤᠭᠴᠢ︾ ᠲᠠᠢ ᠲᠠᠭᠠᠷᠠᠯᠳᠤᠬᠤ ᠠᠴᠠ ᠰᠡᠷᠭᠡᠶᠢᠯᠡᠵᠦ ᠠᠷᠭ᠎ᠠ ᠪᠤᠰᠤ ᠨᠠᠷᠢᠨ ᠨᠢᠮᠪᠠᠢ ︽ᠬᠠᠰᠤᠬᠤ ᠠᠷᠭ᠎ᠠ︾ ᠶᠢ | ᠪᠤᠳᠤᠵᠤ ᠪᠣᠯᠪᠠᠰᠤᠷᠠᠭᠤᠯᠵᠠᠢ᠃ ᠪᠡᠭᠡᠵᠢᠩ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠶᠠᠨ ᠠᠪᠤᠭᠠᠢ | ᠰᠤᠷᠪᠤᠯᠵᠢᠯᠠᠬᠴᠢ ᠳᠤ᠄ ︽ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ | ᠬᠦᠴᠦᠨ ᠠᠴᠠ ᠪᠣᠯᠵᠤ ᠴᠤᠯ ᠴᠠᠭᠢᠯᠭᠠᠨ ᠮᠠᠰᠢᠨ ᠲᠡᠷᠭᠡ ᠶᠢ ᠰᠣᠩᠭᠤᠭᠰᠠᠨ ᠪᠣᠯᠬᠤᠷ 30 ᠲᠦᠮᠡᠨ ᠲᠥᠭᠦᠷᠢᠭ ᠤᠨ ᠮᠠᠰᠢᠨ | ᠲᠡᠷᠭᠡᠨ ᠤ ᠨᠢᠭᠡᠳᠦᠭᠡᠷ ᠵᠢᠯ ᠤᠨ ᠳᠠᠭᠠᠳᠬᠠᠯ ᠨᠢ 7000 ᠲᠥᠭᠦᠷᠢᠭ ᠣᠷᠴᠢᠮ ᠪᠠᠶᠢᠪᠠ᠂ ᠡᠭᠦᠨ ᠢ ᠰᠠᠨᠠᠭᠠᠨ ᠳᠠᠭᠠᠨ | ᠠᠪᠤᠭᠰᠠᠨ ᠦᠭᠡᠢ᠂ ᠬᠡᠳᠦᠨ ᠵᠢᠯ ᠪᠠᠷᠢᠪᠠᠯ ᠵᠠᠯᠭᠠᠭ᠎ᠠ ᠪᠠᠷ ᠪᠠᠭᠤᠷᠠᠨ᠎ᠠ ᠭᠡᠵᠦ ᠪᠤᠳᠤᠬᠰᠠᠨ ᠨᠢ ᠪᠤᠷᠤᠭᠤᠳᠠᠵᠤ᠂ ᠬᠤᠶᠠᠷ | ᠭᠤᠷᠪᠠᠨ ᠵᠢᠯ ᠳᠠᠭᠠᠳᠬᠠᠯ ᠢᠶᠠᠨ ᠦᠷᠭᠦᠯᠵᠢᠯᠡᠨ ᠲᠤᠰᠢᠶᠠᠭᠰᠠᠨ ᠴᠦ ᠬᠢᠮᠳᠠ ᠪᠢᠰᠢ᠂ ᠬᠠᠷᠢᠨ ᠤᠯᠠᠮ ᠥᠰᠦᠨ᠎ᠡ ᠭᠡᠵᠦ | ᠪᠤᠳᠤᠵᠤ ᠣᠯᠣᠭᠰᠠᠨ ᠦᠭᠡᠢ᠃ ᠡᠨᠡ ᠵᠢᠯ ᠲᠡᠷᠭᠡᠨ ᠤ ᠬᠤᠬᠢᠷᠠᠯ ᠤᠨ ᠳᠠᠭᠠᠳᠬᠠᠯ ᠢ ᠠᠪᠤᠭᠰᠠᠨ ᠦᠭᠡᠢ᠂ ᠰᠦᠢᠳᠬᠡᠯ ᠤᠨ | ᠶᠡᠭᠡ ᠬᠠᠭᠠᠰ ᠢ ᠨᠢ ᠪᠠᠭᠤᠷᠠᠭᠤᠯᠵᠠᠢ᠃ ᠠᠷᠭ᠎ᠠ ᠤᠬᠠᠭᠠᠨ ᠶᠡᠬᠡᠲᠡᠢ ᠳᠡᠭᠡᠨ ᠪᠢᠰᠢ᠂ ᠬᠠᠷᠢᠨ ᠠᠷᠭ᠎ᠠ ᠪᠠᠨ ᠪᠠᠷᠠᠭᠠᠳ | ᠢᠩᠭᠢᠯ᠎ᠡ᠂ ᠵᠠᠷᠢᠮ ᠨᠠᠶᠢᠵᠠ ᠲᠠᠨᠢᠯ ᠮᠠᠨᠢ ᠴᠦ ᠲᠡᠷᠭᠡᠨ ᠤ ᠬᠤᠬᠢᠷᠠᠯ ᠤᠨ ᠳᠠᠭᠠᠳᠬᠠᠯ ᠢᠶᠠᠨ ᠬᠠᠰᠤᠵᠤ ᠬᠠᠶᠠᠭᠰᠠᠨ︾ ᠭᠡᠵᠡᠢ᠃ | | | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠵᠠᠷᠤᠳᠠᠯ ᠳᠤ ᠣᠯᠠᠩᠬᠢ ᠨᠢ ᠮᠠᠰᠢᠨ ᠲᠡᠷᠭᠡᠨ ᠤ | ᠬᠤᠬᠢᠷᠠᠯ ᠤᠨ ᠳᠠᠭᠠᠳᠬᠠᠯ ᠪᠠᠶᠢᠵᠤ᠂ ᠪᠦᠭᠦᠶᠢᠯᠡ ᠳᠠᠭᠠᠳᠬᠠᠯ ᠤᠨ ᠵᠠᠷᠤᠳᠠᠯ ᠤᠨ ᠵᠢᠷᠭᠤᠭᠠᠨ ᠬᠤᠪᠢ ᠶᠢ ᠡᠵᠡᠯᠡᠵᠦ ᠪᠤᠢ᠃ | ᠡᠭᠦᠨ ᠠᠴᠠ ᠭᠠᠳᠠᠨ᠎ᠠ᠂ ᠭᠤᠷᠪᠠᠳᠤᠭᠠᠷ ᠡᠲᠡᠭᠡᠳ ᠤᠨ ᠳᠠᠭᠠᠳᠬᠠᠯ ᠵᠢᠴᠢ ᠰᠠᠭᠤᠳᠠᠯ ᠤᠨ ᠳᠠᠭᠠᠳᠬᠠᠯ ᠨᠢ ᠴᠦ ᠴᠢᠬᠤᠯᠠ | ᠪᠦᠷᠢᠯᠳᠦᠭᠦᠨ ᠬᠡᠰᠡᠭ ᠪᠣᠯᠣᠨ᠎ᠠ᠃ ᠦᠯᠡᠳᠡᠭᠰᠡᠨ ᠨᠢ ᠵᠠᠷᠢᠮ ᠨᠡᠮᠡᠯᠲᠡ ᠳᠠᠭᠠᠳᠬᠠᠯ ᠪᠣᠯᠣᠨ᠎ᠠ᠃ ᠲᠡᠷᠭᠡᠨ ᠤ ᠬᠤᠬᠢᠷᠠᠯ ᠤᠨ | ᠳᠠᠭᠠᠳᠬᠠᠯ ᠤᠨ ᠵᠠᠷᠤᠳᠠᠯ ᠨᠡᠮᠡᠭᠳᠡᠵᠦ᠂ ᠭᠤᠷᠪᠠᠳᠤᠭᠠᠷ ᠡᠲᠡᠭᠡᠳ ᠤᠨ ᠳᠠᠭᠠᠳᠬᠠᠯ᠂ ᠰᠠᠭᠤᠳᠠᠯ ᠤᠨ ᠳᠠᠭᠠᠳᠬᠠᠯ ᠵᠡᠷᠭᠡ ᠶᠢ | ᠨᠡᠮᠡᠭᠰᠡᠨ ᠠᠴᠠ ᠦᠷᠭᠦᠯᠵᠢᠯᠡᠨ ᠲᠤᠰᠢᠶᠠᠬᠤ ᠳᠠᠭᠠᠳᠬᠠᠯ ᠤᠨ ᠦᠨ᠎ᠡ ᠥᠰᠦᠭᠰᠡᠨ ᠭᠤᠣᠯ ᠰᠢᠯᠲᠠᠭᠠᠨ ᠪᠣᠯᠵᠠᠢ᠃ | ᠨᠢᠭᠡ ᠨᠢ ᠦᠨᠡᠲᠡᠢ ᠭᠡᠪᠡᠯ ᠨᠦᠭᠦᠭᠡ ᠨᠢ ᠠᠯᠳᠠᠭᠳᠠᠯ ᠲᠠᠢ ᠭᠡᠨ᠎ᠡ | ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠵᠠᠬ᠎ᠠ ᠳᠡᠯᠭᠡᠭᠦᠷ ᠤᠨ ᠵᠠᠳᠠᠯᠤᠯᠲᠠ ᠶᠢᠨ | ᠮᠡᠳᠡᠭᠦᠯᠦᠯᠲᠡ︾ ᠶᠢ ᠦᠨᠳᠦᠰᠦᠯᠡᠪᠡᠯ᠂ 2023 ᠣᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ | ᠳᠤᠮᠳᠠᠴᠢ ᠵᠠᠷᠤᠳᠠᠯ ᠨᠢ ᠲᠦᠯᠡᠰᠢ ᠰᠢᠲᠠᠭᠠᠯᠭ᠎ᠠ ᠶᠢᠨ ᠮᠠᠰᠢᠨ ᠲᠡᠷᠭᠡ ᠠᠴᠠ 21% ᠣᠷᠴᠢᠮ ᠥᠨᠳᠥᠷ᠂ ᠡᠭᠦᠨ ᠳᠤ ᠴᠤᠯ | ᠴᠠᠭᠢᠯᠭᠠᠨ ᠮᠠᠰᠢᠨ ᠲᠡᠷᠭᠡᠨ ᠤ ᠵᠢᠯ ᠪᠦᠷᠢ ᠶᠢᠨ ᠳᠠᠭᠠᠳᠬᠠᠯ ᠤᠨ ᠵᠠᠷᠤᠳᠠᠯ ᠨᠢ ᠲᠦᠯᠡᠰᠢ ᠰᠢᠲᠠᠭᠠᠯᠭ᠎ᠠ ᠶᠢᠨ ᠮᠠᠰᠢᠨ | ᠲᠡᠷᠭᠡ ᠠᠴᠠ ᠳᠤᠮᠳᠠᠴᠢ ᠪᠠᠷ 1687 ᠲᠥᠭᠦᠷᠢᠭ ᠦᠨᠡᠲᠡᠢ ᠪᠠᠶᠢᠵᠤ᠂ ᠪᠠᠷᠤᠭ ᠲᠦᠯᠡᠰᠢ ᠰᠢᠲᠠᠭᠠᠯᠭ᠎ᠠ ᠶᠢᠨ ᠮᠠᠰᠢᠨ | ᠲᠡᠷᠭᠡᠨ ᠤ 1.8 ᠳᠠᠭᠢᠨ᠃ ᠡᠨᠡ ᠵᠢᠯ ᠠᠴᠠ ᠨᠠᠭᠠᠰᠢ ᠡᠨᠡ ᠪᠠᠶᠢᠳᠠᠯ ᠳᠤ ᠮᠥᠨ ᠴᠦ ᠬᠤᠪᠢᠷᠠᠯᠲᠠ ᠭᠠᠷᠤᠭᠰᠠᠨ ᠦᠭᠡᠢ | ᠭᠡᠵᠡᠢ᠃ | ᠲᠤᠰᠬᠠᠢ ᠮᠡᠷᠭᠡᠵᠢᠯᠲᠡᠨ ᠤ ᠬᠡᠯᠡᠬᠦ ᠪᠠᠷ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳ᠋ᠢᠶᠠᠨ ᡂᠢ ᠶᠢᠨ | ᠪᠣᠭᠤᠳᠠᠯ ᠢ ᠰᠣᠯᠢᠬᠤ ᠳᠤ ᠪᠠᠷᠤᠭ ᠲᠡᠷᠭᠡᠨ ᠤ ᠬᠢᠨᠢ ᠬᠠᠭᠠᠰ ᠦᠨ᠎ᠡ ᠶᠢ ᠵᠠᠷᠤᠴᠠᠭᠤᠯᠤᠨ᠎ᠠ ᠭᠡᠵᠡᠢ᠃ ︽ᠲᠣᠰᠣ ᠰᠢᠲᠠᠭᠠᠯᠭ᠎ᠠ | ᠶᠢᠨ ᠮᠠᠰᠢᠨ ᠲᠡᠷᠭᠡᠨ ᠤ ᠠᠳᠡᠯ ᠤᠨ ᠲᠣᠬᠢᠶᠠᠯᠳᠤᠮᠵᠢ ᠪᠠ ᠬᠤᠬᠢᠷᠠᠯ ᠤᠨ ᠵᠣᠭᠤᠰ ᠤᠨ ᠲᠤᠭ᠎ᠠ ᠶᠢ ᠶᠡᠭᠡ ᠬᠡᠮᠵᠢᠶᠡᠨ ᠤ ᠲᠤᠭ᠎ᠠ | ᠪᠠᠷᠢᠮᠲᠠ ᠪᠠᠷ ᠰᠢᠯᠭᠠᠨ ᠪᠠᠲᠤᠯᠠᠭᠰᠠᠨ ᠤ ᠤᠯᠠᠮ ᠠᠴᠠ ᠬᠠᠷᠢᠴᠠᠩᠭᠤᠢ ᠪᠠᠷ ᠲᠣᠭᠲᠠᠮᠠᠯ ᠪᠣᠯᠵᠠᠢ᠃ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠠᠳᠡᠯ ᠤᠨ ᠲᠣᠬᠢᠶᠠᠯᠳᠤᠮᠵᠢ ᠪᠣᠯᠣᠨ ᠬᠤᠬᠢᠷᠠᠯ ᠤᠨ ᠵᠣᠭᠤᠰ ᠤᠨ ᠲᠤᠭ᠎ᠠ ᠨᠢ ᠴᠥᠮ ᠲᠣᠳᠣᠷᠬᠠᠢ ᠦᠭᠡᠢ | ᠪᠠᠶᠢᠵᠤ᠂ ᠠᠳᠠᠯᠢ ᠳᠡᠰ ᠤᠨ ᠠᠳᠡᠯ ᠳᠤ ᠲᠣᠰᠣ ᠰᠢᠲᠠᠭᠠᠯᠭ᠎ᠠ ᠶᠢᠨ ᠮᠠᠰᠢᠨ ᠲᠡᠷᠭᠡ ᠵᠥᠪᠭᠡᠨ ᠰᠡᠯᠪᠢᠭ ᠲᠣᠨᠤᠭ ᠢ ᠯᠠ | ᠰᠣᠯᠢᠵᠤ ᠮᠡᠳᠡᠨ᠎ᠡ᠂ ᠭᠡᠪᠡᠴᠦ ᠰᠢᠨ᠎ᠡ ᠡᠨᠧᠷᠭᠢ ᠶᠢᠨ ᠮᠠᠰᠢᠨ ᠲᠡᠷᠭᠡ ᠳ᠋ᠢᠶᠠᠨ ᡂᠢ ᠲᠠᠢ ᠬᠤᠯᠪᠣᠭᠳᠠᠪᠠᠯ ᠮᠠᠰᠢᠨ ᠲᠡᠷᠭᠡ ᠬᠡᠷᠡᠭ | ᠠᠴᠠ ᠭᠠᠷᠴᠤ ᠮᠡᠳᠡᠨ᠎ᠡ᠂ ᠡᠨᠡ ᠨᠢ ᠰᠡᠯᠪᠢᠨ ᠵᠠᠰᠠᠬᠤ ᠵᠠᠷᠤᠳᠠᠯ ᠪᠣᠯᠣᠨ ᠬᠤᠬᠢᠷᠠᠯ ᠤᠨ ᠥᠪᠡᠷ ᠤᠨ ᠥᠷᠲᠡᠭ ᠢ ᠶᠡᠭᠡ ᠪᠠᠷ | ᠨᠡᠮᠡᠭᠳᠡᠭᠦᠯᠬᠦ ᠪᠣᠯᠣᠨ᠎ᠠ︾ ᠭᠡᠵᠦ ᠬᠠᠮᠢᠶᠠᠲᠠᠢ ᠠᠵᠢᠯ ᠲᠥᠷᠥᠯ ᠤᠨ ᠨᠢᠭᠡᠨ ᠨᠡᠷ᠎ᠡ ᠬᠦᠨᠳᠦᠲᠡᠢ ᠬᠥᠮᠥᠨ ᠲᠠᠶᠢᠯᠪᠤᠷᠢᠯᠠᠵᠠᠢ᠃ | | ︽ᠲᠡᠷᠭᠡᠨ ᠤ ᠬᠤᠬᠢᠷᠠᠯ ᠤᠨ ᠳᠠᠭᠠᠳᠬᠠᠯ ᠤᠨ ᠵᠠᠷᠤᠳᠠᠯ ᠨᠢ ᠶᠡᠷᠦ ᠳᠡᠭᠡᠨ ᠨᠡᠯᠢᠶᠡᠳ ᠥᠨᠳᠥᠷ᠂ ᠤᠴᠢᠷ ᠨᠢ | ᠲᠡᠷᠭᠡᠨ ᠤ ᠲᠣᠰ ᠪᠡᠶ᠎ᠡ ᠶᠢᠨ ᠬᠤᠬᠢᠷᠠᠯ ᠢ ᠬᠠᠮᠤᠷᠴᠤ ᠪᠠᠶᠢᠳᠠᠭ᠂ ᠬᠠᠷᠢᠨ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠳ᠋ᠢᠶᠠᠨ | ᡂᠢ ᠪᠠ ᠲᠡᠷᠭᠡᠨ ᠪᠡᠶ᠎ᠡ ᠶᠢ ᠨᠢᠭᠡ ᠴᠣᠭᠴᠠᠵᠢᠭᠤᠯᠬᠤ ᠰᠢᠨ᠎ᠡ ᠮᠡᠷᠭᠡᠵᠢᠯ ᠢ ᠬᠡᠷᠡᠭᠯᠡᠵᠦ᠂ ᠨᠡᠶᠢᠯᠡᠮᠡᠯ ᠮᠠᠲ᠋ᠧᠷᠢᠶᠠᠯ ᠢ ᠶᠡᠭᠡ | ᠬᠡᠮᠵᠢᠶ᠎ᠡ ᠪᠠᠷ ᠠᠰᠢᠭᠯᠠᠭᠰᠠᠨ ᠠᠴᠠ ᠲᠡᠷᠭᠡᠨ ᠪᠡᠶ᠎ᠡ ᠶᠢ ᠰᠡᠯᠪᠢᠨ ᠵᠠᠰᠠᠬᠤ ᠳᠤ ᠬᠦᠴᠢᠷ ᠪᠠᠶᠢᠵᠤ᠂ ᠲᠥᠯᠥᠬᠦ ᠥᠪᠡᠷ ᠤᠨ | ᠥᠷᠲᠡᠭ ᠢ ᠨᠥᠯᠥᠭᠡᠯᠡᠳᠡᠭ᠃ ᠡᠭᠦᠨ ᠠᠴᠠ ᠭᠠᠳᠠᠨ᠎ᠠ ᠵᠠᠷᠢᠮ ᠮᠠᠰᠢᠨ ᠲᠡᠷᠭᠡᠨ ᠤ ᠷᠠᠳᠠᠷ ᠢ ᠠᠶᠤᠯᠭᠦᠢ ᠶᠢᠨ ᠲᠡᠮᠦᠷ᠂ | ᠮᠠᠰᠢᠨ ᠤ ᠬᠠᠮᠠᠷ ᠵᠡᠷᠭᠡ ᠠᠮᠠᠷᠬᠠᠨ ᠡᠪᠳᠡᠷᠡᠬᠦ ᠪᠣᠯᠣᠯᠴᠠᠭ᠎ᠠ ᠲᠠᠢ ᠬᠡᠰᠡᠭ ᠲᠤ ᠤᠭᠰᠠᠷᠠᠭᠰᠠᠨ ᠠᠴᠠ ᠬᠥᠩᠭᠡᠨ | ᠮᠥᠷᠭᠦᠯᠳᠦᠭᠰᠡᠨ ᠴᠦ ᠷᠠᠳᠠᠷ ᠢ ᠰᠣᠯᠢᠬᠤ ᠴᠢᠬᠤᠯᠠᠲᠠᠢ ᠪᠠᠶᠢᠵᠤ ᠮᠡᠳᠡᠨ᠎ᠡ᠂ ᠡᠶᠢᠮᠦ ᠠᠴᠠ ᠰᠡᠯᠪᠢᠨ ᠵᠠᠰᠠᠬᠤ ᠥᠪᠡᠷ ᠤᠨ | ᠥᠷᠲᠡᠭ ᠨᠢ ᠮᠠᠰᠢ ᠥᠨᠳᠥᠷ ᠪᠠᠶᠢᠳᠠᠭ︾ ᠭᠡᠵᠦ ᠴᠧ ᠴᠧ ᠰᠢᠨᠵᠢᠯᠡᠭᠡ ᠮᠡᠷᠭᠡᠵᠢᠯ ᠤᠨ ᠺᠤᠮᠫᠠᠨᠢ ᠶᠢ ᠡᠭᠦᠰᠬᠡᠨ | ᠪᠠᠶᠢᠭᠤᠯᠤᠭᠴᠢ᠂ CEO ᠵᠠᠩ ᠯᠧᠢ ᠬᠡᠯᠡᠵᠡᠢ᠃ | ᠲᠤᠰᠬᠠᠢ ᠮᠡᠷᠭᠡᠵᠢᠯᠲᠡᠨ ᠪᠠᠰᠠ ᠢᠯᠡᠷᠬᠡᠶᠢᠯᠡᠭᠰᠡᠨ ᠨᠢ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠳᠠᠭᠠᠳᠬᠠᠯ ᠤᠨ ᠵᠠᠷᠤᠳᠠᠯ ᠦᠨᠡᠲᠡᠢ ᠪᠠᠶᠢᠬᠤ ᠨᠢ ᠪᠠᠰᠠ ᠵᠢᠯᠣᠭᠤᠴᠢ ᠶᠢᠨ ᠵᠢᠯᠤᠭᠤᠳᠬᠤ ᠳᠠᠳᠬᠠᠯ᠂ ᠵᠢᠯᠤᠭᠤᠳᠬᠤ ᠨᠤᠷᠮ᠎ᠠ | ᠨᠡᠯᠢᠶᠡᠳ ᠥᠨᠳᠥᠷ᠂ ᠰᠡᠯᠪᠢᠨ ᠵᠠᠰᠠᠬᠤ ᠰᠢᠰᠲ᠋ᠧᠮ ᠬᠠᠷᠢᠴᠠᠩᠭᠤᠢ ᠪᠢᠲᠡᠭᠦᠮᠵᠢᠯᠡᠯ ᠲᠠᠢ ᠪᠠᠶᠢᠳᠠᠯ ᠳᠤ ᠪᠠᠶᠢᠬᠤ᠂ ᠰᠡᠯᠪᠢᠭ | ᠲᠣᠨᠤᠭ ᠤᠨ ᠦᠨ᠎ᠡ ᠨᠡᠶᠢᠳᠡᠮ ᠳᠡᠭᠡᠨ ᠨᠡᠯᠢᠶᠡᠳ ᠥᠨᠳᠥᠷ ᠪᠠᠶᠢᠬᠤ ᠵᠡᠷᠭᠡ ᠬᠦᠴᠦᠨ ᠵᠦᠢᠯ ᠲᠠᠢ ᠬᠤᠯᠪᠤᠭ᠎ᠠ ᠲᠠᠢ᠃ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠲᠥᠯᠥᠬᠦ ᠨᠣᠷᠮ᠎ᠠ ᠥᠨᠳᠥᠷ ᠪᠠᠶᠢᠪᠠᠯ ᠳᠠᠭᠠᠳᠬᠠᠯ ᠤᠨ ᠺᠤᠮᠫᠠᠨᠢ ᠶᠢᠨ | ᠠᠰᠢᠭ ᠣᠯᠬᠤ ᠴᠢᠳᠠᠪᠤᠷᠢ ᠪᠠ ᠡᠵᠡᠩᠨᠡᠯᠲᠡ ᠶᠢᠨ ᠲᠣᠭᠲᠠᠭᠤᠨ ᠴᠢᠨᠠᠷ ᠢ ᠨᠥᠯᠥᠭᠡᠯᠡᠨ᠎ᠡ᠃ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠳᠠᠭᠠᠳᠬᠠᠯ ᠤᠨ ᠲᠠᠯ᠎ᠠ ᠪᠠᠷ᠂ ᠲᠣᠮᠣ ᠺᠤᠮᠫᠠᠨᠢ ᠶᠢᠨ ᠳᠠᠷᠤᠭᠠᠰᠤ ᠬᠦᠨᠳᠦ᠂ ᠳᠤᠮᠳᠠ ᠵᠢᠵᠢᠭ ᠺᠤᠮᠫᠠᠨᠢ ᠳᠠᠭᠠᠳᠬᠠᠯ | ᠬᠤᠳᠠᠯᠳᠤᠬᠤ ᠠᠴᠠ ᠪᠠᠨ ᠵᠢᠷᠦᠬᠡᠰᠢᠶᠡᠬᠦ᠂ ᠳᠠᠭᠠᠳᠬᠠᠵᠤ ᠲᠡᠶᠢᠯᠭᠦ ᠦᠭᠡᠢ ᠪᠣᠯᠤᠭᠰᠠᠨ ᠪᠠᠶᠢᠳᠠᠯ ᠣᠷᠣᠰᠢᠵᠤ ᠪᠠᠶᠢᠨ᠎ᠠ᠃ | ᠲᠥᠯᠥᠪᠦᠷᠢ ᠶᠢᠨ ᠨᠤᠷᠮ᠎ᠠ ᠥᠨᠳᠥᠷ ᠪᠣᠯᠤᠭᠰᠠᠨ ᠪᠠᠶᠢᠳᠠᠯ ᠳᠣᠣᠷ᠎ᠠ᠂ ᠳᠠᠭᠠᠳᠬᠠᠯ ᠤᠨ ᠺᠤᠮᠫᠠᠨᠢ ᠦᠨ᠎ᠡ ᠲᠣᠭᠲᠠᠭᠠᠬᠤ ᠪᠠ | ᠠᠶᠤᠯ ᠲᠦᠭᠰᠢᠭᠦᠷᠢ ᠶᠢ ᠡᠵᠡᠮᠳᠡᠬᠦ ᠠᠷᠭ᠎ᠠ ᠪᠠᠷᠢᠯ ᠢ ᠲᠣᠬᠢᠷᠠᠭᠤᠯᠬᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ | ᠦᠷᠭᠦᠯᠵᠢᠯᠡᠬᠦᠶᠢᠴᠡ ᠬᠥᠭᠵᠢᠯᠲᠡ ᠶᠢ ᠪᠠᠲᠤᠯᠠᠬᠤ ᠴᠢᠬᠤᠯᠠᠲᠠᠢ᠃ | ᠬᠤᠶᠢᠰᠢᠳᠠ ᠶᠢᠨ ᠵᠣᠪᠠᠨᠢᠯ ᠢ ᠶᠠᠭᠠᠬᠢᠵᠤ ᠰᠢᠢᠳᠪᠦᠷᠢᠯᠡᠬᠦ ᠪᠤᠢ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠣᠷᠤᠯᠠᠭᠤᠯᠭ᠎ᠠ ᠵᠡᠷᠭᠡ ᠪᠠᠷ | ᠬᠥᠭᠵᠢᠵᠦ ᠪᠠᠶᠢᠨ᠎ᠠ᠂ ᠲᠡᠷᠭᠡᠨ ᠤ ᠳᠠᠭᠠᠳᠬᠠᠯ ᠤᠨ ᠠᠰᠠᠭᠤᠳᠠᠯ ᠢ ᠬᠡᠷᠬᠢᠨ ᠡᠨᠡ ᠬᠦ ᠵᠠᠬ᠎ᠠ ᠳᠡᠯᠭᠡᠭᠦᠷ ᠤᠨ ᠤᠯᠠᠮ ᠨᠢᠭᠡ | ᠠᠯᠬᠤᠮ ᠤᠨ ᠬᠥᠭᠵᠢᠯᠲᠡ ᠳᠤ ᠰᠠᠭᠠᠳ ᠤᠴᠠᠷᠠᠭᠤᠯᠬᠤ ᠦᠭᠡᠢ ᠪᠤᠯᠭᠠᠬᠤ ᠪᠤᠶ︖ | ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠱᠧᠩ ᠴᠢᠦ ᠫᠢᠩ ᠢᠯᠡᠷᠬᠡᠶᠢᠯᠡᠬᠦ ᠳᠡᠭᠡᠨ᠂ | ᠬᠤᠳᠠᠯᠳᠤᠭᠠᠨ ᠤ ᠶᠠᠪᠤᠳᠠᠯ ᠤᠨ ᠶᠠᠮᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ | ᠰᠢᠯᠢᠳᠡᠭᠵᠢᠭᠦᠯᠬᠦ ᠶᠢ ᠰᠤᠳᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠮᠠᠰᠢᠨ ᠲᠡᠷᠭᠡᠨ ᠤ ᠨᠡᠶᠢᠭᠡᠮᠴᠢᠯᠡᠭᠰᠡᠨ | ᠰᠡᠯᠪᠢᠨ ᠵᠠᠰᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠮᠠᠰᠢᠨ | ᠲᠡᠷᠭᠡ ᠬᠤᠳᠠᠯᠳᠤᠨ ᠠᠪᠬᠤ ᠶᠢᠨ ᠬᠤᠶᠢᠰᠢᠳᠠ ᠶᠢᠨ ᠵᠣᠪᠠᠨᠢᠯ ᠢ ᠬᠦᠴᠦᠯᠡᠨ ᠰᠢᠢᠳᠪᠦᠷᠢᠯᠡᠨ᠎ᠡ ᠭᠡᠵᠡᠢ᠃ | ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠮᠠᠰᠢᠨ ᠲᠡᠷᠭᠡᠨ ᠤ ᠵᠢᠷᠤᠭ ᠲᠥᠯᠥᠪᠯᠡᠭᠡ᠂ ᠰᠡᠯᠪᠢᠨ | ᠵᠠᠰᠠᠯᠲᠠ ᠶᠢᠨ ᠲᠠᠯ᠎ᠠ ᠪᠠᠷ᠂ ᠮᠠᠰᠢᠨ ᠲᠡᠷᠭᠡᠨ ᠤ ᠠᠵᠤ ᠠᠬᠤᠶᠢᠯᠠᠯ ᠨᠢ ᠮᠠᠰᠢᠨ ᠲᠡᠷᠭᠡᠨ ᠤ ᠰᠡᠯᠪᠢᠨ ᠵᠠᠰᠠᠵᠤ ᠪᠤᠯᠬᠤ ᠴᠢᠨᠠᠷ | ᠪᠠ ᠰᠡᠯᠪᠢᠨ ᠵᠠᠰᠠᠬᠤ ᠳᠤ ᠭᠢᠯᠪᠠᠷ ᠴᠢᠨᠠᠷ ᠢ ᠴᠢᠩᠭᠠᠳᠬᠠᠬᠤ ᠭᠡᠷᠡᠭᠲᠡᠶ;ᠪᠠᠷᠢᠮᠵᠢᠶᠠᠲᠤ ᠲᠤᠨᠤᠭ᠂ ᠨᠡᠶᠢᠳᠡᠮ ᠬᠡᠷᠡᠭᠯᠡᠬᠦ | ᠲᠤᠨᠤᠭ ᠤᠨ ᠬᠠᠷᠢᠴᠠᠯ ᠢ ᠨᠡᠮᠡᠭᠳᠡᠭᠦᠯᠭᠦ;ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠶᠢᠭᠡᠮᠴᠢᠯᠡᠭᠰᠡᠨ ᠰᠡᠯᠪᠢᠨ ᠵᠠᠰᠠᠬᠤ | ᠦᠢᠯᠡᠳᠪᠦᠷᠢ ᠪᠠᠶᠢᠭᠤᠯᠬᠤ ᠶᠢ ᠵᠣᠷᠢᠭᠵᠢᠭᠤᠯᠵᠤ᠂ ᠪᠣᠷᠣᠯᠠᠭᠤᠯᠤᠭᠰᠠᠨ ᠤ ᠳᠠᠷᠠᠭᠠᠬᠢ ᠰᠠᠶᠢᠨ ᠰᠠᠶᠢᠬᠠᠨ ᠥᠷᠢᠰᠦᠯᠳᠦᠭᠡᠨ ᠤ | ᠪᠠᠶᠢᠳᠠᠯ ᠪᠦᠷᠢᠯᠳᠦᠬᠦ ᠶᠢ ᠲᠦᠷᠭᠡᠳᠬᠡᠨ᠎ᠡ᠃ ᠡᠭᠦᠨ ᠠᠴᠠ ᠭᠠᠳᠠᠨ᠎ᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠳᠠᠭᠠᠳᠬᠠᠯ ᠤᠨ ᠠᠵᠤ ᠠᠬᠤᠶᠢᠯᠠᠯ᠂ ᠮᠠᠰᠢᠨ ᠲᠡᠷᠭᠡᠨ ᠤ ᠠᠵᠤ ᠠᠬᠤᠶᠢᠯᠠᠯ ᠨᠢ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠬᠠᠮᠲᠤᠷᠠᠯᠴᠠᠭ᠎ᠠ ᠪᠠ ᠠᠵᠢᠯ ᠲᠥᠷᠥᠯ ᠤᠨ ᠳᠣᠲᠣᠭᠠᠳᠤ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠲᠦᠯᠬᠢᠨ | ᠠᠬᠢᠭᠤᠯᠵᠤ᠂ ᠳᠠᠭᠠᠳᠬᠠᠯ ᠤᠨ ᠦᠨ᠎ᠡ ᠲᠣᠭᠲᠠᠭᠠᠬᠤ ᠵᠠᠭᠪᠤᠷ ᠢ ᠳᠠᠭᠢᠨ ᠪᠠᠶᠢᠭᠤᠯᠬᠤ ᠴᠢᠬᠤᠯᠠᠲᠠᠢ ᠪᠠᠶᠢᠨ᠎ᠠ ᠭᠡᠵᠡᠢ᠃ | | |