ᠪᠡᠶ᠎ᠡ ᠶᠢᠨ ᠦᠨᠡᠮᠯᠡᠯ ᠢᠶᠠᠨ ᠵᠥᠪ ᠬᠡᠷᠡᠭᠯᠡᠬᠦ ᠶᠢ ᠬᠢᠴᠢᠶᠡᠭᠡᠷᠡᠢ
ᠨᠡᠶᠢᠲᠡᠯᠡᠭᠰᠡᠨ ᠴᠠᠭ᠄
2024/12/31
                                       ᠪᠡᠶ᠎ᠡ ᠶᠢᠨ ᠦᠨᠡᠮᠯᠡᠯ ᠪᠣᠯ ᠠᠷᠠᠳ ᠢᠷᠭᠡᠳ ᠤᠨ ᠪᠡᠶ᠎ᠡ ᠶᠢᠨ ᠭᠠᠷᠤᠯ ᠢ ᠭᠡᠷᠡᠴᠢᠯᠡᠬᠦ ᠴᠢᠬᠤᠯᠠ ᠦᠨᠡᠮᠯᠡᠯ ᠪᠠᠶᠢᠵᠤ᠂ ᠪᠢᠳᠡᠨ ᠤ ᠠᠮᠢᠳᠤᠷᠠᠯ ᠲᠠᠢ ᠨᠢᠭᠲᠠ ᠬᠤᠯᠪᠤᠭ᠎ᠠ ᠲᠠᠢ᠂ ᠪᠡᠶ᠎ᠡ ᠶᠢᠨ ᠦᠨᠡᠮᠯᠡᠯ ᠢ ᠵᠥᠪ ᠬᠡᠷᠡᠭᠯᠡᠪᠡᠯ ᠠᠮᠢᠳᠤᠷᠠᠯ ᠳᠤᠮᠳᠠᠬᠢ ᠶᠠᠷᠰᠢᠭ ᠲᠦᠪᠡᠭ ᠢ ᠶᠡᠭᠡ ᠪᠠᠷ ᠪᠠᠭᠠᠰᠬᠠᠳᠠᠭ᠃ ᠪᠡᠶ᠎ᠡ ᠶᠢᠨ ᠦᠨᠡᠮᠯᠡᠯ ᠤᠨ ᠲᠤᠬᠠᠢ ᠳᠠᠷᠠᠭᠠᠬᠢ ᠬᠠᠤᠯᠢ ᠴᠠᠭᠠᠵᠠ ᠶᠢᠨ ᠮᠡᠳᠡᠯᠭᠡ ᠶᠢ ᠤᠯᠠᠨ ᠢᠶᠠᠷ ᠢᠶᠠᠨ ᠣᠶᠢᠯᠠᠭᠠᠵᠤ ᠠᠪᠤᠶ᠎ᠠ᠃              ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠤᠯᠢ︾              ᠠᠷᠪᠠᠨ ᠲᠠᠪᠤᠳᠤᠭᠠᠷ ᠵᠦᠢᠯ ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠡᠭᠡᠨ ᠳᠣᠣᠷ᠎ᠠ ᠵᠢᠭᠰᠠᠭᠠᠭᠰᠠᠨ ᠪᠠᠶᠢᠳᠠᠯ ᠤᠳ ᠲᠣᠬᠢᠶᠠᠯᠳᠤᠪᠠᠯ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠦᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠰᠢᠯᠭᠠᠵᠤ ᠪᠣᠯᠣᠨ᠎ᠠ᠄                ︵ᠨᠢᠭᠡ︶ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠬᠥᠮᠥᠨ ᠤ ᠪᠡᠶ᠎ᠡ ᠶᠢᠨ ᠬᠢᠷᠢ ᠭᠡᠮ ᠢ ᠨᠢ ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ;              ︵ᠬᠤᠶᠠᠷ︶ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠳᠤ ᠬᠤᠯᠪᠣᠭᠳᠠᠯ ᠪᠦᠬᠦᠢ ᠬᠥᠮᠥᠰ ᠤᠨ ᠪᠡᠶ᠎ᠡ ᠶᠢᠨ ᠬᠢᠷᠢ ᠭᠡᠮ ᠢ ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ;              ︵ᠭᠤᠷᠪᠠ︶ ᠨᠡᠶᠢᠭᠡᠮ ᠤᠨ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠭᠡᠨᠡᠳᠲᠡ ᠶᠢᠨ ᠬᠡᠷᠡᠭ ᠭᠠᠷᠪᠠᠯ᠂ ᠲᠤᠬᠠᠢ ᠶᠢᠨ ᠲᠠᠯᠠᠪᠤᠷ ᠤᠨ ᠬᠤᠯᠪᠣᠭᠳᠠᠯ ᠪᠦᠬᠦᠢ ᠬᠥᠮᠥᠰ ᠤᠨ ᠪᠡᠶ᠎ᠡ ᠶᠢᠨ ᠬᠢᠷᠢ ᠭᠡᠮ ᠢ ᠪᠠᠶᠢᠴᠠᠭᠠᠨ ᠲᠣᠳᠣᠷᠬᠠᠶᠢᠯᠠᠬᠤ ᠴᠢᠬᠤᠯᠠᠲᠠᠢ ᠦᠶᠡᠰ;              ︵ᠳᠥᠷᠪᠡ︶ ᠭᠠᠯᠲᠤ ᠲᠡᠷᠭᠡᠨ ᠤᠢᠷᠳᠡᠭᠡ᠂ ᠮᠠᠰᠢᠨ ᠲᠡᠷᠭᠡᠨ ᠤᠢᠷᠳᠡᠭᠡ᠂ ᠭᠠᠷᠠᠮ᠂ ᠣᠩᠭᠤᠴᠠᠨ ᠤ ᠵᠣᠭᠰᠣᠭᠠᠯ᠂ ᠨᠢᠰᠬᠡᠯ ᠤᠨ ᠪᠠᠭᠤᠳᠠᠯ ᠪᠤᠶᠤ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠲᠣᠭᠤᠷᠢᠭ ᠬᠤᠪᠢᠶᠠᠨ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠠᠯᠠᠪᠤᠷ ᠲᠤ ᠬᠤᠯᠪᠣᠭᠳᠠᠯ ᠪᠦᠬᠦᠢ ᠬᠥᠮᠥᠰ ᠤᠨ ᠪᠡᠶ᠎ᠡ ᠶᠢᠨ ᠬᠢᠷᠢ ᠭᠡᠮ ᠢ ᠪᠠᠶᠢᠴᠠᠭᠠᠨ ᠲᠣᠳᠣᠯᠠᠬᠤ ᠴᠢᠬᠤᠯᠠᠲᠠᠢ ᠦᠶᠡᠰ;              ︵ᠲᠠᠪᠤ︶ ᠬᠠᠤᠯᠢ ᠴᠠᠭᠠᠵᠠ ᠳᠤ ᠲᠣᠭᠲᠠᠭᠠᠭᠰᠠᠨ ᠪᠡᠶ᠎ᠡ ᠶᠢᠨ ᠬᠢᠷᠢ ᠭᠡᠮ ᠢ ᠨᠢ ᠪᠠᠶᠢᠴᠠᠭᠠᠨ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ ᠳᠤ᠃              ᠡᠮᠦᠨᠡᠬᠢ ᠵᠢᠭᠰᠠᠭᠠᠭᠰᠠᠨ ᠵᠤᠷᠪᠤᠰ ᠤᠳ ᠤᠨ ᠠᠯᠢ ᠨᠢᠭᠡ ᠨᠢ ᠲᠣᠬᠢᠶᠠᠯᠳᠤᠵᠤ᠂ ᠠᠷᠠᠳ ᠤᠨ ᠴᠠᠭᠳᠠᠭ᠎ᠠ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠲᠣᠳᠣᠯᠠᠬᠤ ᠶᠢ ᠲᠡᠪᠴᠢᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠠᠳᠠᠯᠢ ᠪᠤᠰᠤ ᠪᠠᠶᠢᠳᠠᠯ ᠢ ᠢᠯᠭᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃              ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠠᠷᠤᠵᠤ ᠠᠪᠴᠤ ᠪᠤᠯᠬᠤ ᠦᠭᠡᠢ᠃ ᠭᠡᠪᠡᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠶᠣᠰᠣᠭᠠᠷ ᠰᠠᠭᠤᠭ᠎ᠠ ᠭᠠᠵᠠᠷ ᠲᠤᠨᠢ ᠬᠢᠨᠠᠯᠲᠠ ᠲᠠᠯᠪᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠᠶᠢᠳᠠᠯ ᠡᠭᠦᠨ ᠳᠤ ᠪᠠᠭᠲᠠᠬᠤ ᠦᠭᠡᠢ᠃              ᠠᠷᠪᠠᠨ ᠵᠢᠷᠭᠤᠳᠤᠭᠠᠷ ᠵᠦᠢᠯ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠳᠣᠩᠭᠤᠳᠴᠤ᠂ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ ᠣᠯᠣᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄               ︵ᠨᠢᠭᠡ︶ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢᠶᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠮᠡᠬᠡᠯᠡᠨ ᠠᠪᠤᠬᠰᠠᠨ;              ︵ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠰᠢᠯᠵᠢᠭᠦᠯᠦᠨ ᠥᠭᠭᠦᠭᠰᠡᠨ;              ︵ᠭᠤᠷᠪᠠ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠤᠯᠢ ᠪᠤᠰᠤ ᠪᠠᠷ ᠳᠠᠷᠤᠵᠤ ᠠᠪᠤᠭᠰᠠᠨ᠃              ᠠᠷᠪᠠᠨ ᠳᠣᠯᠣᠳᠤᠭᠠᠷ ᠵᠦᠢᠯ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠂ ᠡᠰᠡᠬᠦᠯ᠎ᠡ ᠠᠷᠪᠠᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠬᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ ᠣᠯᠣᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄               ︵ᠨᠢᠭᠡ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠬᠡᠷᠡᠭᠯᠡᠭᠰᠡᠨ ᠪᠤᠶᠤ ᠮᠡᠬᠡᠯᠡᠨ ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠡᠷᠡᠭᠯᠡᠭᠰᠡᠨ;              ︵ᠬᠤᠶᠠᠷ︶ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠤᠳᠠᠯᠳᠤᠨ ᠠᠪᠤᠭᠰᠠᠨ᠂ ᠬᠤᠳᠠᠯᠳᠤᠭᠰᠠᠨ᠂ ᠬᠡᠷᠡᠭᠯᠡᠭᠰᠡᠨ᠃              ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠮᠡᠬᠡᠯᠡᠨ ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠷᠢᠶᠠᠨ ᠠᠪᠤᠨ᠎ᠠ᠃              ᠠᠷᠪᠠᠨ ᠨᠠᠢᠮᠠᠳᠤᠭᠠᠷ ᠵᠦᠢᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃              ᠲᠤᠰ ᠬᠠᠤᠯᠢ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠵᠦ᠂ ᠶᠠᠯᠠᠲᠤ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃              ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾              ᠬᠤᠶᠠᠷ ᠵᠠᠭᠤ ᠨᠠᠶᠠᠳᠤᠭᠠᠷ ᠵᠦᠢᠯ ᠳᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠭᠡᠮ ᠢ ᠭᠡᠷᠡᠴᠢᠯᠡᠬᠦ ᠳᠤ ᠬᠡᠷᠡᠭᠯᠡᠵᠦ ᠪᠤᠯᠬᠤ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ᠂ ᠬᠤᠳᠠᠯᠳᠤᠭᠠᠯᠠᠭᠰᠠᠨ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠶᠢᠨ ᠡᠷᠬᠡ ᠶᠢ ᠨᠢ ᠬᠠᠰᠤᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ;ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃              ᠬᠤᠶᠠᠷ ᠵᠠᠭᠤ ᠨᠠᠶᠠᠳᠤᠭᠠᠷ ᠵᠦᠢᠯ ᠤᠨ ᠨᠢᠭᠡ ᠪᠤᠯᠬᠤ ︽ᠬᠠᠭᠤᠷᠮᠠᠭ ᠪᠡᠶ᠎ᠡ ᠶᠢᠨ ᠦᠨᠡᠮᠯᠡᠯ ᠬᠡᠷᠡᠭᠯᠡᠭᠰᠡᠨ ᠂ ᠪᠡᠶ᠎ᠡ ᠶᠢᠨ ᠦᠨᠡᠮᠯᠡᠯ ᠢ ᠬᠤᠯᠠᠭᠠᠶᠢᠯᠠᠨ ᠬᠡᠷᠡᠭᠯᠡᠭᠰᠡᠨ ᠶᠠᠯ᠎ᠠ︾ ᠶᠢᠨ ᠲᠣᠭᠲᠠᠭᠠᠯ ᠳᠤ᠂ ᠤᠯᠤᠰ ᠤᠨ ᠲᠣᠭᠲᠠᠭᠠᠯ ᠶᠣᠰᠣᠭᠠᠷ ᠪᠡᠶ᠎ᠡ ᠶᠢᠨ ᠬᠢᠷᠢ ᠭᠡᠮ ᠤᠨ ᠭᠡᠷᠡᠴᠢ ᠬᠠᠩᠭᠠᠬᠤ ᠶᠣᠰᠣᠲᠠᠢ ᠠᠵᠢᠯᠯᠠᠭ᠎ᠠ ᠶᠢᠨ ᠳᠤᠮᠳᠠ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠪᠤᠰᠤᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠭᠡᠮ ᠢ ᠭᠡᠷᠡᠴᠢᠯᠡᠬᠦ ᠳᠤ ᠬᠡᠷᠡᠭᠯᠡᠵᠦ ᠪᠤᠯᠬᠤ ᠭᠡᠷᠡᠴᠢ ᠦᠨᠡᠮᠯᠡᠯ ᠢ ᠬᠤᠯᠠᠭᠠᠶᠢᠯᠠᠨ ᠬᠡᠷᠡᠭᠯᠡᠭᠡᠳ ᠦᠢᠯᠡ ᠪᠠᠶᠢᠳᠠᠯ  ᠨᠢ ᠬᠦᠨᠳᠦ ᠨᠣᠴᠢᠲᠠᠢ ᠪᠠᠶᠢᠪᠠᠯ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠤᠶᠤ ᠲᠤᠰ ᠲᠤᠨᠢ ᠰᠢᠢᠳᠬᠡᠨ᠎ᠡ᠃              ᠡᠮᠦᠨᠡᠬᠢ ᠲᠣᠭᠲᠠᠭᠠᠭᠰᠠᠨ ᠵᠤᠷᠪᠤᠰ ᠲᠠᠬᠢ ᠦᠢᠯᠡ ᠠᠵᠢᠯᠯᠠᠭ᠎ᠠ ᠶᠢ ᠬᠢᠬᠦ ᠶᠢᠨ ᠬᠠᠮᠲᠤ ᠪᠤᠰᠤᠳ ᠶᠠᠯ᠎ᠠ ᠶᠢ ᠪᠦᠷᠢᠯᠳᠦᠭᠦᠯᠦᠭᠰᠡᠨ ᠪᠠᠶᠢᠪᠠᠯ᠂ ᠨᠡᠯᠢᠶᠡᠳ ᠬᠦᠨᠳᠦ ᠪᠠᠷ ᠰᠢᠢᠳᠬᠡᠬᠦ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ ᠰᠢᠢᠳᠬᠡᠨ᠎ᠡ᠃              ᠰᠠᠨᠠᠭᠤᠯᠤᠮᠵᠢ              ᠪᠡᠶ᠎ᠡ ᠶᠢᠨ ᠦᠨᠡᠮᠯᠡᠯ ᠢᠶᠠᠨ ᠰᠠᠶᠢᠲᠤᠷ ᠬᠠᠳᠠᠭᠠᠯᠠᠶ᠎ᠠ᠄               1. ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠲᠦᠷᠢᠶᠡᠰᠦᠯᠡᠭᠦᠯᠵᠦ᠂ ᠵᠢᠭᠡᠯᠡᠭᠦᠯᠵᠦ᠂ ᠰᠢᠯᠵᠢᠭᠦᠯᠦᠨ ᠥᠭᠴᠦ ᠪᠤᠯᠬᠤ ᠦᠭᠡᠢ᠃              ᠣᠶᠢᠷ᠎ᠠ ᠶᠢᠨ ᠵᠢᠯ ᠤᠳ ᠲᠤ᠂ ᠪᠡᠶ᠎ᠡ ᠶᠢᠨ ᠦᠨᠡᠮᠯᠡᠯ ᠢᠶᠠᠨ ᠵᠢᠭᠡᠯᠡᠭᠦᠯᠦᠭᠰᠡᠨ ᠠᠴᠠ ᠪᠣᠯᠵᠤ ᠡᠭᠦᠰᠦᠭᠰᠡᠨ ᠢᠷᠭᠡᠨ ᠤ ᠬᠡᠷᠡᠭ ᠪᠠ ᠡᠷᠡᠭᠦᠦ ᠶᠢᠨ ᠬᠡᠷᠡᠭ ᠤᠨ ᠵᠢᠱᠢᠶ᠎ᠡ ᠪᠠᠶᠢᠨ ᠳᠠᠭᠢᠨ ᠭᠠᠷᠴᠤ ᠪᠤᠢ᠂ ᠵᠠᠷᠢᠮ ᠬᠥᠮᠥᠨ ᠪᠡᠶ᠎ᠡ ᠶᠢᠨ ᠮᠡᠳᠡᠭᠡ ᠵᠠᠩᠭᠢ ᠪᠠᠨ ᠬᠤᠯᠠᠭᠠᠶᠢᠯᠠᠭᠳᠠᠭᠰᠠᠨ ᠠᠴᠠ ᠪᠣᠯᠵᠤ ᠬᠤᠪᠢ ᠬᠥᠮᠥᠨ ᠤ ᠢᠲᠡᠭᠡᠮᠵᠢ ᠶᠢ ᠨᠥᠯᠥᠭᠡᠯᠡᠵᠦ᠂ ᠵᠠᠷᠢᠮ ᠨᠢ ᠴᠢᠨᠠᠭᠰᠢᠯᠠᠭᠠᠳ ᠴᠠᠭᠢᠯᠭᠠᠨ ᠬᠤᠯᠪᠤᠭ᠎ᠠ ᠪᠠᠷ ᠮᠡᠬᠡᠯᠡᠭᠰᠡᠨ ᠰᠡᠵᠢᠭᠯᠡᠯᠲᠡᠢ ᠤᠴᠢᠷ ᠠᠴᠠ ᠪᠣᠯᠵᠤ ᠡᠷᠡᠭᠦᠦ ᠶᠢᠨ ᠬᠡᠷᠡᠭ ᠢᠶᠠᠷ ᠨᠡᠬᠡᠮᠵᠢᠯᠡᠭᠳᠡᠵᠡᠢ᠃              2. ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠠᠷᠤᠵᠤ ᠠᠪᠴᠤ ᠪᠤᠯᠬᠤ ᠦᠭᠡᠢ ︵ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠢ ᠡᠭᠦᠨ ᠳᠤ ᠪᠠᠭᠲᠠᠬᠤ ᠦᠭᠡᠢ︶᠃              ᠠᠮᠢᠳᠤᠷᠠᠯ ᠳᠤᠮᠳᠠ ᠪᠢᠳᠡ ᠶᠠᠷᠰᠢᠭ ᠲᠦᠪᠡᠭ ᠲᠤ ᠤᠴᠠᠷᠠᠬᠤ ᠦᠶ᠎ᠡ ᠳᠤ᠂ ᠪᠤᠰᠤᠳ ᠤᠨ ᠪᠡᠶ᠎ᠡ ᠶᠢᠨ ᠦᠨᠡᠮᠯᠡᠯ ᠢ ᠦᠯᠡᠳᠡᠭᠡᠨ ᠠᠪᠬᠤ ᠪᠠᠷ ᠱᠠᠭᠠᠷᠳᠠᠬᠤ ᠪᠠᠶᠢᠳᠠᠯ ᠲᠠᠢ ᠬᠠᠶᠠ ᠲᠣᠬᠢᠶᠠᠯᠳᠤᠳᠠᠭ᠂ ᠡᠨᠡ ᠦᠶ᠎ᠡ ᠳᠤ ᠪᠢᠳᠡ ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠦᠯᠡᠳᠡᠭᠡᠨ ᠠᠪᠬᠤ ᠦᠶᠯᠡ ᠠᠵᠢᠯᠯᠠᠭ᠎ᠠ ᠶᠢ ᠵᠠᠪᠠᠯ ᠲᠡᠪᠴᠢᠬᠦ ᠬᠡᠷᠡᠭᠲᠡᠢ᠃              3. ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠢᠴᠢ ᠪᠡᠶ᠎ᠡ ᠶᠢᠨ ᠭᠡᠷᠡᠴᠢᠯᠡᠯ ᠢ ᠬᠤᠳᠠᠯᠳᠤᠨ ᠠᠪᠬᠤ᠂ ᠬᠤᠳᠠᠯᠳᠤᠭᠠᠯᠠᠬᠤ ᠪᠤᠶᠤ ᠬᠡᠷᠡᠭᠯᠡᠵᠦ ᠪᠤᠯᠬᠤ ᠦᠭᠡᠢ᠃              ᠪᠡᠶ᠎ᠡ ᠶᠢᠨ ᠦᠨᠡᠮᠯᠡᠯ ᠪᠣᠯ ᠬᠤᠪᠢ ᠬᠥᠮᠥᠨ ᠤ ᠲᠤᠰᠬᠠᠢ ᠬᠡᠷᠡᠭᠯᠡᠬᠦ ᠦᠨᠡᠮᠯᠡᠯ ᠳᠤ ᠲᠣᠭᠠᠴᠠᠭᠳᠠᠨ᠎ᠠ᠂ ᠡᠷᠬᠡᠪᠰᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠦᠢᠯᠡᠳᠴᠦ᠂ ᠣᠯᠭᠤᠬᠤ ᠬᠡᠷᠡᠭᠲᠡᠢ᠂ ᠳᠤᠷ᠎ᠠ ᠪᠠᠷ ᠢᠶᠠᠨ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠦᠢᠯᠡ ᠠᠵᠢᠯᠯᠠᠭ᠎ᠠ ᠪᠣᠯ ᠴᠥᠮ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠲᠣᠭᠠᠴᠠᠭᠳᠠᠨ᠎ᠠ᠃ ᠥᠴᠥᠬᠡᠨ ᠠᠰᠢᠭ ᠲᠤ ᠰᠢᠨᠤᠵᠤ᠂ ᠥᠪᠡᠷ ᠤᠨ ᠪᠡᠶ᠎ᠡ ᠶᠢᠨ ᠦᠨᠡᠮᠯᠡᠯ ᠢᠶᠠᠨ ᠪᠤᠰᠤᠳ ᠲᠤ ᠲᠦᠷᠢᠶᠡᠰᠦᠯᠡᠨ ᠥᠭᠬᠦ᠂ ᠵᠢᠭᠡᠯᠡᠭᠦᠯᠬᠦ᠂ ᠬᠤᠳᠠᠯᠳᠤᠨ ᠥᠭᠴᠦ ᠬᠡᠷᠡᠭᠯᠡᠭᠦᠯᠵᠦ ᠶᠠᠭᠠᠬᠢᠭᠰᠠᠨ ᠴᠤ ᠪᠤᠯᠬᠤ ᠦᠭᠡᠢ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号