ᠨᠠᠮᠤᠷ ᠤᠨ ᠤᠯᠠᠷᠢᠯ ᠳᠠᠬᠢ ᠬᠤᠨᠢᠨ ᠤ ᠠᠷᠠᠴᠢᠯᠠᠯᠲᠠ ᠬᠠᠮᠢᠶᠠᠷᠤᠯᠲᠠ ᠶᠢᠨ ᠭᠤᠣᠯᠳᠠᠯᠭ᠎ᠠ
ᠨᠡᠶᠢᠲᠡᠯᠡᠭᠰᠡᠨ ᠴᠠᠭ᠄
2024/12/31
                                       ᠨᠠᠮᠤᠷ ᠤᠨ ᠤᠯᠠᠷᠢᠯ ᠪᠣᠯ ᠲᠡᠵᠢᠭᠡᠯ ᠡᠪᠡᠰᠦᠨ ᠤ ᠰᠢᠮ᠎ᠡ ᠲᠡᠵᠢᠭᠡᠯ ᠤᠨ ᠥᠷᠲᠡᠭ ᠢᠶᠠᠷ ᠬᠠᠮᠤᠭ ᠤᠨ ᠥᠨᠳᠥᠷ ᠴᠠᠭ ᠦᠶ᠎ᠡ ᠪᠥᠭᠡᠳ ᠬᠤᠨᠢᠨ ᠤ ᠢᠳᠡᠭᠡᠨ ᠤ ᠳᠤᠷᠠᠰᠢᠯ ᠨᠢ ᠴᠦ ᠨᠡᠯᠢᠶᠡᠳ ᠰᠠᠶᠢᠨ᠂ ᠢᠳᠡᠰᠢᠯᠡᠬᠦ ᠬᠡᠮᠵᠢᠶ᠎ᠡ  ᠨᠢ ᠨᠡᠯᠢᠶᠡᠳ ᠶᠡᠭᠡ ᠪᠠᠶᠢᠵᠤ᠂ ᠲᠠᠷᠭᠤ ᠠᠪᠬᠤ ᠣᠷᠭᠢᠯ ᠦᠶ᠎ᠡ ᠪᠣᠯᠣᠨ᠎ᠠ᠃              1.ᠠᠭᠤᠷ ᠠᠮᠢᠰᠬᠤᠯ ᠠᠭᠠᠵᠢᠮ ᠢᠶᠠᠷ ᠬᠦᠢᠲᠡᠷᠡᠬᠦ ᠦᠶ᠎ᠡ ᠳᠤ ᠪᠡᠯᠴᠢᠭᠡᠷᠯᠡᠭᠦᠯᠬᠦ ᠳᠡᠭᠡᠨ ᠵᠤᠨ ᠤ ᠤᠯᠠᠷᠢᠯ ᠤᠨ ᠥᠨᠳᠥᠷ ᠭᠠᠵᠠᠷ ᠤᠨ ᠪᠡᠯᠴᠢᠭᠡᠷ ᠢ ᠠᠭᠠᠵᠢᠮ ᠢᠶᠠᠷ ᠳᠣᠣᠷ᠎ᠠ ᠭᠠᠵᠠᠷ ᠲᠡᠶᠢᠰᠢ ᠰᠢᠯᠵᠢᠭᠦᠯᠦᠨ᠎ᠡ᠃ ᠡᠪᠡᠰᠦ ᠪᠡᠯᠴᠢᠭᠡᠷ ᠡᠯᠪᠡᠭ ᠠᠭᠤᠯᠠᠨ ᠪᠠᠯ ᠪᠠ ᠠᠭᠤᠯᠠᠨ ᠬᠤᠷᠮᠣᠢ ᠶᠢ ᠰᠣᠩᠭᠤᠵᠤ ᠪᠡᠯᠴᠢᠭᠡᠷᠯᠡᠭᠦᠯᠵᠦ ᠪᠣᠯᠣᠨ᠎ᠠ᠂ ᠪᠠᠰᠠ ᠡᠪᠡᠰᠦ ᠨᠢ ᠥᠨᠳᠥᠷ᠂ ᠡᠪᠡᠰᠦ ᠨᠢ ᠨᠢᠭᠲᠠ ᠭᠤᠤ ᠵᠢᠯᠠᠭ᠎ᠠ᠂ ᠨᠠᠭᠤᠷ ᠴᠥᠭᠦᠷᠥᠮ ᠤᠨ ᠣᠶᠢᠷᠠᠯᠴᠠᠭ᠎ᠠ ᠪᠤᠶᠤ ᠭᠤᠣᠯ ᠮᠥᠷᠡᠨ ᠤ ᠬᠥᠪᠡᠭᠡᠨ ᠳᠠᠬᠢ ᠪᠡᠯᠴᠢᠭᠡᠷ ᠢ ᠰᠣᠩᠭᠤᠵᠤ ᠪᠡᠯᠴᠢᠭᠡᠷᠯᠡᠭᠦᠯᠵᠦ ᠪᠣᠯᠣᠨ᠎ᠠ᠂ ᠬᠡᠷᠪᠡ ᠨᠥᠬᠦᠴᠡᠯ ᠪᠣᠯᠣᠯᠴᠠᠭ᠎ᠠ ᠲᠠᠢ ᠪᠣᠯ ᠦᠷᠭᠦᠯᠵᠢ ᠪᠡᠯᠴᠢᠭᠡᠷ ᠢᠶᠠᠨ ᠰᠣᠯᠢᠵᠤ᠂ ᠬᠤᠨᠢᠨ ᠪ᠊ ᠢᠳᠡᠬᠦ ᠳᠤᠷᠠᠲᠠᠢ ᠤᠯᠠᠨ ᠵᠦᠢᠯ ᠤᠨ ᠡᠪᠡᠰᠦ ᠪᠣᠷᠳᠤᠭ᠎ᠠ ᠶᠢ ᠰᠣᠩᠭᠤᠵᠤ᠂ ᠡᠪᠡᠰᠦᠨ ᠦᠷ᠎ᠡ ᠶᠢ ᠢᠯᠡᠭᠦᠦ ᠢᠳᠡᠭᠦᠯᠬᠦ ᠬᠡᠷᠡᠭᠲᠡᠢ᠃ 2.ᠨᠠᠮᠤᠷ ᠤᠨ ᠤᠯᠠᠷᠢᠯ ᠳᠤ ᠪᠡᠯᠴᠢᠭᠡᠷᠯᠡᠭᠦᠯᠬᠦ ᠳᠡᠭᠡᠨ ᠡᠷᠲᠡ ᠬᠠᠷᠢᠭᠤᠯᠵᠤ᠂ ᠣᠷᠣᠢ ᠬᠤᠲᠠᠯᠠᠵᠤ᠂ ᠪᠡᠯᠴᠢᠭᠡᠷᠯᠡᠭᠦᠯᠬᠦ ᠴᠠᠭ ᠢ ᠵᠣᠬᠢᠰᠲᠠᠢ ᠪᠠᠷ ᠤᠷᠲᠤᠳᠬᠠᠨ᠎ᠠ᠃ ᠦᠶ᠎ᠡ ᠭᠡᠰᠢᠭᠦᠦ ᠶᠢᠨ ᠡᠪᠡᠳᠴᠢᠨ ᠳᠤ ᠨᠡᠷᠪᠡᠭᠳᠡᠬᠦ ᠪᠤᠶᠤ ᠰᠢᠮᠡᠭᠦᠷ ᠬᠤᠷᠣᠬᠠᠢ ᠶᠢᠨ ᠥᠨᠳᠡᠭᠡ ᠶᠢ ᠢᠳᠡᠬᠦ ᠠᠴᠠ ᠵᠠᠶᠢᠯᠠᠰᠬᠢᠬᠤ ᠶᠢᠨ ᠲᠥᠯᠥᠭᠡ ᠰᠢᠪᠠᠷ ᠱᠠᠯᠴᠢᠭ ᠲᠠᠢ ᠨᠣᠶᠢᠲᠠᠨ ᠭᠠᠵᠠᠷ ᠲᠤ ᠮᠠᠯ ᠬᠠᠷᠢᠭᠤᠯᠬᠤ ᠪᠠ ᠠᠮᠠᠷᠠᠬᠤ ᠶᠢ ᠪᠠᠭᠠᠰᠬᠠᠬᠤ ᠬᠡᠷᠡᠭᠲᠡᠢ᠃ ᠨᠠᠮᠤᠷ ᠤᠨ ᠰᠡᠭᠦᠯᠴᠢ ᠪᠠᠷ ᠵᠢᠩᠭᠢᠨᠡᠬᠦ ᠠᠴᠠ ᠰᠡᠷᠭᠡᠶᠢᠯᠡᠵᠦ᠂ ᠬᠢᠷᠠᠭᠤ ᠲᠠᠢ ᠡᠳᠦᠷ ᠣᠷᠣᠢ ᠭᠠᠷᠭᠠᠵᠤ ᠡᠷᠲᠡ ᠬᠤᠲᠠᠯᠠᠨ ᠬᠤᠨᠢᠨ ᠤ ᠬᠢᠷᠠᠭᠤ ᠲᠠᠢ ᠡᠪᠡᠰᠦ ᠢᠳᠡᠭᠰᠡᠨ ᠠᠴᠠ ᠡᠪᠡᠳᠴᠢᠯᠡᠬᠦ ᠪᠠ ᠲᠠᠷᠭᠤ ᠠᠪᠬᠤ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ᠃ 3. ᠬᠤᠨᠢᠨ ᠤ ᠬᠠᠰᠢᠶ᠎ᠠ ᠳᠤ ᠡᠷᠦᠳᠡᠰᠦ ᠲᠠᠢ ᠳᠠᠪᠤᠰᠤᠨ ᠲᠣᠭᠤᠰᠭ᠋᠎ᠠ ᠬᠠᠩᠭᠠᠵᠤ᠂ ᠬᠤᠨᠢᠨ ᠪ᠊ ᠴᠢᠯᠦᠭᠡᠲᠡᠢ ᠳᠣᠯᠢᠶᠠᠵᠤ ᠢᠳᠡᠬᠦ ᠶᠢ ᠪᠠᠲᠤᠯᠠᠬᠤ ᠶᠢᠨ ᠬᠠᠮᠲᠤ ᠭᠦᠢᠴᠡᠳ ᠤᠰᠤ ᠤᠮᠳᠠ ᠬᠠᠩᠭᠠᠬᠤ ᠬᠡᠷᠡᠭᠲᠡᠢ᠃ 4.ᠨᠠᠮᠤᠷ ᠤᠨ ᠤᠯᠠᠷᠢᠯ ᠪᠣᠯ ᠬᠡᠭᠡᠯᠲᠦᠭᠦᠯᠭᠡ ᠶᠢᠨ ᠤᠯᠠᠷᠢᠯ ᠪᠣᠯᠬᠤᠷ ᠡᠭᠦᠯᠳᠡᠷ ᠤᠨ ᠣᠨᠴᠠᠯᠢᠭ ᠨᠢ ᠢᠯᠡᠷᠬᠡᠢ᠂ ᠪᠡᠶ᠎ᠡ ᠮᠠᠬᠠᠪᠤᠳ ᠨᠢ ᠴᠢᠭᠢᠷᠠᠭ᠂ ᠪᠦᠲᠦᠴᠡ ᠨᠢ ᠵᠢᠭᠳᠡ᠂ ᠦᠷᠡᠵᠢᠯ ᠤᠨ ᠡᠷᠬᠡᠲᠡᠨ ᠤ ᠪᠤᠶᠢᠵᠢᠯᠲᠠ ᠨᠢ ᠬᠡᠪ ᠤᠨ᠂ ᠲᠠᠷᠭᠤ ᠬᠦᠴᠦ ᠨᠢ ᠲᠣᠬᠢᠷᠠᠮᠵᠢᠲᠠᠢ ᠡᠷᠡᠭᠦᠯ ᠴᠢᠭᠢᠷᠠᠭ᠂ ᠵᠠᠯᠠᠭᠤ ᠨᠠᠰᠤᠨ ᠤ ᠬᠤᠴᠠ ᠶᠢ ᠰᠣᠩᠭᠤᠵᠤ ᠬᠡᠭᠡᠯᠲᠦᠭᠦᠯᠦᠨ᠎ᠡ᠃ ᠨᠢᠭᠡ ᠬᠤᠴᠠ 30 -35 ᠡᠮ᠎ᠡ ᠬᠤᠨᠢ ᠳᠠᠭᠠᠭᠤᠯᠤᠨ᠎ᠠ᠃ 5.ᠬᠡᠭᠡᠯᠲᠦᠭᠦᠯᠦᠭᠰᠡᠨ ᠤ ᠲᠠᠷᠠᠭ᠎ᠠ ᠡᠮ᠎ᠡ ᠬᠤᠨᠢ ᠶᠢ ᠬᠠᠷᠢᠭᠤᠯᠬᠤ ᠳᠠᠭᠠᠨ ᠯᠠᠪᠳᠠᠭᠤᠨ ᠠᠯᠬᠤᠭᠤᠯᠵᠤ᠂ ᠠᠯᠭᠤᠷ ᠬᠥᠭᠡᠭᠡᠵᠦ᠂ ᠲᠠᠭᠤᠬᠤ ᠦᠭᠡᠢ᠂ ᠴᠣᠬᠢᠬᠤ ᠦᠭᠡᠢ ᠪᠠᠶᠢᠵᠤ᠂ ᠬᠢᠷᠠᠭᠤ ᠬᠥᠯᠳᠡᠭᠦᠦ ᠪᠠ ᠢᠯᠵᠢᠷᠡᠭᠰᠡᠨ ᠡᠪᠡᠰᠦ ᠪᠣᠷᠳᠤᠭ᠎ᠠ ᠢᠳᠡᠭᠦᠯᠬᠦ ᠠᠴᠠ ᠰᠡᠷᠭᠡᠶᠢᠯᠡᠵᠦ᠂ ᠭᠡᠭᠡᠯ ᠬᠠᠶᠠᠬᠤ ᠠᠴᠠ ᠰᠡᠷᠭᠡᠶᠢᠯᠡᠨ᠂ ᠡᠮ᠎ᠡ ᠬᠤᠨᠢᠨ ᠤ ᠬᠡᠪᠡᠯᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ 6. ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ︾ ᠵᠠᠷᠴᠢᠮ ᠢ ᠪᠠᠷᠢᠮᠲᠠᠯᠠᠵᠤ᠂ ᠲᠣᠭᠲᠠᠭᠰᠠᠨ ᠴᠠᠭ ᠲᠤᠨᠢ ᠲᠣᠭᠲᠠᠭᠰᠠᠨ ᠬᠡᠮᠵᠢᠶᠡᠨ ᠤ ᠡᠭᠡᠯᠢᠯᠡᠭᠡ ᠶᠢᠨ ᠲᠠᠷᠢᠯᠭ᠎ᠠ ᠪᠠ ᠬᠤᠷᠣᠬᠠᠢ ᠬᠥᠭᠡᠭᠡᠬᠦ ᠬᠡᠷᠡᠭᠲᠡᠢ᠃ 7.ᠬᠤᠨᠢᠨ ᠤ ᠰᠦᠷᠦᠭ ᠲᠠᠬᠢ ᠭᠤᠯᠣᠩᠬᠠᠢ᠂ ᠰᠦ ᠬᠦᠷᠦᠯᠴᠡᠬᠦ ᠦᠭᠡᠢ ᠵᠢᠴᠢ ᠪᠤᠰᠤᠳ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠬᠤᠨᠢ᠂ ᠡᠷ᠎ᠡ ᠬᠤᠨᠢ᠂ ᠡᠭᠦᠯᠳᠡᠷ ᠤᠨ ᠪᠠᠷᠢᠮᠵᠢᠶ᠎ᠠ ᠳᠤ ᠬᠦᠷᠬᠦ ᠦᠭᠡᠢ ᠬᠤᠨᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠬᠤᠨᠢᠨ ᠤ ᠰᠦᠷᠦᠭ ᠤᠨ ᠪᠦᠲᠦᠴᠡ ᠶᠢ ᠪᠦᠲᠦᠮᠵᠢᠲᠡᠶ ᠪᠠᠷ ᠲᠣᠬᠢᠷᠠᠭᠤᠯᠬᠤ ᠬᠡᠷᠡᠭᠲᠡᠢ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号