| | | | | ᠮᠠᠲ᠋ᠧᠷᠢᠶᠠᠯ ᠤᠨ ᠳ᠋ᠤᠭᠠᠷ᠄ 1152921011764815 F / 2024 -0195 | ᠨᠡᠶᠢᠲᠡᠯᠡᠭᠰᠡᠨ ᠪᠠᠶᠢᠭᠤᠯᠤᠮᠵᠢ᠄ ᠠᠯᠠᠱᠠ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ | ᠠᠩᠭᠢᠯᠠᠯ᠄ ᠲᠥᠷᠥ ᠶᠢᠨ ᠪᠣᠳᠣᠯᠭ᠎ᠠ ᠬᠠᠤᠯᠢ ᠳᠦᠷᠢᠮ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠦᠭᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠠᠪᠤᠴᠠ ᠳᠠᠬᠢ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠣᠨ ᠪᠦᠲᠦᠭᠡᠯᠴᠢ ᠴᠢᠨᠠᠷ ᠢ | ᠭᠦᠢᠴᠡᠳ ᠳᠠᠶᠢᠴᠢᠯᠠᠨ ᠬᠠᠮᠠᠭᠠᠯᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠬᠦ᠂ ᠵᠣᠷᠢᠭᠲᠠᠢ ᠪᠠᠷ ᠡᠭᠦᠷᠭᠡᠯᠡᠬᠦ ᠰᠠᠶᠢᠨ | ᠰᠠᠶᠢᠬᠠᠨ ᠣᠷᠴᠢᠨ ᠪᠠᠶᠢᠳᠠᠯ ᠢ ᠪᠤᠢ ᠪᠤᠯᠭᠠᠬᠤ ᠶᠢ ᠲᠦᠯᠬᠢᠨ ᠠᠬᠢᠭᠤᠯᠵᠤ᠂ ᠠᠯᠳᠠᠰᠢ ᠶᠢ ᠪᠠᠭᠲᠠᠭᠠᠨ ᠵᠠᠯᠠᠷᠠᠭᠤᠯᠬᠤ | ᠳᠡᠰ ᠳᠠᠷᠠᠭᠠᠯᠠᠯ ᠪᠣᠯᠣᠨ ᠱᠠᠭᠠᠷᠳᠠᠯᠭ᠎ᠠ ᠶᠢ ᠤᠯᠠᠮ ᠵᠢᠷᠤᠮᠵᠢᠭᠤᠯᠬᠤ ᠶᠢᠨ ᠲᠤᠰᠠᠳᠠ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠣᠯᠣᠨ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠳᠦᠷᠢᠮ ᠠᠯᠠᠱᠠ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠦᠭᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ | ᠲᠣᠬᠢᠷᠠᠨ᠎ᠠ᠃ | ᠭᠤᠷᠪᠠᠳᠤᠭᠠᠷ ᠵᠦᠢᠯ ᠠᠯᠳᠠᠰᠢ ᠶᠢ ᠨᠢ ᠠᠭᠤᠴᠢᠯᠠᠨ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ ᠳᠤ | ᠡᠭᠦᠷᠭᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ | ᠬᠠᠷᠢᠭᠤᠴᠠᠯᠭ᠎ᠠ ᠬᠡᠯᠲᠦᠷᠢᠭᠦᠯᠬᠦ᠂ ᠬᠠᠷᠢᠭᠤᠴᠠᠯᠭ᠎ᠠ ᠪᠠᠨ ᠠᠯᠳᠠᠭᠰᠠᠨ ᠪᠣᠯ ᠬᠠᠷᠢᠭᠤᠴᠠᠯᠭ᠎ᠠ ᠬᠦᠯᠢᠶᠡᠯᠭᠡᠬᠦ᠂ ᠠᠯᠳᠠᠰᠢ | ᠪᠠᠶᠢᠪᠠᠯ ᠵᠠᠪᠠᠯ ᠨᠡᠬᠡᠮᠵᠢᠯᠡᠬᠦ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠪᠣᠳᠠᠲᠤ ᠶᠠᠪᠤᠳᠠᠯ ᠨᠢ | ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ᠂ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠴᠢᠨᠠᠷ | ᠲᠣᠭᠲᠠᠭᠠᠭᠰᠠᠨ ᠨᠢ ᠣᠨᠣᠪᠴᠢᠲᠠᠢ᠂ ᠰᠢᠢᠳᠪᠦᠷᠢᠯᠡᠭᠰᠡᠨ ᠨᠢ ᠵᠣᠬᠢᠰᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠳᠤᠭᠠᠷ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠳᠥᠷᠪᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠬᠦ ᠬᠡᠷᠡᠭᠲᠡᠢ᠃ | ᠲᠠᠪᠤᠳᠤᠭᠠᠷ ᠵᠦᠢᠯ ᠡᠷᠬᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ | ᠬᠠᠭᠤᠳᠠᠰᠤ ᠵᠡᠷᠭᠡ ᠠᠭᠤᠯᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠭᠤᠣᠯ ᠴᠣᠭᠴᠠ ᠪᠠ | ᠡᠭᠦᠷᠭᠡᠯᠡᠬᠦ ᠠᠷᠭ᠎ᠠ ᠮᠠᠶ᠋ᠢᠭ ᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠲᠠᠰᠤᠭ ᠨᠢ | ᠨᠠᠷᠢᠨ ᠬᠠᠭᠤᠳᠠᠰᠤ ᠶᠢᠨ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠴᠢᠩᠳᠠᠯᠠᠨ᠎ᠠ᠃ | ᠵᠢᠷᠭᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠤᠨ ᠳᠤᠮᠳᠠ᠂ ᠬᠠᠤᠯᠢ ᠶᠣᠰᠣᠭᠠᠷ ᠪᠠᠶᠢᠴᠠᠭᠠᠵᠤ ᠭᠡᠷᠡᠴᠢ ᠠᠪᠴᠤ᠂ ᠭᠡᠷᠡᠴᠢ ᠪᠠᠷᠢᠮᠲᠠ ᠶᠢᠨ ᠬᠡᠯᠬᠢᠶ᠎ᠡ ᠶᠢᠨ | ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠵᠤ᠂ ᠬᠡᠷᠡᠭ ᠢ ᠴᠢᠩᠭ᠎ᠠ ᠬᠢᠨᠠᠨ ᠪᠠᠶᠢᠴᠠᠭᠠᠵᠤ᠂ ᠬᠠᠤᠯᠢ ᠶᠣᠰᠣᠭᠠᠷ | ᠵᠣᠬᠢᠰᠲᠠᠢ ᠰᠢᠢᠳᠪᠦᠷᠢᠯᠡᠬᠦ ᠬᠡᠷᠡᠭᠲᠡᠢ᠃ | ᠳᠣᠯᠣᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠵᠠᠰᠠᠭ ᠵᠠᠬᠢᠷᠭᠠᠨ ᠤ ᠠᠴᠢᠶᠠᠯᠠᠭ᠎ᠠ ᠶᠢᠨ ᠰᠠᠭᠤᠷᠢ | ᠪᠠᠷᠢᠮᠵᠢᠶ᠎ᠠ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠦᠯᠲᠡ ᠶᠢ ᠢᠯᠡ | ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ | ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠳᠤ ᠲᠣᠭᠲᠠᠭᠠᠭᠰᠠᠨ ᠳᠡᠰ ᠳᠠᠷᠠᠭᠠᠯᠠᠯ | ᠂ ᠠᠷᠭ᠎ᠠ ᠮᠠᠶ᠋ᠢᠭ᠂ ᠴᠠᠭ ᠬᠤᠭᠤᠴᠠᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ᠂ ᠳᠣᠣᠷᠠᠬᠢ ᠪᠠᠶᠢᠳᠠᠯ ᠳᠤ ᠨᠡᠶᠢᠴᠡᠪᠡᠯ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄ | ︵ᠨᠢᠭᠡ︶ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠳᠤ ᠲᠣᠭᠲᠠᠭᠠᠭᠰᠠᠨ ᠳᠡᠰ | ᠳᠠᠷᠠᠭᠠᠯᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ︔ | ︵ᠬᠤᠶᠠᠷ︶ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ | ᠬᠠᠭᠤᠷᠮᠠᠭᠯᠠᠨ ᠵᠣᠬᠢᠶᠠᠭᠰᠠᠨ᠂ ᠤᠰᠠᠳᠬᠠᠨ ᠰᠦᠢᠳᠬᠡᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ | ᠬᠠᠩᠭᠠᠭᠰᠠᠨ ᠠᠴᠠ ᠪᠣᠯᠵᠤ ᠬᠠᠤᠯᠢ ᠶᠢ ᠠᠯᠳᠠᠰᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠪᠤᠶᠤ ᠬᠡᠷᠡᠭ ᠤᠨ | ᠪᠠᠶᠢᠴᠠᠭᠠᠯᠲᠠ ᠠᠴᠠ ᠵᠠᠶᠢᠯᠠᠭᠰᠠᠨ ᠠᠴᠠ ᠪᠣᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭ | ᠲᠤᠬᠠᠢ ᠳᠤᠨᠢ ᠭᠠᠷᠭᠠᠵᠤ ᠳᠡᠶᠢᠯᠭᠦ ᠦᠭᠡᠢ ᠪᠣᠯᠤᠭᠰᠠᠨ︔ | ︵ᠭᠤᠷᠪᠠ︶ ᠲᠤᠬᠠᠢ ᠶᠢᠨ ᠬᠥᠮᠥᠨ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠡᠳ᠋ ᠪᠣᠳᠠᠰ ᠢ | ᠲᠤᠬᠠᠢ ᠶᠢᠨ ᠬᠥᠮᠥᠨ ᠨᠢ ᠳᠤᠷ᠎ᠠ ᠪᠠᠷ ᠢᠶᠠᠨ ᠨᠢᠭᠤᠵᠤ ᠳᠠᠯᠳᠠᠯᠠᠭᠰᠠᠨ᠂ ᠰᠢᠯᠵᠢᠭᠦᠯᠦᠭᠰᠡᠨ᠂ ᠬᠤᠳᠠᠯᠳᠤᠭᠰᠠᠨ᠂ | ᠡᠪᠳᠡᠵᠦ ᠰᠦᠢᠳᠬᠡᠭᠰᠡᠨ ᠤᠴᠢᠷ ᠠᠴᠠ ᠬᠤᠣᠷ ᠤᠷᠰᠢᠭ ᠲᠠᠲᠠᠭᠰᠠᠨ︔ | ︵ᠳᠥᠷᠪᠡ︶ ᠤᠷᠢᠳᠴᠢᠯᠠᠨ ᠮᠡᠳᠡᠵᠦ ᠳᠡᠶᠢᠯᠭᠦ ᠦᠭᠡᠢ᠂ ᠵᠠᠶᠢᠯᠠᠰᠬᠢᠵᠦ ᠳᠡᠶᠢᠯᠭᠦ ᠦᠭᠡᠢ ᠪᠤᠶᠤ ᠢᠯᠠᠨ | ᠳᠠᠪᠠᠵᠤ ᠳᠡᠶᠢᠯᠭᠦ ᠦᠭᠡᠢ ᠵᠡᠷᠭᠡ ᠳᠠᠪᠠᠭᠳᠠᠰᠢ ᠦᠭᠡᠢ ᠬᠦᠴᠦᠨ ᠵᠦᠢᠯ ᠠᠴᠠ ᠪᠣᠯᠵᠤ᠂ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠵᠢᠴᠢ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠳᠡᠶᠢᠯᠭᠦ ᠦᠭᠡᠢ ᠪᠣᠯᠤᠭᠰᠠᠨ︔ | ︵ᠲᠠᠪᠤ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠯᠳᠠᠰᠢ ᠪᠤᠶᠤ ᠵᠦᠢ ᠵᠣᠬᠢᠰ ᠦᠭᠡᠢ | ᠵᠠᠰᠠᠭ ᠵᠠᠬᠢᠷᠭᠠᠨ ᠤ ᠠᠵᠢᠯᠯᠠᠭ᠎ᠠ ᠠᠴᠠ ᠪᠣᠯᠵᠤ ᠠᠯᠳᠠᠰᠢ ᠮᠠᠭᠠᠳᠯᠠᠯᠲᠠ ᠭᠠᠷᠭᠠᠭᠰᠠᠨ ᠪᠤᠶᠤ ᠰᠢᠢᠳᠪᠦᠷᠢᠯᠡᠭᠰᠡᠨ︔ | ︵ᠵᠢᠷᠭᠤᠭ᠎ᠠ︶ ᠪᠠᠷᠢᠮᠵᠢᠶ᠎ᠠ ᠨᠢ ᠳᠤᠲᠠᠭᠤ ᠪᠣᠯᠤᠭᠰᠠᠨ ᠪᠤᠶᠤ ᠣᠳᠣ ᠪᠠᠶᠢᠭ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠬᠢᠷᠢ ᠬᠡᠮᠵᠢᠶᠡᠨ ᠤ ᠬᠢᠵᠠᠭᠠᠷᠯᠠᠯ ᠠᠴᠠ ᠪᠣᠯᠵᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠵᠦ | ᠳᠡᠶᠢᠯᠭᠦ ᠦᠭᠡᠢ ᠠᠴᠠ ᠪᠣᠯᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠪᠠᠷ ᠲᠣᠭᠲᠠᠭᠠᠭᠰᠠᠨ | ᠴᠢᠨᠠᠷ ᠦᠭᠡᠢ ᠪᠤᠯᠭᠠᠬᠰᠠᠨ︔ | ︵ᠳᠣᠯᠤᠭ᠎ᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠭᠰᠡᠨ ᠪᠠ ᠵᠠᠷᠯᠢᠭᠳᠠᠨ ᠵᠠᠯᠠᠷᠠᠭᠤᠯᠣᠭᠤᠯᠲᠠ ᠬᠢᠭᠰᠡᠨ᠂ ᠴᠡᠭᠴᠡᠯᠡᠨ ᠥᠭᠡᠷᠡᠴᠢᠯᠡᠬᠦ ᠬᠤᠭᠤᠴᠠᠭᠠᠨ ᠳᠤ | ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠭᠦᠢᠴᠡᠳᠬᠡᠭᠰᠡᠨ ᠦᠭᠡᠢ ᠠᠴᠠ ᠪᠣᠯᠵᠤ ᠠᠳᠡᠯ ᠭᠠᠷᠭᠠᠭᠰᠠᠨ︔ | ︵ᠨᠠᠢᠮᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢᠭᠡᠨᠲᠡ ᠬᠠᠤᠯᠢ ᠶᠣᠰᠣᠭᠠᠷ ᠪᠠᠶᠢᠴᠠᠭᠠᠭᠰᠠᠨ ᠪᠠ | ᠵᠠᠷᠯᠢᠭᠳᠠᠨ ᠵᠠᠯᠠᠷᠠᠭᠤᠯᠤᠭᠠᠳ᠂ ᠬᠠᠤᠯᠢ ᠴᠠᠭᠠᠵᠠ ᠶᠢᠨ ᠵᠢᠷᠤᠮ ᠶᠣᠰᠣᠭᠠᠷ ᠭᠦᠢᠴᠡᠳᠬᠡᠭᠰᠡᠨ ᠪᠤᠶᠤ ᠰᠢᠯᠵᠢᠭᠦᠯᠦᠨ | ᠬᠦᠷᠭᠡᠬᠦ ᠶᠠᠪᠤᠴᠠ ᠳᠤ ᠠᠳᠡᠯ ᠭᠠᠷᠤᠭᠰᠠᠨ︔ | ︵ᠶᠢᠰᠦ︶ ᠬᠠᠤᠯᠢ ᠶᠣᠰᠣᠭᠠᠷ ᠬᠠᠷᠢᠭᠤᠴᠠᠯᠭ᠎ᠠ ᠬᠦᠯᠢᠶᠡᠯᠭᠡᠪᠡᠯ ᠦᠯᠦ ᠵᠣᠬᠢᠬᠤ ᠪᠤᠰᠤᠳ ᠪᠠᠶᠢᠳᠠᠯ᠃ | ᠭᠤᠷᠪᠠᠳᠤᠭᠠᠷ ᠪᠦᠯᠦᠭ ᠠᠯᠳᠠᠰᠢ ᠶᠢ ᠨᠢ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ | ᠶᠢᠰᠦᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ᠂ ᠬᠠᠤᠯᠢ ᠴᠠᠭᠠᠵᠠ ᠶᠢᠨ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠡᠷᠭᠢᠯᠡᠭᠰᠡᠨ | ᠠᠵᠢᠯ ᠤᠨ ᠱᠠᠭᠠᠷᠳᠠᠯᠭ᠎ᠠ ᠪᠠᠶᠢᠬᠤ ᠦᠭᠡᠢ ᠪᠤᠶᠤ ᠪᠤᠰᠤᠳᠴᠢ ᠬᠦᠴᠦᠨ ᠵᠦᠢᠯ᠂ ᠲᠥᠰᠥᠭᠡᠯᠡᠬᠦᠶ᠎ᠡ ᠪᠡᠷᠬᠡ ᠬᠦᠴᠦᠨ | ᠵᠦᠢᠯ ᠠᠴᠠ ᠪᠣᠯᠵᠤ ᠵᠣᠬᠢᠬᠤ ᠬᠤᠬᠢᠷᠠᠯ ᠪᠤᠶᠤ ᠮᠠᠭᠤ ᠨᠥᠯᠥᠭᠡ ᠭᠠᠷᠭᠠᠭᠰᠠᠨ ᠪᠥᠭᠡᠳ ᠴᠠᠭ ᠲᠤᠬᠠᠢ ᠳᠤᠨᠢ | ᠵᠠᠯᠠᠷᠠᠭᠤᠯᠤᠨ ᠵᠠᠯᠠᠷᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠪᠣᠯᠣᠨ ᠳᠡᠰ ᠳᠠᠷᠠᠭᠠᠯᠠᠯ ᠤᠨ ᠶᠣᠰᠣᠭᠠᠷ | ᠠᠯᠳᠠᠰᠢ ᠶᠢ ᠨᠢ ᠠᠭᠤᠴᠢᠯᠠᠨ ᠪᠠᠭᠲᠠᠭᠠᠬᠤ ᠬᠡᠷᠡᠭᠲᠡᠢ᠃ | ᠠᠷᠪᠠᠳᠤᠭᠠᠷ ᠵᠦᠢᠯ ᠠᠯᠳᠠᠰᠢ ᠶᠢ ᠨᠢ ᠠᠭᠤᠴᠢᠯᠠᠨ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ ᠳᠤ ︽ | ᠭᠤᠷᠪᠠ ᠶᠢ ᠢᠯᠭᠠᠬᠤ︾ ᠶᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠣᠯᠴᠢ ᠪᠠᠷ ᠦᠨᠡᠯᠡᠬᠦ ᠬᠡᠷᠡᠭᠲᠡᠢ᠃ | ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠠᠷᠠᠭᠠᠬᠢ | ᠪᠦᠷᠢᠳᠬᠡᠨ ᠭᠠᠷᠭᠠᠭᠰᠠᠨ ᠪᠠᠶᠢᠳᠠᠯ ᠤᠳ ᠤᠨ ᠨᠢᠭᠡᠨ ᠳᠤᠨᠢ ᠨᠡᠶᠢᠴᠡᠭᠰᠡᠨ ᠪᠠᠶᠢᠪᠠᠯ᠂ ᠬᠥᠩᠭᠡᠨ ᠢᠶᠠᠷ ᠰᠢᠢᠳᠪᠦᠷᠢᠯᠡᠬᠦ᠂ | ᠬᠥᠩᠭᠡᠷᠡᠭᠦᠯᠦᠨ ᠰᠢᠢᠳᠪᠦᠷᠢᠯᠡᠬᠦ ᠪᠤᠶᠤ ᠬᠠᠷᠢᠭᠤᠴᠠᠯᠭ᠎ᠠ ᠬᠡᠯᠲᠦᠷᠢᠭᠦᠯᠬᠦ ᠬᠡᠷᠡᠭᠲᠡᠢ᠄ | ︵ᠨᠢᠭᠡ︶ ᠳᠡᠭᠡᠳᠦ ᠱᠠᠲᠤᠨ ᠤ ᠵᠢᠭᠠᠪᠤᠷᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠬᠡᠷᠡᠭᠵᠢᠭᠦᠯᠵᠦ᠂ ᠬᠥᠭᠵᠢᠯᠲᠡ ᠶᠢ ᠲᠦᠯᠬᠢᠨ ᠠᠬᠢᠭᠤᠯᠬᠤ᠂ ᠪᠡᠷᠬᠡ ᠰᠡᠳᠦᠪ ᠢ ᠰᠢᠢᠳᠪᠦᠷᠢᠯᠡᠨ᠂ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠵᠣᠷᠢᠯᠭ᠎ᠠ ᠪᠠᠷ ᠵᠣᠷᠢᠭᠲᠠᠢ ᠪᠠᠷ ᠬᠠᠶᠢᠨ ᠰᠦᠪᠡᠭᠴᠢᠯᠡᠵᠦ᠂ | ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠬᠡᠷᠡᠭᠵᠢᠭᠦᠯᠦᠭᠡᠳ ᠠᠯᠳᠠᠰᠢ ᠭᠠᠷᠭᠠᠭᠰᠠᠨ︔ | ︵ᠬᠤᠶᠠᠷ︶ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ ᠬᠡᠪ ᠤᠨ | ᠵᠤᠷᠰᠢᠯ ᠢ ᠳᠠᠪᠠᠵᠤ᠂ ᠬᠠᠶᠢᠨ ᠰᠦᠪᠡᠭᠴᠢᠯᠡᠬᠦ ᠴᠢᠨᠠᠷᠲᠠᠢ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ | ᠦᠯᠦ ᠭᠦᠷᠦᠭᠰᠡᠨ︔ | ︵ᠭᠤᠷᠪᠠ︶ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤᠮᠳᠠ᠂ ᠤᠯᠤᠰ ᠤᠨ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠳᠡᠭᠡᠳᠦ | ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ | ᠪᠣᠳᠣᠯᠭ᠎ᠠ ᠶᠢᠨ ᠵᠠᠭᠠᠭ ᠨᠢ ᠲᠣᠳᠣᠷᠬᠠᠢ ᠦᠭᠡᠢ᠂ ᠪᠤᠰᠤᠳᠴᠢ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ | ᠪᠣᠯᠵᠤ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠤᠭᠰᠠᠨ︔ | ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ | ᠰᠡᠷᠭᠡᠶᠢᠯᠡᠬᠦ ᠵᠣᠷᠢᠯᠭ᠎ᠠ ᠪᠠᠷ᠂ ᠴᠠᠭ ᠲᠤᠬᠠᠢ ᠳᠤᠨᠢ ᠡᠷᠡᠰ ᠰᠢᠭᠤᠷᠬᠠᠢ᠂ ᠡᠰᠡᠷᠭᠦᠴᠡᠰᠢ ᠦᠭᠡᠢ ᠬᠦᠴᠦᠨ ᠪᠤᠶᠤ | ᠤᠷᠢᠳᠴᠢᠯᠠᠨ ᠮᠡᠳᠡᠵᠦ ᠦᠯᠦ ᠴᠢᠳᠠᠬᠤ ᠰᠢᠯᠲᠠᠭᠠᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠠᠳᠡᠭᠦᠥ | ᠭᠠᠷᠭᠠᠭᠰᠠᠨ︔ | ︵ᠲᠠᠪᠤ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠳᠤᠮᠳᠠ ᠬᠠᠤᠯᠢ ᠬᠡᠷᠡᠭᠵᠢᠭᠦᠯᠬᠦ | ᠡᠲᠡᠭᠡᠳ ᠪᠠᠶᠢᠳᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠦᠨᠡᠨ ᠪᠣᠳᠠᠲᠠᠢ ᠪᠠᠷ ᠲᠤᠰᠬᠠᠭᠰᠠᠨ | ᠦᠭᠡᠢ ᠠᠴᠠ ᠪᠣᠯᠵᠤ ᠨᠢᠭᠤᠭᠳᠠᠮᠠᠯ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ︔ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠶᠣᠰᠣᠭᠠᠷ ᠥᠷᠨᠢᠭᠦᠯᠬᠦ ᠳᠤᠮᠳᠠ | ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠪᠡᠶᠡᠴᠢ ᠲᠠᠯ᠎ᠠ ᠠᠴᠠ ᠵᠣᠷᠢᠭᠤᠳᠠ | ᠬᠠᠤᠯᠢ ᠠᠴᠠ ᠵᠥᠷᠢᠴᠡᠨ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠬᠠᠤᠯᠢ ᠪᠠᠷ ᠲᠣᠭᠲᠠᠭᠠᠭᠰᠠᠨ ᠠᠷᠭ᠎ᠠ | ᠬᠡᠮᠵᠢᠶ᠎ᠡ ᠠᠪᠤᠭᠰᠠᠨ ᠪᠤᠯᠪᠠᠴᠤ ᠮᠥᠨ ᠬᠦ ᠠᠳᠡᠯ ᠭᠠᠷᠭᠠᠭᠰᠠᠨ︔ | ︵ᠳᠣᠯᠤᠭ᠎ᠠ︶ ᠬᠠᠤᠯᠢ ᠬᠡᠷᠡᠭᠵᠢᠭᠦᠯᠬᠦ ᠵᠥᠷᠢᠴᠡᠯ ᠢ ᠰᠢᠢᠳᠪᠦᠷᠢᠯᠡᠬᠦ ᠶᠠᠪᠤᠴᠠ ᠳᠤ ᠬᠠᠷᠰᠢ ᠰᠠᠭᠠᠳ ᠢ | ᠵᠣᠷᠢᠭᠲᠠᠢ ᠪᠠᠷ ᠠᠷᠢᠯᠭᠠᠵᠤ᠂ ᠤᠤᠯ ᠤᠨ ᠠᠰᠢᠭ ᠲᠤᠰᠠ ᠳᠤ ᠬᠠᠯᠳᠠᠵᠤ᠂ ᠠᠯᠳᠠᠰᠢ ᠭᠠᠷᠭᠠᠭᠰᠠᠨ ᠪᠤᠶᠤ ᠵᠥᠷᠢᠶ᠎ᠡ | ᠭᠠᠷᠭᠠᠭᠰᠠᠨ︔ | ︵ᠨᠠᠢᠮᠠ︶ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠯᠬᠤ ᠪᠤᠰᠤᠳ ᠪᠠᠶᠢᠳᠠᠯ᠃ | ᠳᠡᠭᠡᠷ᠎ᠡ ᠳᠤᠷᠠᠳᠤᠭᠰᠠᠨ ᠪᠠᠶᠢᠳᠠᠯ ᠤᠨ ᠨᠢᠭᠡ ᠨᠢ ᠪᠠᠶᠢᠬᠤ ᠶᠢᠨ ᠬᠠᠮᠲᠤ ᠳᠣᠣᠷᠠᠬᠢ ᠨᠥᠬᠦᠴᠡᠯ ᠳᠤ | ᠨᠡᠶᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠬᠠᠤᠯᠢ ᠬᠡᠷᠡᠭᠵᠢᠭᠦᠯᠬᠦ | ᠠᠵᠢᠯᠲᠠᠳ ᠤᠨ ᠬᠠᠷᠢᠭᠤᠴᠠᠯᠭ᠎ᠠ ᠶᠢ ᠬᠡᠯᠲᠦᠷᠢᠭᠦᠯᠵᠦ ᠪᠣᠯᠣᠨ᠎ᠠ᠄ | ︵ᠨᠢᠭᠡ︶ ᠬᠠᠤᠯᠢ ᠳᠤ ᠲᠣᠳᠣᠷᠬᠠᠢ ᠵᠠᠷᠯᠢᠭᠳᠠᠨ ᠬᠤᠷᠢᠭᠯᠠᠭᠰᠠᠨ ᠦᠭᠡᠢ ᠪᠠᠶᠢᠬᠤ︔ | ︵ᠬᠤᠶᠠᠷ︶ ᠬᠦᠨᠳᠦ ᠬᠡᠴᠡᠭᠦᠦ ᠬᠤᠬᠢᠷᠠᠯ ᠪᠠ ᠬᠦᠨᠳᠦ ᠨᠣᠴᠢᠲᠠᠢ ᠮᠠᠭᠤ ᠨᠥᠯᠥᠭᠡ ᠭᠠᠷᠭᠠᠭᠰᠠᠨ ᠦᠭᠡᠢ︔ | ︵ᠭᠤᠷᠪᠠ︶ ᠢᠳᠡᠪᠬᠢ ᠰᠠᠨᠠᠭᠠᠴᠢᠯᠭ᠎ᠠ ᠲᠠᠢ ᠪᠠᠷ ᠮᠠᠭᠤ ᠨᠥᠯᠥᠭᠡ ᠶᠢ ᠠᠷᠢᠯᠭᠠᠵᠤ᠂ ᠬᠤᠬᠢᠷᠠᠯ ᠢ | ᠡᠭᠡᠭᠦᠯᠦᠭᠰᠡᠨ᠃ | ᠠᠷᠪᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠳᠠᠷᠠᠭᠠᠬᠢ ᠪᠦᠷᠢᠳᠬᠡᠨ ᠭᠠᠷᠭᠠᠭᠰᠠᠨ ᠪᠠᠶᠢᠳᠠᠯ ᠤᠳ ᠤᠨ ᠨᠢᠭᠡᠨ ᠳᠤᠨᠢ ᠨᠡᠶᠢᠴᠡᠭᠰᠡᠨ ᠪᠠᠶᠢᠪᠠᠯ | ᠬᠠᠷᠢᠭᠤᠴᠠᠯᠭ᠎ᠠ ᠶᠢ ᠨᠢ ᠬᠥᠩᠭᠡᠷᠡᠭᠦᠯᠬᠦ ᠪᠤᠶᠤ ᠬᠥᠩᠭᠡᠷᠡᠭᠦᠯᠵᠦ ᠪᠣᠯᠣᠨ᠎ᠠ᠄ | ︵ᠨᠢᠭᠡ︶ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠠᠴᠠ ᠪᠦᠲᠦᠮᠵᠢᠲᠡᠢ | ᠵᠠᠶᠢᠯᠠᠭᠰᠠᠨ ᠪᠤᠶᠤ ᠨᠥᠯᠥᠭᠡ ᠠᠴᠠ ᠡᠭᠡᠭᠦᠯᠦᠨ ᠠᠪᠤᠭᠰᠠᠨ︔ | ︵ᠬᠤᠶᠠᠷ︶ ᠬᠠᠷᠢᠭᠤᠴᠠᠯᠭ᠎ᠠ ᠠᠰᠠᠭᠤᠵᠤ ᠪᠠᠶᠢᠴᠠᠭᠠᠬᠤ ᠶᠢ ᠢᠳᠡᠪᠬᠢᠲᠡᠢ ᠬᠠᠮᠵᠢᠯᠴᠠᠬᠤ ᠶᠢᠨ ᠬᠠᠮᠲᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠭᠰᠡᠨ︔ | ︵ᠭᠤᠷᠪᠠ︶ ᠬᠠᠤᠯᠢ ᠶᠣᠰᠣᠭᠠᠷ ᠬᠠᠷᠢᠭᠤᠴᠠᠯᠭ᠎ᠠ ᠶᠢ ᠨᠢ ᠬᠥᠩᠭᠡᠷᠡᠭᠦᠯᠵᠦ᠂ ᠬᠥᠩᠭᠡᠷᠡᠭᠦᠯᠵᠦ ᠪᠤᠯᠬᠤ | ᠪᠤᠰᠤᠳ ᠬᠠᠷᠢᠭᠤᠴᠠᠯᠭ᠎ᠠ ᠬᠦᠯᠢᠶᠡᠯᠭᠡᠵᠦ ᠪᠤᠯᠬᠤ᠃ | ᠠᠷᠪᠠᠨ ᠬᠤᠶᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠠᠴᠠ ᠪᠣᠯᠵᠤ ᠠᠷᠠᠳ ᠢᠷᠭᠡᠨ᠂ ᠬᠠᠤᠯᠢ ᠶᠢᠨ | ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ | ᠤᠴᠠᠷᠠᠭᠤᠯᠵᠤ᠂ ᠮᠠᠭᠤ ᠦᠷ᠎ᠡ ᠤᠷᠰᠢᠭ ᠭᠠᠷᠭᠠᠭᠰᠠᠨ ᠪᠣᠯ ᠠᠯᠳᠠᠰᠢ ᠶᠢ ᠬᠦᠯᠢᠶᠡᠬᠦ ᠦᠭᠡᠢ᠃ | ᠠᠷᠪᠠᠨ ᠭᠤᠷᠪᠠᠳᠤᠭᠠᠷ ᠵᠦᠢᠯ ᠠᠭᠤᠴᠢᠯᠠᠬᠤ ᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢ ᠮᠠᠭᠠᠳᠯᠠᠨ | ᠲᠣᠭᠲᠠᠭᠠᠬᠤ ᠠᠵᠢᠯ ᠢ ᠡᠬᠢᠯᠡᠭᠦᠯᠬᠦ ᠪᠠ ᠬᠢᠬᠦ ᠳᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠢᠭᠡᠳᠦᠯᠲᠡᠢ ᠤᠳᠤᠷᠢᠳᠴᠤ᠂ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠠᠴᠠ ᠪᠣᠳᠠᠲᠤ ᠪᠠᠶᠢᠳᠠᠯ᠂ ᠪᠤᠰᠤᠳᠴᠢ ᠨᠥᠬᠦᠴᠡᠯ᠂ ᠳᠡᠰ ᠳᠠᠷᠠᠭᠠᠯᠠᠯ ᠤᠨ | ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠳ᠋ᠦᠩ ᠤᠨ ᠨᠥᠯᠥᠭᠡ ᠵᠢᠴᠢ ᠬᠤᠬᠢᠷᠠᠯ ᠢ ᠡᠭᠡᠭᠦᠯᠦᠨ ᠠᠪᠴᠢᠷᠠᠭᠰᠠᠨ | ᠵᠡᠷᠭᠡ ᠪᠠᠶᠢᠳᠠᠯ ᠲᠠᠢ ᠤᠶᠠᠯᠳᠤᠭᠤᠯᠵᠤ ᠶᠡᠷᠦᠩᠬᠡᠶᠢᠯᠡᠨ ᠵᠠᠳᠠᠯᠤᠨ ᠰᠤᠳᠤᠯᠵᠤ᠂ ᠲᠥᠷᠥ ᠶᠢᠨ ᠪᠣᠳᠣᠯᠭ᠎ᠠ ᠶᠢᠨ ᠵᠠᠭᠠᠭ ᠢ | ᠣᠨᠣᠪᠴᠢᠲᠠᠢ ᠡᠵᠡᠮᠰᠢᠵᠦ᠂ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ | ᠠᠭᠤᠴᠢᠯᠠᠪᠠᠯ ᠵᠣᠬᠢᠬᠤ ᠵᠣᠷᠢᠭᠲᠠᠢ ᠠᠯᠳᠠᠰᠢ᠂ ᠠᠭᠤᠴᠢᠯᠠᠬᠤ ᠦᠭᠡᠢ ᠶᠢ ᠨᠢ ᠣᠬᠲᠣ ᠬᠦᠯᠢᠶᠡᠬᠦ ᠦᠭᠡᠢ᠃ ᠬᠤᠪᠢ | ᠬᠥᠮᠥᠨ ᠪᠠᠰᠠ ᠪᠠᠶᠢᠭᠤᠯᠭ᠎ᠠ ᠨᠢᠭᠡᠴᠢ ᠳᠤ ᠰᠢᠭᠤᠳ ᠠᠯᠳᠠᠰᠢ ᠶᠢ ᠨᠢ ᠮᠠᠭᠠᠳᠯᠠᠨ ᠲᠣᠭᠲᠠᠭᠠᠯᠭᠠᠬᠤ ᠡᠷᠭᠦᠳᠡᠯ | ᠭᠠᠷᠭᠠᠵᠤ ᠪᠣᠯᠣᠨ᠎ᠠ᠃ ᠨᠢᠭᠡᠴᠢ ᠪᠠᠶᠢᠴᠠᠭᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠯᠳᠠᠰᠢ ᠪᠤᠶᠤ ᠡᠰᠡᠬᠦ ᠶᠢᠨ | ᠲᠤᠬᠠᠢ ᠦᠨᠡᠮᠰᠢᠭᠰᠡᠨ ᠳ᠋ᠦᠩᠨᠡᠯᠲᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠠᠯᠳᠠᠰᠢ ᠶᠢᠨ ᠠᠭᠤᠯᠭ᠎ᠠ ᠶᠢ ᠨᠢ | ᠲᠣᠭᠲᠠᠭᠠᠭᠰᠠᠨ ᠤ ᠳᠠᠷᠠᠭ᠎ᠠ᠂ 7 ᠡᠳᠦᠷ ᠤᠨ ᠳᠣᠲᠣᠷ᠎ᠠ ᠬᠠᠮᠢᠶ᠎ᠠ ᠪᠦᠬᠦᠢ ᠨᠢᠭᠡᠴᠢ ᠵᠢᠴᠢ ᠲᠤᠬᠠᠶᠢᠲᠠᠢ ᠬᠥᠮᠥᠨ ᠳᠤ | ᠮᠡᠳᠡᠭᠳᠡᠵᠦ᠂ ᠶᠡᠷᠦᠩᠬᠡᠢ ᠳᠡᠭᠡᠨ ᠵᠣᠬᠢᠬᠤ ᠬᠡᠪᠴᠢᠶᠡᠨ ᠳᠣᠲᠣᠷ᠎ᠠ ᠨᠡᠭᠡᠭᠡᠯᠲᠡ ᠲᠠᠢ ᠪᠣᠯᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠰᠤᠳᠤᠯᠤᠯᠲᠠ ᠪᠠᠷ ᠳᠠᠮᠵᠢᠨ ᠲᠣᠭᠲᠠᠭᠠᠭᠰᠠᠨ ᠪᠣᠯᠬᠤᠷ ᠬᠠᠤᠯᠢ | ᠬᠡᠷᠡᠭᠵᠢᠭᠦᠯᠦᠭᠴᠢ ᠳᠤ ᠠᠯᠳᠠᠰᠢ ᠣᠶᠢᠯᠠᠭᠠᠯᠲᠠ ᠥᠭᠭᠦᠭᠰᠡᠨ ᠪᠠᠶᠢᠪᠠᠯ᠂ ᠲᠡᠭᠦᠨ ᠢ ᠬᠠᠤᠯᠢ ᠬᠡᠷᠡᠭᠵᠢᠭᠦᠯᠦᠯᠲᠡ ᠶᠢᠨ | ᠠᠯᠳᠠᠰᠢ ᠮᠠᠭᠠᠳᠯᠠᠯᠲᠠ ᠬᠢᠬᠦ ᠦᠭᠡᠢ᠃ | ᠠᠷᠪᠠᠨ ᠲᠠᠪᠤᠳᠤᠭᠠᠷ ᠵᠦᠢᠯ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ | ᠬᠡᠯᠡᠯᠴᠡᠬᠦ ᠪᠠᠶᠢᠭᠤᠯᠤᠮᠵᠢ ᠠᠴᠠ ᠠᠯᠳᠠᠰᠢ ᠪᠠᠶᠢᠪᠠᠯ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠭᠠᠷᠭᠠᠬᠤ ᠶᠢᠨ | ᠬᠠᠮᠲᠤ ᠠᠯᠳᠠᠰᠢ ᠵᠠᠯᠠᠷᠠᠭᠤᠯᠬᠤ ᠳᠡᠰ ᠳᠠᠷᠠᠭᠠᠯᠠᠯ ᠢᠶᠠᠨ ᠴᠠᠭ ᠲᠤᠬᠠᠢ ᠳᠤᠨᠢ ᠡᠬᠢᠯᠡᠭᠦᠯᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ | ᠦᠭᠡᠢ ᠡᠲᠡᠭᠡᠳ ᠠᠴᠠ ᠠᠯᠳᠠᠰᠢ ᠶᠢ ᠨᠢ ᠵᠠᠯᠠᠷᠠᠭᠤᠯᠬᠤ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠠᠯᠳᠠᠰᠢ ᠪᠠᠨ | ᠵᠠᠯᠠᠷᠠᠭᠤᠯᠬᠤ ᠵᠦᠢᠯ ᠢ ᠲᠣᠳᠣᠷᠬᠠᠢ ᠳᠤᠷᠠᠳᠤᠨ᠂ ᠠᠯᠳᠠᠰᠢ ᠶᠢ ᠨᠢ ᠵᠠᠯᠠᠷᠠᠭᠤᠯᠬᠤ ᠱᠠᠭᠠᠷᠳᠠᠯᠭ᠎ᠠ ᠪᠤᠶᠤ ᠰᠠᠨᠠᠭᠤᠯᠭ᠎ᠠ | ᠳᠤᠷᠠᠳᠴᠤ᠂ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠵᠠᠯᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ ᠶᠢ | ᠱᠠᠭᠠᠷᠳᠠᠬᠤ ᠬᠡᠷᠡᠭᠲᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠲᠠᠰᠤᠭ ᠪᠤᠶᠤ ᠬᠤᠪᠢ ᠬᠥᠮᠥᠨ ᠢ ᠰᠢᠮᠳᠠᠭᠤᠯᠤᠨ ᠵᠢᠯᠤᠭᠤᠳᠴᠤ ᠰᠢᠯᠲᠠᠭᠠᠨ ᠢ ᠨᠢ ᠬᠢᠨᠠᠮᠠᠭᠠᠢ ᠵᠠᠳᠠᠯᠵᠤ᠂ ᠡᠷᠴᠢᠮᠲᠡᠢ | ᠰᠤᠷᠭᠠᠮᠵᠢ ᠠᠪᠤᠭᠤᠯᠵᠤ᠂ ᠳᠦᠷᠢᠮ ᠢ ᠲᠡᠭᠦᠯᠳᠡᠷᠵᠢᠭᠦᠯᠦᠨ᠂ ᠲᠣᠭᠲᠠᠴᠠ ᠶᠢ ᠨᠢ ᠪᠦᠷᠢᠨᠰᠢᠭᠦᠯᠵᠦ᠂ ᠠᠳᠠᠯᠢᠪᠲᠤᠷ | ᠠᠯᠳᠠᠰᠢ ᠳᠠᠭᠢᠵᠤ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠠᠯᠠᠷᠠᠭᠤᠯᠭᠠᠬᠰᠠᠳ ᠵᠠᠯᠠᠷᠠᠭᠤᠯᠤᠯᠲᠠ ᠪᠠᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠣᠨᠴᠠᠭᠠᠢ ᠪᠠᠶᠢᠳᠠᠯ ᠠᠴᠠ ᠪᠣᠯᠵᠤ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠳᠤ ᠬᠦᠴᠢᠷᠲᠡᠢ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠣᠬᠢᠬᠤ | ᠬᠡᠮᠵᠢᠶ᠎ᠡ ᠪᠠᠷ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃ | ᠠᠷᠪᠠᠨ ᠳᠣᠯᠣᠳᠤᠭᠠᠷ ᠵᠦᠢᠯ ᠵᠣᠬᠢᠰᠲᠠᠢ ᠠᠷᠭ᠎ᠠ ᠮᠠᠶ᠋ᠢᠭ ᠠᠪᠴᠤ᠂ ᠠᠯᠳᠠᠰᠢ ᠵᠠᠯᠠᠷᠠᠭᠤᠯᠤᠭᠰᠠᠨ | ᠡᠲᠡᠭᠡᠳ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠣᠶᠢᠯᠠᠭᠠᠬᠤ ᠬᠡᠷᠡᠭᠲᠡᠢ᠃ ᠠᠳᠠᠯᠢ | ᠲᠥᠷᠥᠯ ᠤᠨ ᠠᠰᠠᠭᠤᠳᠠᠯ ᠣᠯᠠᠨᠲᠠ ᠭᠠᠷᠤᠭᠰᠠᠨ ᠪᠤᠶᠤ ᠠᠳᠠᠯᠢ ᠨᠢᠭᠡᠨ ᠬᠦᠷᠢᠶᠡᠨ ᠳᠤ ᠲᠥᠪᠯᠡᠷᠡᠵᠦ ᠭᠠᠷᠤᠭᠰᠠᠨ | ᠠᠮᠠᠷᠬᠠᠨ ᠠᠯᠳᠠᠰᠢ ᠪᠠᠶᠢᠳᠠᠯ ᠳᠤ ᠴᠢᠭᠯᠡᠭᠦᠯᠦᠨ ᠰᠤᠳᠤᠯᠤᠨ ᠵᠠᠳᠠᠯᠵᠤ᠂ ᠠᠮᠠᠷᠬᠠᠨ ᠪᠤᠷᠤᠭᠤᠳᠠᠬᠤ ᠲᠦᠭᠰᠢᠭᠦᠷᠢ ᠶᠢᠨ | ᠴᠡᠭ ᠪᠠ ᠠᠰᠠᠭᠤᠳᠠᠯ ᠤᠨ ᠵᠠᠩᠭᠢᠯᠠᠭ᠎ᠠ ᠶᠢ ᠡᠷᠢᠵᠦ ᠣᠯᠬᠤ ᠶᠢᠨ ᠬᠠᠮᠲᠤ ᠰᠡᠷᠡᠮᠵᠢᠯᠡᠭᠦᠯᠦᠨ ᠰᠠᠨᠠᠭᠤᠯᠵᠤ᠂ | ᠠᠳᠠᠯᠢᠪᠲᠤᠷ ᠠᠯᠳᠠᠰᠢ ᠪᠠ ᠠᠰᠠᠭᠤᠳᠠᠯ ᠳᠠᠭᠢᠨ ᠳᠠᠪᠲᠠᠨ ᠭᠠᠷᠬᠤ ᠶᠢ ᠰᠡᠷᠭᠡᠶᠢᠯᠡᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠳᠤ ᠵᠥᠪ ᠢᠶᠠᠷ ᠬᠠᠨᠳᠤᠵᠤ᠂ | ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠶᠠᠪᠤᠴᠠ ᠳᠤ ᠪᠠᠶᠢᠴᠠᠭᠠᠭᠰᠠᠨ ᠨᠢ ᠦᠨᠡᠨ ᠪᠣᠳᠠᠲᠠᠢ ᠪᠤᠰᠤ᠂ | ᠪᠠᠶᠢᠴᠠᠭᠠᠭᠰᠠᠨ ᠪᠣᠳᠠᠲᠠᠢ ᠪᠠᠷᠢᠮᠲᠠ ᠦᠭᠡᠢ ᠪᠤᠶᠤ ᠦᠨᠡᠮᠰᠢᠭᠦᠯᠦᠭᠡᠳ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ | ᠨᠢ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠪᠣᠯ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠴᠢ ᠳᠤ | ᠦᠷ᠎ᠡ ᠳ᠋ᠦᠩ ᠢ ᠨᠢ ᠬᠠᠷᠢᠭᠤ ᠲᠤᠰᠬᠠᠬᠤ ᠬᠡᠷᠡᠭᠲᠡᠢ︔ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠰᠡᠨ ᠪᠠᠶᠢᠪᠠᠯ | ᠵᠣᠬᠢᠬᠤ ᠬᠡᠮᠵᠢᠶᠡᠨ ᠳᠤ ᠪᠠᠶᠢᠳᠠᠯ ᠢ ᠲᠣᠳᠣᠷᠬᠠᠶᠢᠯᠠᠵᠤ᠃ ᠪᠠᠶᠢᠴᠠᠭᠠᠨ ᠪᠠᠶᠢᠴᠠᠭᠠᠬᠤ ᠪᠠᠷ ᠳᠠᠮᠵᠢᠨ ᠮᠠᠭᠤ | ᠰᠠᠨᠠᠭ᠎ᠠ ᠲᠠᠢ ᠪᠠᠷ ᠰᠢᠷᠬᠠᠲᠤᠭᠰᠠᠨ᠂ ᠭᠦᠳᠬᠡᠨ ᠭᠦᠵᠢᠷᠯᠡᠭᠰᠡᠨ ᠵᠢᠴᠢ ᠮᠠᠭᠤ ᠰᠠᠨᠠᠭ᠎ᠠ ᠲᠠᠢ ᠪᠠᠷ ᠤᠬᠠᠭᠠᠯᠠᠭᠰᠠᠨ ᠪᠠ | ᠭᠦᠳᠬᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ ᠴᠠᠭ ᠲᠤᠬᠠᠢ ᠳᠤᠨᠢ ᠵᠣᠬᠢᠰᠲᠠᠢ ᠠᠷᠭ᠎ᠠ ᠮᠠᠶ᠋ᠢᠭ ᠢᠶᠠᠷ | ᠳᠠᠮᠵᠢᠭᠤᠯᠤᠨ ᠵᠣᠬᠢᠬᠤ ᠬᠡᠪᠴᠢᠶᠡᠨ ᠳᠤ ᠲᠡᠳᠡᠨ ᠤ ᠵᠥᠪ ᠨᠡᠷ᠎ᠡ ᠶᠢ ᠲᠣᠳᠣᠷᠬᠠᠶᠢᠯᠠᠨ ᠥᠭᠴᠦ᠂ ᠡᠰᠡᠷᠭᠦ ᠲᠠᠯ᠎ᠠ ᠶᠢᠨ | ᠨᠥᠯᠥᠭᠡ ᠶᠢ ᠨᠢ ᠠᠷᠢᠯᠭᠠᠵᠤ᠂ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠠᠳᠠᠯ ᠦᠢᠯᠡᠰ ᠪᠣᠰᠬᠠᠬᠤ | ᠺᠠᠳ᠋ᠷᠴᠤᠳ ᠤᠨ ᠲᠦᠰᠢᠭ ᠲᠤᠯᠭᠠᠭᠤᠷᠢ ᠬᠦᠴᠦᠨ ᠪᠣᠯᠭᠠᠨ᠎ᠠ᠃ | ᠠᠷᠪᠠ ᠶᠢᠰᠦᠳᠦᠭᠡᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | 2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ | | | | |