ᠬᠤᠨᠢᠨ ᠤ ᠡᠭᠦᠰᠦᠯ ᠪᠠ ᠡᠭᠦᠯᠳᠡᠷ ᠤᠨ ᠠᠩᠭᠢᠯᠠᠯ
ᠨᠡᠶᠢᠲᠡᠯᠡᠭᠰᠡᠨ ᠴᠠᠭ᠄
2024/12/31

     ᠨᠢᠭᠡᠳᠦᠭᠡᠷ ᠬᠡᠰᠡᠭ᠂ ᠬᠤᠨᠢᠨ ᠤ ᠡᠭᠦᠰᠦᠯ ᠪᠠ ᠡᠭᠦᠯᠳᠡᠷ ᠤᠨ ᠠᠩᠭᠢᠯᠠᠯ

     ᠨᠢᠭᠡ᠂ ᠬᠤᠨᠢᠨ ᠤ ᠭᠠᠷᠤᠯ ᠡᠭᠦᠰᠦᠯ

     ᠣᠳᠣ ᠶᠢᠨ ᠮᠠᠯᠵᠢᠵᠤ ᠪᠠᠶᠢᠭ᠎ᠠ ᠭᠡᠷ ᠤᠨ ᠬᠤᠨᠢ ᠪᠣᠯ ᠵᠡᠷᠯᠢᠭ ᠬᠤᠨᠢ ᠠᠴᠠ ᠡᠭᠦᠰᠦᠭᠰᠡᠨ ᠶᠤᠮ᠃ ᠣᠯᠠᠩᠬᠢ

ᠡᠷᠳᠡᠮᠲᠡᠳ ᠤᠨ ᠦᠵᠡᠬᠦ ᠪᠠᠷ᠂ ᠬᠤᠨᠢ ᠪᠣᠯ ᠬᠠᠮᠤᠭ ᠤᠨ ᠡᠷᠲᠡ ᠭᠡᠷᠵᠢᠭᠦᠯᠦᠭᠰᠡᠨ ᠮᠠᠯ ᠤᠨ ᠨᠢᠭᠡ ᠨᠢ ᠪᠣᠯᠤᠨ᠎ᠠ᠃

ᠲᠡᠭᠦᠨ ᠢ ᠭᠡᠷᠵᠢᠭᠦᠯᠦᠨ ᠮᠠᠯᠵᠢᠭᠠᠳ ᠪᠠᠷᠤᠭ ᠵᠢᠷᠭᠤᠭᠠᠨ ᠮᠢᠩᠭᠠᠨ ᠵᠢᠯ ᠪᠣᠯᠵᠤ ᠪᠠᠶᠢᠨ᠎ᠠ᠃ ᠬᠤᠨᠢᠨ ᠤ ᠭᠡᠷᠵᠢᠭᠰᠡᠨ

ᠲᠡᠦᠬᠡ ᠨᠢ ᠡᠷᠲᠡ ᠪᠣᠯᠬᠤᠷ ᠲᠡᠷᠡ ᠨᠢ ᠠᠳᠠᠯᠢ ᠪᠤᠰᠤ ᠠᠭᠤᠷ ᠠᠮᠢᠰᠬᠤᠯ᠂ ᠭᠠᠵᠠᠷ ᠵᠦᠢ᠂ ᠠᠷᠠᠴᠢᠯᠠᠭ᠎ᠠ

ᠮᠠᠯᠵᠢᠯᠭ᠎ᠠ ᠶᠢᠨ ᠨᠥᠬᠦᠴᠡᠯ ᠪᠦᠬᠦᠢ ᠥᠷᠭᠡᠨ ᠳᠡᠯᠭᠡᠷ ᠡᠬᠡ ᠭᠠᠵᠠᠷ ᠢᠶᠠᠷ ᠪᠠᠷᠤᠭ ᠨᠡᠶᠢᠳᠡᠮ ᠲᠠᠷᠬᠠᠵᠤ᠂ ᠲᠡᠦᠬᠡ ᠶᠢᠨ

ᠤᠷᠲᠤ ᠤᠳᠠᠭᠠᠨ ᠬᠤᠭᠤᠴᠠᠭᠠᠨ ᠤ ᠳᠣᠲᠣᠷ᠎ᠠ ᠬᠤᠪᠢᠰᠤᠭᠰᠠᠭᠠᠷ ᠢᠷᠡᠵᠦ᠂ ᠮᠠᠰᠢ ᠠᠷᠪᠢᠨ ᠠᠳᠠᠯᠢ ᠪᠤᠰᠤ ᠶᠢᠨ

ᠬᠤᠨᠢᠨ ᠤ ᠡᠭᠦᠯᠳᠡᠷ ᠤᠳ ᠪᠣᠢ ᠪᠣᠯᠤᠭᠰᠠᠨ ᠪᠣᠯᠬᠤᠷ᠂ ᠣᠳᠣ ᠶᠢᠨ ᠭᠡᠷ ᠤᠨ ᠬᠤᠨᠢ ᠨᠢ ᠲᠡᠭᠦᠨ ᠤ ᠳᠡᠭᠡᠳᠦᠰ ᠪᠣᠯᠬᠤ

ᠵᠡᠷᠯᠢᠭ ᠬᠤᠨᠢᠨ ᠠᠴᠠ ᠪᠠᠨ ᠣᠭᠲᠣ ᠥᠭᠡᠷ᠎ᠡ ᠶᠠᠩᠵᠤ ᠪᠠᠶᠢᠳᠠᠯ ᠲᠠᠢ ᠪᠣᠯᠤᠭᠰᠠᠨ ᠶᠤᠮ᠃

     ᠡᠷᠳᠡᠮᠲᠡᠨ ᠨᠠᠷ ᠤᠨ ᠰᠤᠳᠤᠯᠤᠯᠲᠠ ᠪᠠ ᠲᠠᠭᠠᠮᠠᠭᠯᠠᠯ ᠢᠶᠠᠷ ᠣᠳᠣ ᠶᠢᠨ ᠪᠣᠢ ᠪᠦᠬᠦᠢ ᠭᠡᠷ ᠤᠨ ᠬᠤᠨᠢ ᠪᠣᠯ

ᠶᠡᠭᠡ ᠲᠥᠯᠥᠪ᠂ ᠮᠦᠹᠯᠤᠨ ︵Муфлон︶ ᠠᠷᠬᠠᠷ ︵Аркар︶᠂ ᠠᠷᠭᠠᠯᠢ ︵

Аргали︶ ᠵᠡᠷᠭᠡ ᠶᠢᠨ ᠠᠳᠠᠯᠢ ᠪᠤᠰᠤ ᠶᠢᠨ ᠵᠡᠷᠯᠢᠭ ᠬᠤᠨᠢᠨ ᠠᠴᠠ ᠡᠭᠦᠰᠦᠭᠰᠡᠨ ᠭᠡᠵᠦ ᠦᠵᠡᠳᠡᠭ᠃

ᠭᠡᠷ ᠤᠨ ᠬᠤᠨᠢᠨ ᠤ ᠡᠭᠦᠰᠦᠯ ᠵᠡᠷᠯᠢᠭ ᠬᠤᠨᠢᠳ ᠢ ᠮᠦᠹᠯᠤᠨ ᠤ ᠪᠦᠯᠦᠭ ᠪᠠ ᠠᠷᠭᠠᠯᠢ ᠶᠢᠨ ᠪᠦᠯᠦᠭ ᠭᠡᠵᠦ ᠬᠤᠶᠠᠷ

ᠵᠦᠢᠯ ᠢᠶᠠᠷ ᠢᠯᠭᠠᠨ᠎ᠠ᠃

     ᠵᠡᠷᠯᠢᠭ ᠬᠤᠨᠢᠨ ᠤ ᠳᠣᠲᠣᠷᠠᠬᠢ ᠮᠦᠹᠯᠤᠨ ᠬᠡᠯᠪᠡᠷᠢᠲᠦ ᠰᠠᠳᠢᠨᠢᠶ᠎ᠠ ᠬᠤᠨᠢ ᠵᠢᠴᠢ ᠠᠷᠭᠠᠯᠢ ᠶᠢᠨ ᠬᠡᠯᠪᠡᠷᠢᠲᠦ

ᠠᠷᠬᠠᠷ ᠬᠤᠨᠢ ᠪᠣᠯ ᠡᠳᠦᠭᠡ ᠶᠢᠨ ᠬᠤᠨᠢᠨ ᠤ ᠬᠠᠮᠤᠭ ᠤᠨ ᠣᠶᠢᠷ᠎ᠠ ᠲᠥᠷᠥᠯ ᠪᠣᠯᠤᠨ᠎ᠠ᠃

     1. ᠮᠦᠹᠯᠤᠨ ᠬᠤᠨᠢ ᠪᠣᠯ ᠣᠳᠣ ᠪᠠᠷ ᠢᠶᠠᠨ ᠧᠦ᠋ᠷᠣᠫᠠ ᠳᠤ ᠠᠮᠢᠳᠤᠷᠠᠵᠤ ᠪᠠᠶᠢᠭ᠎ᠠ ᠴᠣᠷ ᠤᠨ ᠭᠠᠭᠴᠠ

ᠵᠡᠷᠯᠢᠭ ᠬᠤᠨᠢ ᠪᠣᠯᠤᠨ᠎ᠠ᠃ ᠮᠦᠹᠯᠤᠨ ᠬᠤᠨᠢ ᠣᠳᠣᠬᠠᠨ ᠳᠤ ᠢᠷᠡᠨ᠂ ᠲᠦᠷᠺ᠂ ᠺᠡᠥ᠋ᠺᠡᠰ᠂ ᠭᠠᠵᠠᠷ ᠤᠨ ᠳᠤᠮᠳᠠᠳᠤ

ᠲᠠᠩᠭᠢᠰ ᠤᠨ ᠺᠦᠷᠱᠺᠡ ᠪᠣᠯᠤᠨ ᠰᠠᠷᠳᠢᠨᠢ ᠠᠷᠠᠯ ᠵᠡᠷᠭᠡ ᠭᠠᠵᠠᠷ ᠤᠳ ᠲᠤ ᠣᠷᠣᠰᠢᠵᠤ ᠪᠣᠢ᠃ ᠡᠳᠡᠭᠡᠷ ᠵᠡᠷᠯᠢᠭ

ᠬᠤᠨᠢᠳ ᠭᠤᠣᠯᠳᠠᠭᠤ ᠪᠠᠷᠲᠠᠭᠠᠲᠤ ᠠᠭᠤᠯᠠ ᠠᠰᠬ᠎ᠠ ᠬᠠᠳᠠᠨ ᠳᠤ ᠨᠤᠲᠤᠭᠰᠢᠵᠤ ᠰᠠᠭᠤᠳᠠᠭ᠃ ᠮᠦᠹᠯᠤᠨ ᠢ

ᠳᠣᠲᠣᠷ᠎ᠠ ᠨᠢ ᠪᠠᠰᠠ ᠠᠭᠤᠯᠠ ᠶᠢᠨ ᠮᠦᠹᠯᠤᠨ ᠪᠠ ᠲᠠᠯ᠎ᠠ ᠭᠠᠵᠠᠷ ᠤᠨ ᠮᠦᠹᠯᠤᠨ ᠭᠡᠵᠦ ᠬᠤᠶᠠᠷ ᠢᠯᠭᠠᠨ᠎ᠠ᠃

     ᠮᠦᠹᠯᠤᠨ ᠬᠤᠨᠢᠨ ᠤ ᠡᠪᠡᠷ ᠨᠢ ᠠᠷᠤᠨᠰᠢ ᠪᠠᠨ ᠮᠠᠲᠠᠷᠠᠭᠰᠠᠨ ᠪᠥᠭᠡᠳ ᠦᠵᠦᠭᠦᠷ ᠨᠢ ᠳᠣᠲᠣᠭᠰᠢ ᠪᠠᠨ

ᠬᠤᠮᠢᠷᠠᠭᠰᠠᠨ ᠪᠠᠶᠢᠳᠠᠭ᠃ ᠡᠪᠡᠷ ᠤᠨ ᠥᠩᠭᠡ ᠨᠢ ᠬᠠᠷᠠᠪᠲᠤᠷ᠂ ᠪᠡᠶ᠎ᠡ ᠶᠢᠨ ᠵᠢᠰᠦ ᠨᠢ ᠪᠣᠷᠣ ᠰᠠᠭᠠᠷᠠᠯ ᠪᠤᠶᠤ ᠰᠢᠷ᠎ᠠ

ᠬᠦᠷᠡᠩ ᠥᠩᠭᠡ ᠲᠠᠢ᠂ ᠰᠡᠭᠡᠷ ᠤᠨ ᠦᠰᠦ ᠨᠢ ᠬᠠᠷ᠎ᠠ ᠬᠦᠷᠡᠩ᠂ ᠪᠡᠶ᠎ᠡ ᠶᠢᠨ ᠬᠤᠶᠠᠷ ᠬᠠᠵᠠᠭᠤ᠂ ᠬᠡᠪᠡᠯᠢ ᠪᠣᠯᠤᠨ

ᠳᠥᠷᠪᠡᠨ ᠮᠥᠴᠢ ᠨᠢ ᠴᠠᠭᠠᠨ ᠲᠣᠯᠪᠤ ᠲᠠᠢ᠃ ᠦᠰᠦ ᠨᠢ ᠣᠬᠤᠷ ᠪᠥᠭᠡᠳ ᠮᠠᠰᠢ ᠪᠦᠳᠦᠭᠦᠯᠢᠭ᠂ ᠰᠤᠷ ᠤᠨ

ᠳᠣᠣᠷ᠎ᠠ ᠨᠢ ᠶᠡᠭᠡ ᠬᠡᠮᠵᠢᠶᠡᠨ ᠤ ᠨᠣᠯᠤᠤᠷ ᠲᠠᠢ ᠪᠠᠶᠢᠳᠠᠭ᠃

     ᠮᠦᠹᠯᠤᠨ ᠬᠤᠨᠢᠨ ᠤ ᠰᠢᠨᠵᠢ ᠪᠠᠶᠢᠳᠠᠯ ᠨᠢ ᠤᠮᠠᠷᠠᠲᠤ ᠭᠠᠵᠠᠷ ᠤᠨ ᠪᠣᠭᠤᠨᠢ ᠰᠡᠭᠦᠯᠲᠦ ᠬᠤᠨᠢ ᠲᠠᠢ

ᠲᠥᠰᠦᠭᠡᠲᠡᠢ ᠭᠠᠵᠠᠷ ᠪᠠᠶᠢᠬᠤ ᠪᠣᠯᠬᠤᠷ ᠬᠥᠮᠦᠰ᠂ ᠪᠣᠭᠤᠨᠢ ᠰᠡᠭᠦᠯᠲᠦ ᠬᠤᠨᠢᠨ ᠤ ᠳᠡᠭᠡᠳᠦᠰ ᠨᠢ ᠪᠠᠷᠤᠭ ᠮᠦᠹᠯᠤᠨ

ᠮᠥᠨ ᠭᠡᠵᠦ ᠦᠵᠡᠳᠡᠭ ᠶᠤᠮ᠃ ᠮᠦᠹᠯᠤᠨ ᠬᠤᠨᠢ ᠶᠢ ᠭᠡᠷᠵᠢᠭᠦᠯᠦᠭᠰᠡᠨ ᠭᠠᠵᠠᠷ ᠪᠣᠯ ᠧᠦ᠋ᠷᠣᠫᠠ ᠶᠢᠨ ᠡᠮᠦᠨᠡᠲᠦ

ᠬᠡᠰᠡᠭ ᠪᠣᠯᠤᠨ᠎ᠠ᠃

     2 · ᠠᠷᠬᠠᠷ ᠬᠤᠨᠢ ᠪᠣᠯ ᠠᠷᠠᠯ ᠲᠠᠩᠭᠢᠰ ᠪᠠ ᠺᠠᠰᠫᠢ ᠲᠠᠩᠭᠢᠰ ᠤᠨ ᠬᠤᠭᠤᠷᠣᠨᠳᠣᠬᠢ᠂ ᠦᠰᠲ ᠦᠷᠲ

     ᠥᠨᠳᠦᠷᠯᠢᠭ ᠤᠨ ᠪᠠᠷᠲᠠᠭᠠᠲᠤ ᠭᠠᠵᠠᠷ ᠤᠳ ᠲᠤ ᠣᠷᠣᠰᠢᠨ ᠰᠠᠭᠤᠳᠠᠭ᠃

     ᠭᠡᠪᠡᠴᠦ ᠵᠠᠷᠢᠮ ᠨᠢ ᠪᠠᠰᠠ ᠲᠠᠯ᠎ᠠ ᠭᠠᠵᠠᠷ ᠨᠤᠲᠤᠭᠰᠢᠵᠤ ᠪᠠᠶᠢᠳᠠᠭ᠃ ᠠᠷᠬᠠᠷ ᠬᠤᠨᠢ ᠪᠣᠯ ᠪᠡᠶ᠎ᠡ ᠪᠠᠷ

ᠮᠦᠹᠯᠤᠨ ᠬᠤᠨᠢᠨ ᠠᠴᠠ ᠪᠦᠳᠦᠭᠦᠨ᠂ ᠡᠪᠡᠷ ᠤᠨ ᠤᠭ ᠤᠨ ᠬᠤᠭᠤᠷᠣᠨᠳᠣᠬᠢ ᠵᠠᠢ ᠨᠢ ᠮᠦᠹᠯᠤᠨ ᠬᠤᠨᠢᠨ ᠤ

 ᠬᠢ ᠠᠴᠠ ᠶᠡᠭᠡ ᠰᠢᠭ᠂ ᠨᠢᠯᠪᠤᠰᠤᠨ ᠤ ᠬᠤᠩᠬᠤᠷ ᠨᠢ ᠭᠦᠨ᠂ ᠬᠦᠷᠡᠩ ᠵᠢᠰᠦ ᠲᠠᠢ ᠦᠷᠭᠦᠯᠵᠢ 60 — 200

ᠲᠣᠯᠣᠭᠠᠢ ᠣᠷᠴᠢᠮ ᠢᠶᠠᠷ ᠰᠦᠷᠦᠭᠯᠡᠨ ᠶᠠᠪᠤᠳᠠᠭ᠃ ᠠᠷᠬᠠᠷ ᠬᠤᠨᠢᠨ ᠳᠤ ᠪᠠᠰᠠ ᠬᠡᠳᠦ ᠬᠡᠳᠦᠨ ᠬᠤᠪᠢᠷᠠᠮᠠᠯ

ᠳᠦᠷᠰᠦ ᠲᠠᠢ ᠪᠠᠶᠢᠳᠠᠭ ᠪᠥᠭᠡᠳ ᠵᠠᠷᠢᠮ ᠨᠢ ᠣᠳᠣ ᠶᠢᠨ ᠤᠷᠲᠤ ᠰᠡᠭᠦᠯᠲᠦ ᠬᠤᠨᠢ ᠲᠠᠢ ᠲᠥᠰᠦᠭᠡᠲᠡᠢ ᠪᠣᠯᠬᠤᠷ

ᠤᠷᠲᠤ ᠰᠡᠭᠦᠯᠲᠦ ᠬᠤᠨᠢ ᠪᠣᠯ ᠠᠷᠬᠠᠷ ᠬᠤᠨᠢᠨ ᠠᠴᠠ ᠡᠭᠦᠰᠦᠭᠰᠡᠨ ᠨᠢ ᠦᠨᠡᠨ ᠪᠣᠯᠤᠯᠲᠠᠢ᠃ ᠥᠭᠡᠷ᠎ᠡ ᠪᠠᠷ ᠬᠡᠯᠡᠪᠡᠯ

ᠨᠠᠷᠢᠨ ᠨᠣᠣᠰᠣᠲᠤ ᠤᠷᠲᠤ ᠰᠡᠭᠦᠯᠲᠦ ᠬᠤᠨᠢᠨ ᠤ ᠳᠡᠭᠡᠳᠦᠰ ᠨᠢ ᠪᠠᠷᠤᠭ ᠠᠷᠬᠠᠷ ᠬᠤᠨᠢ ᠪᠣᠯᠤᠨ᠎ᠠ᠃

     3. ᠠᠷᠭᠠᠯᠢ ᠤᠭᠠᠯᠵᠠ ︵ᠡᠮ᠎ᠡ ᠶᠢ ᠨᠢ ᠠᠷᠭᠠᠯᠢ ᠭᠡᠵᠦ᠂ ᠡᠷ᠎ᠡ ᠶᠢ ᠨᠢ ᠤᠭᠠᠯᠵᠠ ᠭᠡᠳᠡᠭ᠂ ᠡᠶᠢᠮᠦ ᠠᠴᠠ

ᠣᠯᠠᠩᠬᠢ ᠳᠠᠭᠠᠨ ᠠᠷᠭᠠᠯᠢ ᠤᠭᠠᠯᠵᠠ ᠭᠡᠳᠡᠭ ᠶᠤᠮ︶ ᠪᠣᠯ ᠠᠯᠲᠠᠢ ᠠᠭᠤᠯᠠ᠂ ᠲᠩᠷᠢ ᠠᠭᠤᠯᠠ᠂ ᠫᠠᠮᠢᠷ ᠤᠨ

ᠥᠨᠳᠦᠷᠯᠢᠭ᠂ ᠳᠠᠯᠠᠨ ᠬᠠᠷ᠎ᠠ ᠠᠭᠤᠯᠠ᠂ ᠾᠢᠮᠠᠯᠢ ᠠᠭᠤᠯᠠ ᠪᠣᠯᠤᠨ ᠬᠢᠷᠭᠢᠰ ᠲᠠᠢ ᠵᠠᠬ᠎ᠠ ᠨᠡᠶᠢᠯᠡᠵᠦ ᠪᠠᠶᠢᠭ᠎ᠠ ᠠᠭᠤᠯᠠ

ᠨᠢᠷᠤᠭᠤ ᠪᠠ ᠠᠮᠧᠷᠢᠺᠠ ᠶᠢᠨ ᠵᠠᠷᠢᠮ ᠭᠠᠵᠠᠷ ᠤᠳ ᠢᠶᠠᠷ ᠨᠤᠲᠤᠭᠰᠢᠨ ᠰᠠᠭᠤᠳᠠᠭ᠃

     ᠠᠷᠭᠠᠯᠢ ᠤᠭᠠᠯᠵᠠ ᠪᠣᠯ ᠪᠡᠶ᠎ᠡ ᠪᠠᠷ ᠲᠣᠮᠣ ᠪᠦᠳᠦᠭᠦᠨ᠂ ᠲᠡᠭᠦᠨ ᠤ ᠠᠮᠢᠳᠤ ᠶᠢᠨ ᠵᠢᠩ ᠨᠢ ᠣᠨᠴᠠ ᠵᠠᠷᠢᠮ

 ᠨᠢ 240 ᠺᠢᠯᠣᠭᠷᠠᠮ ᠣᠷᠴᠢᠮ᠂ ᠪᠡᠶ᠎ᠡ ᠶᠢᠨ ᠥᠨᠳᠥᠷ ᠨᠢ 125 ᠰᠡᠨᠲ᠋ᠢᠮᠧᠲᠷ ᠪᠠᠶᠢᠳᠠᠭ᠃ ᠠᠷᠭᠠᠯᠢ

ᠤᠭᠠᠯᠵᠠ ᠶᠢᠨ ᠮᠠᠩᠨᠠᠢ ᠨᠢ ᠥᠷᠭᠡᠨ᠂ ᠡᠪᠡᠷ ᠨᠢ ᠭᠤᠷᠪᠠᠯᠵᠢᠨ ᠬᠡᠯᠪᠡᠷᠢ ᠲᠠᠢ ᠪᠥᠭᠡᠳ ᠦᠵᠦᠭᠦᠷ ᠨᠢ ᠭᠠᠳᠠᠭᠰᠢ ᠪᠠᠨ

ᠮᠤᠰᠬᠢᠷᠠᠯᠳᠤᠭᠰᠠᠨ ᠪᠠᠶᠢᠳᠠᠭ᠃ ᠪᠡᠶ᠎ᠡ ᠶᠢᠨ ᠵᠢᠰᠦ ᠨᠢ ᠬᠠᠷ᠎ᠠ ᠰᠠᠭᠠᠷᠠᠯ᠂ ᠦᠷᠭᠦᠯᠵᠢ 5 — 30 ᠲᠣᠯᠣᠭᠠᠢ ᠪᠠᠷ

ᠰᠦᠷᠦᠭᠯᠡᠨ ᠶᠠᠪᠤᠳᠠᠭ᠃ ᠰᠤᠳᠤᠯᠭᠠᠲᠠᠨ ᠨᠠᠷ᠂ ᠪᠦᠳᠦᠭᠦᠨ ᠰᠡᠭᠦᠯᠲᠦ ᠭᠡᠷ ᠤᠨ ᠬᠤᠨᠢ ᠪᠣᠯ ᠠᠷᠭᠠᠯᠢ

ᠤᠭᠠᠯᠵᠠ ᠠᠴᠠ ᠡᠭᠦᠰᠦᠭᠰᠡᠨ ᠪᠠᠶᠢᠨ᠎ᠠ ᠭᠡᠵᠦ ᠦᠵᠡᠵᠦ ᠪᠠᠶᠢᠨ᠎ᠠ᠃

     4. ᠭᠧᠷᠢᠸᠢᠰᠲ ᠬᠤᠨᠢ ᠪᠣᠯ᠃ ᠠᠹᠷᠢᠺᠠ ᠶᠢᠨ ᠬᠤᠶᠢᠲᠤ ᠬᠡᠰᠡᠭ ᠤᠨ ᠠᠭᠤᠯᠠᠷᠬᠠᠭ ᠣᠷᠣᠨ ᠳᠤ

ᠨᠤᠲᠤᠭᠰᠢᠵᠤ ᠪᠠᠶᠢᠳᠠᠭ᠃ ᠪᠡᠶ᠎ᠡ ᠪᠠᠷ ᠲᠣᠮᠣ ᠪᠦᠳᠦᠭᠦᠨ᠂ ᠲᠣᠯᠣᠭᠠᠢ ᠤᠷᠲᠤ ᠮᠠᠩᠨᠠᠢ ᠥᠷᠭᠡᠨ᠂ ᠬᠦᠵᠦᠭᠦᠦ

ᠪᠣᠭᠤᠨᠢ ᠳᠡᠯ ᠵᠣᠭᠳᠣᠷ ᠪᠠ ᠡᠪᠦᠳᠦᠭ ᠤᠨ ᠦᠰᠦ ᠨᠢ ᠲᠤᠩ ᠤᠷᠲᠤ᠂ ᠲᠤᠰ ᠬᠤᠨᠢᠨ ᠤ ᠪᠡᠶ᠎ᠡ ᠶᠢᠨ ᠡᠮᠦᠨ᠎ᠡ

ᠬᠠᠭᠠᠰ ᠬᠡᠰᠡᠭ ᠨᠢ ᠢᠮᠠᠭ᠎ᠠ ᠲᠠᠢ ᠠᠳᠠᠯᠢᠪᠲᠤᠷ ᠨᠢᠯᠪᠤᠰᠤᠨ ᠪᠤᠯᠴᠢᠷᠬᠠᠢ ᠪᠣᠯᠤᠨ ᠰᠢᠪᠡᠷᠢ ᠶᠢᠨ ᠪᠤᠯᠴᠢᠷᠬᠠᠢ ᠦᠭᠡᠢ᠂

ᠪᠡᠶ᠎ᠡ ᠶᠢᠨ ᠬᠤᠶᠢᠲᠤ ᠬᠠᠭᠠᠰ ᠬᠡᠰᠡᠭ ᠨᠢ ᠬᠤᠨᠢ ᠲᠠᠢ ᠣᠶᠢᠷᠠᠯᠴᠠᠭ᠎ᠠ᠂ ᠳᠠᠷᠤᠢ ᠨᠡᠯᠢᠶᠡᠳ ᠤᠷᠲᠤᠪᠲᠤᠷ ᠰᠡᠭᠦᠯ ᠲᠠᠢ᠂

ᠬᠥᠯ ᠳᠡᠭᠡᠨ ᠰᠢᠪᠡᠷᠢ ᠶᠢᠨ ᠪᠤᠯᠴᠢᠷᠬᠠᠢ ᠲᠠᠢ ᠪᠠᠶᠢᠳᠠᠭ᠃ ᠡᠶᠢᠮᠦ ᠠᠴᠠ ᠭᠦ᠋ᠷᠢᠸᠢᠰᠲ ᠬᠤᠨᠢ ᠶᠢ ᠬᠤᠨᠢ ᠢᠮᠠᠭᠠᠨ ᠤ

ᠠᠯᠢ ᠨᠢᠭᠡᠨ ᠲᠥᠷᠥᠯ ᠳ᠋ᠦᠨᠢ ᠰᠢᠭᠤᠳ ᠢᠶᠠᠷ ᠬᠠᠷᠢᠶᠠᠯᠠᠭᠳᠠᠭᠤᠯᠬᠤ ᠠᠷᠭ᠎ᠠ ᠦᠭᠡᠢ ᠪᠠᠶᠢᠳᠠᠭ ᠶᠤᠮ᠃

     ᠡᠳᠦᠭᠡ ᠶᠢᠨ ᠲᠡᠦᠬᠡ ᠪᠠ ᠰᠢᠨᠵᠢᠯᠡᠭᠡᠨ ᠤ ᠮᠠᠲ᠋ᠧᠷᠢᠶᠠᠯ ᠢ ᠦᠨᠳᠦᠰᠦᠯᠡᠪᠡᠯ ᠵᠡᠷᠯᠢᠭ ᠬᠤᠨᠢ ᠶᠢ ᠬᠠᠮᠤᠭ ᠤᠨ

ᠡᠷᠲᠡ ᠭᠡᠷᠵᠢᠭᠦᠯᠦᠨ ᠮᠠᠯᠵᠢᠭᠰᠠᠨ ᠭᠠᠵᠠᠷ ᠪᠣᠯ ᠳᠠᠷᠤᠢ ᠠᠽᠢᠶ᠎ᠠ ᠲᠢᠪ ᠤᠨ ᠪᠠᠷᠠᠭᠤᠨ ᠬᠡᠰᠡᠭ᠂ ᠪᠠᠷᠠᠭᠤᠨ ᠡᠮᠦᠨ᠎ᠡ

ᠬᠡᠰᠡᠭ᠂ ᠳᠤᠮᠳᠠᠳᠤ ᠠᠽᠢᠶ᠎ᠠ ᠪᠠ ᠧᠦ᠋ᠷᠣᠫᠠ ᠲᠢᠪ ᠤᠨ ᠡᠮᠦᠨ᠎ᠡ ᠬᠡᠰᠡᠭ ᠤᠨ ᠭᠠᠵᠠᠷ ᠤᠳ ᠪᠣᠯᠤᠨ᠎ᠠ᠃ ᠣᠳᠣ ᠶᠢᠨ

ᠬᠤᠨᠢᠨ ᠤ ᠡᠭᠦᠯᠳᠡᠷ ᠨᠢ ᠤᠤᠯ ᠳᠠᠭᠠᠨ ᠪᠦᠷ ᠯᠡ ᠪᠦᠳᠦᠭᠦᠨ ᠨᠣᠣᠰᠣ ᠲᠠᠢ ᠬᠤᠨᠢ ᠪᠠᠶᠢᠵᠠᠢ᠃ ᠵᠠᠷᠢᠮ ᠮᠠᠲ᠋ᠧᠷᠢᠶᠠᠯ ᠢ

ᠦᠨᠳᠦᠰᠦᠯᠡᠪᠡᠯ ᠬᠤᠶᠠᠷ ᠮᠢᠩᠭ᠎ᠠ ᠭᠠᠷᠤᠢ ᠵᠢᠯ ᠤᠨ ᠡᠮᠦᠨ᠎ᠡ ᠠᠽᠢᠶ᠎ᠠ ᠶᠢᠨ ᠪᠠᠷᠠᠭᠤᠨ ᠬᠡᠰᠡᠭ ᠤᠨ ᠭᠠᠵᠠᠷ ᠤᠳ ᠪᠠ

ᠺᠡᠥ᠋ᠺᠡᠰ ᠨᠤᠲᠤᠭ ᠤᠳ ᠲᠤ ᠬᠥᠮᠦᠰ ᠠᠩᠬᠠᠨ ᠤ ᠦᠶ᠎ᠡ ᠶᠢᠨ ᠨᠠᠷᠢᠨ ᠨᠣᠣᠰᠣᠲᠤ ᠬᠤᠨᠢ ᠶᠢ ᠪᠣᠶᠢᠵᠢᠭᠤᠯᠤᠨ

ᠭᠠᠷᠭᠠᠵᠠᠢ᠃ ᠴᠣᠬᠤᠮ ᠶᠠᠮᠠᠷ ᠪᠣᠳᠠᠲᠤ ᠠᠷᠭ᠎ᠠ ᠬᠡᠮᠵᠢᠶ᠎ᠡ ᠨᠦᠭᠦᠳ ᠢ ᠠᠪᠴᠤ ᠬᠡᠷᠬᠢᠨ ᠪᠣᠶᠢᠵᠢᠭᠤᠯᠤᠭᠰᠠᠨ ᠨᠢ

ᠡᠳᠦᠭᠡ ᠪᠣᠯᠲᠠᠯ᠎ᠠ ᠲᠣᠳᠣᠷᠬᠠᠶᠢᠯᠠᠭᠳᠠᠭ᠎ᠠ ᠦᠭᠡᠢ ᠪᠠᠶᠢᠭᠰᠠᠭᠠᠷ ᠶᠤᠮ᠃ ᠡᠳᠡᠭᠡᠷ ᠬᠤᠨᠢᠳ ᠨᠢ ᠠᠯᠭᠤᠷ ᠢᠶᠠᠷ

ᠧᠦ᠋ᠷᠣᠫᠠ ᠶᠢᠨ ᠳᠤᠮᠳᠠ ᠬᠡᠰᠡᠭ ᠢᠶᠠᠷ ᠶᠡᠬᠡᠪᠡᠷ ᠲᠠᠷᠬᠠᠵᠤ ᠳᠤᠮᠳᠠᠳᠤ ᠵᠠᠭᠤᠨ ᠤ ᠦᠶ᠎ᠡ ︵ᠪᠠᠷᠤᠭ ᠲᠠᠪᠤᠳᠤᠭᠠᠷ

ᠵᠠᠭᠤᠨ — ᠠᠷᠪᠠᠨ ᠳᠣᠯᠣᠳᠤᠭᠠᠷ ᠵᠠᠭᠤᠨ ᠤ ᠦᠶ᠎ᠡ︶ ᠳᠤ ᠧᠦ᠋ᠷᠣᠫᠠ ᠳᠤ ᠨᠠᠷᠢᠨ ᠨᠣᠣᠰᠣᠲᠤ ᠬᠤᠨᠢ ᠶᠢ ᠶᠡᠬᠡᠪᠡᠷ

ᠪᠣᠶᠢᠵᠢᠭᠤᠯᠤᠭᠰᠠᠨ ᠪᠥᠭᠡᠳ ᠶᠠᠰᠤ ᠴᠢᠨᠠᠷ ᠢ ᠨᠢ ᠶᠡᠬᠡᠪᠡᠷ ᠰᠠᠶᠢᠵᠢᠷᠠᠭᠤᠯᠤᠭᠰᠠᠨ ᠪᠠᠶᠢᠨ᠎ᠠ᠃

   

     ᠬᠤᠶᠠᠷ᠂ ᠬᠤᠨᠢᠨ ᠤ ᠡᠭᠦᠯᠳᠡᠷ ᠤᠨ ᠠᠩᠭᠢᠯᠠᠯᠲᠠ

     ᠮᠡᠳᠡᠭᠡᠯᠡᠯ ᠢ ᠦᠨᠳᠦᠰᠦᠯᠡᠪᠡᠯ ᠣᠳᠣᠬᠠᠨ ᠳᠤ ᠳᠡᠯᠡᠬᠡᠢ ᠳᠡᠭᠡᠷ᠎ᠡ ᠪᠠᠷᠤᠭ

     568 ᠵᠦᠢᠯ ᠤᠨ ᠬᠤᠨᠢᠨ ᠤ ᠡᠭᠦᠯᠳᠡᠷ ᠪᠠᠶᠢᠳᠠᠭ᠃ ᠡᠶᠢᠮᠦ ᠣᠯᠠᠨ ᠬᠤᠨᠢᠨ ᠤ ᠡᠭᠦᠯᠳᠡᠷ ᠢ ᠬᠥᠮᠦᠰ ᠤᠨ

ᠰᠤᠳᠤᠯᠤᠯᠲᠠ ᠪᠠ ᠬᠡᠷᠡᠭᠯᠡᠭᠡ ᠳᠤ ᠳᠥᠭᠦᠮ ᠪᠣᠯᠭᠠᠬᠤ ᠶᠢᠨ ᠲᠤᠯᠠ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ

ᠡᠷᠳᠡᠮᠲᠡᠳ ᠪᠣᠯᠤᠨ ᠮᠠᠯ ᠠᠵᠤ ᠠᠬᠤᠢ ᠶᠢᠨ ᠡᠷᠳᠡᠮᠲᠡᠳ ᠬᠤᠨᠢᠨ ᠤ ᠡᠭᠦᠯᠳᠡᠷ ᠲᠤ ᠠᠩᠭᠢᠯᠠᠯᠲᠠ ᠬᠢᠭᠰᠡᠨ ᠪᠠᠶᠢᠨ᠎ᠠ᠃

ᠭᠡᠪᠡᠴᠦ ᠠᠩᠭᠢᠯᠠᠭᠰᠠᠨ ᠠᠷᠭ᠎ᠠ ᠨᠢ ᠮᠠᠰᠢ ᠠᠷᠪᠢᠨ ᠵᠦᠢᠯ ᠪᠠᠶᠢᠳᠠᠭ ᠶᠤᠮ᠃ ᠵᠢᠱᠢᠶᠡᠯᠡᠪᠡᠯ : ᠬᠤᠨᠢᠨ ᠤ ᠵᠢᠰᠦ ᠪᠠᠷ

 ᠨᠢ᠂ ᠡᠪᠡᠷ ᠲᠠᠢ ᠡᠰᠡᠬᠦ ᠪᠠᠷ ᠨᠢ᠂ ᠨᠣᠣᠰᠣᠨ ᠤ ᠨᠠᠷᠢᠨ ᠪᠦᠳᠦᠭᠦᠨ ᠢᠶᠠᠷ ᠨᠢ᠂ ᠰᠡᠭᠦᠯ ᠤᠨ ᠤᠷᠲᠤ ᠣᠬᠤᠷ ᠢᠶᠠᠷ ᠨᠢ

ᠪᠠ ᠪᠣᠶᠢᠵᠢᠭᠤᠯᠤᠭᠰᠠᠨ ᠭᠠᠵᠠᠷ ᠣᠷᠣᠨ ᠪᠣᠯᠤᠨ ᠬᠡᠷᠡᠭᠴᠡᠭᠡᠨ ᠤ ᠠᠳᠠᠯᠢ ᠪᠤᠰᠤ ᠵᠡᠷᠭᠡ ᠪᠠᠷ ᠨᠢ ᠠᠩᠭᠢᠯᠠᠵᠠᠢ᠃ ᠲᠤᠰ

ᠪᠦᠯᠦᠭ ᠲᠤ ᠭᠤᠣᠯᠳᠠᠭᠤ ᠬᠤᠨᠢᠨ ᠤ ᠡᠭᠦᠯᠳᠡᠷ ᠢ ᠠᠮᠢᠲᠠᠨ ᠤ ᠰᠤᠳᠤᠯᠤᠯ ᠤᠨ ᠡᠭᠦᠳᠡᠨ ᠠᠴᠠ ᠠᠩᠭᠢᠯᠠᠬᠤ ᠠᠷᠭ᠎ᠠ

ᠪᠣᠯᠤᠨ ᠠᠵᠤ ᠠᠬᠤᠢ ᠶᠢᠨ ᠬᠡᠷᠡᠭᠴᠡᠭᠡ ᠪᠠᠷ ᠨᠢ ᠠᠩᠭᠢᠯᠠᠬᠤ ᠠᠷᠭ᠎ᠠ ᠶᠢ ᠲᠠᠨᠢᠯᠴᠠᠭᠤᠯᠤᠨ᠎ᠠ᠃ ᠠᠮᠢᠲᠠᠨ ᠤ

ᠰᠤᠳᠤᠯᠤᠯ ᠤᠨ ᠡᠭᠦᠳᠡᠨ ᠠᠴᠠ ᠭᠤᠣᠯᠳᠠᠭᠤ᠂ ᠬᠤᠨᠢᠨ ᠤ ᠰᠡᠭᠦᠯ ᠤᠨ ᠬᠢᠨᠢ ᠬᠡᠯᠪᠡᠷᠢ ᠳᠦᠷᠰᠦ᠂ ᠶᠡᠭᠡ ᠪᠠᠭ᠎ᠠ ᠵᠡᠷᠭᠡ

ᠣᠨᠴᠠᠯᠢᠭ ᠢ ᠦᠨᠳᠦᠰᠦᠯᠡᠵᠦ ᠠᠩᠭᠢᠯᠠᠳᠠᠭ᠃ ᠡᠨᠡᠬᠦ ᠠᠷᠭ᠎ᠠ ᠨᠢ ᠬᠤᠨᠢᠨ ᠤ ᠠᠵᠤ ᠠᠬᠤᠢ ᠶᠢᠨ ᠬᠡᠷᠡᠭᠴᠡᠭᠡ ᠬᠡᠯᠪᠡᠷᠢ

ᠪᠠ ᠠᠰᠢᠭ ᠰᠢᠮ᠎ᠡ ᠶᠢᠨ ᠭᠠᠷᠤᠯᠲᠠ ᠶᠢᠨ ᠪᠠᠶᠢᠳᠠᠯ ᠢ ᠲᠤᠰᠬᠠᠵᠤ ᠴᠢᠳᠠᠬᠤ ᠦᠭᠡᠢ ᠪᠠᠶᠢᠳᠠᠭ᠃ ᠠᠵᠤ ᠠᠬᠤᠢ ᠶᠢᠨ

ᠬᠡᠷᠡᠭᠴᠡᠭᠡ ᠶᠢ ᠨᠢ ᠦᠨᠳᠦᠰᠦᠯᠡᠨ ᠠᠩᠭᠢᠯᠠᠬᠤ ᠳᠤ ᠬᠤᠨᠢᠨ ᠤ ᠭᠤᠣᠯ ᠪᠣᠯᠬᠤ ᠠᠰᠢᠭ ᠰᠢᠮ᠎ᠡ ᠶᠢᠨ ᠭᠠᠷᠤᠯᠲᠠ ᠶᠢ ᠨᠢ

ᠦᠨᠳᠦᠰᠦᠯᠡᠨ᠎ᠡ᠃ ᠵᠢᠱᠢᠶᠡᠯᠡᠪᠡᠯ : ᠵᠠᠷᠢᠮ ᠬᠤᠨᠢᠨ ᠤ ᠨᠣᠣᠰᠣ ᠨᠢ ᠬᠡᠳᠦᠶᠢᠪᠡᠷ ᠪᠦᠳᠦᠭᠦᠨ᠂ ᠭᠠᠷᠤᠯᠲᠠ ᠨᠢ ᠪᠠᠭ᠎ᠠ

ᠰᠢᠭ᠋ ᠪᠣᠯᠪᠠᠴᠤ᠂ ᠮᠢᠬᠠᠨ ᠤ ᠭᠠᠷᠤᠯᠲᠠ ᠨᠢ ᠶᠡᠭᠡ ᠰᠠᠶᠢᠨ ᠪᠣᠯ᠂ ᠳᠠᠷᠤᠢ ᠲᠡᠭᠦᠨ ᠢ ᠮᠢᠬᠠᠨ ᠤ ᠬᠡᠷᠡᠭᠴᠡᠭᠡᠲᠦ

ᠡᠭᠦᠯᠳᠡᠷ ᠭᠡᠵᠦ︔ ᠨᠣᠣᠰᠣᠨ ᠤ ᠭᠠᠷᠤᠯᠲᠠ ᠨᠢ ᠰᠠᠶᠢᠨ ᠪᠥᠭᠡᠳ ᠮᠢᠬᠠᠨ ᠤ ᠭᠠᠷᠤᠯᠲᠠ ᠨᠢ ᠴᠦ ᠰᠠᠶᠢᠨ ᠪᠣᠯ ᠳᠠᠷᠤᠢ

ᠲᠡᠭᠦᠨ ᠢ ᠨᠣᠣᠰᠣ ᠮᠢᠬᠠᠨ ᠤ ᠬᠠᠪᠰᠤᠷᠭᠠᠭᠰᠠᠨ ᠬᠡᠷᠡᠭᠴᠡᠭᠡᠲᠦ ᠡᠭᠦᠯᠳᠡᠷ ᠭᠡᠬᠦ ᠮᠡᠲᠦ ᠪᠠᠷ ᠠᠩᠭᠢᠯᠠᠳᠠᠭ᠃

     ᠬᠤᠨᠢᠨ ᠤ ᠡᠭᠦᠯᠳᠡᠷ ᠢ ᠠᠵᠤ ᠠᠬᠤᠢ ᠶᠢᠨ ᠬᠡᠷᠡᠭᠴᠡᠭᠡ ᠪᠠᠷ ᠨᠢ ᠠᠩᠭᠢᠯᠠᠪᠠᠯ᠄

     ᠨᠠᠷᠢᠨ ᠨᠣᠣᠰᠣᠲᠤ ᠬᠤᠨᠢ᠂ ᠨᠣᠣᠰᠣᠨ ᠤ ᠬᠡᠷᠡᠭᠴᠡᠭᠡᠲᠦ ᠨᠠᠷᠢᠨ ᠨᠣᠣᠰᠣᠲᠤ ᠬᠤᠨᠢ — ᠵᠥᠪᠯᠡᠯᠲᠦ ᠶᠢᠨ

ᠮᠧᠷᠢᠨᠣᠰ ᠰᠲ᠋ᠡᠪᠷᠤᠹᠤᠯᠢ᠂ ᠨᠣᠣᠰᠣ ᠮᠢᠬᠠᠨ ᠤ ᠬᠡᠷᠡᠭᠴᠡᠭᠡᠲᠦ ᠨᠠᠷᠢᠨ ᠨᠣᠣᠰᠣᠲᠤ ᠡᠭᠦᠯᠳᠡᠷ — ᠺᠡᠥ᠋ᠺᠡᠰ᠂

ᠠᠰᠺᠠᠨᠢ ᠰᠢᠨᠵᠢᠶᠠᠩ ᠤᠨ ᠨᠠᠷᠢᠨ ᠨᠣᠣᠰᠣᠲᠤ ᠬᠤᠨᠢ᠂ ᠮᠢᠬ᠎ᠠ ᠨᠣᠣᠰᠣᠨ ᠤ ᠬᠡᠷᠡᠭᠴᠡᠭᠡᠲᠦ ᠨᠠᠷᠢᠨ ᠨᠣᠣᠰᠣᠲᠤ

ᠡᠭᠦᠯᠳᠡᠷ — ᠪᠧᠷᠺᠥ᠋ᠰ᠂ ᠵᠡᠭᠦᠨ ᠭᠧᠷᠮᠠᠨ ᠤ ᠮᠧᠷᠢᠨᠣᠰ᠃

     ᠨᠠᠷᠢᠪᠲᠤᠷ ᠨᠣᠣᠰᠣᠲᠤ ᠬᠤᠨᠢ᠂ ᠨᠣᠣᠰᠣ ᠮᠢᠬᠠᠨ ᠤ ᠬᠡᠷᠡᠭᠴᠡᠭᠡᠲᠦ ᠨᠠᠷᠢᠪᠲᠤᠷ ᠨᠣᠣᠰᠣᠲᠤ ᠡᠭᠦᠯᠳᠡᠷ —

ᠼᠢᠭᠠᠢ ᠬᠤᠨᠢ᠂ ᠮᠢᠬ᠎ᠠ ᠨᠣᠣᠰᠣᠨ ᠤ ᠬᠡᠷᠡᠭᠴᠡᠭᠡᠲᠦ ᠨᠠᠷᠢᠪᠲᠤᠷ ᠨᠣᠣᠰᠣᠲᠤ ᠡᠭᠦᠯᠳᠡᠷ — ᠺᠥᠧᠧᠳᠢᠯ ᠬᠤᠨᠢ᠂

ᠤᠷᠲᠤ ᠨᠣᠣᠰᠣᠲᠤ ᠮᠢᠬᠠᠨ ᠤ ᠬᠡᠷᠡᠭᠴᠡᠭᠡᠲᠦ ᠡᠭᠦᠯᠳᠡᠷ — ᠯᠢᠨᠺᠧᠨ ᠷᠤᠮᠨᠢ — ᠮᠠᠷᠱ᠂ ᠪᠦᠳᠦᠭᠦᠨ ᠨᠣᠣᠰᠣᠲᠤ

ᠬᠤᠨᠢ — ᠮᠣᠩᠭᠤᠯ ᠬᠤᠨᠢ᠂ ᠲᠥᠪᠡᠳ ᠬᠤᠨᠢ᠂ ᠬᠠᠰᠠᠭ ᠬᠤᠨᠢ᠃

     ᠬᠤᠷᠠᠭᠠᠨ ᠠᠷᠠᠰᠤᠨ ᠤ ᠬᠡᠷᠡᠭᠴᠡᠭᠡᠲᠦ ᠬᠤᠨᠢ᠂ ᠨᠢᠯᠬ᠎ᠠ ᠬᠤᠷᠠᠭᠠᠨ ᠠᠷᠠᠰᠤᠨ ᠤ ᠬᠡᠷᠡᠭᠴᠡᠭᠡᠲᠦ ᠡᠭᠦᠯᠳᠡᠷ

— ᠺᠠᠷᠠᠺᠥ᠋ᠯᠢ᠂ ᠺᠥᠵᠡᠷ᠂ ᠬᠡᠦ ᠶᠠᠩ ᠬᠤᠨᠢ᠂ ᠰᠡᠩᠰᠡᠨ ᠬᠤᠷᠠᠭᠠᠨ ᠠᠷᠠᠰᠤᠨ ᠤ ᠬᠡᠷᠡᠭᠴᠡᠭᠡᠲᠦ ᠡᠭᠦᠯᠳᠡᠷ —

ᠰᠡᠩᠰᠡᠨ ᠬᠤᠨᠢ᠃

     ᠬᠤᠨᠢᠨ ᠤ ᠡᠭᠦᠯᠳᠡᠷ ᠢ ᠲᠡᠭᠦᠨ ᠤ ᠠᠵᠤ ᠠᠬᠤᠢ ᠶᠢᠨ ᠬᠡᠷᠡᠭᠴᠡᠭᠡ ᠶᠢ ᠨᠢ ᠦᠨᠳᠦᠰᠦᠯᠡᠨ ᠠᠩᠭᠢᠯᠠᠪᠠᠯ᠂

ᠨᠢᠭᠡ ᠳᠤ ᠶᠠᠮᠠᠷᠪᠠ ᠡᠭᠦᠯᠳᠡᠷ ᠤᠨ ᠬᠤᠨᠢᠳ ᠤᠨ ᠭᠤᠣᠯ ᠪᠣᠯᠬᠤ ᠠᠰᠢᠭ ᠰᠢᠮ᠎ᠡ ᠶᠢᠨ ᠭᠠᠷᠤᠯᠲᠠ ᠶᠢ ᠢᠯᠡ

ᠲᠣᠳᠣᠷᠬᠠᠢ ᠢᠯᠡᠳᠬᠡᠵᠦ ᠴᠢᠳᠠᠨ᠎ᠠ᠃ ᠬᠤᠶᠠᠷ ᠲᠤ᠂ ᠠᠳᠠᠯᠢᠪᠲᠤᠷ ᠠᠰᠢᠭ ᠰᠢᠮ᠎ᠡ ᠶᠢᠨ ᠭᠠᠷᠤᠯᠲᠠ ᠲᠠᠢ

ᠡᠭᠦᠯᠳᠡᠷ ᠤᠳ ᠢ ᠬᠤᠷᠢᠶᠠᠩᠭᠤᠶᠢᠯᠠᠨ ᠢᠯᠡᠳᠬᠡᠨ᠎ᠡ᠃ ᠭᠤᠷᠪᠠ ᠳᠤ᠂ ᠲᠡᠭᠦᠨ ᠤ ᠭᠠᠷᠤᠯᠲᠠ ᠪᠣᠯᠤᠨ ᠰᠢᠨᠵᠢ

ᠣᠨᠴᠠᠯᠢᠭ ᠢ ᠨᠢ ᠦᠨᠳᠦᠰᠦᠯᠡᠨ ᠬᠤᠶᠢᠰᠢᠳᠠ ᠶᠢᠨ ᠬᠥᠭᠵᠢᠭᠦᠯᠬᠦ ᠬᠠᠨᠳᠤᠰᠢ ᠶᠢ ᠲᠣᠭᠲᠠᠭᠠᠬᠤ ᠳᠤ ᠳᠥᠭᠦᠮ ᠪᠠᠶᠢᠳᠠᠭ

᠃ ᠲᠤᠰ ᠠᠷᠭ᠎ᠠ ᠨᠢ ᠬᠡᠳᠦᠶᠢᠪᠡᠷ ᠳᠡᠭᠡᠷᠡᠬᠢ ᠮᠡᠲᠦ ᠳᠠᠪᠠᠭᠤᠯᠢᠭ ᠲᠠᠯ᠎ᠠ ᠲᠠᠢ ᠪᠣᠯᠪᠠᠴᠤ᠂ ᠬᠦᠷᠦᠯᠴᠡᠬᠦ ᠦᠭᠡᠢ ᠲᠠᠯ᠎ᠠ

ᠪᠠᠰᠠ ᠪᠠᠶᠢᠳᠠᠭ᠃ ᠵᠢᠱᠢᠶᠡᠯᠡᠪᠡᠯ᠂ ᠬᠤᠨᠢᠨ ᠤ ᠡᠭᠦᠯᠳᠡᠷ ᠤᠨ ᠣᠷᠣᠰᠢᠨ ᠲᠠᠷᠬᠠᠭᠰᠠᠨ ᠭᠠᠵᠠᠷ ᠣᠷᠣᠨ ᠪᠣᠯᠤᠨ ᠡᠯ᠎ᠡ

ᠭᠠᠵᠠᠷ ᠤᠨ ᠠᠷᠠᠴᠢᠯᠠᠭ᠎ᠠ ᠮᠠᠯᠵᠢᠯᠭ᠎ᠠ ᠶᠢᠨ ᠠᠳᠠᠯᠢ ᠪᠤᠰᠤ ᠠᠴᠠ ᠪᠣᠯᠵᠤ ᠲᠡᠭᠦᠨ ᠤ ᠭᠠᠷᠤᠯᠲᠠ ᠪᠠ ᠬᠡᠷᠡᠭᠴᠡᠭᠡ ᠨᠢ

ᠴᠦ ᠠᠳᠠᠯᠢ ᠦᠭᠡᠢ ᠪᠠᠶᠢᠳᠠᠭ ᠪᠢᠯᠡ᠃ ᠵᠢᠱᠢᠶᠡᠯᠡᠪᠡᠯ᠂ ᠥᠪᠥᠷ ᠮᠣᠩᠭᠤᠯ ᠵᠡᠷᠭᠡ ᠮᠠᠯᠵᠢᠬᠤ ᠣᠷᠣᠨ ᠳᠤ ᠮᠠᠯᠵᠢᠵᠤ

ᠪᠠᠶᠢᠭ᠎ᠠ ᠮᠣᠩᠭᠤᠯ ᠬᠤᠨᠢᠨ ᠤ ᠭᠤᠣᠯ ᠪᠣᠯᠬᠤ ᠭᠠᠷᠤᠯᠲᠠ ᠨᠢ ᠮᠢᠬ᠎ᠠ᠂ ᠥᠭᠡᠬᠦ᠂ ᠨᠣᠣᠰᠣ ᠰᠦ ᠵᠡᠷᠭᠡ ᠣᠯᠠᠨ

ᠲᠠᠯ᠎ᠠ ᠶᠢᠨ ᠬᠡᠷᠡᠭᠴᠡᠭᠡ ᠲᠠᠢ ᠪᠠᠶᠢᠬᠤ ᠳᠤ ᠱᠠᠨᠳᠦ᠋ᠩ ᠳᠤ ᠮᠠᠯᠵᠢᠵᠤ ᠪᠠᠶᠢᠭ᠎ᠠ ᠮᠣᠩᠭᠤᠯ ᠬᠤᠨᠢ ᠨᠢ ᠬᠠᠷᠢᠨ ᠮᠢᠬ᠎ᠠ

ᠨᠣᠣᠰᠣ ᠪᠠᠷ ᠭᠤᠣᠯ ᠪᠣᠯᠭᠠᠭᠰᠠᠨ ᠪᠠᠶᠢᠳᠠᠭ ᠶᠤᠮ᠃

     ᠡᠭᠦᠯᠳᠡᠷ ᠪᠣᠯ ᠡᠭᠦᠷᠢᠳᠡ ᠬᠤᠪᠢᠷᠠᠰᠢ ᠦᠭᠡᠢ ᠬᠡᠪᠰᠢᠩᠭᠦᠢ ᠪᠢᠰᠢ ᠶᠤᠮ᠃ ᠬᠠᠷᠢᠨ ᠬᠠᠷᠢᠴᠠᠩᠭᠤᠢ ᠪᠠᠶᠢᠳᠠᠭ᠂

ᠨᠡᠶᠢᠭᠡᠮ ᠤᠨ ᠬᠥᠭᠵᠢᠯᠲᠡ ᠶᠢ ᠳᠠᠭᠠᠯᠳᠤᠵᠤ᠂ ᠡᠭᠦᠯᠳᠡᠷ ᠪᠠᠰᠠ ᠬᠥᠭᠵᠢᠨ ᠬᠤᠪᠢᠰᠤᠨ᠎ᠠ᠃ ᠤᠴᠢᠷ ᠨᠢ ᠬᠤᠨᠢᠨ ᠤ

ᠦᠢᠯᠡᠳᠪᠦᠷᠢᠯᠡᠯ ᠤᠨ ᠰᠢᠨᠵᠢ ᠴᠢᠨᠠᠷ ᠪᠠ ᠲᠡᠭᠦᠨ ᠤ ᠠᠵᠤ ᠠᠬᠤᠢ ᠶᠢᠨ ᠬᠡᠷᠡᠭᠴᠡᠭᠡ ᠨᠢ ᠬᠥᠮᠦᠰ ᠤᠨ ᠱᠠᠭᠠᠷᠳᠠᠯᠭ᠎ᠠ

ᠬᠡᠷᠡᠭᠴᠡᠭᠡ ᠪᠣᠯᠤᠨ ᠠᠷᠠᠴᠢᠯᠠᠭ᠎ᠠ ᠮᠠᠯᠵᠢᠯᠭ᠎ᠠ ᠶᠢᠨ ᠨᠥᠬᠦᠴᠡᠯ ᠢ ᠳᠠᠭᠠᠵᠤ ᠬᠤᠪᠢᠷᠠᠳᠠᠭ ᠶᠤᠮ᠃ ᠡᠶᠢᠮᠦ ᠠᠴᠠ ᠪᠢᠳᠡ

ᠬᠤᠨᠢᠨ ᠤ ᠡᠭᠦᠯᠳᠡᠷ ᠢ ᠠᠩᠭᠢᠯᠠᠬᠤ ᠪᠠ ᠰᠤᠳᠤᠯᠬᠤ ᠶᠢᠨ ᠵᠣᠷᠢᠯᠭ᠎ᠠ ᠪᠣᠯ ᠳᠠᠷᠤᠢ ᠬᠤᠨᠢᠨ ᠤ ᠡᠭᠦᠯᠳᠡᠷ ᠤᠨ ᠪᠣᠢ

ᠪᠣᠯᠤᠭᠰᠠᠨ ᠲᠡᠦᠬᠡ ᠪᠣᠯᠤᠨ ᠡᠭᠦᠯᠳᠡᠷ ᠤᠨ ᠣᠨᠴᠠᠯᠢᠭ ᠢ ᠪᠦᠬᠦ ᠲᠠᠯ᠎ᠠ ᠪᠠᠷ ᠣᠶᠢᠯᠠᠭᠠᠵᠤ ᠲᠡᠭᠦᠨ ᠢ ᠤᠯᠠᠮ ᠰᠠᠶᠢᠲᠤᠷ

ᠠᠰᠢᠭᠯᠠᠬᠤ ᠪᠠ ᠥᠭᠡᠷᠡᠴᠢᠯᠡᠨ ᠬᠥᠭᠵᠢᠭᠦᠯᠵᠦ᠂ ᠬᠥᠮᠦᠨ ᠲᠥᠷᠥᠯᠬᠢᠲᠡᠨ ᠳᠤ ᠤᠯᠠᠮ ᠰᠠᠶᠢᠲᠤᠷ ᠦᠢᠯᠡᠴᠢᠯᠡᠭᠦᠯᠬᠦ ᠳᠤ

ᠣᠷᠣᠰᠢᠨ᠎ᠠ᠃

   

     ᠭᠤᠷᠪᠠ᠂ ᠠᠳᠠᠯᠢ ᠪᠤᠰᠤ ᠬᠡᠷᠡᠭᠴᠡᠭᠡᠲᠦ ᠡᠭᠦᠯᠳᠡᠷ ᠪᠠ ᠣᠷᠴᠢᠨ ᠠᠬᠤᠢ

     ᠬᠤᠨᠢᠨ ᠤ ᠶᠠᠰᠤ ᠴᠢᠨᠠᠷ ᠪᠠ ᠠᠰᠢᠭ ᠰᠢᠮ᠎ᠡ ᠶᠢᠨ ᠭᠠᠷᠤᠯᠲᠠ ᠶᠢᠨ ᠰᠠᠶᠢᠨ ᠡᠰᠡᠬᠦ ᠨᠢ ᠨᠢᠭᠡ ᠲᠠᠯ᠎ᠠ ᠪᠠᠷ

ᠲᠡᠭᠦᠨ ᠤ ᠤᠳᠤᠮᠰᠢᠯᠲᠤ ᠴᠢᠨᠠᠷ ᠲᠤ ᠰᠢᠢᠳᠪᠦᠷᠢᠯᠡᠭᠳᠡᠵᠦ᠂ ᠨᠥᠭᠦᠭᠡ ᠲᠠᠯ᠎ᠠ ᠪᠠᠷ ᠲᠡᠭᠦᠨ ᠤ ᠥᠰᠦᠯᠲᠡ ᠪᠣᠶᠢᠵᠢᠯᠲᠠ

ᠪᠠ ᠦᠷᠡᠵᠢᠯᠲᠡ ᠵᠡᠷᠭᠡ ᠬᠡᠪ ᠤᠨ ᠠᠮᠢᠳᠤᠷᠠᠯ ᠢ ᠪᠠᠲᠤᠯᠠᠬᠤ ᠣᠷᠴᠢᠨ ᠠᠬᠤᠢ ᠶᠢᠨ ᠠᠮᠢᠳᠤᠷᠠᠯ ᠤᠨ ᠨᠥᠬᠦᠴᠡᠯ ᠳᠤ

ᠰᠢᠢᠳᠪᠦᠷᠢᠯᠡᠭᠳᠡᠨ᠎ᠡ᠃ ᠡᠶᠢᠮᠦ ᠠᠴᠠ ᠭᠠᠵᠠᠷ ᠣᠷᠣᠨ ᠤ ᠪᠠᠨ ᠪᠠᠶᠢᠭᠠᠯᠢ ᠶᠢᠨ ᠨᠥᠬᠦᠴᠡᠯ ᠪᠣᠯᠤᠨ ᠪᠠᠶᠢᠭᠠᠯᠢ ᠶᠢᠨ ᠡᠬᠢ

ᠪᠠᠶᠠᠯᠢᠭ ᠢ ᠲᠣᠬᠢᠷᠠᠮᠵᠢᠲᠠᠢ ᠰᠠᠶᠢᠬᠠᠨ ᠠᠰᠢᠭᠯᠠᠵᠤ᠂ ᠬᠤᠨᠢ ᠮᠠᠯᠵᠢᠯᠭ᠎ᠠ ᠳᠤ ᠬᠤᠨᠢᠨ ᠤ ᠡᠭᠦᠯᠳᠡᠷ ᠤᠭᠰᠠᠭ᠎ᠠ ᠶᠢ

ᠰᠠᠶᠢᠵᠢᠷᠠᠭᠤᠯᠵᠤ᠂ ᠠᠳᠠᠯᠢ ᠪᠤᠰᠤ ᠡᠭᠦᠯᠳᠡᠷ ᠤᠨ ᠬᠤᠨᠢ ᠠᠳᠠᠯᠢ ᠦᠭᠡᠢ ᠣᠷᠴᠢᠨ ᠠᠬᠤᠢ ᠶᠢᠨ ᠨᠥᠬᠦᠴᠡᠯ ᠢ

ᠱᠠᠭᠠᠷᠳᠠᠨ᠎ᠠ ᠭᠡᠳᠡᠭ ᠢ ᠣᠶᠢᠯᠠᠭᠠᠵᠤ᠂ ᠪᠣᠳᠠᠲᠠᠢ ᠠᠴᠠ ᠡᠭᠦᠰᠴᠦ᠂ ᠭᠠᠵᠠᠷ ᠣᠷᠣᠨ ᠳᠠᠭᠠᠨ ᠲᠣᠬᠢᠷᠠᠭᠰᠠᠨ

ᠡᠭᠦᠯᠳᠡᠷ ᠤᠳ ᠢ ᠥᠰᠬᠡᠨ ᠦᠷᠡᠵᠢᠭᠦᠯᠵᠦ᠂ ᠲᠡᠭᠦᠨ ᠤ ᠰᠢᠯᠢᠳᠡᠭ ᠰᠠᠶᠢᠨ ᠰᠢᠨᠵᠢ ᠴᠢᠨᠠᠷ ᠤᠨ ᠤᠳᠤᠮᠰᠢᠯ ᠢ ᠣᠷᠴᠢᠨ

ᠠᠬᠤᠢ ᠶᠢᠨ ᠨᠥᠬᠦᠴᠡᠯ ᠲᠠᠢ ᠪᠠᠨ ᠰᠠᠶᠢᠲᠤᠷ ᠤᠶᠠᠯᠳᠤᠭᠤᠯᠬᠤ ᠬᠡᠷᠡᠭᠲᠡᠢ᠃

     ᠢᠩᠭᠢᠮᠡᠨᠵᠢᠨ ᠬᠤᠨᠢᠨ ᠤ ᠶᠠᠰᠤ ᠴᠢᠨᠠᠷ ᠪᠠ ᠠᠰᠢᠭ ᠰᠢᠮ᠎ᠡ ᠶᠢᠨ ᠭᠠᠷᠤᠯᠲᠠ ᠶᠢ ᠨᠢ ᠳᠡᠭᠡᠭᠰᠢᠯᠡᠭᠦᠯᠬᠦ

ᠵᠣᠷᠢᠯᠭ᠎ᠠ ᠳᠠᠭᠠᠨ ᠭᠥᠷᠦᠭᠦᠯᠵᠦ ᠴᠢᠳᠠᠨ᠎ᠠ᠃

     ᠠᠭᠤᠷ ᠠᠮᠢᠰᠬᠤᠯ ᠤᠨ ᠨᠥᠬᠦᠴᠡᠯ ᠪᠣᠯ ᠬᠤᠨᠢᠨ ᠳᠤ ᠰᠢᠭᠤᠳ ᠪᠤᠶᠤ ᠳᠠᠮ ᠢᠶᠠᠷ ᠨᠥᠯᠥᠭᠡ ᠦᠵᠡᠭᠦᠯᠳᠡᠭ᠃

ᠰᠢᠭᠤᠳ ᠨᠥᠯᠥᠭᠡᠯᠡᠯ ᠨᠢ ᠬᠤᠨᠢᠨ ᠤ ᠣᠷᠣᠰᠢᠨ ᠲᠣᠭᠲᠠᠨᠢᠬᠤ ᠪᠠ ᠵᠣᠬᠢᠴᠠᠬᠤ ᠴᠢᠳᠠᠪᠤᠷᠢ ᠶᠢ ᠨᠥᠯᠥᠭᠡᠯᠡᠬᠦ ᠪᠠᠷ

ᠪᠠᠷᠠᠬᠤ ᠦᠭᠡᠢ ᠪᠠᠰᠠ ᠥᠰᠦᠯᠲᠡ ᠪᠣᠶᠢᠵᠢᠯᠲᠠ᠂ ᠭᠠᠷᠤᠯᠲᠠ᠂ ᠦᠷᠡᠵᠢᠯ ᠵᠡᠷᠭᠡ ᠶᠢ ᠨᠥᠯᠥᠭᠡᠯᠡᠳᠡᠭ᠃ ᠬᠤᠨᠢ

ᠤᠷᠲᠤ ᠬᠤᠭᠤᠴᠠᠭ᠎ᠠ ᠪᠠᠷ ᠨᠢᠭᠡᠨ ᠬᠠᠷᠢᠴᠠᠩᠭᠤᠢ ᠲᠣᠭᠲᠠᠭᠤᠨ ᠪᠠᠶᠢᠭᠠᠯᠢ ᠶᠢᠨ ᠣᠷᠴᠢᠨ ᠳᠤ ᠠᠮᠢᠳᠤᠷᠠᠪᠠᠯ᠂

     ᠡᠨᠡᠬᠦ ᠠᠭᠤᠷ ᠠᠮᠢᠰᠬᠤᠯ ᠤᠨ ᠣᠷᠴᠢᠨ ᠳᠠᠭᠠᠨ ᠵᠣᠬᠢᠴᠠᠬᠤ ᠴᠢᠳᠠᠪᠤᠷᠢ ᠲᠠᠢ ᠪᠣᠯᠤᠨ᠎ᠠ᠃ ᠡᠭᠦᠨ ᠠᠴᠠ

ᠦᠵᠡᠬᠦ ᠳᠤ ᠬᠤᠨᠢᠨ ᠤ ᠵᠣᠬᠢᠴᠠᠬᠤ ᠴᠢᠳᠠᠪᠤᠷᠢ ᠪᠣᠯ ᠲᠡᠭᠦᠨ ᠤ ᠤᠷᠲᠤ ᠬᠤᠭᠤᠴᠠᠭᠠᠨ ᠤ ᠠᠮᠢᠳᠤᠷᠠᠯ ᠤᠨ ᠲᠤᠷᠰᠢᠬᠢ

ᠬᠤᠪᠢᠰᠤᠯ ᠤᠨ ᠶᠠᠪᠤᠴᠠ ᠳᠤ ᠪᠣᠢ ᠪᠣᠯᠳᠠᠭ᠃ ᠵᠢᠱᠢᠶᠡᠯᠡᠪᠡᠯ᠄ ᠲᠥᠪᠡᠳ ᠬᠤᠨᠢ ᠶᠡᠷᠦ ᠨᠢ ᠳᠠᠯᠠᠢ ᠶᠢᠨ

ᠲᠦᠪᠰᠢᠨ ᠠᠴᠠ 2500 ᠮᠧᠲᠷ ᠡᠷᠭᠦᠭᠳᠡᠭᠰᠡᠨ ᠠᠭᠤᠯᠠᠷᠬᠠᠭ ᠣᠷᠣᠨ ᠳᠤ ᠣᠷᠣᠰᠢᠨ ᠲᠠᠷᠬᠠᠵᠤ ᠪᠠᠶᠢᠳᠠᠭ᠃ ᠬᠡᠷᠪᠡ

ᠲᠡᠭᠦᠨ ᠢ ᠳᠠᠯᠠᠢ ᠶᠢᠨ ᠲᠦᠪᠰᠢᠨ ᠤ ᠡᠷᠭᠦᠯᠲᠡ ᠶᠢᠨ ᠬᠡᠮᠵᠢᠶ᠎ᠡ ᠨᠢ ᠨᠡᠯᠢᠶᠡᠳ ᠳᠣᠣᠷ᠎ᠠ ᠰᠢᠭ᠋ ᠲᠠᠯ᠎ᠠ ᠨᠤᠲᠤᠭ ᠲᠤ

ᠠᠪᠠᠴᠢᠨ ᠮᠠᠯᠵᠢᠪᠠᠯ᠂ ᠲᠡᠭᠦᠨ ᠤ ᠵᠣᠬᠢᠴᠠᠬᠤ ᠴᠢᠨᠠᠷ ᠲᠤ ᠮᠠᠰᠢ ᠶᠡᠭᠡ ᠠᠰᠠᠭᠤᠳᠠᠯ ᠲᠤᠯᠭᠠᠷᠠᠬᠤ ᠪᠣᠯᠤᠨ᠎ᠠ᠃

ᠬᠦᠢᠲᠡᠨ ᠣᠷᠣᠨ ᠤ ᠮᠠᠯ ᠲᠡᠵᠢᠭᠡᠪᠦᠷᠢ ᠶᠢᠨ ᠪᠡᠶ᠎ᠡ ᠪᠢᠯᠳᠠᠷ ᠨᠢ ᠬᠠᠯᠠᠭᠤᠨ ᠣᠷᠣᠨ ᠤ ᠮᠠᠯ ᠲᠡᠵᠢᠭᠡᠪᠦᠷᠢ ᠶᠢᠨ ᠪᠡᠶ᠎ᠡ

ᠪᠢᠯᠳᠠᠷ ᠠᠴᠠ ᠪᠦᠳᠦᠭᠦᠨ ᠪᠠᠶᠢᠳᠠᠭ᠃ ᠶᠡᠷᠦ ᠨᠢ ᠲᠣᠬᠢᠷᠠᠮᠵᠢᠲᠠᠢ ᠬᠦᠢᠲᠡᠨ ᠨᠢ ᠮᠠᠯ ᠤᠨ ᠪᠡᠶ᠎ᠡ ᠶᠢᠨ ᠪᠣᠳᠠᠰ ᠤᠨ

ᠰᠣᠯᠢᠯᠴᠠᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠲᠡᠭᠦᠨ ᠤ ᠥᠰᠦᠯᠲᠡ ᠪᠣᠶᠢᠵᠢᠯᠲᠠ ᠶᠢ ᠠᠬᠢᠭᠤᠯᠳᠠᠭ ᠶᠤᠮ᠃

ᠭᠡᠪᠡᠴᠦ ᠬᠡᠲᠦᠷᠬᠡᠢ ᠬᠦᠢᠲᠡᠨ ᠣᠷᠴᠢᠨ ᠨᠢ ᠮᠠᠯ ᠤᠨ ᠥᠰᠦᠯᠲᠡ ᠪᠣᠶᠢᠵᠢᠯᠲᠠ ᠳᠤ ᠠᠰᠢᠭ ᠦᠭᠡᠢ ᠨᠥᠯᠥᠭᠡ

ᠭᠠᠷᠭᠠᠨ᠎ᠠ᠂ ᠴᠢᠨᠠᠭᠰᠢᠯᠠᠪᠠᠯ ᠦᠬᠦᠯ ᠬᠤᠬᠢᠷᠠᠯ ᠤᠨ ᠰᠦᠢᠳᠦᠯ ᠢ ᠴᠦ ᠭᠠᠷᠭᠠᠵᠤ ᠮᠡᠳᠡᠨ᠎ᠡ᠃ ᠭᠡᠲᠡᠯ᠎ᠡ ᠳᠤᠯᠠᠭᠠᠨ ᠤ

ᠬᠡᠮᠵᠢᠶ᠎ᠡ ᠮᠠᠯ ᠤᠨ ᠪᠡᠶ᠎ᠡ ᠶᠢᠨ ᠬᠠᠯᠠᠭᠤᠨ ᠤ ᠬᠡᠮᠵᠢᠶ᠎ᠡ ᠲᠠᠢ ᠣᠶᠢᠷᠠᠯᠴᠠᠭ᠎ᠠ ᠪᠣᠯᠬᠤ ᠪᠤᠶᠤ ᠲᠡᠭᠦᠨ ᠠᠴᠠ ᠳᠠᠪᠠᠪᠠᠯ

ᠮᠠᠯ ᠤᠨ ᠪᠣᠳᠠᠰ ᠤᠨ ᠰᠣᠯᠢᠯᠴᠠᠭᠠᠨ ᠤ ᠠᠵᠢᠯᠯᠠᠭ᠎ᠠ ᠨᠢ ᠰᠤᠯᠠᠷᠠᠨ ᠮᠠᠭᠤᠳᠠᠨ᠎ᠠ᠃ ᠥᠨᠳᠥᠷ ᠬᠠᠯᠠᠭᠤᠨ ᠤ ᠣᠷᠴᠢᠨ

 ᠨᠢ ᠬᠤᠨᠢᠨ ᠤ ᠦᠷᠡᠵᠢᠯᠲᠡ ᠳᠤ ᠮᠥᠨ ᠴᠦ ᠠᠰᠢᠭ ᠦᠭᠡᠢ ᠪᠠᠶᠢᠳᠠᠭ᠃ ᠲᠡᠷᠡ ᠨᠢ ᠬᠤᠨᠢᠨ ᠤ ᠦᠷᠡᠵᠢᠯ ᠤᠨ

ᠠᠵᠢᠯᠯᠠᠭ᠎ᠠ ᠶᠢ ᠮᠠᠭᠤᠳᠠᠭᠤᠯᠵᠤ᠂ ᠵᠢᠭᠲᠡᠢ ᠦᠷ᠎ᠡ ᠶᠢᠨ ᠡᠰ ᠢ ᠨᠡᠮᠡᠭᠳᠡᠭᠦᠯᠦᠨ᠎ᠡ᠃ ᠨᠡᠯᠢᠶᠡᠳ ᠣᠯᠠᠨ ᠡᠷᠳᠡᠮᠲᠡᠳ ᠤᠨ

ᠰᠤᠳᠤᠯᠤᠯᠲᠠ ᠪᠠᠷ ᠪᠣᠯ ᠬᠤᠨᠢᠨ ᠤ ᠨᠣᠯᠤᠤᠷ ᠤᠨ ᠤᠷᠭᠤᠯᠲᠠ ᠪᠣᠯᠤᠨ ᠬᠠᠯᠠᠭᠤᠨ ᠤ ᠬᠡᠮᠵᠢᠶ᠎ᠡ ᠨᠢ ᠰᠥᠭᠡᠷᠭᠦ

ᠬᠠᠷᠢᠴᠠᠭ᠎ᠠ ᠲᠠᠢ᠂ ᠬᠠᠷᠢᠨ ᠪᠦᠳᠦᠭᠦᠨ ᠨᠣᠣᠰᠣᠨ ᠤ ᠤᠷᠭᠤᠯᠲᠠ ᠶᠢᠨ ᠬᠡᠮᠵᠢᠶ᠎ᠡ ᠨᠢ ᠬᠠᠯᠠᠭᠤᠨ ᠤ ᠬᠡᠮᠵᠢᠶ᠎ᠡ ᠲᠠᠢ

ᠡᠶᠡᠷᠭᠦ ᠬᠠᠷᠢᠴᠠᠭ᠎ᠠ ᠲᠠᠢ ᠪᠠᠶᠢᠳᠠᠭ᠃ ᠬᠤᠨᠢᠨ ᠳᠤ ᠠᠪᠴᠤ ᠬᠡᠯᠡᠪᠡᠯ ᠬᠡᠳᠦ ᠬᠠᠯᠠᠭᠤᠨ ᠨᠢ ᠬᠠᠷᠢᠨ ᠬᠦᠢᠲᠡᠨ ᠠᠴᠠ

ᠢᠯᠡᠭᠦᠦ ᠮᠠᠭᠤ ᠨᠥᠯᠥᠭᠡ ᠦᠵᠡᠭᠦᠯᠳᠡᠭ ᠶᠦᠮ᠃

     ᠶᠡᠷᠦ ᠶᠢᠨ ᠪᠠᠶᠢᠳᠠᠯ ᠳᠣᠣᠷ᠎ᠠ᠂ ᠭᠠᠭᠴᠠᠬᠠᠨ ᠴᠢᠭᠢᠭ ᠨᠣᠶᠢᠲᠠᠨ ᠤ ᠰᠢᠯᠲᠠᠭᠠᠨ ᠨᠢ ᠬᠤᠨᠢᠨ ᠳᠤ ᠳᠡᠮᠡᠢ ᠶᠡᠭᠡ

ᠨᠥᠯᠥᠭᠡᠯᠡᠯ ᠪᠣᠯᠳᠠᠭ ᠦᠭᠡᠢ᠃ ᠭᠡᠪᠡᠴᠦ ᠴᠢᠭᠢᠭ ᠨᠣᠶᠢᠲᠠᠨ ᠤ ᠰᠢᠯᠲᠠᠭᠠᠨ ᠨᠢ ᠬᠠᠯᠠᠭᠤᠨ ᠤ ᠨᠥᠬᠦᠴᠡᠯ ᠲᠠᠢ

ᠤᠶᠠᠯᠳᠤᠪᠠᠯ ᠳᠠᠷᠤᠢ ᠲᠡᠭᠦᠨ ᠤ ᠨᠥᠯᠥᠭᠡᠯᠡᠯ ᠨᠢ ᠶᠡᠭᠡ ᠪᠣᠯᠤᠨ᠎ᠠ᠃ ᠵᠢᠱᠢᠶᠡᠯᠡᠪᠡᠯ᠂ ︽ᠨᠣᠶᠢᠲᠠᠨ ᠬᠠᠯᠠᠭᠤᠨ︾᠂ ︽

ᠬᠠᠭᠤᠷᠠᠢ ᠬᠠᠯᠠᠭᠤᠨ︾᠂ ︽ᠴᠢᠭᠢᠭᠯᠢᠭ ᠬᠦᠢᠲᠡᠨ︾᠂ ︽ᠬᠠᠭᠤᠷᠠᠢ ᠬᠦᠢᠲᠡᠨ︾

     ᠵᠡᠷᠭᠡ ᠣᠷᠴᠢᠨ ᠤ ᠨᠥᠬᠦᠴᠡᠯ ᠨᠢ ᠬᠤᠨᠢᠨ ᠤ ᠪᠡᠶ᠎ᠡ ᠶᠢᠨ ᠬᠡᠯᠪᠡᠷᠢ᠂ ᠨᠣᠣᠰᠣ ᠪᠠ ᠭᠠᠷᠤᠯᠲᠠ ᠶᠢ

ᠨᠥᠯᠥᠭᠡᠯᠡᠬᠦ ᠪᠠᠷ ᠪᠠᠷᠠᠬᠤ ᠦᠭᠡᠢ᠂ ᠪᠠᠰᠠ ᠬᠤᠨᠢᠨ ᠤ ᠣᠷᠣᠰᠢᠨ ᠲᠣᠭᠲᠠᠨᠢᠯ ᠢ ᠬᠢᠵᠠᠭᠠᠷᠯᠠᠨ᠎ᠠ᠃ ᠶᠡᠷᠦᠩᠬᠡᠢ ᠳᠤᠨᠢ

ᠦᠵᠡᠪᠡᠯ ᠬᠤᠨᠢ ᠪᠣᠯ ᠬᠠᠭᠤᠷᠠᠶᠢᠯᠢᠭ᠋ ᠣᠷᠴᠢᠨ ᠠᠬᠤᠢ ᠪᠠ ᠰᠡᠷᠢᠭᠦᠨ᠂ ᠬᠦᠢᠲᠡᠨ ᠣᠷᠴᠢᠨ ᠠᠬᠤᠢ ᠳᠤ ᠵᠣᠬᠢᠴᠠᠳᠠᠭ

     ᠰᠠᠯᠬᠢᠨ ᠪᠣᠯ ᠪᠠᠰᠠᠴᠤ ᠣᠮᠲᠣᠭᠠᠶᠢᠯᠠᠵᠤ ᠪᠣᠯᠣᠰᠢ ᠥᠬᠡᠢ ᠣᠷᠴᠢᠨ ᠠᠬᠤᠢ ᠶᠢᠨ ᠨᠥᠯᠥᠭᠡᠯᠡᠯ ᠤᠨ ᠨᠢᠭᠡ

ᠬᠦᠴᠦᠨ ᠵᠦᠢᠯ ᠮᠥᠨ᠃ ᠰᠠᠯᠬᠢ ᠭᠠᠭᠴᠠᠭᠠᠷ ᠢᠶᠠᠨ ᠪᠢᠰᠢ᠂ ᠬᠠᠷᠢᠨ ᠠᠭᠤᠷ ᠠᠮᠢᠰᠬᠤᠯ ᠤᠨ ᠨᠥᠬᠦᠴᠡᠯ ᠲᠠᠢ

ᠤᠶᠠᠯᠳᠤᠮᠠᠨᠵᠢᠨ ᠰᠠᠶᠢ ᠨᠡᠯᠢᠶᠡᠳ ᠮᠡᠳᠡᠭᠳᠡᠬᠦᠶᠢᠴᠡ ᠨᠥᠯᠥᠭᠡ ᠶᠢ ᠭᠠᠷᠭᠠᠳᠠᠭ᠃ ᠭᠤᠷᠪᠠᠳᠤᠭᠠᠷ ᠳᠡᠰ ᠠᠴᠠ

ᠳᠣᠷᠣᠭᠰᠢᠬᠢ ᠰᠠᠯᠬᠢᠨ ᠬᠤᠨᠢᠨ ᠤ ᠢᠳᠡᠰᠢᠯᠡᠬᠦ ᠳᠤ ᠠᠰᠢᠭᠲᠠᠢ ᠨᠥᠬᠦᠴᠡᠯ ᠢ ᠣᠯᠭᠤᠵᠤ ᠥᠭᠬᠦ ᠪᠠᠷ ᠪᠠᠷᠠᠬᠤ ᠦᠭᠡᠢ᠂

ᠪᠡᠶ᠎ᠡ ᠶᠢᠨ ᠬᠠᠯᠠᠭᠤᠨ ᠤ ᠲᠣᠬᠢᠷᠠᠭᠤᠯᠤᠯᠲᠠ ᠳᠤᠨᠢ ᠪᠠᠰᠠ ᠲᠤᠰᠠᠯᠠᠮᠵᠢ ᠪᠣᠯᠳᠠᠭ᠃ ᠭᠡᠲᠡᠯ᠎ᠡ ᠬᠦᠢᠲᠡᠨ ᠤᠯᠠᠷᠢᠯ ᠳᠤ

ᠳᠥᠷᠪᠡᠳᠦᠭᠡᠷ ᠳᠡᠰ ᠠᠴᠠ ᠳᠡᠭᠡᠭᠰᠢᠬᠢ ᠰᠠᠯᠬᠢ ᠪᠣᠯ ᠬᠤᠨᠢᠨ ᠳᠤ ᠠᠰᠢᠭ ᠦᠭᠡᠢ ᠪᠣᠯᠤᠨ᠎ᠠ᠃

     ᠡᠭᠦᠨ ᠠᠴᠠ ᠭᠠᠳᠠᠨ᠎ᠠ ᠪᠠᠰᠠ ᠨᠠᠷᠠᠨ ᠤ ᠳᠤᠰᠬᠠᠯᠲᠠ᠂ ᠳᠠᠯᠠᠢ ᠶᠢᠨ ᠲᠦᠪᠰᠢᠨ ᠤ ᠬᠡᠮᠵᠢᠶ᠎ᠡ᠂ ᠭᠠᠵᠠᠷ ᠤᠨ

ᠪᠠᠶᠢᠴᠠ᠂ ᠬᠥᠷᠥᠰᠥ᠂ ᠤᠷᠭᠤᠮᠠᠯ ᠤᠨ ᠬᠤᠴᠢᠮᠠᠯ ᠵᠡᠷᠭᠡ ᠰᠢᠯᠲᠠᠭᠠᠨ ᠨᠤᠭᠤᠳ ᠪᠦᠷ ᠬᠤᠨᠢᠨ ᠳᠤ ᠵᠣᠬᠢᠬᠤ

ᠬᠡᠮᠵᠢᠶᠡᠨ ᠤ ᠨᠥᠯᠥᠭᠡ ᠶᠢ ᠦᠵᠡᠭᠦᠯᠦᠨ᠎ᠡ᠃

     ᠳᠡᠯᠡᠬᠡᠢ ᠶᠢᠨ ᠡᠯ᠎ᠡ ᠭᠠᠵᠠᠷ ᠤᠨ ᠬᠤᠨᠢᠨ ᠤ ᠡᠭᠦᠯᠳᠡᠷ ᠤᠨ ᠪᠣᠶᠢᠵᠢᠭᠰᠠᠨ ᠲᠡᠦᠬᠡ ᠪᠣᠯᠤᠨ ᠣᠷᠣᠰᠢᠨ ᠲᠠᠷᠬᠠᠵᠤ

ᠪᠠᠶᠢᠭ᠎ᠠ ᠭᠠᠵᠠᠷ ᠣᠷᠣᠨ ᠢ ᠦᠨᠳᠦᠰᠦᠯᠡᠪᠡᠯ᠂ ᠡᠯ᠎ᠡ ᠲᠥᠷᠥᠯ ᠤᠨ ᠬᠤᠨᠢᠨ ᠤ ᠱᠠᠭᠠᠷᠳᠠᠬᠤ ᠣᠷᠴᠢᠨ ᠠᠬᠤᠢ ᠶᠢᠨ

ᠨᠥᠬᠦᠴᠡᠯ ᠨᠢ ᠳᠣᠣᠷᠠᠬᠢ ᠮᠡᠲᠦ :

     ᠨᠠᠷᠢᠨ ᠨᠣᠣᠰᠣᠲᠤ ᠬᠤᠨᠢ᠄ ᠳᠤᠯᠠᠭᠠᠨ ᠬᠠᠭᠤᠷᠠᠢ ᠪᠤᠶᠤ ᠬᠠᠭᠤᠷᠠᠶᠢᠯᠢᠭ᠋ ᠣᠷᠴᠢᠨ ᠳᠤ ᠵᠣᠬᠢᠴᠠᠳᠠᠭ ᠪᠥᠭᠡᠳ

ᠬᠠᠭᠤᠷᠠᠢ ᠬᠠᠯᠠᠭᠤᠨ ᠪᠠ ᠬᠠᠭᠤᠷᠠᠢ ᠬᠦᠢᠲᠡᠨ ᠳᠤ ᠮᠥᠨ ᠵᠣᠬᠢᠴᠠᠵᠤ ᠴᠢᠳᠠᠳᠠᠭ᠃ ᠭᠡᠲᠡᠯ᠎ᠡ ᠨᠣᠶᠢᠲᠠᠨ ᠬᠠᠯᠠᠭᠤᠨ

ᠪᠣᠯᠤᠨ ᠴᠢᠭᠢᠭᠯᠢᠭ ᠬᠦᠢᠲᠡᠨ ᠣᠷᠴᠢᠨ ᠨᠢ ᠨᠠᠷᠢᠨ ᠨᠣᠣᠰᠣᠲᠤ ᠬᠤᠨᠢᠨ ᠳᠤ ᠵᠣᠬᠢᠴᠠᠳᠠᠭ ᠦᠭᠡᠢ ᠶᠦᠮ᠃ ᠶᠡᠷᠦᠨᠢ

ᠬᠤᠷ᠎ᠠ ᠲᠤᠨᠤᠳᠠᠰᠤ ᠶᠢᠨ ᠬᠡᠮᠵᠢᠶ᠎ᠡ 250 — 500 ᠮᠢᠯᠯᠢᠮᠧᠲᠷ︔ ᠬᠠᠷᠢᠴᠠᠩᠭᠤᠢ ᠴᠢᠭᠢᠭ ᠤᠨ ᠬᠡᠮᠵᠢᠶ᠎ᠡ 50

— 70%︔ ᠳᠤᠯᠠᠭᠠᠨ ᠤ ᠬᠡᠮᠵᠢᠶ᠎ᠡ -25 — 27 ᠭᠷᠠᠳᠦ᠋ᠰ ᠤᠨ ᠨᠥᠬᠦᠴᠡᠯ ᠪᠣᠯ ᠨᠠᠷᠢᠨ ᠨᠣᠣᠰᠣᠲᠤ

ᠬᠤᠨᠢᠨ ᠳᠤ ᠲᠣᠬᠢᠷᠠᠮᠵᠢ ᠲᠠᠢ ᠪᠠᠶᠢᠳᠠᠭ᠃ ᠡᠪᠡᠰᠦ ᠤᠷᠭᠤᠮᠠᠯ ᠤᠨ ᠲᠠᠯ᠎ᠠ ᠪᠠᠷ ᠪᠣᠯ ᠳᠤᠮᠳᠠ ᠪᠤᠶᠤ ᠪᠣᠭᠤᠨᠢ

ᠬᠡᠯᠪᠡᠷᠢ ᠶᠢᠨ ᠦᠶᠡᠲᠦ ᠤᠷᠭᠤᠮᠠᠯ ᠤᠨ ᠡᠪᠡᠰᠦ ᠪᠣᠯᠤᠨ ᠨᠢᠭᠡ ᠪᠦᠯᠦᠭ ᠪᠤᠷᠴᠠᠭᠲᠤ ᠤᠷᠭᠤᠮᠠᠯ ᠬᠤᠯᠢᠯᠳᠤᠨ

ᠤᠷᠭᠤᠭᠰᠠᠨ ᠪᠡᠯᠴᠢᠭᠡᠷ ᠪᠣᠯ ᠲᠣᠬᠢᠷᠠᠮᠵᠢᠲᠠᠢ ᠪᠠᠶᠢᠳᠠᠭ᠃ ᠪᠤᠲᠠᠯᠢᠭ ᠮᠣᠳᠣ ᠠᠷᠪᠢᠨ ᠲᠠᠢ ᠭᠠᠵᠠᠷ ᠪᠣᠯ ᠪᠠᠷᠤᠭᠲᠠᠢ︔

ᠨᠡᠭᠦᠳᠡᠯ ᠤᠨ ᠡᠯᠡᠰᠦ ᠲᠠᠢ ᠭᠠᠵᠠᠷ ᠵᠢᠴᠢ ᠬᠤᠵᠢᠷᠯᠢᠭ ᠭᠠᠵᠠᠷ ᠪᠣᠯ ᠨᠠᠷᠢᠨ ᠨᠣᠣᠰᠣᠲᠤ ᠬᠤᠨᠢᠨ ᠳᠤ ᠠᠰᠢᠭ ᠦᠭᠡᠢ

ᠶᠦᠮ᠃

     ᠤᠷᠲᠤ ᠨᠠᠷᠢᠪᠲᠤᠷ ᠨᠣᠣᠰᠣᠲᠤ ᠮᠢᠬᠠᠨ ᠤ ᠬᠡᠯᠪᠡᠷᠢ ᠶᠢᠨ ᠬᠤᠨᠢ᠄ ᠴᠢᠭᠢᠭᠯᠢᠭ ᠨᠣᠶᠢᠲᠠᠨ᠂ ᠳᠤᠯᠠᠭᠠᠨ ᠭᠠᠵᠠᠷ

ᠣᠷᠣᠨ ᠳᠤ ᠵᠣᠬᠢᠴᠠᠬᠤ ᠪᠠᠷ ᠰᠠᠶᠢᠨ ᠪᠠᠶᠢᠳᠠᠭ᠃ ᠬᠤᠷ᠎ᠠ ᠲᠤᠨᠤᠳᠠᠰᠤ ᠶᠢᠨ ᠬᠡᠮᠵᠢᠶ᠎ᠡ 500 — 800

ᠮᠢᠯᠯᠢᠮᠧᠲᠷ︔ ᠬᠠᠷᠢᠴᠠᠩᠭᠤᠢ ᠴᠢᠭᠢᠭ ᠤᠨ ᠬᠡᠮᠵᠢᠶ᠎ᠡ 60 — 70%᠂ ᠳᠤᠯᠠᠭᠠᠨ ᠤ ᠬᠡᠮᠵᠢᠶ᠎ᠡ -10 —

25℃ ᠤᠨ ᠣᠷᠴᠢᠨ ᠠᠬᠤᠢ ᠳᠤ ᠲᠣᠬᠢᠷᠠᠮᠵᠢᠲᠠᠢ᠃ ᠬᠤᠷ᠎ᠠ ᠲᠤᠨᠤᠳᠠᠰᠤ ᠶᠢᠨ ᠬᠡᠮᠵᠢᠶ᠎ᠡ 1000 ᠮᠢᠯᠯᠢᠮᠧᠲᠷ ᠪᠠ

25℃ ᠠᠴᠠ ᠳᠡᠭᠡᠭᠰᠢᠬᠢ ᠬᠠᠯᠠᠭᠤᠨ ᠤ ᠬᠡᠮᠵᠢᠶ᠎ᠡ ᠲᠠᠢ ᠣᠷᠴᠢᠨ ᠳᠤ ᠮᠥᠨ ᠴᠦ ᠵᠣᠬᠢᠴᠠᠬᠤ ᠪᠠᠷ ᠵᠦᠭᠡᠷ ᠰᠢᠭ

ᠪᠠᠶᠢᠳᠠᠭ ᠶᠤᠮ᠃ ᠢᠭᠴᠢ ᠰᠠᠬᠤᠯᠢᠭ ᠪᠥᠭᠡᠳ ᠣᠯᠠᠨ ᠲᠥᠷᠥᠯ ᠤᠨ ᠡᠪᠡᠰᠦ ᠬᠤᠯᠢᠯᠳᠤᠨ ᠤᠷᠭᠤᠭᠰᠠᠨ ᠪᠡᠯᠴᠢᠭᠡᠷ

ᠪᠣᠯ ᠲᠤᠰ ᠲᠥᠷᠥᠯ ᠤᠨ ᠬᠤᠨᠢᠳ ᠢ ᠬᠠᠷᠢᠭᠤᠯᠬᠤ ᠳᠤ ᠲᠣᠬᠢᠷᠠᠮᠵᠢᠲᠠᠢ ᠶᠤᠮ᠃ ᠡᠯᠡᠰᠦᠷᠬᠡᠭ ᠣᠷᠣᠨ ᠪᠠ ᠬᠤᠵᠢᠷᠯᠢᠭ

ᠭᠠᠵᠠᠷ ᠪᠣᠯ ᠲᠤᠰ ᠬᠤᠨᠢᠨ ᠨᠣᠣᠰᠣᠨ ᠤ ᠶᠠᠰᠤ ᠴᠢᠨᠠᠷ ᠢ ᠨᠥᠯᠥᠭᠡᠯᠡᠬᠦ ᠪᠣᠯᠤᠨ᠎ᠠ᠃

     ᠼᠢᠭᠠᠢ ᠬᠡᠯᠪᠡᠷᠢᠲᠦ ᠨᠠᠷᠢᠪᠲᠤᠷ ᠨᠣᠣᠰᠣᠲᠤ ᠬᠤᠨᠢ᠄ ᠭᠠᠩᠳᠠᠮᠠᠯ ᠬᠠᠭᠤᠷᠠᠢ ᠣᠷᠴᠢᠨ ᠠᠬᠤᠢ ᠳᠤ

ᠵᠣᠬᠢᠴᠠᠬᠤ ᠪᠠᠷ ᠰᠠᠶᠢᠨ᠂ ᠬᠤᠷ᠎ᠠ ᠲᠤᠨᠤᠳᠠᠰᠤ ᠶᠢᠨ ᠬᠡᠮᠵᠢᠶ᠎ᠡ 250 — 500 ᠮᠢᠯᠯᠢᠮᠧᠲᠷ︔ ᠬᠠᠷᠢᠴᠠᠩᠭᠤᠢ

ᠴᠢᠭᠢᠭ ᠤᠨ ᠬᠡᠮᠵᠢᠶ᠎ᠡ 50 — 60%᠂ ᠳᠤᠯᠠᠭᠠᠨ ᠤ ᠬᠡᠮᠵᠢᠶ᠎ᠡ -11 — 26℃ ᠤᠨ ᠣᠷᠴᠢᠨ ᠠᠬᠤᠢ ᠳᠤ

ᠲᠣᠬᠢᠷᠠᠮᠵᠢᠲᠠᠢ ᠪᠠᠶᠢᠳᠠᠭ᠃ ᠡᠪᠡᠰᠦ ᠤᠷᠭᠤᠮᠠᠯ ᠤᠨ ᠪᠦᠷᠬᠦᠯᠲᠡ ᠵᠢᠭᠠᠬᠠᠨ ᠰᠡᠶᠢᠷᠡᠭ ᠪᠠᠶᠢᠭᠰᠠᠨ ᠴᠤ ᠬᠠᠮᠢᠶ᠎ᠠ ᠦᠭᠡᠢ

᠂ ᠭᠡᠪᠡᠴᠦ ᠵᠢᠯ ᠲᠤᠷᠰᠢᠬᠢ ᠰᠢᠮ᠎ᠡ ᠲᠡᠵᠢᠭᠡᠯ ᠤᠨ ᠬᠡᠮᠵᠢᠶ᠎ᠡ ᠶᠢ ᠠᠳᠠᠯᠢᠪᠲᠤᠷ ᠰᠢᠭ᠋ ᠪᠠᠶᠢᠯᠭᠠᠬᠤ ᠬᠡᠷᠡᠭᠲᠡᠢ᠃

     ᠺᠠᠷᠠᠺᠦᠯᠢ᠄ ᠭᠠᠩᠳᠠᠮᠠᠯ ᠬᠠᠭᠤᠷᠠᠢ ᠣᠷᠣᠨ ᠳᠤ ᠵᠣᠬᠢᠴᠠᠬᠤ ᠪᠠᠷ ᠰᠠᠶᠢᠨ᠃ ᠬᠤᠷ᠎ᠠ ᠲᠤᠨᠤᠳᠠᠰᠤ ᠶᠢᠨ ᠬᠡᠮᠵᠢᠶ᠎ᠡ

100 — 300 ᠮᠢᠯᠯᠢᠮᠧᠲᠷ︔ ᠬᠠᠷᠢᠴᠠᠩᠭᠤᠢ ᠴᠢᠭᠢᠭ ᠤᠨ ᠬᠡᠮᠵᠢᠶ᠎ᠡ -10 — 32℃ ᠤᠨ ᠣᠷᠴᠢᠨ

ᠠᠬᠤᠢ ᠳᠤ ᠲᠣᠬᠢᠷᠠᠮᠵᠢᠲᠠᠢ ᠶᠤᠮ᠃ ᠡᠯᠡᠰᠦᠷᠬᠡᠭ ᠪᠠ ᠬᠠᠭᠠᠰ ᠡᠯᠡᠰᠦᠷᠬᠡᠭ ᠣᠷᠣᠨ ᠤ ᠤᠷᠭᠤᠮᠠᠯ ᠵᠢᠴᠢ ᠪᠤᠲᠠᠯᠢᠭ

ᠮᠣᠳᠣ ᠠᠷᠪᠢᠨ ᠲᠠᠢ ᠭᠠᠵᠠᠷ ᠪᠣᠯᠤᠨ ᠬᠤᠵᠢᠷᠯᠢᠭ ᠭᠠᠵᠠᠷ ᠲᠣᠬᠢᠷᠠᠮᠵᠢᠲᠠᠢ᠃ ᠰᠢᠮ᠎ᠡ ᠲᠡᠵᠢᠭᠡᠯ ᠤᠨ ᠪᠠᠶᠢᠳᠠᠯ ᠨᠢ

ᠵᠢᠯ ᠳᠤ ᠪᠠᠨ ᠲᠡᠩᠴᠡᠭᠦᠷᠢ ᠦᠭᠡᠢ ᠪᠠᠶᠢᠭᠰᠠᠨ ᠴᠤ ᠪᠣᠯᠤᠨ᠎ᠠ᠃

     ᠪᠦᠳᠦᠭᠦᠨ ᠨᠣᠣᠰᠣᠲᠤ ᠬᠤᠨᠢ᠄ ᠠᠭᠤᠷ ᠠᠮᠢᠰᠬᠤᠯ ᠤᠨ ᠬᠡᠮᠵᠢᠶ᠎ᠡ ᠮᠠᠰᠢ ᠶᠡᠭᠡ ᠬᠤᠪᠢᠷᠠᠯᠲᠠ ᠲᠠᠢ

ᠣᠷᠴᠢᠨ ᠳᠤ ᠵᠣᠬᠢᠴᠠᠵᠤ ᠴᠢᠳᠠᠨ᠎ᠠ᠃ ᠳᠠᠷᠤᠢ᠂ ᠳᠤᠯᠠᠭᠠᠨ ᠤ ᠬᠡᠮᠵᠢᠶ᠎ᠡ - 35 — 30℃ ᠤᠨ ᠣᠷᠴᠢᠨ ᠳᠤ

ᠠᠵᠢᠭ ᠴᠤ ᠦᠭᠡᠢ ᠪᠠᠶᠢᠳᠠᠭ ᠪᠠ ᠴᠢᠭᠢᠭᠯᠢᠭ ᠨᠣᠶᠢᠲᠠᠨ ᠪᠠ ᠭᠠᠩ ᠬᠠᠭᠤᠷᠠᠢ ᠣᠷᠣᠨ ᠳᠤ ᠴᠤ ᠪᠦᠷ ᠵᠣᠬᠢᠴᠠᠨ᠎ᠠ᠃

ᠣᠯᠠᠨ ᠲᠥᠷᠥᠯ ᠤᠨ ᠤᠷᠭᠤᠮᠠᠯ ᠲᠠᠢ ᠪᠡᠯᠴᠢᠭᠡᠷ ᠪᠠ ᠰᠢᠭᠤᠶᠢᠲᠤ ᠪᠡᠯᠴᠢᠭᠡᠷ ᠲᠤ ᠲᠣᠬᠢᠷᠠᠮᠵᠢᠲᠠᠢ ᠪᠠᠶᠢᠳᠠᠭ᠃

     ᠡᠯ᠎ᠡ ᠲᠥᠷᠥᠯ ᠤᠨ ᠠᠳᠠᠯᠢ ᠪᠤᠰᠤ ᠡᠭᠦᠯᠳᠡᠷ ᠤᠨ ᠬᠤᠨᠢᠨ ᠤ ᠱᠠᠭᠠᠷᠳᠠᠬᠤ ᠣᠷᠴᠢᠨ ᠠᠬᠤᠢ ᠶᠢᠨ ᠨᠥᠬᠦᠴᠡᠯ

 ᠨᠢ ᠴᠦ ᠳᠡᠭᠡᠷᠡᠬᠢ ᠮᠡᠲᠦ ᠬᠤᠭᠤᠷᠣᠨᠳᠣ ᠪᠠᠨ ᠠᠳᠠᠯᠢ ᠦᠭᠡᠢ ᠪᠠᠶᠢᠳᠠᠭ ᠪᠣᠯᠪᠠᠴᠤ᠂ ᠡᠷᠬᠡᠪᠰᠢ ᠳᠤᠷᠠᠳᠤᠭᠤᠰᠢᠲᠠᠢ

ᠵᠦᠢᠯ ᠭᠡᠪᠡᠯ᠂ ᠪᠢᠳᠡ ᠬᠤᠨᠢ ᠮᠠᠯᠵᠢᠯᠭ᠎ᠠ ᠪᠠᠨ ᠬᠥᠭᠵᠢᠭᠦᠯᠬᠦ ᠳᠡᠭᠡᠨ᠂ ᠬᠤᠨᠢᠨ ᠤ ᠡᠭᠦᠯᠳᠡᠷ ᠤᠭᠰᠠᠭ᠎ᠠ ᠶᠢ ᠬᠠᠯᠠᠨ

ᠰᠠᠶᠢᠵᠢᠷᠠᠭᠤᠯᠬᠤ ᠪᠠ ᠭᠠᠳᠠᠭᠠᠳᠤ ᠶᠢᠨ ᠰᠢᠯᠢᠳᠡᠭ ᠡᠭᠦᠯᠳᠡᠷ ᠤᠳ ᠢ ᠣᠷᠣᠭᠤᠯᠵᠤ ᠢᠷᠡᠭᠦᠯᠬᠦ ᠳᠡᠭᠡᠨ ᠡᠷᠬᠡᠪᠰᠢ

ᠣᠷᠴᠢᠨ ᠠᠬᠤᠢ ᠶᠢᠨ ᠨᠥᠬᠦᠴᠡᠯ ᠤᠨ ᠢᠶᠠᠨ ᠪᠣᠳᠠᠲᠤ ᠪᠠᠶᠢᠳᠠᠯ ᠢ ᠦᠵᠡᠬᠦ ᠶᠢᠨ ᠬᠠᠮᠲᠤ᠂ ᠬᠥᠮᠦᠰ ᠤᠨ

ᠴᠢᠷᠮᠠᠶᠢᠯᠭ᠎ᠠ ᠪᠠᠷ ᠠᠷᠠᠴᠢᠯᠠᠭ᠎ᠠ ᠮᠠᠯᠵᠢᠯᠭ᠎ᠠ ᠶᠢ ᠲᠣᠬᠢᠷᠠᠭᠤᠯᠤᠨ ᠵᠣᠬᠢᠴᠠᠭᠤᠯᠬᠤ ᠠᠵᠢᠯ ᠢᠶᠠᠨ ᠠᠩᠬᠠᠷᠬᠤ ᠬᠡᠷᠡᠭᠲᠡᠢ᠃

         

 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号