| 9 ᠰᠠᠷ᠎ᠠ ᠶᠢᠨ 20 ᠤ ᠡᠳᠦᠷ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠪᠠᠭᠤᠯᠭᠠᠭᠰᠠᠨ ᠰᠠᠭᠤᠭᠠᠯᠢ ᠠᠷᠠᠳ ᠼᠤᠤ ᠣᠪᠣᠭᠲᠤ ︽ᠬᠤᠶᠠᠷ ᠺᠠᠷᠲ︾ ᠤᠨ ᠬᠠᠤᠯᠢ ᠶᠢ | ᠵᠥᠷᠢᠴᠡᠭᠰᠡᠨ ᠢᠶᠠᠷ ᠰᠡᠵᠢᠭᠯᠡᠭᠳᠡᠭᠰᠡᠨ ᠰᠦᠪᠡᠭᠴᠢ ᠶᠢ ᠣᠯᠪᠠ᠃ ᠬᠡᠷᠡᠭ ᠰᠢᠢᠳᠪᠦᠷᠢᠯᠡᠬᠦ ᠴᠠᠭᠳᠠᠭ᠎ᠠ ᠲᠡᠷᠡ ᠳᠠᠷᠤᠢ | ᠳᠤᠨᠢ ᠬᠢᠨᠠᠨ ᠪᠠᠶᠢᠴᠠᠭᠠᠬᠤ ᠠᠵᠢᠯ ᠥᠷᠨᠢᠭᠦᠯᠵᠦ᠂ 9 ᠰᠠᠷ᠎ᠠ ᠶᠢᠨ 24 ᠤ ᠡᠳᠦᠷ ᠥᠪᠡᠷ ᠤᠨ ᠪᠠᠩᠬᠢ ᠶᠢᠨ | ᠺᠠᠷᠲ ᠢᠶᠠᠨ ᠬᠠᠤᠯᠢ ᠪᠤᠰᠤ ᠪᠠᠷ ᠪᠤᠰᠤᠳ ᠲᠤ ᠵᠢᠭᠡᠯᠡᠵᠦ᠂ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠬᠰᠠᠨ | ᠰᠡᠵᠢᠭᠯᠡᠯᠲᠡᠢ ᠡᠲᠡᠭᠡᠳ ᠼᠤᠤ ᠣᠪᠣᠭᠲᠤ ᠶᠢ ᠪᠠᠷᠢᠪᠴᠢᠯᠠᠪᠠ᠃ | ᠤᠤᠯ ᠨᠢ ᠼᠤᠤ ᠣᠪᠣᠭᠲᠤ ᠰᠠᠨᠠᠮᠰᠠᠷ ᠦᠭᠡᠢ ᠪᠠᠷ ᠸᠢᠴᠠᠲ ᠤᠨ ᠨᠠᠶᠢᠵᠠ ᠶᠢᠨ ᠲᠣᠭᠤᠷᠢᠭ ᠲᠤ | ᠢᠲᠡᠭᠡᠮᠵᠢ ᠶᠢᠨ ᠺᠠᠷᠲ ᠤᠨ ᠭᠠᠷ ᠭᠦᠢᠴᠡᠳᠬᠡᠯ ᠤᠨ ᠵᠠᠷ ᠢ ᠣᠯᠵᠤ ᠦᠵᠡᠵᠡᠢ᠃ ᠼᠤᠤ ᠣᠪᠣᠭᠲᠤ ᠳᠣᠣᠷ᠎ᠠ ᠪᠠᠨ | ᠨᠥᠭᠦᠭᠡ ᠡᠲᠡᠭᠡᠳ ᠲᠠᠢ ᠬᠤᠯᠪᠤᠭ᠎ᠠ ᠠᠪᠬᠤ ᠳᠤ᠂ ᠨᠥᠭᠦᠭᠡ ᠡᠲᠡᠭᠡᠳ ᠨᠢ ᠢᠲᠡᠭᠡᠮᠵᠢ ᠶᠢᠨ ᠺᠠᠷᠲ ᠬᠢᠯᠭᠡᠬᠦ ᠳᠤ | ᠪᠠᠰᠠ ᠨᠢᠭᠡ ᠬᠤᠪᠢ ᠵᠣᠭᠤᠰ ᠪᠤᠴᠠᠭᠠᠬᠤ ᠪᠠᠩᠬᠢ ᠶᠢᠨ ᠺᠠᠷᠲ ᠬᠠᠩᠭᠠᠬᠤ ᠬᠡᠷᠡᠭᠲᠡᠢ ᠭᠡᠪᠡ᠃ ᠼᠤᠤ ᠣᠪᠣᠭᠲᠤ | ᠥᠪᠡᠷ ᠤᠨ ᠨᠡᠷ᠎ᠡ ᠳᠡᠭᠡᠷᠡᠬᠢ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠺᠠᠷᠲ ᠢᠶᠠᠨ ᠨᠥᠭᠦᠭᠡ ᠡᠲᠡᠭᠡᠳ ᠤᠨ | ᠬᠠᠩᠭᠠᠭᠰᠠᠨ ᠬᠠᠶ᠋ᠢᠭ ᠢᠶᠠᠷ ᠨᠢ ᠢᠯᠡᠭᠡᠵᠡᠢ᠃ ᠭᠡᠲᠡᠯ᠎ᠡ ᠡᠨᠡ ᠬᠦ ᠪᠠᠩᠬᠢ ᠶᠢᠨ ᠺᠠᠷᠲ ᠨᠢ ᠬᠠᠷᠢᠨ ᠮᠡᠬᠡᠯᠡᠭᠴᠢ ᠶᠢᠨ | ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠬᠢᠬᠦ ᠪᠠᠭᠠᠵᠢ ᠪᠣᠯᠵᠤ᠂ ᠺᠠᠷᠲ ᠤᠨ | ᠳᠣᠲᠣᠷᠠᠬᠢ ᠬᠡᠷᠡᠭ ᠲᠤ ᠬᠤᠯᠪᠣᠭᠳᠠᠭᠰᠠᠨ ᠵᠣᠭᠤᠰ ᠤᠨ ᠬᠡᠮᠵᠢᠶ᠎ᠡ ᠨᠢ 150 ᠲᠦᠮᠡᠨ ᠲᠥᠭᠦᠷᠢᠭ ᠲᠤ ᠭᠦᠷᠦᠭᠰᠡᠨ | ᠭᠡᠳᠡᠭ ᠢ ᠮᠡᠳᠡᠬᠦ ᠦᠭᠡᠢ ᠪᠠᠶᠢᠪᠠ᠃ ᠰᠢᠭᠦᠨ ᠠᠰᠠᠭᠤᠬᠤ ᠪᠠᠷ ᠳᠠᠮᠵᠢᠭᠠᠳ ᠼᠤᠤ ᠣᠪᠣᠭᠲᠤ ᠪᠠᠩᠬᠢ ᠶᠢᠨ | ᠺᠠᠷᠲ ᠢᠶᠠᠨ ᠪᠤᠰᠤᠳ ᠲᠤ ᠵᠢᠭᠡᠯᠡᠨ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠳᠤ ᠬᠤᠯᠪᠣᠭᠳᠠᠭᠰᠠᠨ ᠶᠠᠯᠠᠲᠤ | ᠬᠡᠷᠡᠭ ᠢᠶᠠᠨ ᠥᠴᠢᠭᠯᠡᠨ ᠮᠡᠳᠡᠷᠡᠵᠡᠢ᠂ ᠣᠳᠣᠬᠠᠨ ᠳᠤ ᠬᠡᠷᠡᠭ ᠢ ᠶᠠᠭ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠤ | ᠪᠠᠶᠢᠨ᠎ᠠ᠃ | ᠨᠢᠭᠡ᠂ ᠶᠠᠭᠤ ᠶᠢ ︽ᠬᠤᠶᠠᠷ ᠺᠠᠷᠲ︾ ᠭᠡᠬᠦ ᠪᠤᠢ︖ | ︽ᠬᠤᠶᠠᠷ ᠺᠠᠷᠲ︾ ᠭᠡᠳᠡᠭ ᠨᠢ ᠳᠠᠷᠤᠢ ᠭᠠᠷ ᠤᠲᠠᠰᠤᠨ ᠤ ᠺᠠᠷᠲ᠂ ᠪᠠᠩᠬᠢ ᠶᠢᠨ ᠺᠠᠷᠲ ᠢ ᠵᠢᠭᠠᠵᠤ | ᠪᠠᠶᠢᠭ᠎ᠠ ᠶᠤᠮ᠃ | ᠡᠭᠦᠨ ᠳᠤ᠂ ᠭᠠᠷ ᠤᠲᠠᠰᠤᠨ ᠤ ᠺᠠᠷᠲ ᠲᠤ ᠡᠳᠦᠷ ᠲᠤᠲᠤᠮ ᠤᠨ ᠬᠡᠷᠡᠭᠯᠡᠵᠦ ᠪᠠᠶᠢᠭ᠎ᠠ ᠰᠢᠯᠵᠢᠮᠡᠯ | ᠬᠤᠯᠪᠤᠭ᠎ᠠ᠂ ᠴᠠᠭᠢᠯᠭᠠᠨ ᠬᠤᠯᠪᠤᠭ᠎ᠠ᠂ ᠨᠢᠭᠡᠳᠦᠮᠡᠯ ᠬᠤᠯᠪᠤᠭ᠎ᠠ ᠵᠡᠷᠭᠡ ᠭᠤᠷᠪᠠᠨ ᠲᠣᠮᠣ ᠡᠵᠡᠩᠨᠡᠯᠲᠡ ᠶᠢᠨ | ᠬᠤᠳᠠᠯᠳᠤᠭᠠᠴᠢᠨ ᠤ ᠭᠠᠷ ᠤᠲᠠᠰᠤᠨ ᠤ ᠺᠠᠷᠲ᠂ ᠬᠡᠶᠢᠰᠪᠦᠷᠢ ᠡᠵᠡᠩᠨᠡᠯᠲᠡ ᠶᠢᠨ ᠬᠤᠳᠠᠯᠳᠤᠭᠠᠴᠢᠨ ᠤ ᠤᠲᠠᠰᠤᠨ | ᠺᠠᠷᠲ ᠪᠠᠭᠲᠠᠬᠤ ᠶᠢᠨ ᠬᠠᠮᠲᠤ ᠪᠠᠰᠠ ᠪᠠᠷᠠᠭᠠᠨ ᠤ ᠬᠤᠯᠪᠣᠭᠠᠨ ᠤ ᠰᠦᠯᠵᠢᠶᠡᠨ ᠤ ᠺᠠᠷᠲ ᠢ ᠪᠠᠭᠲᠠᠭᠠᠨ᠎ᠠ᠃ | ᠪᠠᠩᠬᠢ ᠶᠢᠨ ᠺᠠᠷᠲ ᠲᠤ ᠬᠤᠪᠢ ᠬᠥᠮᠥᠨ ᠤ ᠪᠠᠩᠬᠢ ᠶᠢᠨ ᠺᠠᠷᠲ᠂ ᠠᠯᠪᠠᠨ ᠤ ᠲᠠᠩᠰᠠᠨ ᠡᠷᠦᠭᠡ | ᠵᠢᠴᠢ ᠳ᠋ᠦᠩᠨᠡᠨ ᠪᠤᠳᠤᠬᠤ ᠺᠠᠷᠲ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢᠨ ᠲᠠᠩᠰᠠᠨ ᠡᠷᠦᠭᠡ | ︵ᠳᠠᠷᠤᠢ ᠮᠠᠨ ᠤ ᠡᠩ ᠤᠨ ᠦᠶ᠎ᠡ ᠳᠤ ᠬᠡᠷᠡᠭᠯᠡᠵᠦ ᠪᠠᠶᠢᠭ᠎ᠠ ᠨᠣᠷᠮ᠎ᠠ ᠪᠠᠷ ᠮᠠᠰᠢ ᠥᠨᠳᠥᠷ ᠸᠢᠴᠠᠲ᠂ ᠲᠣᠭᠠᠴᠠᠭ᠎ᠠ | ᠬᠢᠬᠦ ᠡᠷᠳᠡᠨᠢ ᠵᠡᠷᠭᠡ ᠭᠤᠷᠪᠠᠳᠠᠭᠢ ᠡᠲᠡᠭᠡᠳ ᠤᠨ ᠲᠣᠭᠠᠴᠠᠭ᠎ᠠ ᠬᠢᠬᠦ ᠲᠠᠪᠴᠠᠩ︶ | ᠪᠠᠭᠲᠠᠨ᠎ᠠ᠃ | ᠬᠤᠶᠠᠷ᠂ ᠶᠠᠭᠤ ᠶᠢ ︽ᠬᠤᠶᠠᠷ ᠺᠠᠷᠲ︾ ᠤᠨ ᠶᠠᠯᠠᠲᠤ ᠠᠵᠢᠯᠯᠠᠭ᠎ᠠ ᠭᠡᠬᠦ ᠪᠤᠢ︖ | ︽ᠬᠤᠶᠠᠷ ᠺᠠᠷᠲ︾ ᠢ ᠬᠠᠤᠯᠢ ᠪᠤᠰᠤ ᠪᠠᠷ ᠲᠦᠷᠢᠶᠡᠰᠦᠯᠡᠭᠰᠡᠨ᠂ ᠬᠤᠳᠠᠯᠳᠤᠭᠰᠠᠨ᠂ | ᠬᠤᠳᠠᠯᠳᠤᠭᠠᠯᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠢᠭᠠᠵᠤ ᠪᠠᠶᠢᠨ᠎ᠠ᠃ | ᠭᠤᠷᠪᠠ᠂ ︽ᠬᠤᠶᠠᠷ ᠺᠠᠷᠲ︾ ᠤᠨ ᠶᠠᠯᠠᠲᠤ ᠠᠵᠢᠯᠯᠠᠭ᠎ᠠ ᠳᠤ ᠶᠠᠮᠠᠷ ᠶᠠᠮᠠᠷ ᠶᠠᠯ᠎ᠠ ᠶᠢᠨ ᠨᠡᠷ᠎ᠡ | ᠬᠤᠯᠪᠣᠭᠳᠠᠭᠰᠠᠨ ᠪᠤᠢ︖ | ᠮᠡᠳᠡᠭᠡ ᠵᠠᠩᠭᠢ ᠲᠣᠣᠷ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠬᠰᠠᠨ ᠶᠠᠯ᠎ᠠ᠂ | ᠢᠲᠡᠭᠡᠮᠵᠢ ᠶᠢᠨ ᠺᠠᠷᠲ ᠤᠨ ᠬᠠᠮᠢᠶᠠᠷᠤᠯᠲᠠ ᠶᠢ ᠬᠠᠷᠰᠢᠯᠠᠭᠰᠠᠨ ᠶᠠᠯ᠎ᠠ᠂ ᠢᠲᠡᠭᠡᠮᠵᠢ ᠶᠢᠨ ᠺᠠᠷᠲ ᠤᠨ ᠮᠡᠳᠡᠭᠡ | ᠵᠠᠩᠭᠢ ᠶᠢ ᠬᠤᠯᠠᠭᠠᠶᠢᠯᠠᠭᠰᠠᠨ᠂ ᠬᠤᠳᠠᠯᠳᠤᠨ ᠠᠪᠤᠭᠰᠠᠨ᠂ ᠬᠠᠤᠯᠢ ᠪᠤᠰᠤ ᠪᠠᠷ ᠬᠠᠩᠭᠠᠭᠰᠠᠨ ᠶᠠᠯ᠎ᠠ᠂ ᠠᠷᠠᠳ | ᠢᠷᠭᠡᠨ ᠤ ᠬᠤᠪᠢ ᠬᠥᠮᠥᠨ ᠤ ᠮᠡᠳᠡᠭᠡ ᠵᠠᠩᠭᠢ ᠳᠤ ᠬᠠᠯᠳᠠᠭᠰᠠᠨ ᠶᠠᠯ᠎ᠠ᠂ ᠶᠠᠯ᠎ᠠ ᠬᠢᠵᠦ ᠣᠯᠣᠭᠰᠠᠨ ᠢᠶᠠᠨ ᠨᠢᠭᠤᠨ | ᠳᠠᠯᠳᠠᠯᠠᠭᠰᠠᠨ ᠶᠠᠯ᠎ᠠ ᠵᠢᠴᠢ ᠮᠡᠬᠡᠯᠡᠭᠰᠡᠨ ᠶᠠᠯ᠎ᠠ᠂ ᠵᠣᠭᠤᠰ ᠨᠠᠭᠠᠳᠬᠤ ᠭᠠᠵᠠᠷ ᠭᠠᠷᠭᠠᠭᠰᠠᠨ ᠶᠠᠯ᠎ᠠ ᠵᠡᠷᠭᠡ | ᠬᠠᠮᠰᠠᠭᠠᠯᠠᠬᠰᠠᠨ ᠬᠡᠷᠡᠭᠲᠡᠨ ᠢᠶᠠᠷ ᠲᠣᠭᠠᠴᠠᠭᠳᠠᠵᠤ ᠰᠢᠢᠳᠬᠡᠭᠳᠡᠬᠦ ᠶᠠᠯ᠎ᠠ ᠳᠤ ᠣᠷᠣᠨ᠎ᠠ᠃ | ᠳᠥᠷᠪᠡ᠂ ︽ᠬᠤᠶᠠᠷ ᠺᠠᠷᠲ︾ ᠤᠨ ᠶᠠᠯᠠᠲᠤ ᠠᠵᠢᠯᠯᠠᠭ᠎ᠠ ᠳᠤ ᠣᠷᠣᠯᠴᠠᠪᠠᠯ ᠶᠠᠮᠠᠷ ᠶᠠᠮᠠᠷ ᠬᠠᠤᠯᠢ | ᠴᠠᠭᠠᠵᠠ ᠶᠢ ᠵᠥᠷᠢᠴᠡᠬᠦ ᠪᠤᠢ︖ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ | ᠵᠠᠭᠤ ᠨᠠᠶᠠᠨ ᠳᠣᠯᠣᠳᠤᠭᠠᠷ ᠵᠦᠢᠯ ᠤᠨ ᠬᠤᠶᠠᠳᠤᠭᠠᠷ ᠲᠣᠭᠲᠠᠭᠠᠯ ᠳᠤ᠂ ︽ᠮᠡᠳᠡᠭᠡ ᠵᠠᠩᠭᠢ ᠲᠣᠣᠷ ᠰᠦᠯᠵᠢᠶᠡᠨ ᠤ | ᠶᠠᠯᠠᠲᠤ ᠠᠵᠢᠯᠯᠠᠭ᠎ᠠ ᠶᠢ ᠬᠠᠪᠰᠤᠷᠤᠬᠰᠠᠨ ᠶᠠᠯ᠎ᠠ︾ ᠭᠡᠳᠡᠭ ᠨᠢ ᠪᠤᠰᠤᠳ ᠬᠥᠮᠥᠨ ᠤ ᠮᠡᠳᠡᠭᠡ ᠵᠠᠩᠭᠢ ᠶᠢᠨ ᠲᠣᠣᠷ | ᠰᠦᠯᠵᠢᠶ᠎ᠡ ᠶᠢ ᠠᠰᠢᠭᠯᠠᠨ ᠶᠠᠯ᠎ᠠ ᠬᠢᠵᠦ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ᠂ ᠲᠡᠭᠦᠨ ᠤ ᠶᠠᠯᠠᠲᠤ | ᠠᠵᠢᠯᠯᠠᠭ᠎ᠠ ᠳᠤ ᠢᠨᠲ᠋ᠧᠷ ᠰᠦᠯᠵᠢᠶ᠎ᠡ ᠶᠢ ᠵᠠᠯᠭᠠᠬᠤ᠂ ᠦᠢᠯᠡᠴᠢᠯᠡᠭᠦᠷ ᠢ ᠨᠠᠶᠢᠳᠠᠯᠭ᠎ᠠ ᠪᠠᠷ ᠬᠠᠮᠢᠶᠠᠷᠬᠤ᠂ ᠲᠣᠣᠷ | ᠰᠦᠯᠵᠢᠶᠡᠨ ᠳᠤ ᠬᠠᠳᠠᠭᠠᠯᠠᠬᠤ᠂ ᠮᠡᠳᠡᠭᠡ ᠬᠤᠯᠪᠤᠭ᠎ᠠ ᠳᠠᠮᠵᠢᠭᠤᠯᠬᠤ ᠵᠡᠷᠭᠡ ᠮᠡᠷᠭᠡᠵᠢᠯ ᠤᠨ ᠳᠡᠮᠵᠢᠯᠭᠡ ᠬᠠᠩᠭᠠᠭᠰᠠᠨ᠂ | ᠡᠰᠡᠬᠦᠯ᠎ᠡ ᠵᠠᠷ ᠳᠡᠯᠭᠡᠷᠡᠭᠦᠯᠬᠦ᠂ ᠵᠣᠭᠤᠰ ᠥᠭᠴᠦ ᠲᠠᠰᠤᠯᠤᠨ ᠪᠤᠳᠤᠬᠤ ᠵᠡᠷᠭᠡ ᠬᠠᠪᠰᠤᠷᠤᠯᠭ᠎ᠠ ᠬᠠᠩᠭᠠᠭᠠᠳ ᠦᠢᠯᠡ | ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ | ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠤᠶᠤ | ᠲᠠᠩ ᠢᠶᠠᠷ ᠰᠢᠢᠳᠬᠡᠬᠦ ᠶᠢ ᠵᠢᠭᠠᠵᠤ ᠪᠠᠶᠢᠨ᠎ᠠ ᠭᠡᠵᠡᠢ᠃ | ︽ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠳᠤ᠂ | ᠬᠡᠷᠪᠡ ᠪᠠᠩᠬᠢ ᠶᠢᠨ ᠺᠠᠷᠲ᠂ ᠭᠠᠷ ᠤᠲᠠᠰᠤᠨ ᠤ ᠺᠠᠷᠲ ᠢᠶᠠᠨ ᠪᠤᠰᠤᠳ ᠲᠤ ᠵᠢᠭᠡᠯᠡᠭᠡᠳ᠂ ᠶᠠᠯ᠎ᠠ ᠬᠢᠵᠦ ᠠᠰᠢᠭ | ᠣᠯᠵᠠᠪᠤᠷᠢ ᠣᠯᠬᠤ ᠵᠢᠴᠢ ᠲᠡᠭᠦᠨ ᠠᠴᠠ ᠠᠰᠢᠭ ᠣᠯᠵᠠᠪᠤᠷᠢ ᠪᠤᠢ ᠪᠤᠯᠬᠤ ᠶᠢ ᠲᠣᠳᠣᠷᠬᠠᠢ ᠮᠡᠳᠡᠵᠦ ᠪᠠᠶᠢᠭᠠᠳ ᠮᠥᠨ | ᠯᠡ ᠮᠡᠬᠡᠯᠡᠭᠴᠢ ᠶᠢ ᠬᠠᠪᠰᠤᠷᠴᠤ ᠪᠡᠯᠡ ᠮᠥᠩᠭᠦ ᠶᠢ ᠨᠢ ᠰᠢᠯᠵᠢᠭᠦᠯᠦᠭᠰᠡᠨ ᠪᠠᠶᠢᠪᠠᠯ᠂ ᠶᠠᠯ᠎ᠠ ᠬᠢᠵᠦ ᠣᠯᠣᠭᠰᠠᠨ ᠣᠯᠵᠠ | ᠠᠰᠢᠭ ᠢᠶᠠᠨ ᠨᠢᠭᠤᠨ ᠳᠠᠯᠳᠠᠯᠠᠭᠰᠠᠨ ᠶᠠᠯ᠎ᠠ ᠪᠣᠯᠵᠤ ᠪᠦᠷᠢᠯᠳᠦᠵᠦ ᠮᠡᠳᠡᠨ᠎ᠠ᠂ ᠬᠠᠮᠤᠭ ᠤᠨ ᠥᠨᠳᠥᠷ ᠲᠡᠭᠡᠨ ᠭᠤᠷᠪᠠᠨ | ᠵᠢᠯ ᠠᠴᠠ ᠳᠡᠭᠡᠭᠰᠢ ᠲᠤᠯᠤᠭᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ ᠭᠡᠵᠡᠢ᠃ | ᠲᠠᠪᠤ᠂ ︽ᠬᠤᠶᠠᠷ ᠺᠠᠷᠲ︾ ᠤᠨ ᠶᠠᠯᠠᠲᠤ ᠠᠵᠢᠯᠯᠠᠭ᠎ᠠ ᠳᠤ ᠣᠷᠣᠯᠴᠠᠪᠠᠯ ᠶᠠᠮᠠᠷ ᠰᠢᠢᠳᠬᠡᠯ ᠣᠯᠬᠤ | ᠪᠤᠢ︖ | ᠬᠠᠤᠯᠢ ᠴᠠᠭᠠᠵᠠ ᠶᠢᠨ ᠬᠠᠷᠢᠭᠤᠴᠠᠯᠭ᠎ᠠ᠄ | ᠪᠠᠩᠬᠢ ᠶᠢᠨ ᠺᠠᠷᠲ᠂ ᠠᠵᠤ ᠠᠬᠤᠶᠢᠯᠠᠯ ᠤᠨ ᠳᠠᠩᠰᠠᠨ ᠡᠷᠦᠭᠡ ᠵᠢᠴᠢ ᠳ᠋ᠢᠶᠠᠩᠬᠤᠸᠠ ᠶᠢᠨ ᠺᠠᠷᠲ ᠨᠢ | ᠴᠥᠮ ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠳᠡᠭ᠂ ᠵᠢᠱᠢᠶᠡᠯᠡᠪᠡᠯ ᠥᠪᠡᠷ ᠤᠨ ᠨᠡᠷ᠎ᠡ ᠳᠡᠭᠡᠷᠡᠬᠢ ᠪᠠᠩᠬᠢ ᠶᠢᠨ | ᠺᠠᠷᠲ᠂ ᠠᠵᠤ ᠠᠬᠤᠶᠢᠯᠠᠯ ᠤᠨ ᠳᠠᠩᠰᠠᠨ ᠡᠷᠦᠭᠡ ᠵᠢᠴᠢ ᠭᠠᠷ ᠤᠲᠠᠰᠤᠨ ᠤ ᠺᠠᠷᠲ ᠢᠶᠠᠨ ᠪᠠᠭ᠎ᠠ ᠬᠤᠨᠵᠢᠶ᠎ᠠ ᠳᠤ | ᠰᠢᠨᠤᠵᠤ ᠬᠤᠳᠠᠯᠳᠤᠭᠠᠳ᠂ ᠬᠤᠳᠠᠯᠳᠤᠨ ᠠᠪᠤᠭᠴᠢ ᠨᠢ ᠵᠣᠭᠤᠰ ᠤᠬᠢᠶᠠᠬᠤ᠂ ᠭᠠᠶᠢᠯᠢ ᠠᠴᠠ ᠵᠠᠶᠢᠯᠠᠬᠤ᠂ ᠮᠡᠬᠡᠯᠡᠬᠦ | ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠳᠤ ᠭᠦᠷᠪᠡᠯ᠂ ᠬᠤᠪᠢ ᠬᠥᠮᠥᠨ ᠤ ᠢᠲᠡᠭᠡᠮᠵᠢ ᠶᠢ | ᠬᠤᠬᠢᠷᠠᠭᠤᠯᠬᠤ ᠪᠠᠷ ᠪᠠᠷᠠᠬᠤ ᠦᠭᠡᠢ᠂ ᠪᠠᠰᠠ ᠥᠪᠡᠷ ᠤᠨ ᠪᠡᠶ᠎ᠡ ᠳᠡᠭᠡᠨ ᠯᠤᠲᠤ ᠶᠡᠭᠡ ᠬᠠᠤᠯᠢ ᠴᠠᠭᠠᠵᠠ ᠶᠢᠨ ᠠᠶᠤᠯ | ᠲᠦᠭᠰᠢᠭᠦᠷᠢ ᠠᠪᠴᠢᠷᠠᠵᠤ᠂ ᠴᠢᠨᠠᠭᠰᠢᠯᠠᠪᠠᠯ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠃ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠄ | ᠪᠠᠩᠬᠢ ᠶᠢᠨ ᠺᠠᠷᠲ ᠤᠨ ᠲᠠᠯ᠎ᠠ ᠪᠠᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠠᠭᠠᠳᠯᠠᠨ | ᠲᠣᠭᠲᠠᠭᠠᠭᠰᠠᠨ ᠪᠠᠩᠬᠢ ᠶᠢᠨ ᠲᠠᠩᠰᠠᠨ ᠡᠷᠦᠭᠡ ᠶᠢ ᠲᠦᠷᠢᠶᠡᠰᠦᠯᠡᠭᠰᠡᠨ᠂ ᠵᠢᠭᠡᠯᠡᠭᠦᠯᠦᠭᠰᠡᠨ᠂ ᠬᠤᠳᠠᠯᠳᠤᠭᠰᠠᠨ᠂ | ᠬᠤᠳᠠᠯᠳᠤᠨ ᠠᠪᠤᠭᠰᠠᠨ ᠨᠢᠭᠡᠴᠢ ᠪᠠ ᠬᠤᠪᠢ ᠬᠥᠮᠥᠨ ᠵᠢᠴᠢ ᠬᠠᠮᠢᠶ᠎ᠠ ᠪᠦᠬᠦᠢ ᠵᠣᠬᠢᠶᠠᠨ ᠪᠠᠶᠢᠭᠤᠯᠤᠭᠴᠢ᠂ | ᠪᠤᠰᠤᠳ ᠤᠨ ᠪᠡᠶ᠎ᠡ ᠶᠢᠨ ᠭᠠᠷᠤᠯ ᠢ ᠬᠠᠭᠤᠷᠮᠠᠭᠯᠠᠨ ᠵᠣᠬᠢᠶᠠᠭᠰᠠᠨ ᠪᠤᠶᠤ ᠣᠷᠣᠯᠠᠨ ᠭᠦᠢᠴᠡᠳᠬᠡᠬᠦ ᠬᠠᠷᠢᠴᠠᠭ᠎ᠠ ᠶᠢ | ᠬᠠᠭᠤᠷᠮᠠᠭᠯᠠᠨ ᠵᠣᠬᠢᠶᠠᠵᠤ ᠪᠠᠩᠬᠢ ᠶᠢᠨ ᠲᠠᠩᠰᠠᠨ ᠡᠷᠦᠭᠡ ᠪᠤᠶᠤ ᠲᠣᠭᠠᠴᠠᠭ᠎ᠠ ᠬᠢᠬᠦ ᠲᠠᠩᠰᠠᠨ ᠡᠷᠦᠭᠡ | ᠪᠠᠶᠢᠭᠤᠯᠤᠭᠰᠠᠨ ᠨᠢᠭᠡᠴᠢ ᠪᠠ ᠬᠤᠪᠢ ᠬᠥᠮᠥᠨ ᠳᠤ 5 ᠵᠢᠯ ᠤᠨ ᠳᠣᠲᠣᠷ᠎ᠠ ᠲᠡᠭᠦᠨ ᠤ ᠪᠠᠩᠬᠢ ᠶᠢᠨ ᠲᠠᠩᠰᠠᠨ | ᠡᠷᠦᠭᠡ ᠶᠢᠨ ᠯᠠᠩᠭᠦᠢ ᠶᠢᠨ ᠪᠤᠰᠤ ᠲᠤᠬᠠᠶᠢᠯᠠᠭᠰᠠᠨ ᠠᠵᠢᠯ᠂ ᠲᠣᠭᠠᠴᠠᠭ᠎ᠠ ᠬᠢᠬᠦ ᠲᠠᠩᠰᠠᠨ ᠡᠷᠦᠭᠡ ᠶᠢᠨ ᠪᠤᠶ ᠪᠦᠬᠦᠢ | ᠲᠤᠬᠠᠶᠢᠯᠠᠭᠰᠠᠨ ᠠᠵᠢᠯ ᠢ ᠲᠦᠷ ᠵᠣᠭᠰᠤᠭᠠᠬᠤ ᠶᠢᠨ ᠬᠠᠮᠲᠤ ᠲᠡᠭᠦᠨ ᠳᠤ ᠰᠢᠨ᠎ᠡ ᠪᠠᠷ ᠲᠠᠩᠰᠠᠨ ᠡᠷᠦᠭᠡ ᠪᠠᠶᠢᠭᠤᠯᠵᠤ | ᠥᠭᠬᠦ ᠦᠭᠡᠢ᠃ ᠭᠠᠷ ᠤᠲᠠᠰᠤᠨ ᠤ ᠺᠠᠷᠲ ᠤᠨ ᠲᠠᠯ᠎ᠠ ᠪᠠᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠮᠠᠭᠠᠳᠯᠠᠨ ᠲᠣᠭᠲᠠᠭᠠᠭᠰᠠᠨ ᠭᠠᠷ ᠤᠲᠠᠰᠤᠨ ᠤ ᠺᠠᠷᠲ ᠢᠶᠠᠨ ᠲᠦᠷᠢᠶᠡᠰᠦᠯᠡᠭᠰᠡᠨ᠂ ᠵᠢᠭᠡᠯᠡᠭᠦᠯᠦᠭᠰᠡᠨ᠂ | ᠬᠤᠳᠠᠯᠳᠤᠭᠰᠠᠨ ᠮᠥᠷᠲᠡᠭᠡᠨ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ | ᠬᠡᠷᠡᠭᠯᠡᠭᠳᠡᠭᠡᠳ ᠬᠤᠬᠢᠷᠠᠯ ᠤᠴᠠᠷᠠᠭᠤᠯᠤᠨ ᠢᠲᠡᠭᠡᠯ ᠠᠯᠳᠠᠭᠰᠠᠨ ᠬᠡᠷᠡᠭᠯᠡᠭᠴᠢ ᠳᠤ ᠭᠤᠷᠪᠠᠨ ᠲᠣᠮᠣ ᠴᠢᠮᠡᠭᠡ | ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠵᠥᠪᠭᠡᠨ 1 ᠭᠠᠷ ᠤᠲᠠᠰᠤᠨ ᠤ ᠺᠠᠷᠲ ᠦᠯᠡᠳᠡᠭᠡᠬᠦ ᠶᠢ | ᠬᠡᠷᠡᠭᠵᠢᠭᠦᠯᠵᠦ᠂ 5 ᠵᠢᠯ ᠤᠨ ᠳᠣᠲᠣᠷ᠎ᠠ ᠭᠠᠷ ᠤᠲᠠᠰᠤᠨ ᠤ ᠺᠠᠷᠲ ᠢ ᠰᠦᠯᠵᠢᠶᠡᠨ ᠳᠤ ᠣᠷᠣᠭᠤᠯᠬᠤ | ᠲᠤᠬᠠᠶᠢᠯᠠᠭᠰᠠᠨ ᠠᠵᠢᠯ ᠢ ᠭᠦᠢᠴᠡᠳᠬᠡᠵᠦ ᠥᠭᠬᠦ ᠦᠭᠡᠢ᠃ | ᠠᠮᠤᠭᠤᠯᠠᠩ ᠠᠯᠠᠱᠠ ᠵᠢᠷᠭᠢᠶ᠎ᠡ ᠲᠠᠪᠴᠠᠩ | |