ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠰᠦᠯᠵᠢᠶᠡᠨ ᠠᠴᠠ ᠯᠠᠪᠯᠠᠵᠤ ᠳᠠᠶᠢᠯᠭᠦ ᠪᠣᠯᠵᠠᠢ
ᠨᠡᠶᠢᠲᠡᠯᠡᠭᠰᠡᠨ ᠴᠠᠭ᠄
2024/12/31
                                       ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠨᠡᠶᠢᠭᠡᠮ ᠤᠨ ᠬᠢᠨᠠᠯᠲᠠ ᠳᠠᠯᠪᠢᠬᠤ ᠶᠢ ᠴᠢᠩᠭᠠᠳᠬᠠᠨ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠳᠠᠯᠪᠢᠬᠤ ᠡᠷᠬᠡ ᠶᠢ ᠪᠠᠲᠤᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠠᠶᠢᠴᠠᠭᠠᠨ ᠯᠠᠪᠯᠠᠬᠤ ᠲᠠᠪᠴᠠᠩ ᠢ ᠵᠢᠩᠬᠢᠨᠢ ᠪᠠᠷ ᠰᠦᠯᠵᠢᠶᠡᠨ ᠳᠤ ᠭᠠᠷᠭᠠᠵᠤ᠂ ᠨᠡᠶᠢᠭᠡᠮ ᠳᠠᠶᠠᠭᠠᠷ ᠲᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠬᠠᠩᠭᠠᠪᠠ᠃ ᠠᠷᠠᠳ ᠣᠯᠠᠨ ᠵᠢᠷᠭᠢᠶ᠎ᠡ ᠪᠠᠷ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠠᠶᠢᠴᠠᠭᠠᠨ ᠯᠠᠪᠯᠠᠬᠤ ᠲᠠᠪᠴᠠᠩ ᠤᠨ ᠵᠢᠵᠢᠭ ᠫᠷᠣᠭ᠍ᠷᠠᠮ ᠢ ᠬᠡᠷᠡᠭᠯᠡᠬᠦ ᠪᠤᠶᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠤ ᠰᠦᠯᠵᠢᠶ᠎ᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤAPP ᠶᠢ ᠪᠠᠭᠤᠯᠭᠠᠬᠤ ᠵᠡᠷᠭᠡ ᠠᠷᠭ᠎ᠠ ᠵᠠᠮ ᠢᠶᠠᠷ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳᠡᠯᠡᠪᠡᠢ᠂ ᠣᠷᠣᠨ ᠵᠠᠢ ᠶᠢᠨ ᠪᠠᠶᠢᠷᠢᠰᠢᠯ ᠵᠡᠷᠭᠡ ᠮᠡᠳᠡᠭᠡ ᠵᠠᠩᠭᠢ ᠶᠢ ᠳᠦᠭᠦᠮ ᠳᠥᠲᠡ᠂ ᠲᠦᠷᠭᠡᠨ ᠢᠶᠠᠷ ᠪᠠᠶᠢᠴᠠᠭᠠᠨ ᠯᠠᠪᠯᠠᠵᠤ ᠪᠣᠯᠣᠨ᠎ᠠ᠃              ᠣᠶᠢᠯᠠᠭᠠᠭᠰᠠᠨ ᠢᠶᠠᠷ᠂ ᠡᠨᠡ ᠪᠣᠯ ᠤᠯᠤᠰ ᠠᠴᠠ ᠠᠩᠬ᠎ᠠ ᠤᠳᠠᠭ᠎ᠠ ᠢᠨᠲ᠋ᠧᠷ ᠰᠦᠯᠵᠢᠶ᠎ᠡ ᠳᠡᠭᠡᠷ᠎ᠡ ᠨᠡᠶᠢᠭᠡᠮ ᠨᠡᠶᠢᠳᠡ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠵᠤ ᠪᠠᠶᠢᠭ᠎ᠠ ᠶᠠᠪᠤᠳᠠᠯ ᠪᠣᠯᠣᠨ᠎ᠠ᠃ ᠪᠠᠶᠢᠴᠠᠭᠠᠨ ᠯᠠᠪᠯᠠᠵᠤ ᠪᠤᠯᠬᠤ ᠬᠦᠷᠢᠶ᠎ᠡ ᠬᠡᠪᠴᠢᠶ᠎ᠡ ᠳᠠᠬᠢ ︽ᠢᠯᠡ ᠪᠤᠯᠭᠠᠬᠤ ᠶᠣᠰᠣᠲᠠᠢ ᠶᠢ ᠨᠢ ᠴᠥᠮ ᠢᠯᠡ ᠪᠤᠯᠭᠠᠬᠰᠠᠨ︾ ᠪᠤᠯᠪᠠᠴᠣ ᠴᠥᠭᠡᠩᠬᠢ ᠲᠤᠭ᠎ᠠ ᠪᠠᠷᠢᠮᠲᠠ ᠶᠢ ᠪᠠᠰᠠ ᠴᠢᠨᠠᠭᠰᠢᠳᠠ ᠰᠢᠢᠳᠪᠦᠷᠢᠯᠡᠬᠦ ᠪᠠ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠡᠶᠢᠮᠦ ᠠᠴᠠ ᠪᠠᠶᠢᠴᠠᠭᠠᠨ ᠯᠠᠪᠯᠠᠬᠤ ᠬᠦᠷᠢᠶ᠎ᠡ ᠬᠡᠪᠴᠢᠶ᠎ᠡ ᠶᠢ ᠳᠦᠷ ᠪᠦᠷᠢᠨ ᠪᠦᠷᠬᠦᠭᠦᠯᠦᠭᠡᠳᠦᠢ ᠪᠠᠶᠢᠵᠤ᠂ ᠭᠠᠵᠠᠷ ᠰᠢᠷᠣᠢ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠱᠠᠯᠠᠪᠳᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠵᠡᠷᠭᠡ ᠵᠦᠢᠯ ᠳᠤ ᠬᠤᠯᠪᠣᠭᠳᠠᠬᠤ ᠵᠦᠢᠯᠡᠰ ᠢ ᠲᠤᠬᠠᠢ ᠶᠢᠨ ᠭᠠᠵᠠᠷ ᠤᠨ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠦᠷᠢᠶ᠎ᠡ ᠬᠡᠪᠴᠢᠶ᠎ᠡ ᠶᠢ ᠨᠤᠲᠠᠯᠠᠨ ᠲᠣᠭᠲᠠᠭᠠᠵᠤ᠂ ᠦᠷᠭᠦᠯᠵᠢᠯᠡᠨ ᠵᠢᠯ ᠳᠠᠷᠠᠭᠠᠯᠠᠨ ᠰᠢᠨᠡᠳᠬᠡᠨ ᠲᠡᠭᠦᠯᠳᠡᠷᠵᠢᠭᠦᠯᠵᠦ᠂ ᠠᠯᠬᠤᠮ ᠠᠯᠬᠤᠮ ᠢᠶᠠᠷ ᠪᠦᠭᠦᠨ ᠢ ᠪᠦᠷᠬᠦᠭᠦᠯᠬᠦ ᠪᠣᠯᠣᠨ᠎ᠠ᠃              ᠲᠠᠨᠢᠯᠴᠠᠭᠤᠯᠤᠭᠰᠠᠨ ᠢᠶᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠣᠯ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠪᠥᠭᠡᠳ ᠣᠨᠴᠠᠭᠠᠢ ᠬᠠᠮᠠᠭᠠᠯᠠᠯᠲᠠ ᠶᠢ ᠬᠡᠷᠡᠭᠵᠢᠭᠦᠯᠦᠭᠰᠡᠨ ᠴᠢᠨᠠᠷ ᠰᠠᠶᠢᠲᠠᠢ ᠲᠠᠷᠢᠶᠠᠨ ᠭᠠᠵᠠᠷ ᠪᠠᠶᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠦᠢᠯᠡᠳᠦᠯ ᠲᠠᠢ ᠪᠠᠶᠢᠳᠠᠭ᠃ 2022 ᠣᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠤᠨ ᠬᠢᠨ ᠢ ᠵᠣᠬᠢᠶᠠᠨ ᠪᠠᠶᠢᠭᠤᠯᠵᠤ ᠰᠢᠨ᠎ᠡ ᠨᠢᠭᠡ ᠡᠭᠡᠯᠵᠢ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠢ ᠥᠷᠨᠢᠭᠦᠯᠵᠦ᠂ ︽ᠪᠦᠭᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠥᠲᠥᠯᠪᠦᠷᠢ ︵ 2021-2035︶︾ ᠳᠤ ᠲᠣᠭᠲᠠᠭᠠᠭᠰᠠᠨ15.46 ᠳ᠋ᠦᠩᠰᠢᠭᠤᠷ ᠮᠦ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠴᠢᠩᠭ᠎ᠠ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠪᠡ᠃ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠳᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠤ ᠳᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠲᠡᠭᠦᠨ ᠤ ᠬᠡᠷᠡᠭᠴᠡᠭᠡ ᠶᠢ ᠬᠤᠪᠢᠷᠠᠭᠤᠯᠵᠤ ᠪᠤᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠠᠶᠢᠴᠠᠭᠠᠨ ᠯᠠᠪᠯᠠᠬᠤ ᠲᠠᠪᠴᠠᠩ ᠢ ᠵᠢᠩᠬᠢᠨᠢ ᠪᠠᠷ ᠰᠦᠯᠵᠢᠶᠡᠨ ᠳᠤ ᠭᠠᠷᠭᠠᠭᠰᠠᠨ ᠶᠠᠪᠤᠳᠠᠯ ᠪᠣᠯ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠣᠨᠴᠠᠭᠠᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠭᠠᠵᠠᠷ ᠤᠨ ᠨᠢᠭᠡᠨᠲᠡ ᠥᠷᠨᠢᠭᠦᠯᠦᠭᠰᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠡᠶᠢᠲᠡᠯᠡᠬᠦ ᠠᠵᠢᠯ ᠤᠨ ᠴᠢᠬᠤᠯᠠ ᠨᠥᠬᠦᠪᠦᠷᠢᠯᠡᠯ ᠮᠥᠨ᠂ ᠡᠨᠡ ᠨᠢ ᠣᠯᠠᠨ ᠨᠡᠶᠢᠳᠡ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠬᠠᠮᠲᠤ ᠪᠠᠷ ᠬᠢᠨᠠᠯᠲᠠ ᠳᠠᠯᠪᠢᠬᠤ ᠪᠠ ᠬᠠᠮᠠᠭᠠᠯᠠᠬᠤ ᠳᠤ ᠨᠡᠩ ᠣᠯᠠᠨ ᠶᠠᠩᠵᠤ ᠶᠢᠨ ᠠᠷᠭ᠎ᠠ ᠵᠠᠮ ᠬᠠᠩᠭᠠᠬᠤ ᠪᠣᠯᠣᠨ᠎ᠠ᠃              ᠣᠯᠠᠨ ᠨᠡᠶᠢᠳᠡ ᠪᠠᠷ ᠢᠶᠠᠨ ᠲᠠᠪᠴᠠᠩ ᠳᠡᠭᠡᠷ᠎ᠡ ᠠᠴᠠ ᠲᠠᠷᠢᠶᠠᠨ ᠭᠠᠵᠠᠷ ᠤᠨ ᠰᠢᠨᠵᠢ ᠴᠢᠨᠠᠷ ᠢ ᠪᠠᠶᠢᠴᠠᠭᠠᠨ ᠯᠠᠪᠯᠠᠬᠤ ᠪᠠᠷ ᠳᠠᠮᠵᠢᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠳᠡᠭᠡᠷ᠎ᠡ ᠵᠢᠮᠢᠰ ᠤᠨ ᠮᠣᠳᠣ᠂ ᠴᠡᠴᠡᠭ ᠡᠪᠡᠰᠦ ᠳᠠᠷᠢᠬᠤ᠂ ᠨᠠᠭᠤᠷ ᠮᠠᠯᠲᠠᠵᠤ ᠵᠢᠭᠠᠰᠤ ᠲᠡᠵᠢᠭᠡᠭᠰᠡᠨ ᠪᠤᠶᠤ ᠲᠠᠷᠢᠶᠠᠨ ᠭᠠᠵᠠᠷ ᠤᠨ ᠰᠢᠨᠵᠢ ᠴᠢᠨᠠᠷ ᠢ ᠬᠤᠪᠢᠷᠠᠭᠤᠯᠤᠭᠰᠠᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠣᠷᠣᠨ ᠰᠠᠭᠤᠴᠠ ᠪᠤᠶᠤ ᠪᠤᠰᠤᠳ ᠪᠠᠷᠢᠯᠭ᠎ᠠ ᠪᠠᠷᠢᠭᠰᠠᠨ ᠵᠢᠴᠢ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠭᠰᠠᠨ ᠵᠡᠷᠭᠡ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳᠠᠷᠢᠬᠤ ᠨᠥᠬᠦᠴᠡᠯ ᠢ ᠡᠪᠳᠡᠭᠰᠡᠨ ᠢ ᠣᠯᠵᠤ ᠢᠯᠡᠷᠡᠭᠦᠯᠪᠡᠯ᠂ ᠲᠤᠬᠠᠢ ᠶᠢᠨ ᠭᠠᠵᠠᠷ ᠤᠨ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠬᠠᠵᠤ ᠪᠣᠯᠣᠨ᠎ᠠ᠂ ᠬᠠᠷᠢᠶ᠎ᠠ ᠭᠠᠵᠠᠷ ᠤᠨ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠠᠳ ᠦᠨᠡᠨ ᠪᠣᠳᠠᠲᠠᠢ ᠪᠠᠶᠢᠪᠠᠯ ᠴᠠᠭ ᠲᠤᠬᠠᠢ ᠳᠤᠨᠢ ᠰᠢᠢᠳᠪᠦᠷᠢᠯᠡᠬᠦ ᠪᠣᠯᠣᠨ᠎ᠠ᠃ ︵ᠥᠪᠥᠷ ᠮᠣᠩᠭᠤᠯ ᠤᠨ ᠡᠳᠦᠷ ᠤᠨ ᠰᠣᠨᠢᠨ︶               ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠪᠠ              ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠲᠦᠷᠦᠯ ᠲᠡᠮᠳᠡᠭ ᠢᠶᠠᠷ ᠮᠠᠯ ᠠᠵᠤ ᠠᠬᠤᠢ ᠲᠠᠷᠢᠶᠠᠯᠠᠩ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠦᠭᠰᠡᠨ ᠠᠴᠠ ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠪᠠ᠃              ᠮᠠᠨ ᠤ ᠣᠷᠣᠨ ᠤᠷᠢᠳ ᠬᠤᠵᠢᠳ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢ ᠵᠡᠷᠭᠡ ᠤᠯᠤᠰ  ᠤᠨ ᠲᠠᠰ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ 10 ᠳᠠᠪᠠᠭᠤᠯᠢᠭᠲᠤ ᠣᠷᠣᠨ ᠪᠠ ᠦᠴᠦᠸᠠᠨ ᠤ ᠶᠤᠤᠮᠠᠢ᠂ ᠤᠯᠠᠭᠠᠨᠬᠠᠳᠠ ᠶᠢᠨ ᠲᠥᠪᠡᠳ ᠬᠠᠰᠢ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ 32 ᠳᠠᠪᠠᠭᠤᠯᠢᠭᠲᠤ ᠣᠷᠣᠨ  ᠢ ᠡᠭᠦᠳᠦᠨ ᠪᠠᠶᠢᠭᠤᠯᠪᠠ᠃ ᠰᠢᠯᠢ ᠶᠢᠨ ᠭᠤᠣᠯ ᠤᠨ ᠬᠤᠨᠢᠨ ᠮᠢᠬ᠎ᠠ᠂ ᠤᠯᠠᠭᠠᠨᠬᠠᠳᠠ ᠶᠢᠨ ᠨᠠᠷᠢᠮᠤ᠂ ᠬᠤᠷᠴᠢᠨ ᠦᠬᠡᠷ ᠵᠡᠷᠭᠡ 11 ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠪᠣᠯᠣᠨ ︽ᠲᠠᠯ᠎ᠠ ᠨᠤᠲᠤᠭ ᠤᠨ ᠮᠢᠨ ᠹᠧᠩ ᠲᠥᠮᠥᠰᠥ︾᠂ ︽ᠪᠧᠢ ᠵᠢᠢ ᠰᠢᠶᠠᠩ ᠲᠤᠲᠤᠷᠭ᠎ᠠ︾ ᠵᠡᠷᠭᠡ 10 ᠠᠵᠤ ᠠᠬᠤᠶᠢᠯᠠᠯ ᠤᠨ ᠪᠦᠲᠦᠭᠡᠭᠳᠡᠬᠦᠨ ᠤ ᠲᠦᠷᠦᠯ ᠲᠡᠮᠳᠡᠭ ᠨᠢ ︽ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠲᠦᠷᠦᠯ ᠲᠡᠮᠳᠡᠭ ᠤᠨ ᠭᠠᠷᠴᠠᠭ︾ ᠲᠤ ᠰᠣᠩᠭᠤᠭᠳᠠᠵᠤ᠂ 56 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ᠂ 251 ᠠᠵᠤ ᠠᠬᠤᠶᠢᠯᠠᠯ ᠤᠨ ᠲᠦᠷᠦᠯ ᠲᠡᠮᠳᠡᠭ᠂ 231 ᠪᠦᠲᠦᠭᠡᠭᠳᠡᠬᠦᠨ ᠤ ᠲᠦᠷᠦᠯ ᠲᠡᠮᠳᠡᠭ ᠨᠢ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ  ᠤᠨ ᠲᠦᠢᠷᠦᠯ ᠲᠡᠮᠳᠡᠭ ᠤᠨ ᠭᠠᠷᠴᠠᠭ ᠲᠤ ᠰᠣᠩᠭᠤᠭᠳᠠᠪᠠ᠃ ᠤᠯᠠᠭᠠᠨᠴᠠᠪ ᠤᠨ ᠲᠥᠮᠥᠰᠥ᠂ ᠬᠤᠷᠴᠢᠨ ᠦᠬᠡᠷ᠂ ᠰᠢᠯᠢ ᠶᠢᠨ ᠭᠤᠣᠯ ᠤᠨ ᠬᠤᠨᠢ᠂ ᠠᠤᠬᠠᠨ ᠤ ᠨᠠᠷᠢᠮᠤ ᠵᠡᠷᠭᠡ 4 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠨᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠥᠳᠡᠭᠡ ᠠᠵᠤ ᠠᠬᠤᠢ ᠶᠢᠨ ᠲᠦᠷᠦᠯ ᠲᠡᠮᠳᠡᠭ ᠤᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠨᠡᠷᠡᠰ ᠲᠤ ᠰᠣᠩᠭᠤᠭᠳᠠᠵᠤ᠂ 30 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ᠂ 150 ᠠᠵᠤ ᠠᠬᠤᠶᠢᠯᠠᠯ ᠤᠨ ᠪᠦᠲᠦᠭᠡᠭᠳᠡᠬᠦᠨ ᠤ ᠲᠦᠷᠦᠯ ᠲᠡᠮᠳᠡᠭ ᠨᠢ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠡᠮᠳᠡᠭ ᠤᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠭᠠᠷᠴᠠᠭ ᠲᠤ ᠰᠣᠩᠭᠤᠭᠳᠠᠪᠠ᠃                          
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ  ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号