| ᠣᠶᠢᠷ᠎ᠠ ᠶᠢᠨ ᠡᠳᠦᠷ᠂ ︽ᠲᠤᠮᠳᠡᠳᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ | ᠵᠣᠬᠢᠶᠠᠯ ᠤᠨ ᠲᠣᠶᠢᠮᠣᠴᠢᠯᠠᠯ ᠤᠨ ᠴᠤᠪᠤᠷᠠᠯ · ᠮᠣᠩᠭᠤᠯ ᠦᠨᠳᠦᠰᠦᠲᠡᠨ ᠤ ᠤᠳᠬ᠎ᠠ ᠵᠣᠬᠢᠶᠠᠯ︾ ᠭᠡᠬᠦ ᠲᠤᠰᠬᠠᠢ | ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠳᠤ ᠶᠠᠪᠤᠭᠳᠠᠯ᠎ᠠ᠃ ᠡᠷᠳᠡᠮᠲᠡᠳ ᠲᠤᠮᠳᠡᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠭᠤᠣᠯ ᠱᠤᠭᠤᠮ ᠤᠨ ᠵᠢᠯᠣᠭᠤᠳᠤᠮᠵᠢ ᠳᠣᠣᠷᠠᠬᠢ ᠮᠠᠨ ᠤ ᠤᠯᠤᠰ ᠤᠨ ᠮᠣᠩᠭᠤᠯ | ᠦᠨᠳᠦᠰᠦᠲᠡᠨ ᠤ ᠤᠳᠬ᠎ᠠ ᠵᠣᠬᠢᠶᠠᠯ ᠤᠨ ᠬᠥᠭᠵᠢᠯᠲᠡ ᠶᠢᠨ ᠲᠡᠦᠬᠡᠨ ᠤᠯᠪᠠᠭ᠎ᠠ ᠶᠢ ᠪᠦᠭᠦ ᠲᠠᠯ᠎ᠠ ᠪᠠᠷ ᠰᠢᠰᠲ᠋ᠧᠮ | ᠲᠠᠢ ᠲᠣᠶᠢᠮᠣᠴᠢᠯᠠᠭᠰᠠᠨ ᠬᠠᠮᠤᠭ ᠤᠨ ᠰᠢᠨ᠎ᠡ ᠪᠦᠲᠦᠭᠡᠯ ᠪᠤᠯᠬᠤ ︽ᠮᠣᠩᠭᠤᠯ ᠦᠨᠳᠦᠰᠦᠲᠡᠨ ᠤ ᠤᠳᠬ᠎ᠠ ᠵᠣᠬᠢᠶᠠᠯ︾ | ᠤᠨ ᠬᠡᠷᠡᠭᠯᠡᠭᠡᠨ ᠤ ᠪᠠ ᠡᠷᠳᠡᠮ ᠰᠢᠨᠵᠢᠯᠡᠭᠡᠨ ᠤ ᠦᠨ᠎ᠡ ᠴᠠᠨ᠎ᠠ᠂ ᠠᠴᠢ ᠬᠤᠯᠪᠣᠭᠳᠠᠯ ᠢ ᠤᠯᠠᠨ ᠬᠠᠷᠠᠭᠠᠰᠤ ᠠᠴᠠ | ᠰᠤᠳᠤᠯᠤᠨ ᠶᠠᠷᠢᠯᠴᠠᠯ᠎ᠠ᠃ | ᠣᠶᠢᠯᠠᠭᠠᠭᠰᠠᠨ ᠢᠶᠠᠷ᠂ ᠲᠤᠰ ᠲᠣᠶᠢᠮᠣᠴᠢᠯᠠᠯ ᠤᠨ ᠴᠤᠪᠤᠷᠠᠯ ᠢ ᠲᠤᠮᠳᠡᠳᠦ ᠤᠯᠤᠰ ᠤᠨ | ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠪᠠᠢ ᠭᠧᠩ ᠱᠸᠡᠭ ᠪᠣᠯᠣᠨ ᠲᠤᠮᠳᠡᠳᠦ ᠤᠯᠤᠰ ᠤᠨ | ᠨᠠᠶᠢᠷᠠᠭᠤᠯᠤᠯ ᠤᠨ ᠨᠡᠶᠢᠭᠡᠮᠯᠢᠭ ᠤᠨ ᠲᠡᠷᠢᠭᠦᠯᠡᠭᠴᠢ ᠶᠧ ᠮᠸᠢ ᠡᠷᠭᠢᠯᠡᠨ ᠨᠠᠶᠢᠷᠠᠭᠤᠯᠤᠭᠰᠠᠨ ᠪᠥᠭᠡᠳ ᠲᠤᠮᠳᠡᠳᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠵᠣᠬᠢᠶᠠᠯᠴᠢᠳ ᠤᠨ ᠡᠪᠯᠡᠯ ᠵᠣᠬᠢᠶᠠᠨ ᠪᠠᠶᠢᠭᠤᠯᠵᠤ ᠨᠠᠶᠢᠷᠠᠭᠤᠯᠤᠨ | ᠪᠢᠴᠢᠬᠦ ᠪᠠ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠂ ᠭᠦᠢᠵᠧᠦ ᠶᠢᠨ ᠦᠨᠳᠦᠰᠦᠲᠡᠨ ᠤ ᠬᠡᠪᠯᠡᠯ ᠤᠨ ᠬᠤᠷᠢᠶ᠎ᠠ | ᠰᠡᠳᠤᠨ ᠤᠬᠠᠭᠠᠯᠠᠵᠤ ᠬᠡᠪᠯᠡᠭᠦᠯᠦᠭᠰᠡᠨ ᠪᠠᠶᠢᠨ᠎ᠠ᠃ ︽ᠮᠣᠩᠭᠤᠯ ᠦᠨᠳᠦᠰᠦᠲᠡᠨ ᠤ ᠤᠳᠬ᠎ᠠ ᠵᠣᠬᠢᠶᠠᠯ︾ ᠤᠨ | ᠪᠣᠳᠢ ᠶᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠴ᠊ · ᠵᠢᠷᠭᠠᠯ ᠫᠷᠤᠹᠧᠰᠰᠤᠷ ᠬᠢᠭᠡᠳ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠪᠠ᠊᠆ · ᠰᠦᠬᠡ ᠫᠷᠤᠹᠧᠰᠰᠤᠷ ᠬᠠᠮᠲᠤᠷᠠᠨ ᠨᠠᠶᠢᠷᠠᠭᠤᠯᠤᠨ ᠵᠣᠬᠢᠶᠠᠵᠠᠢ᠃ ︽ | ᠮᠣᠩᠭᠤᠯ ᠦᠨᠳᠦᠰᠦᠲᠡᠨ ᠤ ᠪᠠᠭᠠᠲᠤᠷᠯᠢᠭ ᠲᠤᠤᠯᠢ︾᠂ ︽ᠮᠣᠩᠭᠤᠯ ᠦᠨᠳᠦᠰᠦᠲᠡᠨ ᠤ ᠬᠡᠯᠡᠵᠦ ᠳᠠᠭᠤᠯᠠᠬᠤ | ᠤᠳᠬ᠎ᠠ ᠵᠣᠬᠢᠶᠠᠯ ᠤᠨ ᠬᠥᠭᠵᠢᠯ︾ ᠬᠢᠭᠡᠳ ︽ᠮᠣᠩᠭᠤᠯ ᠦᠨᠳᠦᠰᠦᠲᠡᠨ ᠤ ᠤᠳᠦ ᠦᠶ᠎ᠡ ᠶᠢᠨ ᠤᠨᠤᠯ ᠰᠢᠭᠦᠮᠵᠢ︾ | ᠵᠡᠷᠭᠡ 14 ᠪᠦᠯᠦᠭ ᠪᠦᠬᠦᠢ 30 ᠲᠦᠮᠡᠨ ᠦᠰᠦᠭ ᠲᠠᠢ᠃ | - ᠲᠤᠰ ᠨᠣᠮ ᠢ ᠨᠠᠶᠢᠷᠠᠭᠤᠯᠤᠨ ᠵᠣᠬᠢᠶᠠᠬᠤ ᠳᠤ ᠪᠢᠳᠠ ᠪᠦᠬᠦᠯᠢ ᠴᠣᠭᠴᠠᠲᠤ ᠰᠢᠨᠵᠢ᠂ ᠴᠠᠭ | ᠦᠶᠠᠴᠢ ᠰᠢᠨᠵᠢ᠂ ᠰᠢᠨᠵᠢᠯᠡᠬᠦ ᠤᠬᠠᠭᠠᠨᠴᠢ ᠰᠢᠨᠵᠢ᠂ ᠡᠷᠳᠡᠮ ᠰᠢᠨᠵᠢᠯᠡᠭᠡᠨ ᠤ ᠰᠢᠨᠵᠢ ᠬᠢᠭᠡᠳ ᠤᠩᠰᠢᠪᠤᠷᠢᠲᠤ | ᠰᠢᠨᠵᠢ ᠶᠢᠨ ᠵᠠᠷᠴᠢᠮ ᠢ ᠪᠠᠷᠢᠮᠲᠠᠯᠠᠵᠠᠢ᠃ ᠣᠨᠴᠠᠭᠠᠶᠢᠯᠠᠨ ᠠᠭᠤᠯᠭ᠎ᠠ ᠶᠢᠨ ᠲᠠᠯ᠎ᠠ ᠪᠠᠷ ᠪᠠᠭᠠᠲᠤᠷᠯᠢᠭ ᠲᠤᠤᠯᠢ ︽ᠭᠡᠰᠡᠷ | ︾᠂ ︽ᠵᠠᠩᠭᠠᠷ︾ ᠠᠴᠠ ᠠᠪᠤᠭᠠᠳ ︽ᠤᠯᠠᠭᠠᠨ ᠠᠰᠠᠷ ᠤᠨ ᠵᠡᠭᠦᠳᠦᠨ︾᠂ ︽ᠭᠤᠷᠪᠠᠨ ᠤᠯᠤᠰ ᠤᠨ ᠦᠯᠢᠭᠡᠷ︾ | ᠢ ᠮᠣᠩᠭᠤᠯᠴᠢᠯᠠᠭᠰᠠᠨ ᠬᠢᠭᠡᠳ ᠬᠤᠭᠤᠷ ᠤᠨ ᠦᠯᠢᠭᠡᠷ ᠤᠨ ᠡᠭᠦᠰᠦᠯ ᠬᠥᠭᠵᠢᠯ ᠵᠢᠴᠢ ᠰᠢᠨ᠎ᠡ ᠲᠤᠮᠳᠡᠳᠦ ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ ᠮᠣᠩᠭᠤᠯ ᠤᠷᠠᠨ ᠵᠣᠬᠢᠶᠠᠯ ᠤᠨ ᠴᠡᠴᠡᠭᠯᠡᠯ ᠬᠥᠭᠵᠢᠯᠲᠡ ᠳᠠᠬᠢ ᠰᠣᠶᠣᠯ ᠤᠨ | ᠰᠣᠯᠢᠯᠴᠠᠭ᠎ᠠ ᠬᠢᠭᠡᠳ ᠠᠭᠤᠰᠤᠯᠴᠠᠯ ᠤᠨ ᠰᠣᠩᠭᠤᠳᠠᠭ ᠪᠦᠲᠦᠭᠡᠯ᠂ ᠲᠥᠯᠥᠭᠡᠯᠡᠭᠴᠢ ᠬᠥᠮᠥᠰ ᠢ ᠰᠣᠩᠭᠤᠨ | ᠣᠷᠣᠭᠤᠯᠤᠭᠰᠠᠨ ᠶᠤᠮ ᠭᠡᠵᠦ ᠴ᠊ · ᠵᠢᠷᠭᠠᠯ ᠫᠷᠤᠹᠧᠰᠰᠤᠷ ᠰᠣᠷᠪᠤᠯᠵᠢᠯᠠᠭ᠎ᠠ ᠬᠦᠯᠢᠶᠡᠬᠦ ᠳᠡᠭᠡᠨ ᠶᠠᠷᠢᠯ᠎ᠠ᠃ | ᠪᠦᠷᠢᠳᠬᠡᠯ ᠢ ᠦᠨᠳᠦᠰᠦᠯᠡᠪᠡᠯ᠂ ᠲᠤᠰ ᠨᠣᠮ ᠤᠨ ᠤᠳᠦ ᠦᠶ᠎ᠡ ᠶᠢᠨ ᠤᠳᠬ᠎ᠠ ᠵᠣᠬᠢᠶᠠᠯ ᠤᠨ | ᠬᠡᠰᠡᠭ ᠲᠤ 5 ᠨᠠᠶᠢᠷᠠᠮᠵᠢ᠂ 44 ᠬᠡᠰᠡᠭ ᠢᠶᠠᠷ 106 ᠵᠣᠬᠢᠶᠠᠯᠴᠢ ᠶᠢ ᠲᠠᠨᠢᠯᠴᠠᠭᠤᠯᠵᠠᠢ᠃ ᠣᠨᠴᠠᠭᠠᠶᠢᠯᠠᠨ ᠯᠸ | ᠰᠢᠶᠦ᠋ᠨ ᠤᠳᠬ᠎ᠠ ᠵᠣᠬᠢᠶᠠᠯ ᠤᠨ ᠱᠠᠩᠨᠠᠯ ᠣᠯᠣᠭᠰᠠᠨ ᠳ᠋ᠧᠩ ᠢ ᠭᠤᠸᠠᠩ᠂ ᠪᠣᠷᠵᠢᠭᠢᠨ · ᠶᠤᠸᠠᠨ ᠶᠧ ᠵᠡᠷᠭᠡ | ᠣᠷᠣᠨ ᠤ ᠭᠠᠳᠠᠨᠠᠬᠢ 24 ᠵᠣᠬᠢᠶᠠᠯᠴᠢ ᠶᠢ ᠰᠣᠩᠭᠤᠨ ᠣᠷᠣᠭᠤᠯᠤᠭᠰᠠᠨ ᠮᠥᠷᠲᠡᠭᠡᠨ ᠤᠳᠬ᠎ᠠ ᠵᠣᠬᠢᠶᠠᠯ ᠤᠨ ᠤᠨᠤᠯ | ᠰᠢᠭᠦᠮᠵᠢ ᠶᠢᠨ ᠪᠦᠯᠦᠭ ᠢ ᠠᠰᠲᠠᠭᠠᠨ ᠲᠣᠬᠢᠷᠠᠭᠤᠯᠵᠠᠢ᠃ | ᠡᠨᠡ ᠲᠤᠬᠠᠢ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠭᠦᠷᠢᠶ᠋ᠯᠠᠩ ᠤᠨ ᠱᠸ | ᠯᠢᠨ ᠰᠤᠳᠤᠯᠤᠭᠴᠢ᠄ ︽ᠲᠤᠰ ᠨᠣᠮ ᠮᠣᠩᠭᠤᠯ ᠦᠨᠳᠦᠰᠦᠲᠡᠨ ᠤ ᠤᠳᠬ᠎ᠠ ᠵᠣᠬᠢᠶᠠᠯ ᠤᠨ ᠲᠡᠦᠬᠡ ᠶᠢ ᠰᠢᠨ᠎ᠡ | ᠵᠠᠭᠤᠨ᠂ ᠰᠢᠨ᠎ᠡ ᠴᠠᠭ ᠦᠶ᠎ᠡ ᠭᠦᠷᠳᠡᠯ᠎ᠠ ᠪᠢᠴᠢᠭᠰᠡᠨ ᠬᠠᠮᠤᠭ ᠤᠨ ᠰᠢᠨ᠎ᠡ ᠲᠡᠦᠬᠡᠴᠢᠯᠡᠭᠰᠡᠨ ᠪᠦᠲᠦᠭᠡᠯ ᠪᠤᠯᠬᠤ | ᠪᠥᠭᠡᠳ ᠭᠠᠵᠠᠷ ᠵᠦᠢ ᠶᠢᠨ ᠲᠠᠯ᠎ᠠ ᠪᠠᠷ ᠥᠪᠥᠷ ᠮᠣᠩᠭᠤᠯ ᠠᠴᠠ ᠪᠤᠰᠤᠳ ᠮᠤᠵᠢ ᠬᠤᠳᠠ ᠶᠢᠨ ᠮᠣᠩᠭᠤᠯ | ᠦᠨᠳᠦᠰᠦᠲᠡᠨ ᠤ ᠵᠣᠬᠢᠶᠠᠯᠴᠢᠳ ᠢ ᠥᠷᠭᠡᠨ ᠢᠶᠠᠷ ᠬᠠᠮᠤᠷᠴᠠᠢ᠃ ᠮᠥᠨᠴᠦ ᠮᠣᠩᠭᠤᠯ ᠭᠡᠯᠡ ᠪᠠᠷ ᠢᠶᠠᠨ ᠵᠣᠬᠢᠶᠠᠨ | ᠪᠦᠲᠦᠭᠡᠵᠦ ᠪᠠᠶᠢᠭ᠎ᠠ ᠵᠣᠬᠢᠶᠠᠯᠴᠢ ᠬᠢᠭᠡᠳ ᠤᠯᠤᠰ ᠤᠨ ᠨᠢᠭᠡᠳᠦᠯᠲᠡᠢ ᠬᠡᠷᠡᠭᠯᠡᠬᠦ ᠦᠭᠡ ᠭᠡᠯᠡ ᠦᠰᠦᠭ ᠪᠢᠴᠢᠭ ᠢᠶᠠᠷ | ᠲᠤᠭᠤᠷᠪᠢᠵᠤ ᠪᠠᠶᠢᠭ᠎ᠠ ᠵᠣᠬᠢᠶᠠᠯᠴᠢᠳ ᠢ ᠴᠸ ᠬᠠᠷᠠᠭᠠᠯᠵᠠᠵᠤ ᠴᠢᠳᠠᠵᠠᠢ︾ ᠭᠡᠵᠦ ᠦᠵᠡᠯᠲᠡ ᠪᠠᠨ ᠶᠠᠷᠢᠯ᠎ᠠ᠃ | ᠶᠠᠷᠢᠯᠴᠠᠬᠤ ᠬᠤᠷᠠᠯ ᠳᠡᠭᠡᠷ᠎ᠡ᠂ ᠡᠷᠳᠡᠮᠲᠡᠳ ᠠᠴᠠ ᠲᠤᠰ ᠨᠣᠮ ᠢ ᠬᠡᠪᠯᠡᠭᠦᠯᠦᠨ ᠲᠠᠷᠬᠠᠭᠠᠭᠰᠠᠨ | ᠶᠠᠪᠤᠳᠠᠯ ᠪᠣᠯ ᠲᠤᠮᠳᠡᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ | ᠲᠤᠮᠳᠡᠳᠦ ᠶᠢᠨ ᠤᠯᠠᠮᠵᠢᠯᠠᠯᠲᠤ ᠰᠢᠯᠢᠳᠡᠭ ᠰᠣᠶᠣᠯ ᠢ ᠪᠠᠳᠠᠷᠠᠭᠠᠨ ᠬᠥᠭᠵᠢᠭᠦᠯᠬᠦ᠂ ︽ᠤᠮᠠᠷᠠᠲᠤ ᠬᠢᠯᠢ ᠶᠢᠨ ᠰᠣᠶᠣᠯ︾ | ᠢ ᠴᠣᠭᠴᠠᠯᠠᠬᠤ ᠬᠢᠭᠡᠳ ᠲᠤᠮᠳᠡᠳᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ | ᠰᠤᠳᠤᠯᠭ᠎ᠠ ᠰᠢᠨᠵᠢᠯᠡᠭᠡᠨ ᠳᠤ ᠦᠨ᠎ᠡ ᠴᠠᠨ᠎ᠠ ᠲᠠᠢ ᠮᠠᠲ᠋ᠧᠷᠢᠶᠡᠯ ᠬᠠᠩᠭᠠᠭᠰᠠᠨ ᠮᠥᠷᠲᠡᠭᠡᠨ ᠨᠡᠶᠢᠭᠡᠮ ᠳᠠᠶᠠᠭᠠᠷ ᠤᠨ | ᠮᠣᠩᠭᠤᠯ ᠤᠳᠬ᠎ᠠ ᠵᠣᠬᠢᠶᠠᠯ ᠢ ᠨᠠᠩ ᠰᠠᠶᠢᠲᠤᠷ ᠲᠠᠨᠢᠨ ᠣᠶᠢᠯᠠᠭᠠᠬᠤ ᠳᠤ ᠭᠠᠷ ᠠᠪᠤᠯᠭ᠎ᠠ ᠪᠣᠯᠵᠤ ᠪᠣᠯᠣᠨ᠎ᠠ ᠭᠡᠵᠦ | ᠰᠠᠨᠠᠯ ᠨᠢᠭᠡᠲᠡᠢ ᠦᠵᠡᠵᠡᠭᠡᠪᠡ᠃ | | ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ | |