ᠪᠠᠴᠢᠮ ᠡᠮᠴᠢᠯᠡᠭᠡᠨ ᠤ ᠲᠤᠰᠠᠯᠠᠮᠵᠢ ᠳᠤ 120 ᠲᠦᠷᠭᠡᠨ ᠠᠪᠤᠷᠠᠬᠤ ᠤᠲᠠᠰᠤ ᠶᠢ ᠠᠪᠤᠭᠠᠷᠠᠢ
ᠨᠡᠶᠢᠲᠡᠯᠡᠭᠰᠡᠨ ᠴᠠᠭ᠄
2024/12/31
                           ᠮᠠᠨ ᠤ ᠤᠯᠤᠰ ᠤᠨ ᠡᠯ᠎ᠡ ᠭᠠᠵᠠᠷ ᠤᠨ ᠲᠦᠷᠭᠡᠨ ᠠᠪᠤᠷᠠᠬᠤ ᠤᠲᠠᠰᠤᠨ ᠨᠣᠮᠧᠷ ︵ᠵᠠᠷᠢᠮ ᠭᠠᠵᠠᠷ ᠲᠤ ᠵᠢᠱᠢᠶᠡᠯᠡᠪᠡᠯ ᠪᠡᠭᠡᠵᠢᠩ ᠬᠤᠳᠠ ᠳᠤ ︽999︾ ᠶᠢ ᠴᠤ ᠠᠪᠴᠤ ᠪᠣᠯᠣᠨ᠎ᠠ︶ ᠭᠡᠵᠦ ᠨᠢᠭᠡᠳᠦᠯᠲᠡᠢ ᠲᠣᠭᠲᠠᠭᠠᠪᠠ᠃ ᠬᠦᠨᠳᠦ ᠰᠢᠷᠬᠠᠲᠤᠭᠰᠠᠳ ᠢ ᠲᠦᠷᠭᠡᠨ ᠠᠪᠤᠷᠠᠬᠤ ᠴᠢᠬᠤᠯᠠᠲᠠᠢ ᠦᠶᠡᠰ ᠲᠠᠷᠠ ᠳᠠᠷᠤᠢ ︽120︾ ᠳᠤ ᠤᠲᠠᠰᠤᠳᠠᠵᠤ᠂ ᠲᠦᠷᠭᠡᠨ ᠠᠪᠤᠷᠠᠬᠤ ᠲᠥᠪ ᠪᠤᠶᠤ ᠲᠦᠷᠭᠡᠨ ᠠᠪᠤᠷᠠᠬᠤ ᠦᠷᠳᠡᠭᠡ ᠲᠠᠢ ᠬᠠᠷᠢᠯᠴᠠᠬᠤ ᠶᠢᠨ ᠬᠠᠮᠲᠤ ᠠᠪᠤᠷᠠᠯᠳᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃              ᠬᠡᠷᠪᠡ ᠲᠤᠬᠠᠢ ᠶᠢᠨ ᠭᠠᠵᠠᠷ ᠲᠤᠨᠢ ᠲᠦᠷᠭᠡᠨ ᠠᠪᠤᠷᠠᠬᠤ ᠪᠠᠶᠢᠭᠤᠯᠤᠮᠵᠢ ᠪᠠᠶᠢᠬᠤ ᠦᠭᠡᠢ ᠪᠣᠯ ᠲᠠᠷᠠ ᠳᠠᠷᠤᠢ ᠣᠶᠢᠷᠠᠯᠴᠠᠭᠠᠬᠢ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠴᠢᠯᠡᠬᠦ ᠲᠠᠰᠤᠭ ᠪᠤᠶᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠷᠢᠯᠴᠠᠵᠤ᠂ ᠳᠠᠷᠤᠶᠢᠬᠠᠨ ᠠᠪᠤᠷᠠᠬᠤ ᠲᠡᠷᠭᠡ ᠪᠠ ᠲᠦᠷᠭᠡᠨ ᠠᠪᠤᠷᠠᠬᠤ ᠡᠮᠴᠢ ᠲᠣᠮᠢᠯᠠᠭᠤᠯᠤᠨ᠎ᠠ᠃              ᠤᠲᠠᠰᠤ ᠪᠠᠷ ᠲᠦᠷᠭᠡᠨ ᠠᠪᠤᠷᠠᠬᠤ ᠲᠥᠪ ᠪᠤᠶᠤ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠷᠢᠯᠴᠠᠬᠤ ᠳᠤ᠂ ᠶᠠᠭᠠᠷᠠᠵᠤ ᠰᠠᠨᠳᠤᠷᠤᠯ ᠦᠭᠡᠢ ᠵᠠᠩᠭᠢᠯᠠᠭ᠎ᠠ ᠶᠢᠨ ᠵᠦᠢᠯᠡᠰ ᠢ ᠶᠠᠷᠢᠨ᠎ᠠ᠃ ᠤᠷᠢᠳ  ᠢᠶᠠᠷ ᠰᠢᠷᠬᠠᠲᠤᠭᠰᠠᠳ ᠤᠨ ᠪᠠᠶᠢᠭ᠎ᠠ ᠪᠣᠳᠠᠲᠠᠢ ᠭᠠᠵᠠᠷ ᠪᠠ ᠤᠨᠤᠪᠴᠢᠳᠠᠢ ᠪᠠᠶᠢᠴᠠ ᠶᠢ ᠲᠣᠳᠣᠷᠬᠠᠢ ᠬᠡᠯᠡᠵᠦ᠂ ᠠᠪᠤᠷᠠᠬᠤ ᠲᠡᠷᠭᠡᠨ ᠳᠤ ᠰᠠᠭᠤᠭ᠎ᠠ ᠭᠠᠵᠠᠷ ᠤᠨ ᠣᠶᠢᠷᠠᠯᠴᠠᠭᠠᠬᠢ ᠴᠢᠬᠤᠯᠠ ᠵᠠᠮ ᠬᠠᠷᠢᠯᠴᠠᠭᠠᠨ ᠤ ᠲᠡᠮᠳᠡᠭ ᠢ ᠬᠠᠩᠭᠠᠵᠤ᠂ ᠠᠪᠤᠷᠠᠭᠴᠢ ᠶᠢ ᠬᠠᠮᠤᠭ ᠤᠨ ᠣᠬᠤᠷ ᠬᠤᠭᠤᠴᠠᠭᠠᠨ ᠳᠤ ᠬᠦᠷᠴᠦ ᠢᠷᠡᠭᠦᠯᠬᠦ ᠨᠢ ᠬᠠᠮᠤᠭ ᠤᠨ ᠰᠠᠶᠢᠨ᠃ ᠡᠭᠦᠨ ᠤ ᠬᠠᠮᠲᠤ ᠮᠡᠳᠡᠭᠦᠯᠦᠭᠴᠢ ᠤᠲᠠᠰᠤᠨ ᠨᠣᠮᠧᠷ᠂ ᠨᠡᠷ᠎ᠡ᠂ ᠪᠤᠰᠤᠳ ᠬᠠᠷᠢᠯᠴᠠᠬᠤ ᠠᠷᠭ᠎ᠠ ᠪᠠᠨ ᠲᠣᠳᠣᠷᠬᠠᠶᠢᠯᠠᠵᠤ ᠦᠭᠭᠦᠨ᠎ᠠ; ᠬᠡᠷᠪᠡ ᠰᠢᠷᠬᠠᠲᠤᠭᠰᠠᠳ ᠤᠨ ᠪᠠᠶᠢᠭ᠎ᠠ ᠭᠠᠵᠠᠷ ᠨᠢ ᠡᠷᠢᠬᠦ ᠳᠤ ᠪᠡᠷᠬᠡᠲᠡᠢ ᠪᠣᠯ ᠴᠢᠳᠠᠬᠤ ᠶᠢᠨ ᠬᠢᠷᠢ ᠪᠠᠷ ᠬᠥᠮᠥᠨ ᠲᠣᠮᠢᠯᠠᠵᠤ ᠵᠠᠮ ᠤᠨ ᠬᠠᠵᠠᠭᠤ ᠪᠤᠶᠤ ᠡᠭᠦᠳᠡᠨ ᠳᠡᠭᠡᠷ᠎ᠡ ᠬᠦᠯᠢᠶᠡᠯᠭᠡᠨ ᠳᠤᠰᠤᠨ᠎ᠠ᠃              ᠤᠲᠠᠰᠤ ᠪᠠᠷ ᠣᠪᠣᠭ ᠨᠡᠷ᠎ᠡ᠂ ᠨᠠᠰᠤ᠂ ᠬᠦᠢᠰᠦ ᠶᠢᠨ ᠢᠯᠭᠠᠯ ᠪᠠ ᠭᠤᠣᠯ ᠡᠪᠡᠳᠴᠢᠨ ᠤ ᠢᠯᠡᠷᠡᠯ ᠵᠡᠷᠭᠡ ᠰᠢᠷᠬᠠᠲᠤᠭᠰᠠᠳ ᠤᠨ ᠡᠪᠡᠳᠴᠢᠨ ᠤ ᠪᠠᠶᠢᠳᠠᠯ ᠢ ᠠᠪᠰᠠᠷᠬᠠᠨ ᠢᠶᠠᠷ ᠶᠠᠷᠢᠵᠤ ᠥᠭᠭᠦᠨ᠎ᠡ᠃ ᠬᠡᠷᠪᠡ ᠤᠯᠠᠨ ᠬᠥᠮᠥᠨ ᠰᠢᠷᠠᠭᠲᠤᠨ ᠡᠪᠡᠳᠴᠢᠯᠡᠭᠰᠡᠨ ᠪᠣᠯ ᠴᠢᠳᠠᠬᠤ ᠶᠢᠨ ᠬᠢᠷᠢ ᠳᠣᠲᠣᠷ᠎ᠠ ᠪᠠᠨ ᠡᠪᠡᠳᠴᠢᠯᠡᠭᠰᠡᠨ ᠪᠠᠶᠢᠳᠠᠯ᠂ ᠬᠥᠮᠥᠨ ᠤ ᠲᠤᠭ᠎ᠠ ᠵᠢᠴᠢ ᠰᠢᠷᠬᠠᠲᠤᠭᠰᠠᠨ ︵ᠡᠪᠡᠳᠴᠢᠯᠡᠭᠰᠡᠨ︶ ᠪᠠᠶᠢᠳᠠᠯ ᠤᠨ ᠭᠤᠣᠯ ᠢᠯᠡᠷᠡᠯ ︵ᠲᠠᠲᠠᠪᠠᠯᠵᠠᠬᠤ᠂ ᠮᠡᠳᠡᠭᠡ ᠠᠯᠳᠠᠬᠤ᠂ ᠴᠡᠭᠡᠵᠢ ᠡᠪᠡᠳᠬᠦ᠂ ᠠᠮᠢᠰᠬᠤᠬᠤ ᠳᠤ ᠬᠦᠴᠢᠷᠳᠡᠬᠦ᠂ ᠴᠢᠰᠤ ᠭᠠᠷᠬᠤ ᠵᠡᠷᠭᠡ︶ ᠢ ᠨᠠᠷᠢᠨ ᠨᠢᠭᠲᠠ ᠮᠡᠳᠡᠭᠦᠯᠦᠨ᠎ᠡ᠃ ᠴᠠᠭ ᠢ ᠬᠠᠷᠰᠢᠯᠠᠬᠤ ᠦᠭᠡᠢ ᠶᠢᠨ ᠲᠥᠯᠥᠭᠡ ᠰᠢᠷᠬᠠᠲᠤᠭᠰᠠᠳ ᠲᠠᠢ ᠬᠤᠯᠪᠣᠭᠳᠠᠬᠤ ᠦᠭᠡᠢ ᠤᠴᠢᠷ ᠢ ᠴᠢᠳᠠᠬᠤ ᠶᠢᠨ ᠬᠢᠷᠢ ᠪᠠᠷ ᠬᠡᠯᠡᠬᠦ ᠦᠭᠡᠢ᠃              ᠤᠲᠠᠰᠤᠳᠠᠭᠰᠠᠨ ᠤ ᠲᠠᠷᠠᠭ᠎ᠠ 20 ᠮᠢᠨᠦ᠋ᠲ ᠤᠨ ᠳᠣᠲᠣᠷ᠎ᠠ ᠠᠪᠤᠷᠠᠬᠤ ᠲᠡᠷᠭᠡ ᠬᠦᠷᠴᠦ ᠢᠷᠡᠭᠡ ᠦᠭᠡᠢ ᠪᠣᠯ᠂ ᠲᠠᠭᠢᠨ ︽120︾ ᠲᠠᠢ ᠬᠠᠷᠢᠯᠴᠠᠵᠤ ᠪᠣᠯᠣᠨ᠎ᠠ᠃ ᠬᠡᠷᠪᠡ ᠡᠪᠡᠳᠴᠢᠨ ᠤ ᠪᠠᠶᠢᠳᠠᠯ ᠨᠢ ᠵᠦᠭᠡᠷ ᠪᠣᠯ ᠲᠠᠭᠢᠨ ᠪᠤᠰᠤᠳ ᠲᠡᠷᠭᠡ ᠳᠠᠭᠤᠳᠠᠭᠰᠠᠨ ᠤ ᠬᠡᠷᠡᠭ ᠦᠭᠡᠢ᠃ ︽120︾ ᠲᠠᠨ ᠤ ᠤᠲᠠᠰᠤ ᠶᠢ ᠳᠤᠰᠴᠤ ᠠᠪᠤᠷᠠᠬᠤ  ᠪᠠᠷ ᠭᠥᠯᠢᠶᠡᠨ ᠠᠪᠤᠭᠰᠠᠨ ᠪᠣᠯ ᠯᠠᠪ ᠠᠪᠤᠷᠠᠬᠤ ᠲᠡᠷᠭᠡ ᠲᠣᠮᠢᠯᠠᠨ ᠢᠷᠡᠭᠦᠯᠦᠨ᠎ᠡ᠃              ᠡᠪᠡᠳᠴᠢᠲᠡᠨ ᠳᠤ ᠪᠠᠷ᠎ᠠ ᠪᠣᠯᠵᠤ ᠡᠮᠨᠡᠯᠭᠡ ᠳᠤ ᠣᠴᠢᠭᠰᠠᠳ ᠴᠢᠳᠠᠬᠤ ᠶᠢᠨ ᠬᠢᠷᠢ ᠪᠠᠷ ᠰᠢᠷᠬᠠᠲᠤᠭᠰᠠᠳ ᠤᠨ ᠥᠩᠭᠡᠷᠡᠭᠰᠡᠨ ᠤ ᠡᠪᠡᠳᠴᠢᠨ ᠡᠮᠭᠡᠭ ᠤᠨ ᠮᠠᠲ᠋ᠧᠷᠢᠶᠠᠯ ︵ᠡᠪᠡᠳᠴᠢᠨ ᠤ ᠲᠡᠦᠬᠡ ᠶᠢᠨ ᠭᠠᠷ ᠠᠪᠤᠯᠭ᠎ᠠ᠂ ᠵᠢᠷᠦᠬᠡᠨ ᠤ ᠯᠤᠭᠰᠢᠯᠲᠠ ᠶᠢᠨ ᠵᠢᠷᠤᠭ︶᠂ ᠪᠡᠶ᠎ᠡ ᠶᠢᠨ ᠦᠨᠡᠮᠯᠡᠯ ᠵᠡᠷᠭᠡ ᠪᠦᠭᠦᠨ ᠢ ᠠᠪᠴᠤ ᠶᠠᠪᠤᠨ᠎ᠠ᠃ ᠡᠭᠦᠨ ᠤ ᠬᠠᠮᠲᠤ᠂ ᠡᠮᠨᠡᠯᠭᠡ ᠶᠢᠨ ᠰᠦᠢᠳᠬᠡᠯ ᠪᠠ ᠡᠪᠡᠳᠴᠢᠲᠡᠨ ᠤ ᠳᠤᠰ ᠤᠳᠠᠭᠠᠨ ᠤ ᠰᠢᠷᠬᠠᠲᠤᠯ ᠠᠴᠠ ᠡᠮᠦᠨᠡᠬᠢ ᠤᠤᠭᠤᠵᠤ ᠪᠠᠶᠢᠭᠰᠠᠨ ᠡᠮ ᠢ ᠭᠦᠢᠴᠡᠳ ᠠᠪᠴᠤ ᠶᠠᠪᠤᠬᠤ ᠪᠠᠨ ᠮᠠᠷᠲᠠᠵᠤ ᠪᠤᠯᠬᠤ ᠦᠭᠡᠢ᠃ ᠡᠮᠨᠡᠯᠭᠡ ᠳᠤ ᠬᠦᠷᠭᠡᠬᠦ ᠵᠠᠮ ᠳᠠᠭᠠᠨ ᠡᠮᠨᠡᠯᠭᠡ ᠶᠢᠨ ᠠᠵᠢᠯᠲᠠᠳ ᠲᠤ ᠬᠠᠮᠵᠢᠨ ᠰᠢᠷᠬᠠᠲᠤᠭᠰᠠᠳ ᠤᠨ ᠰᠤᠳᠠᠯ ᠤᠨ ᠯᠤᠭᠰᠢᠯᠲᠠ᠂ ᠠᠮᠢᠰᠬᠤᠭ᠎ᠠ ᠪᠠ ᠤᠬᠠᠭ᠎ᠠ ᠰᠡᠭᠡᠭᠡ ᠶᠢᠨ ᠬᠤᠪᠢᠷᠠᠯᠲᠠ ᠵᠡᠷᠭᠡ ᠪᠠᠶᠢᠳᠠᠯ ᠢ ᠠᠩᠬᠠᠷᠤᠨ ᠠᠵᠢᠭᠯᠠᠬᠤ ᠬᠡᠷᠡᠭᠲᠡᠢ᠃              
 
ᠢᠷᠡᠯᠲᠡ᠄ ᠡᠷᠡᠭᠦᠯ ᠮᠠᠨᠳᠤ ᠶᠢᠨ 66 ᠵᠤᠷᠪᠤᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号