| ᠵᠤᠨ ᠨᠠᠮᠤᠷ ᠤᠨ ᠠᠭᠤᠯᠵᠠᠷ ᠲᠤ᠂ ᠠᠭᠠᠷ ᠤᠨ ᠳᠤᠯᠠᠭᠠᠨ ᠤ ᠬᠤᠪᠢᠷᠠᠯᠲᠠ ᠶᠡᠭᠡ᠂ ᠠᠭᠤᠷ ᠠᠮᠢᠰᠬᠤᠯ | ᠭᠡᠨᠡᠳᠲᠡ ᠬᠦᠢᠲᠡᠨ ᠭᠡᠨᠡᠳᠲᠡ ᠬᠠᠯᠠᠭᠤᠨ ᠪᠣᠯᠵᠤ᠂ ᠰᠠᠭᠠᠯᠢ ᠶᠢᠨ ᠦᠨᠢᠶᠡᠨ ᠤ ᠡᠪᠡᠳᠴᠢᠨ ᠢ ᠡᠰᠡᠷᠭᠦᠴᠡᠬᠦ | ᠴᠢᠳᠠᠪᠤᠷᠢ ᠨᠢ ᠳᠣᠷᠣᠭᠰᠢᠯᠠᠵᠤ᠂ ᠡᠭᠦᠨ ᠤ ᠳᠠᠭᠠᠤ ᠨᠠᠮᠤᠷ ᠣᠷᠣᠭᠰᠠᠨ ᠤ ᠳᠠᠷᠠᠭ᠎ᠠ᠂ ᠠᠭᠠᠷ ᠤᠨ ᠳᠤᠯᠠᠭᠠᠨ ᠨᠢ | ᠪᠠᠺᠲ᠋ᠧᠷᠢ ᠶᠢᠨ ᠥᠰᠴᠦ ᠦᠷᠡᠵᠢᠬᠦ ᠳᠤ ᠲᠣᠬᠢᠷᠠᠮᠵᠢᠲᠠᠢ ᠪᠣᠯᠵᠤ᠂ ᠰᠠᠭᠠᠯᠢ ᠶᠢᠨ ᠦᠨᠢᠶ᠎ᠡ ᠨᠢ ᠮᠠᠰᠢ ᠠᠮᠠᠷᠬᠠᠨ | ᠸᠢᠷᠦ᠋ᠰ ᠲᠤ ᠬᠠᠯᠳᠠᠪᠤᠷᠢᠯᠠᠭᠳᠠᠵᠤ᠂ ᠣᠨᠴᠠᠭᠠᠶᠢᠯᠠᠨ ᠠᠮᠠᠷᠬᠠᠨ ᠠᠮᠢᠰᠬᠤᠯ ᠤᠨ ᠰᠢᠰᠲ᠋ᠧᠮ ᠤᠨ ᠡᠪᠡᠳᠴᠢᠨ ᠳᠤ | ᠨᠡᠷᠪᠡᠭᠳᠡᠳᠡᠭ᠃ ᠰᠠᠭᠠᠯᠢ ᠶᠢᠨ ᠦᠨᠢᠶᠡᠨ ᠤ ᠡᠪᠡᠳᠴᠢᠨ ᠡᠮᠭᠡᠭ ᠡᠭᠦᠰᠬᠦ ᠪᠠ ᠬᠢᠵᠢᠭ ᠡᠪᠡᠳᠴᠢᠨ ᠳᠡᠯᠭᠡᠷᠡᠬᠦ ᠶᠢ | ᠰᠡᠷᠭᠡᠶᠢᠯᠡᠬᠦ ᠶᠢᠨ ᠲᠤᠰᠠᠳᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ︵ᠡᠷᠦᠭᠡ︶ ᠨᠢ ᠨᠠᠮᠤᠷ ᠤᠨ | ᠤᠯᠠᠷᠢᠯ ᠤᠨ ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ | ᠬᠢᠵᠦ᠂ ᠰᠠᠭᠠᠯᠢ ᠶᠢᠨ ᠦᠨᠢᠶ᠎ᠡ ᠶᠢᠨ ᠡᠷᠡᠭᠦᠯ ᠮᠡᠨᠳᠤ ᠳᠤ ᠠᠰᠢᠭᠲᠠᠢ ᠪᠠᠶᠢᠯᠭᠠᠬᠤ ᠬᠡᠷᠡᠭᠲᠡᠢ᠃ ᠠᠷᠠᠴᠢᠯᠠᠭ᠎ᠠ | ᠬᠠᠮᠢᠶᠠᠷᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠲᠡᠵᠢᠭᠡᠨ | ᠠᠷᠠᠴᠢᠯᠠᠭᠴᠢ ᠠᠴᠠ ᠦᠬᠡᠷ ᠤᠨ ᠠᠮᠢᠰᠬᠤᠯ᠂ ᠨᠢᠳᠦ᠂ ᠬᠠᠮᠠᠷ ᠵᠡᠷᠭᠡ ᠭᠠᠳᠠᠷ ᠡᠷᠬᠡᠲᠡᠨ ᠤ ᠢᠯᠡᠷᠡᠯ ᠢ ᠦᠷᠭᠦᠯᠵᠢ | ᠪᠠᠶᠢᠴᠠᠭᠠᠨ ᠦᠵᠡᠵᠦ ᠠᠩᠬᠠᠷᠬᠤ ᠭᠡᠷᠡᠭᠲᠡᠢ; ᠦᠬᠡᠷ ᠤᠨ ᠪᠡᠶ᠎ᠡ ᠶᠢᠨ ᠬᠠᠯᠠᠭᠤᠨ ᠢ ᠭᠡᠮᠵᠢᠨᠡ;ᠦᠭᠡᠷ ᠤᠨ | ᠢᠳᠡᠰᠢᠯᠡᠬᠦ᠂ ᠬᠡᠪᠢᠬᠦ᠂ ᠪᠠᠭᠠᠰᠤ ᠰᠢᠭᠡᠰᠦᠨ ᠤ ᠬᠤᠪᠢᠷᠠᠯᠲᠠ ᠶᠢ ᠠᠩᠬᠠᠷᠬᠤ ᠭᠡᠷᠡᠭᠲᠡᠢ; ᠤᠰᠤ ᠤᠮᠳᠠ ᠶᠢᠨ | ᠠᠷᠢᠭᠤᠨ ᠴᠡᠪᠡᠷ ᠢ ᠠᠩᠬᠠᠷᠴᠤ᠂ ᠭᠦᠢᠴᠡᠳ ᠤᠰᠤ ᠬᠠᠩᠭᠠᠨ᠎ᠠ; ᠦᠬᠡᠷ ᠤᠨ ᠬᠠᠰᠢᠶ᠎ᠠ ᠶᠢ ᠬᠠᠭᠤᠷᠠᠢ ᠪᠠᠶᠢᠯᠭᠠᠵᠤ᠂ | ᠰᠠᠯᠬᠢ ᠨᠡᠪᠲᠡᠷᠡᠭᠦᠯᠦᠨ᠎ᠡ; ᠪᠠᠭᠠᠰᠤ ᠰᠢᠭᠡᠰᠦ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠪᠠᠺᠲ᠋ᠧᠷᠢ ᠶᠢᠨ | ᠦᠷᠡᠵᠢᠯᠲᠡ ᠶᠢ ᠪᠠᠭᠠᠰᠬᠠᠨ᠎ᠠ; ᠵᠣᠬᠢᠬᠤ ᠬᠡᠮᠵᠢᠶ᠎ᠡ ᠪᠠᠷ ᠠᠷᠠᠴᠢᠯᠠᠨ ᠲᠡᠵᠢᠭᠡᠬᠦ ᠨᠢᠭᠲᠠᠴᠠ ᠶᠢ ᠪᠠᠲᠤᠯᠠᠵᠤ᠂ | ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠤ ᠭᠡᠷᠡᠭᠲᠡᠢ; ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ | ᠠᠵᠢᠯᠲᠠᠳ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠨ᠂ ᠨᠠᠷᠢᠨ ᠨᠢᠮᠪᠠᠢ ᠬᠠᠮᠢᠶᠠᠷᠬᠤ ᠪᠠ ᠠᠵᠢᠭᠯᠠᠵᠤ᠂ | ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠪᠠ ᠲᠤᠰᠬᠠᠬᠤ ᠬᠡᠷᠡᠭᠲᠡᠢ᠃ ᠬᠢᠵᠢᠭ ᠢ ᠰᠡᠷᠭᠡᠶᠢᠯᠡᠨ | ᠠᠷᠢᠭᠤᠳᠬᠠᠬᠤ ᠠᠵᠢᠯ ᠢ ᠴᠢᠩᠭᠠᠳᠬᠠᠵᠤ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠰᠠᠶᠢᠲᠤᠷ ᠬᠢᠬᠦ ᠬᠡᠷᠡᠭᠲᠡᠢ᠃ | ᠨᠠᠮᠤᠷ ᠤᠨ ᠤᠯᠠᠷᠢᠯ ᠤᠨ ᠠᠭᠠᠷ ᠤᠨ ᠳᠤᠯᠠᠭᠠᠨ ᠨᠢ ᠪᠠᠺᠲ᠋ᠧᠷᠢ ᠦᠷᠡᠵᠢᠬᠦ ᠳᠤ ᠲᠣᠬᠢᠷᠠᠮᠵᠢᠲᠠᠢ ᠲᠤᠯᠠ ᠰᠠᠭᠠᠯᠢ ᠶᠢᠨ | ᠦᠨᠢᠶᠡᠨ ᠤ ᠲᠠᠯᠠᠪᠠᠢ ᠶᠢᠨ ᠬᠢᠵᠢᠭ ᠢ ᠰᠡᠷᠭᠡᠶᠢᠯᠡᠬᠦ ᠠᠷᠢᠭᠤᠳᠬᠠᠯ ᠢ ᠴᠢᠩᠭᠠᠳᠬᠠᠵᠤ᠂ ᠣᠷᠴᠢᠨ ᠲᠣᠭᠤᠷᠢᠨ ᠤ | ᠠᠷᠢᠭᠤᠨ ᠴᠡᠪᠡᠷ ᠢ ᠰᠠᠶᠢᠲᠤᠷ ᠬᠠᠮᠠᠭᠠᠯᠠᠬᠤ ᠬᠡᠷᠡᠭᠲᠡᠢ᠃ ᠦᠬᠡᠷ ᠤᠨ ᠲᠠᠯᠠᠪᠠᠢ ᠶᠢᠨ ᠦᠢᠯᠡᠳᠪᠦᠷᠢᠯᠡᠯ ᠤᠨ ᠲᠣᠭᠤᠷᠢᠭ | ᠪᠠ ᠦᠬᠡᠷ ᠤᠨ ᠬᠠᠰᠢᠶ᠎ᠠ ᠶᠢᠨ ᠣᠷᠣᠵᠤ ᠭᠠᠷᠬᠤ ᠠᠮᠠ ᠳᠤ ᠠᠷᠢᠭᠤᠳᠬᠠᠬᠤ ᠲᠠᠲᠠᠭᠠᠯ᠂ ᠠᠷᠢᠭᠤᠳᠬᠠᠬᠤ ᠲᠠᠰᠤᠭ | ᠭᠠᠷᠭᠠᠨ᠎ᠠ᠃ ᠠᠷᠢᠭᠤᠳᠬᠠᠬᠤ ᠲᠠᠲᠠᠭᠠᠯ ᠳᠤ 2% ᠤᠨ ᠢᠳᠡᠮᠡᠬᠡᠢ ᠱᠦᠯᠲᠦ ᠪᠠᠷ ᠠᠷᠢᠭᠤᠳᠬᠠᠬᠤ ᠰᠢᠩᠭᠡᠨ ᠢᠶᠠᠨ | ᠪᠤᠯᠭᠠᠵᠤ᠂ ᠭᠠᠷᠠᠭ ᠪᠦᠷᠢ 1-2 ᠤᠳᠠᠭ᠎ᠠ ᠰᠣᠯᠢᠵᠤ᠂ ᠠᠷᠢᠭᠤᠳᠬᠠᠬᠤ ᠲᠠᠲᠠᠭᠠᠯ ᠳᠠᠬᠢ ᠠᠷᠢᠭᠤᠳᠬᠠᠬᠤ ᠡᠮ ᠤᠨ | ᠰᠢᠩᠭᠡᠨ ᠤ ᠠᠰᠢᠭᠲᠤ ᠴᠢᠨᠠᠷ ᠢ ᠪᠠᠲᠤᠯᠠᠨ᠎ᠠ᠃ ᠲᠡᠵᠢᠭᠡᠨ ᠠᠷᠠᠴᠢᠯᠠᠭᠴᠢ᠂ ᠮᠠᠯ ᠤᠨ ᠡᠮᠴᠢ ᠡᠷᠬᠡᠪᠰᠢ ᠠᠷᠢᠭᠤᠳᠬᠠᠬᠤ | ᠲᠠᠰᠤᠭ ᠢᠶᠠᠷ ᠳᠠᠮᠵᠢᠭᠤᠯᠤᠨ ᠦᠢᠯᠡᠳᠪᠦᠷᠢᠯᠡᠯ ᠤᠨ ᠲᠣᠭᠤᠷᠢᠭ ᠲᠤ ᠣᠷᠣᠵᠤ᠂ ᠠᠷᠢᠭᠤᠨ ᠴᠡᠪᠡᠷ ᠠᠵᠢᠯ ᠤᠨ | ᠬᠤᠪᠴᠠᠰᠤ᠂ ᠠᠵᠢᠯ ᠤᠨ ᠮᠠᠯᠠᠭᠠᠢ᠂ ᠠᠵᠢᠯ ᠤᠨ ᠱᠠᠬᠠᠢ ᠡᠮᠦᠰᠴᠦ᠂ ᠠᠷᠢᠭᠤᠳᠬᠠᠬᠤ ᠰᠠᠪᠤᠩ ᠪᠤᠶᠤ | ᠠᠷᠢᠭᠤᠳᠬᠠᠬᠤ ᠰᠢᠩᠭᠡᠨ ᠢᠶᠠᠷ ᠭᠠᠷ ᠢᠶᠠᠨ ᠤᠬᠢᠶᠠᠬᠤ ᠬᠡᠷᠡᠭᠲᠡᠢ᠃ ᠦᠬᠡᠷ ᠤᠨ ᠬᠠᠰᠢᠶ᠎ᠠ ᠪᠠ ᠦᠬᠡᠷ ᠤᠨ | ᠬᠠᠰᠢᠶ᠎ᠠ ᠶᠢᠨ ᠡᠷᠭᠢᠨ ᠲᠣᠭᠤᠷᠢᠨ᠂ ᠲᠠᠮᠢᠷ ᠤᠨ ᠲᠠᠯᠠᠪᠠᠢ᠂ ᠵᠠᠮ ᠱᠤᠭᠤᠮ ᠢ ᠭᠠᠷᠠᠭ ᠪᠦᠷᠢ 2 ᠤᠳᠠᠭ᠎ᠠ | ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ᠎ᠠ᠃ ᠡᠳ᠋ᠯᠡᠯ ᠬᠡᠷᠡᠭᠰᠡᠯ ᠢ ᠲᠠᠯᠠᠪᠠᠢ ᠳᠤ ᠣᠷᠣᠬᠤ ᠠᠴᠠ ᠡᠮᠦᠨ᠎ᠡ | ᠰᠦᠷᠴᠢᠨ ᠠᠷᠢᠭᠤᠳᠬᠠᠵᠤ᠂ ᠬᠡᠷᠡᠭᠯᠡᠵᠦ ᠪᠠᠷᠠᠭᠰᠠᠨ ᠤ ᠳᠠᠷᠠᠭ᠎ᠠ ᠤᠬᠢᠶᠠᠨ ᠴᠡᠪᠡᠷᠯᠡᠵᠦ ᠠᠷᠢᠭᠤᠳᠬᠠᠨ᠎ᠠ᠃ | ᠬᠠᠯᠳᠠᠪᠤᠷᠢᠲᠤ ᠡᠪᠡᠳᠴᠢᠨ ᠶᠠᠭ ᠡᠭᠦᠰᠴᠦ ᠪᠠᠶᠢᠭ᠎ᠠ ᠦᠬᠡᠷ ᠤᠨ ᠲᠠᠯᠠᠪᠠᠢ ᠳᠤ ᠡᠳᠦᠷ ᠪᠦᠷᠢ ᠦᠬᠡᠷ ᠤᠨ | ᠬᠠᠰᠢᠶ᠎ᠠ ᠶᠢᠨ ᠳᠣᠲᠣᠷ᠎ᠠ ᠭᠠᠳᠠᠨ᠎ᠠ ᠠᠴᠠ ᠦᠬᠡᠷ ᠢ ᠠᠷᠢᠭᠤᠳᠬᠠᠨ᠎ᠠ᠃ | ᠲᠡᠵᠢᠭᠡᠯ ᠪᠣᠷᠳᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠠᠭᠠᠯᠢ ᠶᠢᠨ ᠦᠨᠢᠶᠡᠨ ᠤ | ᠪᠡᠶ᠎ᠡ ᠶᠢ ᠴᠢᠭᠢᠷᠠᠭᠵᠢᠭᠤᠯᠤᠨ᠎ᠠ᠃ ᠠᠭᠠᠷ ᠤᠨ ᠳᠤᠯᠠᠭᠠᠨ ᠭᠡᠨᠡᠳᠲᠡ ᠬᠤᠪᠢᠷᠠᠵᠤ᠂ ᠰᠠᠭᠠᠯᠢ ᠶᠢᠨ ᠦᠨᠢᠶ᠎ᠡ ᠶᠢᠨ | ᠡᠪᠡᠳᠴᠢᠨ ᠢ ᠡᠰᠡᠷᠭᠦᠴᠡᠬᠦ ᠴᠢᠳᠠᠯ ᠪᠠᠭᠤᠷᠠᠵᠤ᠂ ᠡᠳᠦᠷ ᠤᠨ ᠲᠡᠵᠢᠭᠡᠯ ᠤᠨ ᠰᠢᠮ᠎ᠡ ᠲᠡᠵᠢᠭᠡᠯ ᠤᠨ ᠠᠭᠤᠯᠤᠭᠳᠠᠴᠠ ᠶᠢ | ᠨᠡᠮᠡᠭᠳᠡᠭᠦᠯᠦᠨ᠂ ᠪᠦᠳᠦᠭᠦᠯᠢᠭ ᠪᠣᠷᠳᠤᠭ᠎ᠠ ᠲᠡᠵᠢᠭᠡᠬᠦ ᠬᠡᠮᠵᠢᠶ᠎ᠡ ᠶᠢ ᠪᠠᠭᠠᠰᠬᠠᠵᠤ᠂ ᠨᠠᠷᠢᠯᠢᠭ ᠪᠣᠷᠳᠤᠭ᠎ᠠ ᠶᠢᠨ | ᠬᠠᠷᠢᠴᠠᠯ ᠢ ᠳᠡᠭᠡᠭᠰᠢᠯᠡᠭᠦᠯᠦᠨ᠂ ᠲᠡᠵᠢᠭᠡᠯ ᠤᠨ ᠤᠭᠤᠷᠠᠭ ᠤᠨ ᠬᠡᠮᠵᠢᠶ᠎ᠡ ᠶᠢ ᠨᠡᠮᠡᠭᠳᠡᠭᠦᠯᠵᠦ᠂ ᠰᠠᠭᠠᠯᠢ ᠶᠢᠨ | ᠦᠨᠢᠶ᠎ᠡ ᠶᠢ ᠴᠢᠭᠢᠷᠠᠭᠵᠢᠭᠤᠯᠤᠨ᠎ᠠ᠃ ᠨᠣᠭᠤᠭᠠᠨ ᠴᠢᠨᠠᠷ ᠰᠠᠶᠢᠲᠠᠢ ᠡᠪᠡᠰᠦ ᠪᠣᠷᠳᠤᠭ᠎ᠠ ᠶᠢ ᠢᠯᠡᠭᠦᠬᠡᠨ ᠲᠡᠵᠢᠭᠡᠵᠦ᠂ | ᠢᠳᠡᠰᠢ ᠶᠢᠨ ᠬᠡᠮᠵᠢᠶ᠎ᠡ ᠶᠢ ᠨᠢ ᠳᠡᠭᠡᠭᠰᠢᠯᠡᠭᠦᠯᠭᠦ ᠬᠡᠷᠡᠭᠲᠡᠢ᠃ ᠡᠳᠦᠷ ᠤᠨ ᠲᠡᠵᠢᠭᠡᠯ ᠳᠤ ᠺᠠᠯᠢ᠂ ᠨᠠᠲᠷᠢ᠂ ᠮᠠᠭᠨᠢ | ᠵᠡᠷᠭᠡ ᠡᠷᠦᠳᠡᠰᠦ ᠪᠣᠯᠣᠨ ᠸᠢᠲ᠋ᠠᠮᠢᠨ C᠂ ᠸᠢᠲ᠋ᠠᠮᠢᠨ E ᠪᠣᠯᠣᠨ B ᠲᠦᠷᠦᠯ ᠤᠨ ᠸᠢᠲ᠋ᠠᠮᠢᠨ ᠤ ᠬᠡᠮᠵᠢᠶ᠎ᠡ ᠶᠢ | ᠨᠡᠮᠡᠭᠳᠡᠭᠦᠯᠦᠨ᠎ᠡ᠃ ᠬᠠᠯᠠᠭᠤᠨ ᠢ ᠠᠷᠢᠯᠭᠠᠵᠤ ᠬᠤᠣᠷ ᠢ ᠲᠠᠶᠢᠯᠬᠤ᠂ ᠰᠠᠯᠬᠢᠨ ᠢ ᠰᠡᠷᠭᠡᠶᠢᠯᠡᠵᠦ ᠬᠦᠢᠲᠡᠨ ᠢ ᠠᠷᠢᠯᠭᠠᠬᠤ | ᠂ ᠡᠭᠡᠯᠢᠯᠡᠭᠦ ᠴᠢᠳᠠᠯ ᠢ ᠨᠡᠮᠡᠭᠳᠡᠭᠦᠯᠬᠦ ᠬᠢᠲᠠᠳ ᠡᠪᠡᠰᠦᠨ ᠡᠮ ᠤᠨ ᠱᠥᠯᠥ ᠶᠢ ᠤᠤᠭᠤᠯᠭᠠᠵᠤ᠂ ᠰᠠᠭᠠᠯᠢ ᠶᠢᠨ | ᠦᠨᠢᠶᠡᠨ ᠤ ᠡᠰᠡᠷᠭᠦᠴᠡᠬᠦ ᠴᠢᠳᠠᠯ ᠢ ᠨᠡᠮᠡᠭᠳᠡᠭᠦᠯᠦᠨ᠂ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠨ᠎ᠡ᠃ | ᠡᠪᠡᠳᠴᠢᠯᠡᠭᠰᠡᠨ ᠰᠠᠭᠠᠯᠢ ᠶᠢᠨ ᠦᠨᠢᠶ᠎ᠡ ᠶᠢ ᠨᠠᠷᠢᠯᠢᠭ ᠪᠣᠷᠳᠤᠭ᠎ᠠ ᠪᠠᠷ ᠲᠡᠵᠢᠭᠡᠬᠦ ᠬᠡᠮᠵᠢᠶ᠎ᠡ ᠶᠢ ᠪᠠᠭᠠᠰᠬᠠᠵᠤ᠂ | ᠰᠢᠭᠦᠰᠦᠯᠢᠭ ᠪᠣᠷᠳᠤᠭ᠎ᠠ ᠪᠠ ᠴᠢᠨᠠᠷ ᠰᠠᠶᠢᠲᠠᠢ ᠲᠡᠵᠢᠭᠡᠯ ᠡᠪᠡᠰᠦ ᠪᠠᠷ ᠢᠯᠡᠭᠦᠬᠡᠨ ᠲᠡᠵᠢᠭᠡᠬᠦ ᠬᠡᠷᠡᠭᠲᠡᠢ᠃ ᠨᠠᠮᠤᠷ ᠤᠨ | ᠤᠯᠠᠷᠢᠯ ᠳᠤ ᠰᠢᠯᠦᠬᠡᠢ ᠡᠪᠡᠳᠴᠢᠨ ᠤ ᠸᠠᠺᠼᠢᠨ ᠤ ᠠᠯᠪᠠᠳᠠᠯᠭ᠎ᠠ ᠶᠢᠨ ᠴᠢᠨᠠᠷᠲᠠᠢ ᠡᠭᠡᠯᠢᠯᠡᠭᠡ ᠶᠢ ᠴᠢᠩᠭᠠᠳᠬᠠᠵᠤ᠂ | ᠢᠷᠡᠬᠦ ᠵᠢᠯ ᠤᠨ ᠬᠠᠪᠤᠷ ᠤᠨ ᠤᠯᠠᠷᠢᠯ ᠳᠤ ᠳᠡᠯᠭᠡᠷᠡᠬᠦ ᠬᠠᠯᠠᠭᠤᠨ ᠡᠪᠡᠳᠴᠢᠨ᠂ ᠴᠢᠰᠤ ᠦᠵᠢᠷᠡᠬᠦ ᠡᠪᠡᠳᠴᠢᠨ᠂ | ᠪᠣᠭᠤᠮ᠎ᠠ ᠡᠪᠡᠳᠴᠢᠨ ᠤ ᠸᠠᠺᠼᠢᠨ ᠤ ᠲᠠᠷᠢᠯᠭ᠎ᠠ ᠶᠢᠨ ᠲᠥᠯᠥᠪᠯᠡᠭᠡ ᠪᠠ ᠸᠠᠺᠼᠢᠨ ᠢ ᠬᠤᠳᠠᠯᠳᠤᠨ ᠠᠪᠬᠤ | ᠳᠠᠩᠰᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠢ ᠴᠢᠩᠭ᠎ᠠ ᠵᠢᠷᠤᠮᠯᠠᠨ ᠬᠦᠨᠳᠦ ᠶᠡᠭᠡ ᠬᠢᠵᠢᠭ ᠡᠪᠡᠳᠴᠢᠨ ᠪᠠ ᠬᠠᠯᠳᠠᠪᠤᠷᠢᠲᠤ ᠡᠪᠡᠳᠴᠢᠨ ᠤ ᠲᠠᠷᠢᠯᠭ᠎ᠠ | ᠬᠢᠵᠦ᠂ ᠤᠷᠢᠳᠴᠢᠯᠠᠨ ᠰᠡᠷᠭᠡᠶᠢᠯᠡᠵᠦ᠂ ᠬᠢᠵᠢᠭ ᠡᠪᠡᠳᠴᠢᠨ ᠡᠭᠦᠰᠬᠦ ᠶᠢ ᠪᠠᠭᠠᠰᠬᠠᠬᠤ ᠬᠡᠷᠡᠭᠲᠡᠢ᠃ | |