| | ᠮᠠᠲ᠋ᠧᠷᠢᠶᠠᠯ ᠤᠨ ᠳ᠋ᠤᠭᠠᠷ᠄ 111529210117654554/2024-014000 | ᠨᠡᠶᠢᠲᠡᠯᠡᠭᠰᠡᠨ ᠪᠠᠶᠢᠭᠤᠯᠤᠮᠵᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ | ᠠᠩᠭᠢᠯᠠᠯ᠄ ᠲᠥᠷᠥ ᠶᠢᠨ ᠪᠣᠳᠣᠯᠭ᠎ᠠ ᠬᠠᠤᠯᠢ ᠳᠦᠷᠢᠮ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠣᠶᠣᠯ ᠪᠠ ᠵᠢᠭᠤᠯᠴᠢᠯᠠᠯ ᠤᠨ | ᠲᠢᠩᠬᠢᠮ ︵ᠲᠣᠪᠴᠢᠶ᠎ᠠ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ︵ | ᠲᠣᠪᠴᠢᠶ᠎ᠠ︶᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︵ᠵᠥᠪᠯᠡᠯ᠂ ᠬᠠᠮᠢᠶᠠᠷᠤᠯᠲᠠ ᠶᠢᠨ | ᠵᠥᠪᠯᠡᠯ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︵ᠵᠥᠪᠯᠡᠯ︶᠂ ᠲᠠᠷᠢᠶᠠᠯᠠᠩ ᠬᠥᠳᠡᠭᠡ ᠲᠣᠰᠬᠤᠨ ︵ | ᠲᠠᠷᠢᠶᠠᠯᠠᠩ ᠮᠠᠯ ᠠᠵᠤ ᠠᠬᠤᠢ︶ ᠶᠢᠨ ᠲᠢᠩᠬᠢᠮ ︵ᠲᠣᠪᠴᠢᠶ᠎ᠠ᠂ ᠵᠥᠪᠯᠡᠯ︶᠂ ᠪᠠᠴᠢᠮ ᠪᠠᠶᠢᠳᠠᠯ ᠢ ᠲᠦᠷᠭᠡᠨ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠭᠠᠯ ᠲᠦᠢᠮᠡᠷ ᠢ ᠤᠨᠲᠠᠷᠠᠭᠠᠬᠤ ᠠᠪᠤᠷᠠᠨ ᠲᠤᠰᠠᠯᠠᠬᠤ | ᠶᠡᠷᠦᠩᠬᠡᠢ ᠠᠩᠭᠢ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ | ᠪᠡᠶ᠎ᠡ ᠶᠢᠨ ᠲᠠᠮᠢᠷ ᠷᠠᠳᠢᠣ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠂ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠳᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠰᠢ | ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ | ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠴᠢᠮᠲᠡᠢ | ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠣᠷᠢᠯᠭ᠎ᠠ ᠪᠠᠷ᠂ ᠰᠣᠶᠣᠯ ᠪᠠ | ᠵᠢᠭᠤᠯᠴᠢᠯᠠᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ | ᠲᠣᠭᠲᠠᠭᠠᠵᠤ᠂ ᠡᠳᠦᠭᠡ ᠲᠠᠨᠠᠷ ᠲᠤ ᠬᠡᠪᠯᠡᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠣᠨᠴᠠᠭᠠᠶᠢᠯᠠᠨ ᠮᠡᠳᠡᠭᠳᠡᠪᠡ᠃ | ᠰᠣᠶᠣᠯ ᠪᠠ ᠵᠢᠭᠤᠯᠴᠢᠯᠠᠯ ᠤᠨ ᠶᠠᠮᠤᠨ ᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠡᠯᠲᠡᠰ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠠᠮ ᠬᠠᠷᠢᠯᠴᠠᠭᠠᠨ ᠤ | ᠵᠥᠭᠡᠭᠡᠪᠦᠷᠢ ᠶᠢᠨ ᠭᠠᠵᠠᠷ | ᠲᠠᠷᠢᠶᠠᠯᠠᠩ ᠬᠥᠳᠡᠭᠡ ᠲᠣᠰᠬᠤᠨ ᠤ ᠭᠠᠵᠠᠷ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ | ᠬᠠᠮᠢᠶᠠᠷᠤᠯᠲᠠ ᠶᠢᠨ ᠭᠠᠵᠠᠷ | ᠤᠯᠤᠰ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ | 2024 ᠣᠨ ᠤ 6 ᠳ᠋ᠤᠭᠠᠷ ᠰᠠᠷ᠎ᠠ ᠶᠢᠨ 19 ᠤ ᠡᠳᠦᠷ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠵᠢᠯᠤᠭᠤᠳᠬᠤ ᠰᠠᠨᠠᠯ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠪᠣᠯ ᠣᠳᠣᠬᠢᠴᠢᠯᠠᠭᠰᠠᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠭᠤᠯᠭ᠎ᠠ ᠪᠠᠶᠢᠵᠤ᠂ ᠥᠷᠭᠡᠨ ᠣᠯᠠᠨ | ᠵᠢᠭᠤᠯᠴᠢᠳ ᠤᠨ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ | ᠬᠡᠪᠯᠡᠨ ᠲᠠᠷᠬᠠᠭᠠᠭᠰᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ | ᠳᠠᠷᠠᠭᠠᠬᠢ ᠬᠡᠳᠦᠨ ᠲᠠᠯ᠎ᠠ ᠪᠠᠷ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ | ᠡᠷᠴᠢᠮᠲᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ | ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠦᠨᠳᠦᠰᠦᠨ | ᠵᠢᠷᠤᠮᠯᠠᠯ ᠪᠤᠯᠭᠠᠵᠤ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠬᠥᠭᠵᠢᠯᠲᠡ ᠶᠢᠨ ᠣᠨᠣᠯᠵᠢᠬᠤᠨ ᠢ | ᠦᠢᠯᠡᠳᠦᠯᠭᠡᠵᠢᠭᠦᠯᠦᠨ᠂ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ | ᠂ ᠴᠢᠬᠤᠯᠠ ᠶᠡᠭᠡ ᠲᠥᠷᠥᠯ ᠵᠦᠢᠯ ᠢᠶᠠᠷ ᠭᠠᠷᠳᠠᠴᠠ ᠪᠤᠯᠭᠠᠵᠤ᠂ ᠭᠤᠣᠯᠳᠠᠯᠭ᠎ᠠ ᠲᠠᠢ ᠭᠠᠵᠠᠷ ᠣᠷᠣᠨ᠂ | ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ | ᠬᠦᠴᠦᠨ ᠢᠶᠠᠨ ᠲᠥᠪᠯᠡᠷᠡᠭᠦᠯᠦᠨ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠠᠬᠢ | ᠬᠦᠷᠦᠯᠴᠡᠬᠦ ᠦᠭᠡᠢ ᠲᠠᠯ᠎ᠠ ᠪᠠ ᠪᠠᠭᠤᠷᠠᠢ ᠵᠦᠢᠯ ᠢ ᠰᠢᠢᠳᠪᠦᠷᠢᠯᠡᠵᠦ᠂ ᠪᠠᠲᠤᠯᠠᠭ᠎ᠠ ᠶᠢᠨ ᠴᠢᠳᠠᠪᠤᠷᠢ ᠪᠠᠨ | ᠯᠠᠪᠳᠠᠭᠤᠨ ᠢᠶᠠᠷ ᠳᠡᠭᠡᠭᠰᠢᠯᠡᠭᠦᠯᠦᠨ᠂ ᠬᠠᠩᠭᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠵᠢᠭᠤᠯᠴᠢᠯᠠᠯ ᠤᠨ | ᠦᠢᠯᠡᠰ ᠤᠨ ᠴᠢᠨᠠᠷ ᠴᠢᠨᠰᠠᠭ᠎ᠠ ᠶᠢᠨ ᠬᠥᠭᠵᠢᠯᠲᠡ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ | ᠦᠭᠡᠢ ᠬᠠᠩᠭᠠᠨ᠎ᠠ᠃ | 3 ᠠᠴᠠ 5 ᠵᠢᠯ ᠤᠨ ᠬᠤᠭᠤᠴᠠᠭ᠎ᠠ ᠶᠢ ᠠᠰᠢᠭᠯᠠᠵᠤ᠂ ᠪᠦᠲᠦᠴᠡ ᠨᠢ ᠪᠦᠷᠢᠨ ᠲᠡᠭᠦᠯᠳᠡᠷ᠂ ᠪᠠᠷᠢᠮᠵᠢᠶ᠎ᠠ ᠨᠢ | ᠪᠦᠷᠢᠨ ᠲᠡᠭᠦᠯᠳᠡᠷ᠂ ᠠᠵᠢᠯᠯᠠᠭᠠᠨ ᠨᠢ ᠤᠷᠤᠭᠰᠢᠲᠠᠢ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠯᠦᠭᠡ ᠬᠠᠷᠢᠯᠴᠠᠨ ᠲᠣᠬᠢᠷᠠᠯᠴᠠᠭᠰᠠᠨ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ ᠢᠯᠡᠳᠲᠡ ᠥᠷᠭᠡᠳᠬᠡᠨ᠂ ᠦᠢᠯᠡᠴᠢᠯᠡᠭᠡᠨ ᠤ | ᠬᠦᠴᠦᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠪᠠᠭᠤᠷᠠᠢ ᠬᠦᠷᠢᠶ᠎ᠡ᠂ ᠣᠷᠭᠢᠯ ᠤᠨ ᠴᠠᠭ ᠪᠠ ᠣᠨᠴᠠᠭᠠᠢ | ᠬᠥᠮᠥᠰ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠢᠯᠡᠷᠬᠡᠢ ᠨᠡᠮᠡᠭᠳᠡᠭᠦᠯᠦᠨ᠂ ᠠᠷᠠᠳ ᠣᠯᠠᠨ ᠤ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠳᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠢᠯᠡᠷᠬᠡᠢ | ᠳᠡᠭᠡᠭᠰᠢᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠵᠢᠭᠤᠯᠴᠢᠯᠠᠯ ᠤᠨ ᠣᠯᠠᠨ ᠨᠡᠶᠢᠲᠡ ᠶᠢᠨ ᠮᠡᠳᠡᠭᠡᠯᠡᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ | 1. ᠰᠦᠯᠵᠢᠶᠡᠨ ᠭᠠᠳᠠᠨᠠᠬᠢ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠎ᠡ᠃ ᠵᠢᠭᠤᠯᠴᠢᠯᠠᠯ ᠤᠨ ᠯᠠᠪᠯᠠᠯᠭ᠎ᠠ ᠶᠢᠨ ᠦᠢᠯᠡᠴᠢᠯᠡᠭᠡᠨ ᠢ ᠥᠷᠭᠡᠳᠬᠡᠬᠦ ᠢᠨᠵᠧᠨᠧᠷᠢᠩ ᠢ | ᠬᠡᠷᠡᠭᠵᠢᠭᠦᠯᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠪᠠᠷᠢᠮᠵᠢᠶ᠎ᠠ ᠶᠢ | ᠲᠣᠭᠲᠠᠭᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠣᠷᠣᠨ ᠪᠠᠶᠢᠷᠢ ᠶᠢ ᠤᠯᠠᠮ ᠲᠣᠳᠣᠷᠬᠠᠶᠢᠯᠠᠵᠤ᠂ | ᠮᠡᠳᠡᠭᠡᠯᠡᠯ ᠤᠨ ᠯᠠᠪᠯᠠᠯᠭ᠎ᠠ᠂ ᠤᠬᠠᠭᠤᠯᠤᠨ ᠳᠡᠯᠭᠡᠨ ᠦᠵᠡᠭᠦᠯᠭᠦ᠂ ᠵᠠᠭᠠᠯᠳᠤᠬᠤ᠂ ᠠᠷᠠᠳ ᠲᠤ ᠳᠥᠭᠦᠮ ᠦᠵᠡᠭᠦᠯᠭᠦ | ᠵᠡᠷᠭᠡ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠨᠢᠭᠡᠨᠲᠡ ᠪᠠᠶᠢᠭ᠎ᠠ ᠪᠡᠯᠡᠳᠬᠡᠮᠵᠢ ᠶᠢ ᠳᠡᠭᠡᠭᠰᠢᠯᠡᠭᠦᠯᠭᠦ | ᠪᠠ ᠥᠭᠡᠷᠡᠴᠢᠯᠡᠬᠦ ᠪᠠᠷ ᠭᠤᠣᠯ ᠪᠣᠯᠭᠠᠨ᠂ ᠬᠠᠷᠢᠯᠴᠠᠨ ᠬᠥᠳᠡᠯᠦᠯᠴᠡᠬᠦ ᠴᠢᠨᠠᠷ ᠢᠶᠠᠷ ᠴᠢᠩᠭ᠎ᠠ᠂ ᠪᠠᠶᠠᠳᠠᠨ ᠣᠶᠢᠯᠠᠭᠠᠬᠤ | ᠰᠡᠳᠬᠢᠯᠭᠡ ᠪᠠᠷ ᠰᠠᠶᠢᠨ᠂ ᠭᠤᠣᠯ ᠵᠣᠴᠢᠳ ᠤᠨ ᠬᠠᠮᠲᠤᠪᠠᠷ ᠡᠳ᠋ᠯᠡᠬᠦ ᠨᠢᠭᠡ ᠪᠦᠯᠦᠭ ᠰᠢᠨ᠎ᠡ ᠮᠠᠶ᠋ᠢᠭ ᠤᠨ | ᠵᠢᠭᠤᠯᠴᠢᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠲᠥᠪ ᠪᠠ | ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠮᠡᠳᠡᠭᠡᠯᠡᠯ ᠤᠨ ᠦᠢᠯᠡᠴᠢᠯᠡᠭᠡᠨ ᠢ ᠨᠢᠰᠬᠡᠯ ᠤᠨ ᠪᠠᠭᠤᠳᠠᠯ᠂ | ᠲᠡᠷᠭᠡᠨ ᠥᠷᠲᠡᠭᠡ᠂ ᠭᠠᠷᠠᠮ᠂ ᠳᠡᠭᠡᠳᠦ ᠬᠤᠷᠳᠤᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ | ᠣᠷᠣᠭᠤᠯᠬᠤ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠤ ᠪᠠᠭᠤᠳᠠᠯ ᠤᠨ | ᠲᠣᠮᠣ ᠲᠠᠩᠬᠢᠮ᠂ ᠳᠥᠭᠦᠮ ᠦᠵᠡᠭᠦᠯᠭᠦ ᠳᠡᠯᠭᠡᠭᠦᠷ᠂ ᠲᠡᠷᠭᠡ ᠲᠦᠷᠢᠶᠡᠰᠦᠯᠡᠬᠦ ᠴᠢᠭ ᠵᠡᠷᠭᠡ ᠳᠤ ᠵᠢᠭᠤᠯᠴᠢᠯᠠᠯ ᠤᠨ | ᠮᠡᠳᠡᠭᠡᠯᠡᠯ ᠤᠨ ᠯᠠᠪᠯᠠᠯᠭ᠎ᠠ ᠶᠢᠨ ᠴᠢᠭ ᠪᠠᠶᠢᠭᠤᠯᠬᠤ ᠶᠢ ᠵᠣᠷᠢᠭᠵᠢᠭᠤᠯᠤᠨ᠎ᠠ᠃ | 2. ᠴᠠᠬᠢᠮ ᠵᠢᠭᠤᠯᠴᠢᠯᠠᠯ ᠤᠨ ᠣᠯᠠᠨ ᠨᠡᠶᠢᠲᠡ ᠶᠢᠨ ᠮᠡᠳᠡᠭᠡᠯᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ | ᠣᠶᠤᠨᠴᠢ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠵᠣᠷᠢᠭᠰᠠᠨ ᠭᠠᠵᠠᠷ ᠤᠨ ᠵᠠᠰᠠᠭ ᠤᠨ | ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠪᠦᠭᠦ ᠲᠠᠯ᠎ᠠ ᠶᠢᠨ᠂ ᠮᠡᠳᠡᠭᠡ ᠵᠠᠩᠭᠢ ᠨᠢ ᠣᠨᠣᠪᠴᠢᠲᠠᠢ᠂ | ᠴᠠᠭ ᠲᠤᠬᠠᠢ ᠳᠤᠨᠢ ᠰᠢᠨᠡᠳᠬᠡᠬᠦ᠂ ᠪᠠᠶᠢᠴᠠᠭᠠᠨ ᠯᠠᠪᠯᠠᠬᠤ ᠳᠤ ᠳᠥᠭᠦᠮ ᠣᠶᠤᠨᠴᠢ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠳᠡᠮᠵᠢᠵᠦ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠠᠯᠪᠠᠨ ᠤ | ᠲᠠᠯ᠎ᠠ ᠶᠢᠨ ᠲᠠᠪᠴᠠᠩ᠂ ᠵᠢᠵᠢᠭ ᠳᠡᠰ ᠳᠠᠷᠠᠭᠠᠯᠠᠯ ᠳᠤ ᠵᠢᠭᠤᠯᠴᠢᠯᠠᠯ ᠤᠨ ᠮᠡᠳᠡᠭᠡᠯᠡᠯ ᠤᠨ ᠯᠠᠪᠯᠠᠯᠭ᠎ᠠ ᠶᠢᠨ ᠲᠤᠰᠬᠠᠢ | ᠪᠤᠯᠤᠩ ᠵᠣᠬᠢᠴᠠᠭᠤᠯᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠥᠮᠥᠨ ᠤ ᠬᠦᠴᠦᠨ ᠤ ᠣᠶᠤᠨᠴᠢ ᠮᠡᠷᠭᠡᠵᠢᠯ ᠢ | ᠭᠦᠢᠴᠡᠳ ᠬᠡᠷᠡᠭᠯᠡᠬᠦ ᠶᠢ ᠠᠬᠢᠭᠤᠯᠵᠤ᠂ ᠵᠢᠭᠤᠯᠴᠢᠯᠠᠯ ᠤᠨ ᠣᠯᠠᠨ ᠨᠡᠶᠢᠲᠡ ᠶᠢᠨ ᠮᠡᠳᠡᠭᠡᠯᠡᠯ ᠤᠨ ᠣᠶᠤᠨᠴᠢ ᠠᠰᠠᠭᠤᠨ | ᠯᠠᠪᠯᠠᠬᠤ ᠦᠢᠯᠡᠴᠢᠯᠡᠭᠡ ᠶᠢ ᠢᠳᠡᠪᠬᠢᠲᠡᠢ ᠰᠦᠪᠡᠭᠴᠢᠯᠡᠨ᠎ᠡ᠃ | 3. ᠵᠢᠭᠤᠯᠴᠢᠯᠠᠯ ᠤᠨ ᠣᠯᠠᠨ ᠨᠡᠶᠢᠲᠡ ᠶᠢᠨ ᠮᠡᠳᠡᠭᠡᠯᠡᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠴᠢᠩᠭᠠᠳᠬᠠᠨ᠎ᠠ᠃ ᠮᠤᠵᠢ ᠬᠤᠲᠠ ᠰᠤᠮᠤ ᠪᠠᠯᠭᠠᠰᠤᠨ ᠤ ᠬᠤᠭᠤᠷᠣᠨᠳᠣᠭᠢ ᠵᠢᠭᠤᠯᠴᠢᠯᠠᠯ ᠤᠨ ᠣᠯᠠᠨ | ᠨᠡᠶᠢᠲᠡ ᠶᠢᠨ ᠮᠡᠳᠡᠭᠡᠯᠡᠯ ᠤᠨ ᠦᠢᠯᠡᠴᠢᠯᠡᠭᠡᠨ ᠤ ᠭᠤᠯᠳᠤ ᠪᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠮᠡᠳᠡᠭᠡ ᠵᠠᠩᠭᠢ ᠴᠤᠭᠯᠠᠭᠤᠯᠬᠤ᠂ ᠳᠡᠭᠡᠭᠰᠢ ᠳᠠᠮᠵᠢᠭᠤᠯᠬᠤ᠂ ᠨᠡᠶᠢᠲᠡᠯᠡᠬᠦ ᠲᠣᠭᠲᠠᠴᠠ ᠶᠢ ᠪᠦᠷᠢᠨᠰᠢᠭᠦᠯᠦᠨ᠎ᠡ᠃ | ᠰᠣᠶᠣᠯ ᠪᠠ ᠵᠢᠭᠤᠯᠴᠢᠯᠠᠯ ᠬᠢᠭᠡᠳ ᠵᠠᠮ ᠬᠠᠷᠢᠯᠴᠠᠭ᠎ᠠ ᠲᠡᠭᠡᠭᠡᠪᠦᠷᠢ᠂ ᠴᠠᠭ ᠠᠭᠤᠷ᠂ ᠪᠡᠶ᠎ᠡ ᠶᠢᠨ ᠲᠠᠮᠢᠷ᠂ ᠤᠰᠤᠨ | ᠠᠰᠢᠭᠯᠠᠯᠲᠠ᠂ ᠡᠨᠧᠷᠭᠢ᠂ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ᠂ ᠭᠠᠯ ᠲᠦᠢᠮᠡᠷ ᠢ | ᠤᠨᠲᠠᠷᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠠᠯᠤᠰᠯᠠᠭᠰᠠᠨ᠂ ᠠᠵᠢᠯ | ᠲᠥᠷᠥᠯ ᠠᠯᠤᠰᠯᠠᠭᠰᠠᠨ ᠣᠯᠠᠨ ᠨᠡᠶᠢᠲᠡ ᠶᠢᠨ ᠮᠡᠳᠡᠭᠡᠯᠡᠯ ᠤᠨ ᠲᠤᠭ᠎ᠠ ᠪᠠᠷᠢᠮᠲᠠ ᠶᠢ ᠬᠠᠮᠲᠤᠪᠠᠷ ᠭᠦᠷᠲᠡᠭᠦ ᠶᠢ | ᠲᠦᠯᠬᠢᠨ ᠠᠬᠢᠭᠤᠯᠵᠤ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠵᠠᠮ ᠤᠨ ᠪᠠᠶᠢᠳᠠᠯ᠂ ᠦᠵᠡᠮᠵᠢ ᠶᠢᠨ ᠣᠷᠣᠨ ᠤ | ᠠᠶᠠᠨᠴᠢᠳ ᠤᠨ ᠤᠷᠤᠰᠬᠠᠯ ᠢ ᠰᠡᠷᠡᠮᠵᠢᠯᠡᠭᠦᠯᠭᠦ᠂ ᠴᠠᠭ ᠠᠭᠤᠷ ᠤᠨ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠭᠦ᠂ | ᠭᠠᠮᠰᠢᠭ ᠢ ᠰᠡᠷᠡᠮᠵᠢᠯᠡᠭᠦᠯᠭᠦ᠂ ᠭᠠᠮᠰᠢᠭ ᠬᠥᠨᠥᠭᠡᠯ ᠢ ᠰᠡᠷᠡᠮᠵᠢᠯᠡᠭᠦᠯᠭᠦ᠂ ᠴᠢᠬᠤᠯᠠ ᠪᠠᠶᠠᠷ ᠳᠤᠷᠠᠰᠬᠠᠯ ᠤᠨ | ᠤᠷᠤᠯᠳᠤᠭᠠᠨ᠂ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠢ ᠬᠢᠭᠡᠳ ᠠᠵᠢᠯ ᠡᠷᠬᠢᠯᠡᠭᠰᠡᠳ ᠤᠨ ᠢᠲᠡᠭᠡᠮᠵᠢ ᠶᠢᠨ | ᠪᠠᠶᠢᠳᠠᠯ ᠪᠠ ᠦᠢᠯᠡᠴᠢᠯᠡᠭᠡᠨ ᠤ ᠶᠠᠰᠤ ᠴᠢᠨᠠᠷ ᠵᠡᠷᠭᠡ ᠵᠢᠭᠤᠯᠴᠢᠯᠠᠯ ᠤᠨ ᠣᠯᠠᠨ ᠨᠡᠶᠢᠲᠡ ᠶᠢᠨ ᠴᠢᠬᠤᠯᠠ ᠮᠡᠳᠡᠭᠡ | ᠵᠠᠩᠭᠢ ᠶᠢ ᠨᠡᠶᠢᠲᠡᠯᠡᠬᠦ ᠶᠢ ᠴᠢᠩᠭᠠᠷᠠᠭᠤᠯᠵᠤ᠂ ᠤᠷᠢᠳᠴᠢᠯᠠᠨ ᠮᠡᠳᠡᠭᠡᠯᠡᠵᠦ᠂ ᠴᠠᠭ ᠲᠤᠬᠠᠢ ᠳᠤᠨᠢ ᠰᠡᠷᠡᠮᠵᠢᠯᠡᠨ | ᠰᠡᠷᠡᠮᠵᠢᠯᠡᠭᠦᠯᠵᠦ᠂ ᠣᠯᠠᠨ ᠲᠦᠮᠡᠨ ᠤ ᠬᠦᠴᠢᠷ ᠠᠰᠠᠭᠤᠳᠠᠯ ᠭᠠᠷᠬᠤ ᠶᠢ ᠰᠢᠨᠵᠢᠯᠡᠬᠦ ᠤᠬᠠᠭᠠᠨᠴᠢ ᠪᠠᠷ ᠬᠥᠲᠥᠯᠥᠨ | ᠵᠢᠯᠤᠭᠤᠳᠬᠤ ᠬᠡᠷᠡᠭᠲᠡᠢ᠃ | ︵ᠬᠤᠶᠠᠷ︶ ᠵᠢᠭᠤᠯᠴᠢᠯᠠᠯ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢ | ᠲᠡᠭᠦᠯᠳᠡᠷᠵᠢᠭᠦᠯᠦᠨ᠎ᠡ | 4. ᠵᠢᠭᠤᠯᠴᠢᠯᠠᠯ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠭᠤᠣᠯ ᠵᠠᠮ ᠬᠢᠭᠡᠳ A ᠳᠡᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ᠂ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ᠂ ᠭᠤᠶᠣ ᠰᠠᠶᠢᠬᠠᠨ | ᠰᠡᠯᠡᠭᠦᠴᠡᠯ ᠤᠨ ᠰᠢᠶᠠᠩ ᠲᠣᠰᠬᠤᠨ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠯ ᠤᠨ | ᠣᠷᠣᠨ᠂ ᠤᠯᠠᠭᠠᠨ ᠳᠡᠰ ᠠᠴᠠ ᠳᠡᠭᠡᠭᠰᠢᠬᠢ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠬᠤᠭᠤᠷᠣᠨᠳᠣᠭᠢ | ᠬᠤᠯᠪᠣᠬᠤ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠥᠬᠦᠴᠡᠯ ᠪᠦᠬᠦᠢ ᠭᠠᠵᠠᠷ ᠣᠷᠣᠨ ᠢ | ᠳᠡᠮᠵᠢᠵᠦ ᠪᠠᠶᠢᠭᠠᠳ ᠭᠤᠣᠯ ᠵᠢᠭᠤᠯᠴᠢᠯᠠᠯ ᠤᠨ ᠣᠷᠣᠨ ︵ᠴᠡᠭ︶ ᠢ ᠬᠤᠯᠪᠣᠭᠰᠠᠨ ᠵᠢᠭᠤᠯᠴᠢᠯᠠᠯ ᠤᠨ ᠵᠠᠮ | ᠬᠠᠷᠢᠯᠴᠠᠭᠠᠨ ᠤ ᠴᠠᠭᠠᠷᠢᠭ ᠱᠤᠭᠤᠮ ᠪᠤᠯᠭᠠᠬᠤ ᠬᠡᠷᠡᠭᠲᠡᠢ᠃ ᠡᠯ᠎ᠡ ᠭᠠᠵᠠᠷ ᠤᠨ ᠬᠢᠨ ᠤ ᠲᠤᠰ ᠲᠤᠰ ᠤᠨ | ᠣᠨᠴᠠᠯᠢᠭ ᠲᠠᠢ᠂ ᠴᠢᠳᠠᠮᠵᠢ ᠨᠢ ᠪᠦᠷᠢᠨ ᠲᠡᠭᠦᠯᠳᠡᠷ ᠨᠢᠭᠡ ᠪᠦᠯᠦᠭ ᠳᠤᠭᠤᠢ ᠲᠡᠷᠭᠡᠨ ᠤ ᠵᠠᠮ᠂ ᠶᠠᠪᠠᠭᠠᠨ ᠵᠠᠮ ᠵᠡᠷᠭᠡ | ᠵᠢᠭᠤᠯᠴᠢᠯᠠᠯ ᠤᠨ ᠨᠣᠭᠤᠭᠠᠨ ᠵᠠᠮ ᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ᠵᠢᠭᠤᠯᠴᠢᠯᠠᠯ ᠤᠨ ᠠᠶᠠᠯᠠᠯ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠨᠢᠭᠡ ᠪᠦᠯᠦᠭ | ᠵᠢᠭᠤᠯᠴᠢᠯᠠᠯ ᠤᠨ ᠵᠠᠰᠠᠮᠠᠯ ᠵᠠᠮ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠵᠢᠭᠤᠯᠴᠢᠯᠠᠯ ᠤᠨ ᠦᠵᠡᠮᠵᠢ ᠶᠢᠨ | ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠵᠢᠭᠤᠯᠴᠢᠯᠠᠯ ᠤᠨ ᠦᠵᠡᠮᠵᠢ ᠶᠢᠨ ᠵᠠᠮ ᠤᠨ ᠪᠠᠷᠢᠮᠵᠢᠶ᠎ᠠ ᠶᠢ | ᠲᠣᠭᠲᠠᠭᠠᠵᠤ᠂ ᠠᠮᠤᠷ ᠲᠦᠪᠰᠢᠨ ᠢᠶᠠᠷ ᠨᠡᠪᠲᠡᠷᠡᠬᠦ ᠶᠢ ᠪᠠᠲᠤᠯᠠᠭᠰᠠᠨ ᠤᠷᠢᠳᠠᠯ ᠳᠣᠣᠷ᠎ᠠ ᠨᠢᠭᠡ ᠪᠦᠯᠦᠭ ᠢᠵᠢ | ᠪᠦᠷᠢᠳᠦᠭᠰᠡᠨ ᠦᠢᠯᠡᠴᠢᠯᠡᠭᠡ ᠰᠠᠶᠢᠨ᠂ ᠵᠠᠮ ᠦᠵᠡᠮᠵᠢ ᠰᠠᠶᠢᠬᠠᠨ᠂ ᠰᠣᠶᠣᠯ ᠤᠨ ᠣᠨᠴᠠᠯᠢᠭ ᠢᠯᠡ ᠲᠣᠳᠣ | ᠤᠯᠤᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠤᠨ᠎ᠠ᠃ ᠵᠢᠭᠤᠯᠴᠢᠯᠠᠯ ᠤᠨ ᠲᠡᠮᠳᠡᠭ ᠫᠠᠶᠢᠰᠠ | ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠷᠭᠢᠨ ᠲᠣᠭᠤᠷᠢᠨ ᠤ ᠵᠢᠭᠤᠯᠴᠢᠯᠠᠯ ᠤᠨ ᠡᠬᠢ ᠪᠠᠶᠠᠯᠢᠭ ᠲᠠᠢ | ᠤᠶᠠᠯᠳᠤᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠣᠬᠢᠬᠤ | ᠵᠢᠭᠤᠯᠴᠢᠯᠠᠯ ᠢ ᠬᠥᠲᠥᠯᠥᠨ ᠵᠢᠯᠤᠭᠤᠳᠬᠤ ᠲᠡᠮᠳᠡᠭ ᠤᠨ ᠫᠠᠶᠢᠰᠠ ᠲᠣᠬᠢᠷᠠᠭᠤᠯᠵᠤ᠂ ᠢᠯᠭᠠᠬᠤ ᠲᠡᠮᠳᠡᠭ ᠤᠨ | ᠵᠢᠷᠤᠮᠵᠢᠲᠤ ᠴᠢᠨᠠᠷ᠂ ᠢᠯᠭᠠᠨ ᠲᠠᠨᠢᠬᠤ ᠬᠡᠮᠵᠢᠶ᠎ᠡ ᠪᠠ ᠰᠣᠶᠣᠯ ᠤᠨ ᠠᠭᠤᠯᠤᠭᠳᠠᠬᠤᠨ ᠢ ᠦᠨᠡᠨᠬᠦ ᠳᠡᠭᠡᠭᠰᠢᠯᠡᠭᠦᠯᠵᠦ᠂ | ᠡᠯ᠎ᠡ ᠭᠠᠵᠠᠷ ᠤᠨ ᠣᠶᠤᠨᠴᠢᠯᠠᠭᠰᠠᠨ ᠵᠢᠭᠤᠯᠴᠢᠯᠠᠯ ᠤᠨ ᠢᠯᠭᠠᠬᠤ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠬᠠᠶᠢᠨ | ᠰᠦᠪᠡᠭᠴᠢᠯᠡᠬᠦ ᠶᠢ ᠳᠡᠮᠵᠢᠨ᠎ᠡ᠃ ᠳᠡᠭᠡᠳᠦ ᠬᠤᠷᠳᠤᠨ ᠤ ᠵᠠᠰᠠᠮᠠᠯ ᠵᠠᠮ ᠪᠤᠶᠤ ᠬᠤᠲᠠ ᠶᠢᠨ ᠲᠦᠷᠭᠡᠨ ᠬᠤᠷᠳᠤ ᠶᠢᠨ | ᠵᠠᠮ ᠳᠤ 4A ᠳᠡᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ | ᠵᠢᠯᠤᠭᠤᠳᠬᠤ ᠲᠡᠮᠳᠡᠭ ᠪᠠᠶᠢᠷᠢᠯᠠᠭᠤᠯᠬᠤ ᠶᠢ ᠵᠣᠷᠢᠭᠵᠢᠭᠤᠯᠵᠤ᠂ ᠡᠩ ᠤᠨ ᠮᠤᠵᠢ ᠶᠢᠨ ᠭᠤᠣᠯ ᠱᠤᠭᠤᠮ ᠤᠨ ᠵᠠᠰᠠᠮᠠᠯ | ᠵᠠᠮ᠂ ᠬᠥᠳᠡᠭᠡ ᠲᠣᠰᠬᠤᠨ ᠤ ᠵᠠᠰᠠᠮᠠᠯ ᠵᠠᠮ᠂ ᠬᠤᠲᠠ ᠶᠢᠨ ᠵᠠᠮ ᠳᠤ 3A ᠳᠡᠰ ᠵᠢᠴᠢ ᠲᠡᠭᠦᠨ ᠠᠴᠠ ᠳᠡᠭᠡᠭᠰᠢᠬᠢ | ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠵᠢᠯᠤᠭᠤᠳᠬᠤ ᠲᠡᠮᠳᠡᠭ ᠲᠣᠬᠢᠷᠠᠭᠤᠯᠤᠨ᠎ᠠ᠃ | 5. ᠵᠢᠭᠤᠯᠴᠢᠯᠠᠯ ᠤᠨ ᠵᠠᠮ ᠬᠠᠷᠢᠯᠴᠠᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ | ᠲᠥᠪᠯᠡᠷᠡᠭᠦᠯᠦᠨ ᠲᠠᠷᠬᠠᠭᠠᠬᠤ ᠲᠥᠪ ᠢ ᠥᠭᠡᠷᠡᠴᠢᠯᠡᠨ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠬᠦ ᠶᠢ | ᠠᠬᠢᠭᠤᠯᠤᠨ᠎ᠠ᠃ ᠨᠢᠰᠬᠡᠯ ᠤᠨ ᠪᠠᠭᠤᠳᠠᠯ᠂ ᠳᠡᠭᠡᠳᠦ ᠬᠤᠷᠳᠤ ᠶᠢᠨ ᠲᠡᠮᠦᠷ ᠵᠠᠮ ᠤᠨ ᠥᠷᠲᠡᠭᠡ᠂ ᠠᠶᠠᠨᠴᠢᠳ ᠤᠨ | ᠲᠡᠭᠡᠭᠡᠪᠦᠷᠢ ᠶᠢᠨ ᠲᠣᠮᠣ ᠭᠡᠯᠪᠡᠷᠢ ᠶᠢᠨ ᠭᠠᠷᠠᠮ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ | ᠵᠡᠷᠭᠡ ᠵᠠᠮ ᠬᠠᠷᠢᠯᠴᠠᠭᠠᠨ ᠤ ᠭᠤᠣᠯ ᠵᠠᠩᠭᠢᠯᠠᠭ᠎ᠠ ᠳᠤ ᠲᠦᠰᠢᠭᠯᠡᠨ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ | ᠨᠢᠭᠡ ᠪᠦᠯᠦᠭ ᠲᠥᠪ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ ᠵᠢᠭᠤᠯᠴᠢᠯᠠᠯ ᠤᠨ ᠲᠥᠪᠯᠡᠷᠡᠭᠦᠯᠦᠨ | ᠲᠠᠷᠬᠠᠭᠠᠬᠤ ᠲᠥᠪ ᠤᠨ ᠵᠢᠭᠤᠯᠴᠢᠳ ᠲᠤ ᠲᠡᠷᠭᠡ ᠰᠣᠯᠢᠬᠤ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ | ᠲᠤᠰᠬᠠᠢ ᠱᠤᠭᠤᠮ᠂ ᠲᠣᠰᠴᠤ ᠠᠪᠬᠤ ᠪᠠ ᠬᠦᠷᠭᠡᠬᠦ᠂ ᠬᠤᠯᠪᠤᠭᠠᠯᠠᠨ ᠲᠡᠭᠡᠭᠡᠪᠦᠷᠢᠯᠡᠬᠦ᠂ ᠠᠶᠠᠨᠴᠢᠳ ᠤᠨ | ᠲᠡᠭᠡᠭᠡᠪᠦᠷᠢ ᠶᠢᠨ ᠲᠤᠰᠬᠠᠢ ᠠᠩᠭᠢ᠂ ᠮᠠᠰᠢᠨ ᠲᠡᠷᠭᠡ ᠲᠦᠷᠢᠶᠡᠰᠦᠯᠡᠬᠦ᠂ ᠪᠢᠯᠧᠲ ᠤᠨ ᠶᠠᠪᠤᠳᠠᠯ ᠢ ᠣᠷᠣᠯᠠᠨ | ᠭᠦᠢᠴᠡᠳᠬᠡᠬᠦ᠂ ᠮᠡᠳᠡᠭᠡᠯᠡᠯ ᠤᠨ ᠯᠠᠪᠯᠠᠯᠭ᠎ᠠ᠂ ᠰᠣᠶᠣᠯ ᠤᠨ ᠳᠡᠯᠭᠡᠨ ᠦᠵᠡᠭᠦᠯᠭᠦ ᠵᠡᠷᠭᠡ ᠴᠢᠳᠠᠮᠵᠢ ᠶᠢ | ᠲᠡᠭᠦᠯᠳᠡᠷᠵᠢᠭᠦᠯᠦᠨ᠎ᠡ᠃ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ | ᠦᠢᠯᠡᠴᠢᠯᠡᠭᠡ ᠶᠢ ᠥᠷᠭᠡᠳᠬᠡᠨ᠎ᠡ᠃ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠰᠦᠯᠵᠢᠶᠡᠨ | ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ | ᠠᠬᠢᠭᠤᠯᠤᠨ᠎ᠠ᠃ ᠡᠯ᠎ᠡ ᠭᠠᠵᠠᠷ ᠤᠨ ᠬᠢᠨ ᠤ ᠵᠢᠭᠤᠯᠴᠢᠯᠠᠯ ᠤᠨ ᠣᠷᠣᠨ ︵ᠴᠡᠭ︶ ᠳᠤ ᠦᠢᠯᠡᠴᠢᠯᠡᠬᠦ ᠨᠢᠭᠡ ᠪᠦᠯᠦᠭ | ᠵᠢᠭᠤᠯᠴᠢᠯᠠᠯ ᠤᠨ ᠲᠡᠷᠭᠡᠨ ᠵᠣᠭᠰᠣᠭᠠᠯ ᠪᠠᠶᠢᠭᠤᠯᠬᠤ ᠶᠢ ᠵᠣᠷᠢᠭᠵᠢᠭᠤᠯᠵᠤ᠂ ᠠᠮᠢ ᠠᠬᠤᠢ ᠶᠢᠨ ᠲᠡᠷᠭᠡ ᠵᠣᠬᠰᠣᠬᠤ | ᠲᠠᠯᠠᠪᠤᠷ ᠪᠠ ᠪᠣᠰᠤᠭ᠎ᠠ ᠴᠣᠭᠴᠠᠲᠤ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠤᠨ᠂ ᠲᠡᠷᠭᠡᠨ ᠵᠣᠭᠰᠣᠭᠠᠯ ᠤᠨ ᠴᠠᠭᠢᠯᠭᠠᠨ ᠴᠡᠨᠡᠭᠯᠡᠬᠦ ᠪᠠᠭᠠᠨ᠎ᠠ ᠵᠡᠷᠭᠡ ᠰᠢᠨ᠎ᠡ ᠡᠨᠧᠷᠭᠢ ᠶᠢᠨ | ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠡᠷᠭᠡᠨ ᠵᠣᠭᠰᠣᠭᠠᠯ ᠤᠨ ᠣᠶᠤᠨᠴᠢᠯᠠᠭᠰᠠᠨ ᠲᠡᠷᠭᠡᠨ | ᠵᠣᠭᠰᠣᠭᠠᠯ ᠤᠨ ᠦᠢᠯᠡᠴᠢᠯᠡᠭᠡ ᠶᠢ ᠰᠦᠪᠡᠭᠴᠢᠯᠡᠨ ᠳᠡᠯᠭᠡᠷᠡᠭᠦᠯᠦᠨ᠎ᠡ᠃ ᠡᠯ᠎ᠡ ᠭᠠᠵᠠᠷ ᠤᠨ ᠵᠢᠭᠤᠯᠴᠢᠯᠠᠯ ᠤᠨ | ᠣᠷᠭᠢᠯ ᠤᠨ ᠬᠤᠭᠤᠴᠠᠭᠠᠨ ᠳᠤ ᠵᠢᠭᠤᠯᠴᠢᠳ ᠲᠤ ᠬᠠᠨᠳᠤᠭᠤᠯᠤᠨ ᠥᠪᠡᠷ ᠢᠶᠠᠨ ᠲᠡᠷᠭᠡ ᠵᠢᠯᠤᠭᠤᠳᠬᠤ ᠪᠠ | ᠵᠢᠭᠤᠯᠴᠢᠯᠠᠯ ᠤᠨ ᠲᠣᠮᠣ ᠰᠠᠭᠤᠳᠠᠯ ᠤᠨ ᠮᠠᠰᠢᠨ ᠲᠡᠷᠭᠡ ᠨᠡᠮᠡᠵᠦ ᠲᠣᠬᠢᠷᠠᠭᠤᠯᠤᠨ᠂ ᠲᠦᠷ ᠵᠣᠬᠰᠣᠬᠤ ᠨᠡᠩ ᠣᠯᠠᠨ | ᠭᠠᠵᠠᠷ ᠲᠣᠬᠢᠷᠠᠭᠤᠯᠤᠨ᠎ᠠ᠃ ᠳᠡᠭᠡᠳᠦ ᠬᠤᠷᠳᠤᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠰᠣᠶᠣᠯ ᠪᠠ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠵᠦ᠂ ᠨᠢᠭᠡ ᠪᠦᠯᠦᠭ | ᠣᠨᠴᠠᠯᠢᠭᠲᠤ ᠭᠤᠣᠯ ᠰᠡᠳᠦᠪᠲᠦ ᠦᠢᠯᠡᠴᠢᠯᠡᠭᠡᠨ ᠤ ᠲᠣᠭᠤᠷᠢᠭ ᠢ ᠪᠦᠷᠢᠯᠳᠦᠭᠦᠯᠦᠨ᠎ᠡ᠃ ᠤᠯᠤᠰ ᠪᠠ ᠮᠤᠵᠢ ᠶᠢᠨ | ᠨᠥᠬᠦᠴᠡᠯ ᠲᠠᠢ ᠭᠤᠣᠯ ᠱᠤᠭᠤᠮ ᠤᠨ ᠵᠠᠰᠠᠮᠠᠯ ᠵᠠᠮ ᠤᠨ ᠵᠠᠮ ᠬᠠᠷᠢᠯᠴᠠᠭ᠎ᠠ ᠶᠢᠨ ᠠᠮᠤᠷ ᠲᠦᠪᠰᠢᠨ ᠰᠠᠭᠠᠳ ᠦᠭᠡᠢ | ᠨᠡᠪᠲᠡᠷᠡᠬᠦ ᠶᠢ ᠪᠠᠲᠤᠯᠠᠭᠰᠠᠨ ᠤᠷᠢᠳᠠᠯ ᠳᠣᠣᠷ᠎ᠠ᠂ ᠵᠢᠭᠤᠯᠴᠢᠯᠠᠯ ᠤᠨ ᠥᠷᠲᠡᠭᠡ᠂ ᠦᠵᠡᠮᠵᠢ ᠰᠣᠨᠢᠷᠬᠠᠬᠤ ᠲᠠᠪᠴᠠᠩ᠂ | ᠥᠪᠡᠷ ᠢᠶᠠᠨ ᠲᠡᠷᠭᠡ ᠵᠢᠯᠤᠭᠤᠳᠴᠤ ᠵᠢᠭᠤᠯᠴᠢᠯᠠᠨ ᠬᠤᠨᠣᠭᠯᠠᠬᠤ ᠲᠡᠷᠭᠡ ᠶᠢᠨ ᠬᠤᠸᠠᠷᠠᠨ᠂ ᠵᠣᠷᠯᠣᠩ ᠵᠡᠷᠭᠡ | ᠦᠢᠯᠡᠴᠢᠯᠡᠭᠡᠨ ᠤ ᠪᠡᠯᠡᠳᠬᠡᠮᠵᠢ ᠶᠢ ᠨᠡᠮᠡᠵᠦ ᠪᠠᠶᠢᠭᠤᠯᠤᠨ᠎ᠠ᠃ | 6. ᠵᠢᠭᠤᠯᠴᠢᠯᠠᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠢ ᠰᠢᠯᠢᠳᠡᠭᠵᠢᠭᠦᠯᠦᠨ᠎ᠡ᠃ | ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠶᠢᠨ ᠭᠠᠯᠲᠤ ᠲᠡᠷᠭᠡᠨ ᠤ ᠡᠭᠡᠯᠵᠢ ᠶᠢᠨ ᠤᠳᠠᠭ᠎ᠠ ᠶᠢ ᠰᠢᠯᠢᠳᠡᠭᠵᠢᠭᠦᠯᠦᠨ | ᠲᠣᠬᠢᠷᠠᠭᠤᠯᠵᠤ᠂ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠪᠠ ᠵᠢᠭᠤᠯᠴᠢᠯᠠᠯ ᠤᠨ ᠵᠣᠷᠢᠭᠰᠠᠨ ᠭᠠᠵᠠᠷ ᠤᠨ | ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠡᠮᠡᠵᠦ᠂ ᠵᠢᠭᠤᠯᠴᠢᠯᠠᠯ ᠤᠨ ᠬᠤᠲᠠ ᠪᠠ ᠭᠤᠣᠯ ᠪᠤᠯᠬᠤ | ᠠᠶᠠᠨᠴᠢᠳ ᠤᠨ ᠢᠷᠡᠯᠲᠡ ᠶᠢᠨ ᠭᠠᠵᠠᠷ ᠤᠨ ᠬᠤᠭᠤᠷᠣᠨᠳᠣᠭᠢ ᠠᠶᠠᠯᠠᠯ ᠤᠨ ᠱᠤᠭᠤᠮ ᠤᠨ ᠡᠭᠡᠯᠵᠢ ᠶᠢᠨ ᠨᠢᠰᠬᠡᠯ ᠢ | ᠨᠡᠮᠡᠭᠳᠡᠭᠦᠯᠵᠦ᠂ ᠵᠢᠭᠤᠯᠴᠢᠯᠠᠯ ᠤᠨ ᠬᠥᠭᠵᠢᠶᠡᠨ ᠲᠠᠢ ᠤᠯᠠᠷᠢᠯ ᠤᠨ ᠨᠢᠰᠬᠡᠯ ᠤᠨ ᠲᠣᠬᠢᠷᠠᠭᠤᠯᠤᠯᠲᠠ ᠶᠢ ᠨᠡᠮᠡᠭᠳᠡᠭᠦᠯᠵᠦ᠂ | ᠨᠥᠬᠦᠴᠡᠯ ᠲᠠᠢ ᠭᠠᠵᠠᠷ ᠣᠷᠣᠨ ᠤ ᠴᠢᠬᠤᠯᠠ ᠵᠢᠭᠤᠯᠴᠢᠯᠠᠯ ᠤᠨ ᠣᠷᠣᠨ ︵ᠴᠢᠭ︶ ᠤᠨ ᠰᠢᠭᠤᠳ ᠨᠡᠪᠲᠡᠷᠡᠬᠦ | ᠲᠡᠷᠭᠡ ᠪᠠ ᠵᠢᠭᠤᠯᠴᠢᠯᠠᠯ ᠤᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ ᠱᠤᠭᠤᠮ ᠢ ᠨᠡᠮᠡᠵᠦ ᠨᠡᠭᠡᠭᠡᠬᠦ ᠶᠢ | ᠵᠣᠷᠢᠭᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠲᠤ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ | ᠴᠢᠭ ᠢ ᠨᠡᠮᠡᠵᠦ ᠭᠠᠷᠭᠠᠨ᠎ᠠ᠃ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠦᠢᠯᠡᠴᠢᠯᠡᠭᠡᠨ ᠤ ᠰᠢᠰᠲ᠋ᠧᠮ ᠢ | ᠪᠣᠯᠪᠠᠰᠤᠷᠠᠩᠭᠤᠢ ᠪᠣᠯᠭᠠᠨ᠎ᠠ᠃ ᠵᠢᠭᠤᠯᠴᠢᠯᠠᠯ ᠤᠨ ᠵᠠᠮ ᠬᠠᠷᠢᠯᠴᠠᠭᠠᠨ ᠤ ᠬᠤᠯᠪᠤᠭᠠᠯᠠᠨ ᠲᠡᠭᠡᠭᠡᠪᠦᠷᠢᠯᠡᠬᠦ ᠶᠢ | ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠳᠤ ᠲᠤᠬᠠᠢ ᠶᠢᠨ | ᠭᠠᠵᠠᠷ ᠤᠨ ᠰᠣᠶᠣᠯ ᠤᠨ ᠣᠨᠴᠠᠯᠢᠭ ᠲᠠᠢ᠂ ᠣᠶᠢᠯᠠᠭᠠᠮᠵᠢ ᠴᠢᠩᠭ᠎ᠠ ᠵᠢᠭᠤᠯᠴᠢᠯᠠᠯ ᠤᠨ ᠨᠡᠶᠢᠲᠡ ᠶᠢᠨ ᠮᠠᠰᠢᠨ | ᠲᠡᠷᠭᠡ ᠶᠢ ᠨᠡᠪᠲᠡᠷᠡᠭᠦᠯᠬᠦ ᠶᠢ ᠳᠡᠮᠵᠢᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠤᠰᠤᠨ ᠵᠠᠮ ᠤᠨ | ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ ᠰᠣᠳᠣᠨ ᠠᠶᠠᠯᠠᠯ ᠤᠨ ᠱᠤᠭᠤᠮ ᠤᠨ ᠪᠦᠲᠦᠭᠡᠨ ᠪᠠᠶᠢᠭᠤᠯᠤᠯᠲᠠ | ᠪᠣᠯᠣᠨ ᠬᠥᠭᠵᠢᠯᠲᠡ ᠶᠢ ᠳᠡᠮᠵᠢᠨ᠎ᠡ᠃ ᠵᠠᠮ ᠬᠠᠷᠢᠯᠴᠠᠭᠠᠨ ᠤ ᠬᠠᠮᠢᠶᠠᠷᠤᠯᠲᠠ ᠪᠠ ᠣᠶᠤᠨᠲᠤ ᠵᠠᠮ ᠬᠠᠷᠢᠯᠴᠠᠭᠠᠨ ᠤ | ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠵᠢᠭᠤᠯᠴᠢᠯᠠᠯ ᠤᠨ ᠣᠷᠭᠢᠯ ᠤᠨ ᠬᠤᠭᠤᠴᠠᠭᠠᠨ ᠳᠤ ᠲᠦᠭᠵᠢᠷᠡᠬᠦ | ᠠᠰᠠᠭᠤᠳᠠᠯ ᠢ ᠨᠠᠮᠳᠠᠭᠤᠯᠤᠨ᠎ᠠ᠃ | ︵ᠭᠤᠷᠪᠠ︶ ᠵᠢᠭᠤᠯᠴᠢᠯᠠᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ | ᠦᠢᠯᠡᠴᠢᠯᠡᠭᠡᠨ ᠢ ᠴᠢᠩᠭᠠᠷᠠᠭᠤᠯᠤᠨ᠎ᠠ | 7. ᠵᠢᠭᠤᠯᠴᠢᠯᠠᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠤ ᠵᠢᠭᠤᠯᠴᠢᠯᠠᠯ ᠤᠨ ᠪᠠᠴᠢᠮ ᠪᠠᠶᠢᠳᠠᠯ ᠢ ᠲᠦᠷᠭᠡᠨ | ᠠᠷᠭᠠᠴᠠᠭᠠᠬᠤ ᠬᠠᠮᠢᠶᠠᠷᠤᠯᠲᠠ ᠶᠢ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠳ ᠬᠠᠮᠲᠤᠷᠠᠨ | ᠬᠥᠳᠡᠯᠦᠯᠴᠡᠭᠰᠡᠨ ᠵᠢᠭᠤᠯᠴᠢᠯᠠᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠲᠤᠰᠠᠯᠠᠬᠤ ᠲᠣᠭᠲᠠᠴᠠ ᠶᠢ ᠪᠦᠷᠢᠨᠰᠢᠭᠦᠯᠦᠨ᠂ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠢ ᠶᠢᠨ ᠠᠮᠤᠷ ᠲᠦᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠪᠠᠴᠢᠮ ᠪᠠᠶᠢᠳᠠᠯ ᠢ ᠲᠦᠷᠭᠡᠨ | ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ᠂ ᠵᠢᠭᠤᠯᠴᠢᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ | ᠲᠣᠭᠲᠠᠴᠠ ᠶᠢ ᠪᠠᠶᠢᠭᠤᠯᠵᠤ᠂ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠲᠦᠷᠭᠡᠨ ᠠᠷᠭᠠᠴᠠᠵᠤ ᠬᠠᠮᠲᠤᠷᠠᠨ | ᠬᠥᠳᠡᠯᠦᠯᠴᠡᠬᠦ ᠶᠢ ᠴᠢᠩᠭᠠᠷᠠᠭᠤᠯᠬᠤ ᠬᠡᠷᠡᠭᠲᠡᠢ᠃ ᠵᠢᠭᠤᠯᠴᠢᠯᠠᠯ ᠤᠨ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ | ᠲᠠᠯ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ | 8. ᠵᠢᠭᠤᠯᠴᠢᠯᠠᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠶᠢᠨ ᠠᠪᠤᠷᠠᠨ ᠲᠤᠰᠠᠯᠠᠬᠤ ᠪᠡᠯᠡᠳᠬᠡᠮᠵᠢ | ᠲᠥᠬᠦᠭᠡᠷᠦᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠵᠢᠭᠤᠯᠴᠢᠯᠠᠯ ᠤᠨ ᠣᠷᠣᠨ ︵ᠴᠡᠭ︶ ᠨᠢ ᠪᠠᠴᠢᠮ | ᠪᠠᠶᠢᠳᠠᠯ ᠢ ᠲᠦᠷᠭᠡᠨ ᠠᠷᠭᠠᠴᠠᠨ ᠠᠪᠤᠷᠠᠨ ᠲᠤᠰᠠᠯᠠᠵᠤ ᠰᠡᠷᠡᠮᠵᠢᠯᠡᠭᠦᠯᠭᠦ ᠲᠥᠬᠦᠭᠡᠷᠦᠮᠵᠢ ᠵᠣᠬᠢᠴᠠᠭᠤᠯᠬᠤ ᠶᠢ ᠲᠦᠯᠬᠢᠨ | ᠠᠬᠢᠭᠤᠯᠵᠤ᠂ ᠠᠶᠦᠯᠭᠦᠢ ᠶᠢᠨ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠭᠠᠯ | ᠲᠦᠢᠮᠡᠷ ᠢ ᠤᠨᠲᠠᠷᠠᠭᠠᠬᠤ ᠲᠡᠷᠭᠡᠨ ᠵᠠᠮ᠂ ᠠᠶᠠᠨᠳᠠᠭᠠᠨ ᠤᠰᠤ ᠰᠦᠷᠴᠢᠨ ᠭᠠᠯ ᠲᠦᠢᠮᠡᠷ ᠢ ᠤᠨᠲᠠᠷᠠᠭᠠᠬᠤ ᠰᠢᠰᠲ᠋ᠧᠮ᠂ | ᠭᠠᠯ ᠲᠦᠢᠮᠡᠷ ᠢ ᠤᠨᠲᠠᠷᠠᠭᠠᠭᠤᠯ᠂ ᠭᠠᠯ ᠲᠦᠢᠮᠡᠷ ᠢ ᠤᠨᠲᠠᠷᠠᠭᠠᠬᠤ ᠤᠰᠤᠨ ᠰᠤᠷᠪᠤᠯᠵᠢ ᠵᠡᠷᠭᠡ ᠭᠠᠯ ᠲᠦᠢᠮᠡᠷ ᠢ | ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠲᠡᠢ᠃ | ᠵᠢᠭᠤᠯᠴᠢᠯᠠᠭᠴᠢᠳ ᠲᠥᠪᠯᠡᠷᠡᠭᠰᠡᠨ ᠵᠢᠭᠤᠯᠴᠢᠯᠠᠯ ᠤᠨ ᠣᠷᠣᠨ ︵ᠴᠢᠭ︶ ᠲᠤ ᠡᠮᠴᠢᠯᠡᠭᠡᠨ ᠤ ᠠᠪᠤᠷᠠᠨ ᠲᠤᠰᠠᠯᠠᠬᠤ | ᠥᠷᠲᠡᠭᠡ᠂ ᠪᠠᠴᠢᠮ ᠠᠪᠤᠷᠠᠯᠲᠠ ᠶᠢᠨ ᠴᠢᠭ ᠪᠠᠶᠢᠷᠢᠯᠠᠭᠤᠯᠬᠤ ᠶᠢ ᠲᠦᠯᠬᠢᠨ ᠠᠬᠢᠭᠤᠯᠵᠤ᠂ ᠨᠥᠬᠦᠴᠡᠯ ᠲᠠᠢ ᠭᠠᠵᠠᠷ | ᠣᠷᠣᠨ ᠳᠤ ᠪᠠᠴᠢᠮ ᠠᠪᠤᠷᠠᠯᠲᠠ ᠶᠢᠨ ᠬᠠᠶᠢᠷᠴᠠᠭ᠂ ᠪᠡᠶ᠎ᠡ ᠶᠢᠨ ᠭᠠᠳᠠᠨ᠎ᠠ ᠠᠴᠠ ᠴᠡᠴᠡᠷᠡᠬᠦ ᠶᠢ ᠴᠡᠭᠴᠡᠯᠡᠬᠦ ᠠᠦ᠋ᠲ᠋ᠣ | ᠪᠠᠭᠠᠵᠢ ︵AED︶᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠨᠢᠭᠡ ᠴᠣᠭᠴᠠᠲᠤ ᠮᠠᠰᠢᠨ | ᠵᠡᠷᠭᠡ ᠪᠠᠴᠢᠮ ᠠᠪᠤᠷᠠᠯᠲᠠ ᠶᠢᠨ ᠲᠥᠬᠦᠭᠡᠷᠦᠮᠵᠢ ᠵᠣᠬᠢᠴᠠᠭᠤᠯᠬᠤ ᠬᠡᠷᠡᠭᠲᠡᠢ᠃ ᠥᠨᠳᠦᠷᠯᠢᠭ ᠤᠨ ᠬᠦᠴᠢᠯᠲᠥ᠋ᠷᠥᠭᠴᠢ | ᠲᠤᠲᠠᠭᠳᠠᠵᠤ ᠪᠠᠶᠢᠭ᠎ᠠ ᠭᠠᠵᠠᠷ ᠣᠷᠣᠨ ᠤ ᠵᠢᠭᠤᠯᠴᠢᠯᠠᠯ ᠤᠨ ᠣᠷᠣᠨ ︵ᠴᠡᠭ︶᠂ ᠵᠣᠴᠢᠳ ᠤᠨ ᠪᠠᠭᠤᠳᠠᠯ | ᠪᠠᠭᠤᠳᠠᠯ ᠳᠤ ᠬᠦᠴᠢᠯᠲᠥ᠋ᠷᠥᠭᠴᠢ ᠬᠠᠩᠭᠠᠬᠤ ᠪᠡᠯᠡᠳᠬᠡᠮᠵᠢ ᠵᠣᠬᠢᠴᠠᠭᠤᠯᠬᠤ ᠶᠢ ᠲᠦᠯᠬᠢᠨ ᠠᠬᠢᠭᠤᠯᠤᠨ᠎ᠠ᠃ A | ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠶᠢᠷ᠎ᠠ ᠬᠠᠪᠢ ᠳᠤᠨᠢ ᠰᠤᠮᠤ ᠪᠠᠯᠭᠠᠰᠤᠨ ᠤ ᠱᠠᠲᠤᠨ ᠠᠴᠠ | ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠲᠠᠢ ᠬᠠᠨᠳᠤᠯᠭ᠎ᠠ ᠲᠠᠢ ᠪᠠᠷ ᠬᠠᠮᠵᠢᠯᠴᠠᠨ ᠠᠪᠤᠷᠠᠨ ᠲᠤᠰᠠᠯᠠᠬᠤ | ᠲᠣᠭᠲᠠᠴᠠ ᠪᠠᠶᠢᠭᠤᠯᠬᠤ ᠶᠢ ᠵᠢᠯᠤᠭᠤᠳᠴᠤ᠂ ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠡᠮᠴᠢᠯᠡᠭᠡᠨ ᠤ ᠲᠦᠷᠭᠡᠨ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 9. ᠵᠢᠭᠤᠯᠴᠢᠯᠠᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠳᠤ ᠨᠡᠶᠢᠭᠡᠮ ᠤᠨ | ᠣᠷᠤᠯᠴᠠᠬᠤ ᠵᠢᠨᠡᠮᠡᠭᠳᠡᠭᠰᠡᠨ ᠪᠠᠶᠢᠬᠤ︔ ᠡᠯ᠎ᠡ ᠭᠠᠵᠠᠷ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ | ᠵᠢᠭᠤᠯᠴᠢᠯᠠᠯ ᠤᠨ ᠬᠤᠷᠢᠶ᠎ᠠ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠵᠤ | ᠠᠪᠤᠷᠠᠨ ᠲᠤᠰᠠᠯᠠᠬᠤ ᠦᠢᠯᠡᠴᠢᠯᠡᠭᠡᠨ ᠤ ᠴᠢᠳᠠᠮᠵᠢ ᠶᠢ ᠰᠠᠶᠢᠲᠤᠷ ᠬᠡᠷᠡᠭᠯᠡᠵᠦ᠂ ᠵᠢᠭᠤᠯᠴᠢᠯᠠᠭᠴᠢᠳ ᠢ ᠵᠣᠷᠢᠭᠵᠢᠭᠤᠯᠤᠨ | ᠨᠡᠮᠡᠯᠲᠡ ᠠᠪᠤᠷᠠᠨ ᠲᠤᠰᠠᠯᠠᠬᠤ ᠦᠢᠯᠡᠴᠢᠯᠡᠭᠡ ᠶᠢᠨ ᠵᠢᠭᠤᠯᠴᠢᠯᠠᠯ ᠤᠨ ᠰᠠᠨᠠᠭᠠᠨ ᠳᠤ ᠦᠭᠡᠢ ᠳᠠᠭᠠᠳᠬᠠᠯ ᠬᠤᠳᠠᠯᠳᠤᠨ | ᠠᠪᠤᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠤ ᠵᠢᠭᠤᠯᠴᠢᠯᠠᠯ ᠤᠨ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠢ ᠥᠷᠭᠡᠨ ᠳᠡᠯᠭᠡᠷ ᠥᠷᠨᠢᠭᠦᠯᠬᠦ ᠶᠢ ᠳᠡᠮᠵᠢᠵᠦ᠂ ᠵᠢᠭᠤᠯᠴᠢᠯᠠᠯ ᠤᠨ ᠠᠮᠤᠷ ᠲᠦᠪᠰᠢᠨ ᠬᠢᠭᠡᠳ ᠪᠠᠴᠢᠮ | ᠪᠠᠶᠢᠳᠠᠯ ᠢ ᠲᠦᠷᠭᠡᠨ ᠠᠷᠭᠠᠴᠠᠭᠠᠬᠤ ᠮᠡᠳᠡᠯᠭᠡ ᠶᠢᠨ ᠬᠥᠮᠦᠵᠢᠯ ᠢ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠣᠯᠣᠨ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ | ᠠᠭᠤᠯᠭ᠎ᠠ ᠳᠤ ᠣᠷᠣᠭᠤᠯᠵᠤ᠂ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠦᠵᠡᠯ ᠤᠬᠠᠮᠰᠠᠷ | ᠪᠣᠯᠣᠨ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠳᠥᠷᠪᠡ︶ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠠᠷᠠᠳ ᠲᠤ ᠳᠥᠭᠦᠮ ᠦᠵᠡᠭᠦᠯᠭᠦ | ᠦᠢᠯᠡᠴᠢᠯᠡᠭᠡ ᠶᠢ ᠴᠢᠩᠭᠠᠳᠬᠠᠨ᠎ᠠ | 10. ᠣᠯᠠᠨ ᠭᠡᠯᠪᠡᠷᠢ ᠮᠠᠶ᠋ᠢᠭ ᠤᠨ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠠᠷᠠᠳ ᠲᠤ ᠳᠥᠭᠦᠮ | ᠦᠵᠡᠭᠦᠯᠭᠦ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠤ ᠵᠢᠭᠤᠯᠴᠢᠯᠠᠯ ᠤᠨ ᠬᠡᠷᠡᠭᠯᠡᠭᠡᠨ ᠢᠶᠠᠷ | ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠢᠳᠡᠪᠬᠢᠲᠡᠢ ᠪᠠᠷ ᠰᠦᠪᠡᠭᠴᠢᠯᠡᠵᠦ᠂ | ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠦᠲᠦᠮᠵᠢᠲᠡᠢ ᠢᠯᠭᠠᠷᠠᠭᠤᠯᠬᠤ ᠶᠢ ᠵᠣᠷᠢᠭᠵᠢᠭᠤᠯᠤᠨ᠎ᠠ᠃ ᠡᠯ᠎ᠡ | ᠭᠠᠵᠠᠷ ᠤᠨ ᠬᠢᠨ ᠬᠠᠮᠲᠤᠷᠠᠨ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠡᠷᠭᠢᠯᠡᠭᠦ ᠶᠢ | ᠵᠣᠷᠢᠭᠵᠢᠭᠤᠯᠵᠤ᠂ ᠬᠠᠮᠲᠤᠷᠠᠨ ᠵᠢᠭᠤᠯᠴᠢᠯᠠᠯ ᠤᠨ ᠬᠡᠷᠡᠭᠯᠡᠭᠡᠨ ᠤ ᠨᠢᠭᠡ ᠺᠠᠷᠲ ᠢᠶᠠᠷ ᠭᠦᠢᠯᠭᠡᠭᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠨ᠂ ᠵᠢᠭᠤᠯᠴᠢᠯᠠᠭᠴᠢᠳ ᠤᠨ ᠣᠷᠣᠨ ᠪᠦᠰᠡ ᠠᠯᠤᠰᠯᠠᠨ ᠰᠢᠯᠵᠢᠯᠲᠡ ᠬᠢᠬᠦ ᠶᠢ ᠠᠬᠢᠭᠤᠯᠤᠨ᠎ᠠ᠃ | ᠵᠢᠭᠤᠯᠴᠢᠯᠠᠯ ᠤᠨ ᠮᠡᠳᠡᠯᠭᠡ ᠶᠢᠨ ᠨᠡᠶᠢᠲᠡ ᠶᠢᠨ ᠠᠰᠠᠷᠠᠮᠵᠢ ᠶᠢᠨ ᠰᠤᠷᠭᠠᠨ ᠬᠥᠮᠦᠵᠢᠯ ᠢ ᠥᠷᠭᠡᠨ ᠳᠡᠯᠭᠡᠷ ᠥᠷᠨᠢᠭᠦᠯᠵᠦ | ᠂ ᠵᠢᠭᠤᠯᠴᠢᠯᠠᠯ ᠤᠨ ᠮᠡᠳᠡᠯᠭᠡ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠲᠤ | ᠣᠷᠣᠭᠤᠯᠬᠤ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠰᠢᠢᠳᠪᠦᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠰᠢᠯᠢᠳᠡᠭᠵᠢᠭᠦᠯᠵᠦ᠂ | ᠵᠢᠭᠤᠯᠴᠢᠯᠠᠭᠴᠢᠳ ᠤᠨ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠨ᠎ᠠ᠃ ᠵᠢᠭᠤᠯᠴᠢᠯᠠᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠵᠢᠭᠤᠯᠴᠢᠯᠠᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠬᠠᠮᠢᠶᠠᠷᠤᠯᠲᠠ ᠪᠠ ᠤᠷᠮᠠᠰᠢᠭᠤᠯᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠡᠯ᠎ᠡ | ᠭᠠᠵᠠᠷ ᠤᠨ ᠬᠢᠨ ᠤ ᠪᠠᠶ᠋ᠢᠩᠭᠤᠵᠢᠭᠤᠯᠤᠨ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ | ᠬᠥᠲᠥᠯᠥᠨ ᠵᠢᠯᠣᠭᠤᠳᠤᠨ᠎ᠠ᠃ | 11. ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠠᠷᠠᠳ ᠲᠤ ᠳᠥᠭᠦᠮ ᠦᠵᠡᠭᠦᠯᠭᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠨᠠᠰᠤᠲᠠᠶᠢᠴᠤᠳ᠂ | ᠨᠠᠰᠤᠨ ᠳᠤ ᠦᠯᠦ ᠭᠦᠷᠦᠭᠰᠡᠳ᠂ ᠵᠢᠷᠮᠦᠰᠦᠨ ᠨᠢᠯᠬ᠎ᠠ᠂ ᠵᠡᠮᠳᠡᠭ ᠬᠥᠮᠥᠨ ᠵᠡᠷᠭᠡ ᠬᠥᠮᠥᠰ ᠤᠨ ᠬᠡᠷᠡᠭᠴᠡᠭᠡ | ᠱᠠᠭᠠᠷᠳᠠᠯᠭ᠎ᠠ ᠳᠤ ᠵᠣᠬᠢᠴᠠᠭᠰᠠᠨ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠲᠡᠢ᠃ ᠣᠶᠤᠨᠴᠢ ᠵᠢᠭᠤᠯᠴᠢᠯᠠᠯ ᠤᠨ | ᠨᠠᠰᠤᠵᠢᠯᠲᠠ ᠳᠤ ᠲᠣᠬᠢᠷᠠᠭᠰᠠᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠵᠢᠭᠤᠯᠴᠢᠯᠠᠯ ᠤᠨ ᠣᠷᠣᠨ ︵ᠴᠢᠭ︶ | ᠲᠤ ᠰᠠᠭᠠᠳ ᠦᠭᠡᠢ ᠵᠢᠭᠤᠯᠴᠢᠯᠠᠯ ᠤᠨ ᠪᠡᠯᠡᠳᠬᠡᠮᠵᠢ ᠵᠣᠬᠢᠴᠠᠭᠤᠯᠬᠤ ᠶᠢ ᠲᠦᠯᠬᠢᠨ ᠠᠬᠢᠭᠤᠯᠤᠨ᠎ᠠ᠃ ᠬᠠᠮᠢᠶ᠎ᠠ | ᠪᠦᠬᠦᠢ ᠬᠤᠲᠠ ᠵᠢᠴᠢ ᠵᠢᠭᠤᠯᠴᠢᠯᠠᠯ ᠤᠨ ᠵᠣᠷᠢᠭᠰᠠᠨ ᠭᠠᠵᠠᠷ ᠢ ᠬᠥᠲᠥᠯᠥᠨ ᠵᠢᠯᠤᠭᠤᠳᠴᠤ ᠪᠠᠶᠢᠭᠠᠳ ᠬᠡᠦᠬᠡᠳ ᠤᠨ | ᠨᠥᠭᠦᠷᠰᠡᠭ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠢ ᠬᠥᠭᠵᠢᠭᠦᠯᠦᠨ᠎ᠡ᠃ ᠵᠢᠭᠤᠯᠴᠢᠯᠠᠯ ᠤᠨ | ᠵᠣᠷᠯᠣᠩ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠤᠨ᠎ᠠ᠃ | ᠵᠢᠭᠤᠯᠴᠢᠯᠠᠯ ᠤᠨ ᠵᠣᠷᠯᠣᠩ ᠤᠨ ᠤᠯᠤᠰ ᠤᠨ ᠪᠠᠷᠢᠮᠵᠢᠶ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠳᠤᠮᠳᠠ ᠪᠠ ᠪᠠᠷᠠᠭᠤᠨ ᠬᠡᠰᠡᠭ ᠤᠨ ᠬᠥᠭᠵᠢᠯᠲᠡ ᠪᠠᠷ ᠠᠨᠠᠢ ᠭᠠᠵᠠᠷ ᠣᠷᠣᠨ ᠵᠢᠴᠢ | ᠥᠨᠳᠥᠷ ᠬᠦᠢᠲᠡᠨ᠂ ᠥᠨᠳᠥᠷ ᠳᠠᠯᠠᠢ ᠶᠢᠨ ᠲᠦᠪᠰᠢᠨ᠂ ᠤᠰᠤ ᠳᠤᠲᠠᠮᠠᠭ᠂ ᠴᠠᠭᠢᠯᠭᠠᠨ ᠲᠤᠲᠠᠭᠳᠠᠵᠤ ᠪᠠᠶᠢᠭ᠎ᠠ | ᠭᠠᠵᠠᠷ ᠣᠷᠣᠨ ᠤ ᠵᠢᠭᠤᠯᠴᠢᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠬᠤ | ᠬᠡᠷᠡᠭᠲᠡᠢ᠃ ᠨᠡᠭᠦᠳᠡᠯ ᠵᠣᠷᠯᠣᠩ ᠢ ᠲᠣᠬᠢᠷᠠᠭᠤᠯᠵᠤ ᠪᠠᠶᠢᠭ᠎ᠠ ᠶᠠᠪᠤᠳᠠᠯ ᠢ ᠴᠢᠩᠭᠠᠳᠬᠠᠨ᠂ ᠵᠢᠭᠤᠯᠴᠢᠯᠠᠯ ᠤᠨ | ᠣᠷᠭᠢᠯ ᠤᠨ ᠬᠤᠭᠤᠴᠠᠭᠠᠨ ᠳᠤ ︽ᠪᠡᠶ᠎ᠡ ᠵᠠᠰᠠᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠪᠦᠲᠦᠮᠵᠢᠲᠡᠢ | ᠨᠠᠮᠳᠠᠭᠤᠯᠤᠨ᠎ᠠ᠃ ᠨᠥᠬᠦᠴᠡᠯ ᠲᠠᠢ ᠵᠢᠭᠤᠯᠴᠢᠯᠠᠯ ᠤᠨ ᠠᠵᠢᠯᠯᠠᠭᠠᠨ ᠤ ᠲᠠᠯᠠᠪᠤᠷ ᠭᠠᠵᠠᠷ ᠲᠤ ᠣᠶᠤᠨᠴᠢ | ᠵᠢᠭᠤᠯᠴᠢᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠵᠣᠷᠢᠭᠵᠢᠭᠤᠯᠵᠤ᠂ ᠵᠢᠭᠤᠯᠴᠢᠯᠠᠯ ᠤᠨ | ᠵᠣᠷᠯᠣᠩ ᠤᠨ ᠠᠵᠢᠯ ᠢ ᠦᠷᠭᠦᠯᠵᠢᠯᠡᠨ ᠠᠬᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠬᠦ᠂ ᠬᠤᠲᠠ ᠶᠢ ᠰᠢᠨᠡᠳᠬᠡᠬᠦ᠂ ᠬᠥᠳᠡᠭᠡ ᠲᠣᠰᠬᠤᠨ ᠤ ᠰᠠᠭᠤᠷᠢᠰᠢᠯ ᠤᠨ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ | ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠪᠦᠭᠦ ᠲᠠᠯ᠎ᠠ ᠪᠠᠷ | ᠴᠡᠭᠴᠡᠯᠡᠨ ᠵᠠᠰᠠᠨ᠎ᠠ᠃ | 12. ᠬᠢᠯᠢ ᠳᠤ ᠣᠷᠣᠬᠤ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠢᠯᠢ ᠳᠤ ᠣᠷᠣᠵᠤ ᠢᠷᠡᠭᠰᠡᠨ ᠵᠢᠭᠤᠯᠴᠢᠯᠠᠬᠰᠠᠳ ᠤᠨ ᠨᠡᠯᠢᠶᠡᠳ ᠲᠥᠪᠯᠡᠷᠡᠭᠰᠡᠨ ᠣᠷᠣᠨ | ᠪᠦᠰᠡ ᠶᠢᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠭᠠᠳᠠᠭᠠᠳᠤ ᠬᠡᠯᠡᠨ ᠤ ᠯᠠᠪᠯᠠᠯᠭ᠎ᠠ ᠶᠢᠨ ᠦᠢᠯᠡᠴᠢᠯᠡᠭᠡᠨ ᠢ | ᠴᠢᠩᠭᠠᠳᠬᠠᠵᠤ᠂ ᠴᠢᠬᠤᠯᠠ ᠪᠦᠬᠦᠢ ᠳᠤᠮᠳᠠᠳᠤ ᠭᠠᠳᠠᠭᠠᠳᠤ ᠶᠢᠨ ᠵᠢᠭᠤᠯᠴᠢᠯᠠᠯ ᠤᠨ ᠭᠠᠵᠠᠷ ᠤᠨ ᠵᠢᠷᠤᠭ᠂ | ᠵᠢᠭᠤᠯᠴᠢᠯᠠᠯ ᠤᠨ ᠵᠦᠭᠯᠡᠭᠦᠷ ᠵᠡᠷᠭᠡ ᠰᠦᠢᠳᠬᠡᠯ ᠬᠤᠷᠢᠶᠠᠬᠤ ᠦᠭᠡᠢ ᠵᠢᠭᠤᠯᠴᠢᠯᠠᠯ ᠤᠨ ᠤᠬᠠᠭᠤᠯᠭ᠎ᠠ ᠶᠢᠨ | ᠮᠠᠲ᠋ᠧᠷᠢᠶᠠᠯ ᠢ ᠬᠠᠩᠭᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ︽i︾ ᠤᠨ ᠲᠡᠮᠳᠡᠭ ᠤᠨ | ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠶᠢᠨ ᠬᠢᠯᠢ ᠪᠠᠷ | ᠣᠷᠣᠵᠤ ᠢᠷᠡᠭᠰᠡᠨ ᠵᠢᠭᠤᠯᠴᠢᠯᠠᠬᠰᠠᠳ ᠲᠤ ᠭᠠᠳᠠᠭᠠᠳᠤ ᠬᠡᠯᠡᠨ ᠤ ᠬᠡᠪᠯᠡᠯ ᠤᠨ ᠰᠦᠯᠵᠢᠶᠡᠨ ᠳᠡᠭᠡᠷᠡᠬᠢ ᠮᠡᠳᠡᠭᠡᠯᠡᠯ ᠤᠨ | ᠯᠠᠪᠯᠠᠯᠭ᠎ᠠ ᠶᠢᠨ ᠦᠢᠯᠡᠴᠢᠯᠡᠭᠡᠨ ᠬᠠᠩᠭᠠᠬᠤ ᠶᠢ ᠵᠣᠷᠢᠭᠵᠢᠭᠤᠯᠤᠨ᠎ᠠ᠃ ᠭᠤᠣᠯᠳᠠᠯᠭ᠎ᠠ ᠲᠠᠢ ᠵᠢᠭᠤᠯᠴᠢᠯᠠᠯ ᠤᠨ | ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠭᠠᠵᠠᠷ ᠵᠢᠴᠢ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠵᠢᠭᠤᠯᠴᠢᠯᠠᠯ ᠠᠮᠠᠷᠠᠯᠲᠠ ᠶᠢᠨ ᠣᠷᠣᠨ ᠵᠡᠷᠭᠡ ᠳᠤ ᠭᠠᠳᠠᠭᠠᠳᠤ ᠬᠡᠯᠡᠨ ᠤ ᠲᠡᠮᠳᠡᠭ ᠫᠠᠶᠢᠰᠠ ᠢᠯᠡᠷᠬᠡᠶᠢᠯᠡᠯ | ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠦᠨ᠎ᠡ᠃ ᠬᠢᠯᠢ ᠳᠤ ᠣᠷᠣᠵᠤ ᠢᠷᠡᠭᠰᠡᠨ | ᠵᠢᠭᠤᠯᠴᠢᠳ ᠢᠶᠠᠷ ᠨᠡᠯᠢᠶᠡᠳ ᠣᠯᠠᠨ ᠪᠠᠶᠢᠬᠤ ᠦᠵᠡᠮᠵᠢ ᠶᠢᠨ ᠣᠷᠣᠨ ᠤ ᠣᠯᠠᠨ ᠵᠦᠢᠯ ᠤᠨ ᠪᠣᠯᠵᠣᠵᠤ ᠲᠣᠭᠲᠠᠬᠤ | ᠵᠠᠭᠠᠭ ᠭᠠᠳᠠᠷᠭᠤ ᠶᠢ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠫᠠᠰᠫᠣᠷᠲ ᠵᠡᠷᠭᠡ ᠶᠢ ᠪᠦᠲᠦᠮᠵᠢᠲᠡᠢ ᠪᠣᠯᠵᠣᠬᠤ | ᠦᠨᠡᠮᠯᠡᠯ ᠳᠤ ᠣᠷᠣᠭᠤᠯᠬᠤ ᠶᠢᠨ ᠬᠠᠮᠲᠤ᠂ ᠴᠢᠬᠤᠯᠠ ᠪᠦᠬᠦᠢ ᠬᠥᠮᠥᠨ ᠤ ᠬᠦᠴᠦᠨ ᠤ ᠦᠢᠯᠡᠴᠢᠯᠡᠭᠡᠨ ᠤ | ᠴᠣᠩᠬᠤᠪᠴᠢ ᠶᠢ ᠦᠯᠡᠳᠡᠭᠡᠨ᠎ᠡ᠃ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠲᠣᠭᠠᠴᠠᠭ᠎ᠠ ᠬᠢᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠬᠠᠮᠢᠶ᠎ᠠ ᠪᠦᠬᠦᠢ ᠵᠥᠭᠡᠯᠡᠨ ᠬᠠᠲᠠᠭᠤ ᠲᠣᠨᠤᠭ ᠤᠨ ᠪᠡᠯᠡᠳᠬᠡᠮᠵᠢ ᠶᠢᠨ | ᠲᠣᠬᠢᠷᠠᠭᠤᠯᠤᠯᠲᠠ ᠶᠢ ᠴᠢᠩᠭᠠᠳᠬᠠᠨ᠂ ᠰᠢᠯᠵᠢᠭᠦᠯᠦᠨ ᠣᠯᠭᠤᠬᠤ᠂ ᠪᠠᠩᠬᠢ ᠶᠢᠨ ᠺᠠᠷᠲ᠂ ᠪᠡᠯᠡᠨ ᠵᠣᠭᠤᠰ ᠵᠡᠷᠭᠡ | ᠲᠣᠭᠠᠴᠠᠭ᠎ᠠ ᠬᠢᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠢᠯᠢ ᠪᠠᠷ ᠣᠷᠣᠵᠤ ᠢᠷᠡᠬᠦ | ᠵᠢᠭᠤᠯᠴᠢᠯᠠᠭᠴᠢᠳ ᠤᠨ ᠰᠦᠯᠵᠢᠶᠡᠨ ᠳᠡᠭᠡᠷ᠎ᠡ ᠠᠴᠠ ᠰᠣᠶᠣᠯ ᠤᠨ ᠪᠠ ᠵᠢᠭᠤᠯᠴᠢᠯᠠᠯ ᠤᠨ ᠦᠢᠯᠡᠳᠬᠦᠨ ᠬᠢᠭᠡᠳ | ᠦᠢᠯᠡᠴᠢᠯᠡᠭᠡ ᠬᠤᠳᠠᠯᠳᠤᠨ ᠠᠪᠬᠤ ᠶᠢᠨ ᠪᠠᠶᠠᠳᠠᠨ ᠣᠶᠢᠯᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠯᠢ ᠳᠤ | ᠣᠷᠣᠵᠤ ᠢᠷᠡᠭᠰᠡᠨ ᠵᠢᠭᠤᠯᠴᠢᠳ ᠤᠨ ᠲᠦᠷᠭᠡᠨ ᠪᠣᠭᠤᠮᠲᠠ ᠥᠩᠭᠡᠷᠡᠬᠦ᠂ ᠬᠤᠨᠤᠭ ᠪᠠᠭᠤᠳᠠᠯ ᠳᠠᠩᠰᠠᠯᠠᠬᠤ᠂ ᠵᠠᠮ | ᠬᠠᠷᠢᠯᠴᠠᠭ᠎ᠠ ᠭᠠᠳᠠᠭᠰᠢ ᠭᠠᠷᠬᠤ᠂ ᠴᠠᠭᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ᠂ ᠠᠮᠢᠳᠤᠷᠠᠯ ᠤᠨ ᠬᠡᠷᠡᠭᠯᠡᠭᠡ᠂ | ᠦᠵᠡᠮᠵᠢ ᠶᠢᠨ ᠣᠷᠣᠨ ᠪᠣᠯᠵᠣᠬᠤ ᠵᠡᠷᠭᠡ ᠤᠴᠢᠷ ᠶᠠᠪᠤᠳᠠᠯ ᠢ ᠭᠦᠢᠴᠡᠳᠬᠡᠬᠦ ᠳᠤ ᠳᠥᠭᠦᠮ ᠦᠵᠡᠭᠦᠯᠭᠦ ᠶᠢ | ᠠᠬᠢᠭᠤᠯᠤᠨ᠎ᠠ᠃ | ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ ᠵᠢᠭᠤᠯᠴᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡ ᠶᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠤᠨ᠎ᠠ | 13. ᠰᠣᠶᠣᠯ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠴᠢᠳᠠᠮᠵᠢ ᠶᠢ ᠠᠭᠤᠰᠤᠯᠴᠠᠭᠤᠯᠬᠤ ᠶᠢ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠤᠨ ᠣᠯᠠᠨ | ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠥᠪ ᠪᠣᠯᠣᠨ ᠵᠢᠭᠤᠯᠴᠢᠯᠠᠯ ᠤᠨ ᠦᠢᠯᠡᠴᠢᠯᠡᠭᠡᠨ ᠤ | ᠲᠥᠪ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠨᠣᠮ | ᠤᠩᠰᠢᠬᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠤᠷᠠᠯᠢᠭ ᠤᠨ ᠲᠣᠬᠯᠠᠯᠲᠠ ᠵᠡᠷᠭᠡ | ᠰᠣᠶᠣᠯ ᠤᠨ ᠦᠢᠯᠡᠴᠢᠯᠡᠭᠡ ᠶᠢ ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠲᠥᠪᠯᠡᠷᠡᠭᠦᠯᠦᠨ | ᠲᠠᠷᠬᠠᠭᠠᠬᠤ ᠲᠥᠪ ᠵᠡᠷᠭᠡ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠲᠤ ᠨᠡᠶᠢᠯᠡᠭᠦᠯᠬᠦ ᠶᠢ | ᠲᠦᠯᠬᠢᠨ ᠠᠬᠢᠭᠤᠯᠤᠨ᠎ᠠ᠃ ᠵᠢᠭᠤᠯᠴᠢᠳ ᠤᠨ ᠬᠠᠷᠢᠴᠠᠯ ᠨᠡᠯᠢᠶᠡᠳ ᠥᠨᠳᠥᠷ ᠰᠣᠶᠣᠯ ᠤᠨ ᠪᠡᠯᠡᠳᠬᠡᠮᠵᠢ ᠳᠤ | ᠵᠢᠭᠤᠯᠴᠢᠯᠠᠯ ᠤᠨ ᠮᠡᠳᠡᠭᠡᠯᠡᠯ ᠤᠨ ᠯᠠᠪᠯᠠᠯᠭ᠎ᠠ᠂ ᠵᠢᠭᠤᠯᠴᠢᠯᠠᠯ ᠤᠨ ᠭᠠᠵᠠᠷ ᠤᠨ ᠵᠢᠷᠤᠭ᠂ ᠵᠢᠭᠤᠯᠴᠢᠯᠠᠯ ᠤᠨ ᠵᠦᠭᠯᠡᠭᠦᠷ | ᠵᠡᠷᠭᠡ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ | ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠬᠠᠮᠠᠭᠠᠯᠠᠯᠲᠠ ᠶᠢᠨ ᠤᠷᠢᠳᠠᠯ ᠳᠣᠣᠷ᠎ᠠ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠪᠠᠷᠢᠯᠭ᠎ᠠ ᠶᠢ ᠬᠠᠤᠯᠢ ᠶᠣᠰᠣᠭᠠᠷ ᠵᠦᠢ ᠵᠣᠬᠢᠰᠲᠠᠢ ᠠᠰᠢᠭᠯᠠᠵᠤ᠂ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠨᠢ ᠪᠠᠶᠠᠯᠢᠭᠵᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠨᠢᠭᠡᠴᠢ ᠪᠠ ᠲᠡᠦᠬᠡ ᠰᠣᠶᠣᠯ ᠤᠨ ᠨᠡᠷᠡᠲᠦ ᠬᠤᠲᠠ ︵ᠵᠡᠭᠡᠯᠢ ᠲᠣᠭᠤᠷᠢᠭ᠂ ᠲᠣᠰᠬᠤᠨ | ᠪᠠᠯᠭᠠᠰᠤ︶ ᠶᠢᠨ ᠬᠠᠮᠠᠭᠠᠯᠠᠬᠤ ᠬᠡᠪᠴᠢᠶ᠎ᠡ ᠵᠢᠴᠢ ᠪᠦᠲᠦᠭᠡᠨ ᠪᠠᠶᠢᠭᠤᠯᠵᠤ ᠡᠵᠡᠮᠳᠡᠬᠦ ᠭᠠᠵᠠᠷ ᠲᠤ ᠵᠢᠭᠤᠯᠴᠢᠯᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠤ ᠬᠠᠮᠢᠶ᠎ᠠ ᠪᠦᠬᠦᠢ | ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ | 14. ᠵᠢᠭᠤᠯᠴᠢᠯᠠᠯ ᠤᠨ ᠭᠠᠵᠠᠷ ᠲᠠᠯᠠᠪᠤᠷ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠠᠭᠤᠯᠭ᠎ᠠ ᠶᠢ ᠪᠠᠶᠠᠯᠢᠭᠵᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠵᠢᠭᠤᠯᠴᠢᠯᠠᠯ ᠤᠨ | ᠭᠠᠵᠠᠷ ᠲᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ | ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠠᠭᠤᠳᠠᠮ | ᠲᠠᠯᠠᠪᠠᠢ ᠶᠢᠨ ᠪᠥᠵᠢᠭ᠂ ᠲᠣᠰᠬᠤᠨ ᠤ ᠦᠳᠡᠰᠢᠯᠡᠭᠡ᠂ ᠲᠣᠰᠬᠤᠨ ᠤ ᠭᠡᠳᠦ ᠳᠡᠯᠭᠡᠭᠦᠷ᠂ ︽ᠲᠣᠰᠬᠤᠨ BA︾᠂ | ᠤᠷᠠᠯᠢᠭ ᠤᠨ ᠪᠠᠶᠠᠷ ᠳᠤᠷᠠᠰᠬᠠᠯ᠂ ᠣᠯᠠᠨ ᠲᠦᠮᠡᠨ ᠤ ᠳᠠᠭᠤᠤ ᠬᠥᠭᠵᠢᠮ ᠵᠡᠷᠭᠡ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠲᠦᠯᠬᠢᠨ ᠠᠬᠢᠭᠤᠯᠵᠤ᠂ ᠠᠷᠠᠳ ᠤᠨ ᠰᠣᠶᠣᠯ ᠤᠷᠠᠯᠢᠭ᠂ ᠣᠳᠣᠨ ᠱᠠᠩᠨᠠᠯ ᠤᠨ ᠪᠦᠲᠦᠭᠡᠯ᠂ | ᠰᠣᠶᠣᠯ ᠤᠨ ᠲᠠᠶᠢᠯᠤᠮᠵᠢ᠂ ᠤᠷᠠᠨ ᠵᠢᠷᠤᠭ ᠤᠨ ᠦᠵᠡᠰᠭᠦᠯᠡᠩ᠂ ᠰᠢᠯᠢᠳᠡᠭ ᠵᠦᠴᠦᠭᠡ ᠶᠢᠨ ᠭᠠᠷᠴᠠᠭ ᠵᠡᠷᠭᠡ ᠴᠢᠨᠠᠷ | ᠰᠠᠶᠢᠲᠠᠢ ᠰᠣᠶᠣᠯ ᠤᠨ ᠡᠬᠢ ᠪᠠᠶᠠᠯᠢᠭ ᠢ ᠦᠵᠡᠮᠵᠢ ᠶᠢᠨ ᠣᠷᠣᠨ ᠳᠤ ᠣᠷᠣᠭᠤᠯᠬᠤ ᠵᠡᠷᠭᠡ ᠵᠢᠭᠤᠯᠴᠢᠯᠠᠯ ᠤᠨ ᠭᠠᠵᠠᠷ | ᠲᠠᠯᠠᠪᠤᠷ ᠢ ᠲᠦᠯᠬᠢᠨ ᠠᠬᠢᠭᠤᠯᠤᠨ᠎ᠠ᠃ ᠵᠢᠭᠤᠯᠴᠢᠯᠠᠭᠴᠢᠳ ᠨᠡᠯᠢᠶᠡᠳ ᠲᠥᠪᠯᠡᠷᠡᠭᠰᠡᠨ ᠵᠡᠭᠡᠯᠢ ᠲᠣᠭᠤᠷᠢᠭ ᠲᠤ | ᠲᠣᠬᠯᠠᠯᠲᠠ ᠶᠢᠨ ᠣᠷᠣᠨ ᠪᠠᠶᠢᠷᠢ ᠲᠣᠬᠢᠷᠠᠭᠤᠯᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠤᠷᠠᠯᠢᠭ ᠤᠨ ᠲᠣᠬᠯᠠᠯᠲᠠ ᠵᠡᠷᠭᠡ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠡᠯ᠎ᠡ ᠲᠥᠷᠥᠯ ᠤᠨ | ᠠᠷᠠᠳ ᠤᠨ ᠰᠣᠶᠣᠯ ᠤᠷᠠᠯᠢᠭ ᠤᠨ ᠪᠦᠯᠭᠦᠮ ᠬᠢᠭᠡᠳ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠤᠨ | ᠨᠡᠪᠲᠡᠷᠡᠯᠴᠡᠭᠡ ᠶᠢᠨ ᠬᠥᠭᠦᠷᠭᠡ ᠶᠢ ᠪᠠᠶᠢᠭᠤᠯᠵᠤ᠂ ᠵᠢᠭᠤᠯᠴᠢᠯᠠᠯ ᠤᠨ ᠲᠠᠯᠠᠪᠤᠷ ᠤᠨ ᠰᠣᠶᠣᠯ ᠤᠨ ᠠᠭᠤᠯᠤᠭᠳᠠᠬᠤᠨ ᠢ | ᠤᠯᠠᠮ ᠪᠠᠶᠠᠯᠢᠭᠵᠢᠭᠤᠯᠬᠤ ᠬᠡᠷᠡᠭᠲᠡᠢ᠃ | 15. ᠣᠯᠠᠨ ᠨᠡᠶᠢᠲᠡ ᠶᠢᠨ ᠰᠣᠶᠣᠯ ᠤᠨ ᠭᠠᠵᠠᠷ ᠲᠠᠯᠠᠪᠤᠷ ᠤᠨ ᠵᠢᠭᠤᠯᠴᠢᠯᠠᠯ ᠤᠨ ᠲᠠᠲᠠᠬᠤ ᠬᠦᠴᠦᠨ ᠢ | ᠴᠢᠩᠭᠠᠷᠠᠭᠤᠯᠤᠨ᠎ᠠ᠃ ᠮᠦᠽᠧᠢ᠂ ᠤᠷᠠᠨ ᠵᠢᠷᠤᠭ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ | ᠰᠣᠶᠣᠯ ᠤᠨ ᠣᠷᠳᠣᠨ᠂ ᠳᠤᠷᠠᠰᠬᠠᠯ ᠤᠨ ᠣᠷᠳᠣᠨ᠂ ᠵᠦᠴᠦᠭᠡ ᠶᠢᠨ ᠬᠦᠷᠢᠶᠡᠯᠡᠩ᠂ ᠪᠣᠳᠠᠰ ᠤᠨ ᠪᠤᠰᠤ ᠰᠣᠶᠣᠯ ᠤᠨ | ᠥᠪ ᠢ ᠳᠡᠯᠭᠡᠨ ᠦᠵᠡᠭᠦᠯᠭᠦ ᠲᠠᠯᠠᠪᠤᠷ᠂ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠵᠡᠷᠭᠡ | ᠵᠢᠭᠤᠯᠴᠢᠯᠠᠯ ᠤᠨ ᠦᠢᠯᠡᠴᠢᠯᠡᠭᠡᠨ ᠤ ᠲᠥᠬᠦᠷ ᠪᠡᠯᠡᠳᠬᠡᠮᠵᠢ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠤᠣᠯ | ᠵᠣᠴᠢᠳ ᠤᠨ ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠣᠷᠣᠨ ᠵᠠᠢ ᠶᠢ ᠪᠣᠶᠢᠵᠢᠭᠤᠯᠤᠨ᠎ᠠ᠃ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠳᠠᠯ ᠳᠣᠣᠷ᠎ᠠ᠂ | ᠨᠥᠬᠦᠴᠡᠯ ᠲᠠᠢ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠲᠤ A ᠳᠡᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠪᠠᠶᠢᠭᠤᠯᠬᠤ ᠶᠢ ᠳᠡᠮᠵᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠵᠢᠭᠤᠯᠴᠢᠯᠠᠯ ᠤᠨ | ᠬᠥᠭᠵᠢᠶᠡᠨ ᠲᠠᠢ ᠤᠯᠠᠷᠢᠯ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ ᠴᠢᠯᠦᠭᠡᠲᠡᠢ ᠶᠠᠪᠤᠯᠴᠠᠬᠤ ᠴᠠᠭ | ᠬᠤᠭᠤᠴᠠᠭᠠᠨ ᠳᠤ ᠲᠣᠬᠢᠷᠠᠭᠤᠯᠤᠯᠲᠠ ᠬᠢᠬᠦ ᠶᠢ ᠵᠣᠷᠢᠭᠵᠢᠭᠤᠯᠬᠤ ᠬᠡᠷᠡᠭᠲᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠵᠡᠷᠭᠡ ᠨᠢᠭᠡᠨᠲᠡ ᠪᠠᠶᠢᠭ᠎ᠠ ᠲᠤᠰᠬᠠᠢ ᠲᠥᠷᠥᠯ ᠤᠨ | ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ | ᠣᠷᠣᠭᠤᠯᠤᠯᠲᠠ ᠶᠢ ᠨᠢ ᠨᠡᠮᠡᠭᠳᠡᠭᠦᠯᠵᠦ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠵᠢᠭᠤᠯᠴᠢᠯᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠭᠠᠵᠠᠷ ᠢ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠶᠢ ᠠᠬᠢᠭᠤᠯᠵᠤ᠂ | ᠣᠨ ᠤ ᠭᠠᠵᠠᠷ ᠰᠢᠷᠣᠢ ᠶᠢᠨ ᠬᠠᠩᠭᠠᠯᠭᠠᠯᠲᠠ ᠳᠤ ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠲᠥᠪᠯᠡᠷᠡᠭᠦᠯᠦᠨ | ᠲᠠᠷᠬᠠᠭᠠᠬᠤ ᠲᠥᠪ᠂ ᠵᠢᠭᠤᠯᠴᠢᠯᠠᠯ ᠤᠨ ᠲᠡᠷᠭᠡᠨ ᠵᠣᠭᠰᠣᠭᠠᠯ᠂ ᠣᠯᠠᠨ ᠨᠡᠶᠢᠲᠡ ᠶᠢᠨ ᠡᠵᠡᠩᠨᠡᠯᠲᠡ ᠶᠢᠨ ᠭᠠᠵᠠᠷ ᠵᠡᠷᠭᠡ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠦᠢ ᠵᠣᠬᠢᠰᠲᠠᠢ ᠲᠣᠬᠢᠷᠠᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠬᠠᠤᠯᠢ ᠲᠣᠭᠲᠠᠭᠠᠯ ᠶᠣᠰᠣᠭᠠᠷ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠳᠡᠮᠵᠢᠨ᠎ᠡ᠃ ᠬᠤᠲᠠ ᠬᠥᠳᠡᠭᠡ ᠶᠢᠨ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠦᠨ᠎ᠡ᠃ ᠬᠤᠲᠠ ᠶᠢᠨ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ᠂ ᠬᠥᠳᠡᠭᠡ ᠲᠣᠰᠬᠤᠨ ᠤ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠵᠦ᠂ ᠪᠦᠭᠦ | ᠤᠯᠤᠰ ᠤᠨ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ᠂ ᠪᠦᠭᠦ ᠤᠯᠤᠰ ᠤᠨ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢ ᠬᠥᠲᠥᠯᠥᠨ ᠵᠢᠯᠤᠭᠤᠳᠴᠤ ᠪᠠᠶᠢᠭᠠᠳ ᠪᠠᠷᠢᠮᠵᠢᠶ᠎ᠠ ᠶᠢᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠭᠦᠨ ᠤ ᠬᠥᠲᠥᠯᠥᠨ ᠳᠠᠭᠠᠭᠤᠯᠬᠤ ᠪᠠ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠦᠢᠯᠡᠳᠦᠯᠭᠡ ᠶᠢᠨ ᠵᠢᠱᠢᠶ᠎ᠡ ᠦᠵᠡᠭᠦᠯᠭᠦ ᠪᠠ ᠳᠦᠷᠢᠮ ᠤᠨ ᠪᠠᠶᠢᠭᠤᠯᠤᠯᠲᠠ ᠶᠢᠨ | ᠲᠤᠷᠰᠢᠯᠭ᠎ᠠ ᠬᠠᠩᠭᠠᠨ᠎ᠠ᠃ | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ | | | |