| | ︽ᠳᠤᠮᠳᠠᠳᠤ ᠤᠯᠤᠰ ᠤᠨ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ | ᠵᠢᠴᠢ ︽ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠤᠬᠠᠢ | ᠬᠡᠷᠡᠭᠵᠢᠭᠦᠯᠬᠦ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠤᠯᠠᠮᠵᠢᠯᠠᠯᠲᠤ ᠭᠠᠷ ᠤᠷᠠᠯᠠᠯ ᠢ | ᠵᠠᠯᠭᠠᠮᠵᠢᠯᠠᠨ ᠬᠥᠭᠵᠢᠭᠦᠯᠵᠦ᠂ ᠤᠯᠠᠮᠵᠢᠯᠠᠯᠲᠤ ᠭᠠᠷ ᠤᠷᠠᠯᠠᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠪᠦᠭᠦ ᠠᠷᠠᠳ ᠢ ᠴᠢᠨᠡᠭᠡᠯᠢᠭᠵᠢᠭᠦᠯᠬᠦ ᠪᠠᠶᠢᠯᠳᠤᠬᠤ ᠪᠣᠳᠣᠯᠭ᠎ᠠ ᠳᠤᠮᠳᠠᠬᠢ ᠠᠬᠢᠭᠤᠯᠬᠤ ᠦᠢᠯᠡᠳᠦᠯ ᠢ | ᠤᠯᠠᠮ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠭᠠᠷ ᠤᠷᠠᠯᠠᠯ ᠢ ᠲᠠᠨᠢᠯᠴᠠᠭᠤᠯᠤᠨ ᠮᠡᠳᠡᠭᠦᠯᠬᠦ ᠠᠵᠢᠯ ᠥᠷᠨᠢᠭᠦᠯᠬᠦ ᠪᠠᠷ ᠪᠠᠶᠢᠨ᠎ᠠ᠃ ᠡᠳᠦᠭᠡ ᠬᠤᠯᠪᠣᠭᠳᠠᠯ | ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠮᠡᠳᠡᠭᠦᠯᠬᠦ ᠨᠥᠬᠦᠴᠡᠯ | ︵ᠨᠢᠭᠡ︶ ᠨᠢᠭᠡ ᠲᠥᠷᠥᠯ ᠪᠤᠶᠤ ᠣᠯᠠᠨ ᠲᠥᠷᠥᠯ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠰᠢᠭᠤᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠭᠠᠷᠴᠠᠭ ᠤᠨ ᠲᠥᠷᠥᠯ ᠵᠦᠢᠯ ᠳᠤ | ᠲᠦᠰᠢᠭᠯᠡᠨ ᠦᠢᠯᠡᠳᠪᠦᠷᠢᠯᠡᠵᠦ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠠᠶᠢᠳᠠᠯ ᠰᠠᠶᠢᠨ᠂ ᠳᠡᠯᠭᠡᠨ ᠦᠵᠡᠭᠦᠯᠭᠦ | ᠪᠠ ᠪᠣᠷᠣᠯᠠᠭᠤᠯᠬᠤ ᠲᠠᠪᠴᠠᠩ ᠪᠠ ᠠᠷᠭ᠎ᠠ ᠵᠠᠮ ᠲᠠᠢ ᠪᠠᠶᠢᠬᠤ︔ | ︵ᠬᠤᠶᠠᠷ︶ ᠪᠦᠲᠦᠭᠡᠨ ᠪᠠᠶᠢᠭᠤᠯᠵᠤ᠂ ᠡᠵᠡᠩᠨᠡᠵᠦ ᠪᠠᠶᠢᠭ᠎ᠠ ᠪᠡᠶ᠎ᠡ ᠪᠠᠨ ᠳᠠᠭᠠᠭᠠᠭᠰᠠᠨ ᠬᠠᠤᠯᠢ ᠶᠢᠨ | ᠡᠷᠬᠡᠲᠡᠨ ᠤ ᠠᠵᠤ ᠠᠬᠤᠶᠢᠯᠠᠯ ᠪᠤᠶᠤ ᠬᠤᠷᠰᠢᠶ᠎ᠠ ᠲᠠᠢ ᠪᠠᠶᠢᠵᠤ᠂ ᠨᠢᠭᠡ ᠵᠢᠯ ᠠᠴᠠ ᠳᠡᠭᠡᠭᠰᠢ ᠪᠦᠲᠦᠮᠵᠢᠲᠡᠢ | ᠡᠵᠡᠩᠨᠡᠵᠦ᠂ ᠣᠨᠴᠠᠯᠢᠭᠲᠤ ᠭᠦᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭᠲᠦ ᠶᠢ ᠪᠣᠶᠢᠵᠢᠭᠤᠯᠬᠤ ᠨᠥᠬᠦᠴᠡᠯ ᠢ | ᠪᠦᠷᠢᠯᠳᠦᠭᠦᠯᠦᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ᠂ ᠠᠵᠢᠯ ᠣᠯᠭᠤᠯᠲᠠ ᠶᠢ ᠬᠠᠪᠰᠤᠷᠤᠨ | ᠲᠡᠳᠬᠦᠬᠦ ᠦᠢᠯᠡᠳᠪᠦᠷᠢ ᠶᠢᠨ ᠲᠠᠰᠤᠭ᠂ ᠬᠠᠭᠤᠴᠢᠨ ᠨᠡᠷᠡᠲᠦ ᠠᠵᠤ ᠠᠬᠤᠶᠢᠯᠠᠯ ᠢ ᠤᠷᠢᠳᠠᠪᠠᠷ ᠠᠵᠢᠯᠯᠠᠭᠤᠯᠤᠨ᠎ᠠ︔ | ︵ᠭᠤᠷᠪᠠ︶ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠦᠢᠯᠡᠳᠪᠦᠷᠢᠯᠡᠯ ᠪᠣᠷᠤᠯᠠᠭᠤᠯᠭ᠎ᠠ ᠶᠢ | ᠥᠷᠨᠢᠭᠦᠯᠵᠦ ᠪᠤᠯᠬᠤ ᠲᠣᠭᠲᠠᠮᠠᠯ ᠲᠠᠯᠠᠪᠤᠷ ︵ᠵᠠᠷᠴᠢᠮ ᠳᠡᠭᠡᠷ᠎ᠡ ᠪᠠᠨ 60 ᠲᠡᠭᠰᠢ ᠳᠥᠷᠪᠡᠯᠵᠢᠨ ᠮᠧᠲᠷ ᠠᠴᠠ | ᠳᠤᠲᠠᠭᠤ ᠦᠭᠡᠢ︶᠂ ᠨᠡᠯᠢᠶᠡᠳ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ᠂ ᠪᠦᠷᠢᠨ ᠲᠡᠭᠦᠯᠳᠡᠷ | ᠬᠠᠮᠢᠶᠠᠷᠤᠯᠲᠠ ᠶᠢᠨ ᠳᠦᠷᠢᠮ᠂ ᠲᠤᠰᠬᠠᠢ ᠲᠤᠰᠢᠶᠠᠯ ᠲᠠᠢ ᠬᠠᠮᠢᠶᠠᠷᠤᠯᠲᠠ ᠶᠢᠨ ᠠᠵᠢᠯᠲᠠᠨ ᠪᠣᠯᠣᠨ | ᠦᠢᠯᠡᠳᠪᠦᠷᠢᠯᠡᠯ ᠳᠤ ᠴᠢᠬᠤᠯᠠ ᠪᠦᠬᠦᠢ ᠤᠰᠤ ᠴᠠᠭᠢᠯᠭᠠᠨ ᠢᠯᠴᠢ᠂ ᠪᠠᠭᠠᠵᠢ ᠲᠥᠬᠦᠭᠡᠷᠦᠮᠵᠢ ᠵᠡᠷᠭᠡ ᠶᠢ ᠥᠷᠨᠢᠭᠦᠯᠬᠦ | ᠨᠥᠬᠦᠴᠡᠯ ᠢ ᠪᠦᠷᠢᠳᠦᠭᠦᠯᠬᠦ ; | ︵ᠳᠥᠷᠪᠡ︶ ᠲᠤᠬᠠᠢ ᠶᠢᠨ ᠭᠠᠵᠠᠷ ᠤᠨ ᠠᠷᠠᠳ ᠣᠯᠠᠨ ᠢ ᠲᠤᠰ ᠭᠠᠵᠠᠷ ᠤᠨ ᠣᠶᠢᠷ᠎ᠠ ᠬᠠᠪᠢ ᠶᠢᠨ | ᠲᠤᠬᠠᠢ ᠶᠢᠨ ᠭᠠᠵᠠᠷ ᠲᠤ ᠣᠷᠣᠰᠢᠨ ᠰᠠᠭᠤᠵᠤ ᠠᠮᠢᠳᠤᠯᠢᠭ ᠢᠶᠠᠷ ᠠᠵᠢᠯ ᠣᠯᠬᠤ ᠶᠢ ᠰᠢᠩᠭᠡᠬᠡᠨ ᠠᠪᠴᠤ ᠳᠠᠶᠢᠴᠢᠯᠠᠵᠤ | ᠂ ᠨᠡᠯᠢᠶᠡᠳ ᠰᠠᠶᠢᠨ ᠦᠷ᠎ᠡ ᠪᠦᠲᠦᠮᠵᠢ ᠣᠯᠪᠠ︔ | ︵ᠲᠠᠪᠤ︶ ᠬᠠᠩᠭᠠᠬᠤ ᠠᠵᠢᠯ ᠤᠨ ᠪᠠᠶᠢᠷᠢ ᠨᠢ 10 ᠠᠴᠠ ᠳᠤᠲᠠᠭᠤ ᠦᠭᠡᠢ ᠪᠠᠶᠢᠵᠤ᠂ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠲᠠᠢ ᠲᠣᠬᠢᠷᠠᠯᠴᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠨᠢ 1 ᠬᠥᠮᠥᠨ ᠠᠴᠠ ᠳᠤᠲᠠᠭᠤ ᠦᠭᠡᠢ ᠪᠠᠶᠢᠵᠤ᠂ ᠬᠠᠪᠰᠤᠷᠤᠨ ᠲᠡᠳᠬᠦᠬᠦ ᠡᠲᠡᠭᠡᠳ ᠤᠨ ᠬᠥᠮᠥᠨ ᠤ | ᠲᠤᠭ᠎ᠠ ᠨᠢ 2 ᠬᠥᠮᠥᠨ ᠠᠴᠠ ᠳᠤᠲᠠᠭᠤ ᠦᠭᠡᠢ ᠪᠠᠶᠢᠵᠤ᠂ 6 ᠰᠠᠷ᠎ᠠ ᠠᠴᠠ ᠳᠡᠭᠡᠭᠰᠢᠬᠢ ᠭᠦᠳᠡᠯᠮᠦᠷᠢ ᠶᠢᠨ ᠭᠡᠷ᠎ᠡ | ᠪᠤᠶᠤ ᠠᠵᠢᠯᠴᠢᠨ ᠬᠡᠷᠡᠭᠯᠡᠬᠦ ᠬᠡᠯᠡᠯᠴᠡᠭᠡᠷ ᠲᠣᠭᠲᠠᠵᠤ᠂ ᠠᠵᠢᠯ ᠣᠯᠭᠤᠬᠤ ᠬᠥᠮᠥᠰ ᠤᠨ ᠴᠠᠯᠢᠩ ᠢ ᠥᠪᠡᠷᠲᠡᠭᠡᠨ | ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠪᠠᠶᠢᠯᠭᠠᠵᠤ᠂ | ᠭᠦᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠬᠤᠭᠤᠴᠠᠭ᠎ᠠ ᠶᠣᠰᠣᠭᠠᠷ ᠭᠦᠢᠴᠡᠳ ᠥᠭᠬᠦ ᠬᠡᠷᠡᠭᠲᠡᠢ︔ | ︵ᠵᠢᠷᠭᠤᠭ᠎ᠠ︶ ᠭᠤᠣᠯ ᠦᠢᠯᠡᠳᠪᠦᠷᠢᠯᠡᠯ ᠤᠨ ᠭᠤᠭᠴᠤᠭ᠎ᠠ ᠳᠤ ᠤᠯᠠᠮᠵᠢᠯᠠᠯᠲᠤ ᠭᠠᠷ ᠤᠷᠠᠯᠠᠯ ᠬᠡᠷᠡᠭᠯᠡᠬᠦ ᠶᠢ | ᠪᠠᠷᠢᠮᠲᠠᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ | ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠵᠤ᠂ | ᠠᠵᠢᠯ ᠲᠥᠷᠥᠯ ᠤᠨ ᠬᠥᠭᠵᠢᠯᠲᠡ ᠳᠤ ᠵᠣᠬᠢᠬᠤ ᠳᠠᠭᠠᠭᠤᠯᠬᠤ ᠦᠢᠯᠡᠳᠦᠯ ᠲᠠᠢ ᠪᠠᠶᠢᠬᠤ︔ | ︵ᠳᠣᠯᠤᠭ᠎ᠠ︶ ᠦᠢᠯᠡᠳᠪᠦᠷᠢ ᠶᠢᠨ ᠦᠢᠯᠡᠳᠬᠡᠯ ᠤᠨ ᠬᠠᠷᠢᠭᠤᠴᠠᠯᠭᠠᠲᠠᠨ ᠤ ᠨᠡᠶᠢᠭᠡᠮ ᠤᠨ ᠬᠠᠷᠢᠭᠤᠴᠠᠯᠭᠠᠲᠤ | ᠰᠡᠳᠬᠢᠯᠭᠡ ᠴᠢᠩᠭ᠎ᠠ ᠦᠨᠡᠨᠴᠢ ᠢᠲᠡᠭᠡᠯ ᠲᠠᠢ᠂ ᠲᠤᠬᠠᠢ ᠶᠢᠨ ᠭᠠᠵᠠᠷ ᠲᠤ ᠰᠠᠶᠢᠨ ᠰᠠᠶᠢᠬᠠᠨ ᠨᠡᠶᠢᠭᠡᠮ ᠤᠨ | ᠨᠥᠯᠥᠭᠡ ᠲᠠᠢ᠂ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠴᠢᠳᠠᠪᠤᠷᠢᠲᠠᠨ᠂ ᠬᠥᠳᠡᠭᠡ ᠲᠣᠰᠬᠤᠨ ᠤ | ᠳᠠᠷᠬᠠᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠤᠷᠢᠳᠠᠪᠠᠷ︔ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠪᠣᠳᠠᠰ ᠤᠨ | ᠪᠤᠰᠤ ᠰᠣᠶᠣᠯ ᠤᠨ ᠥᠪ ᠤᠨ ᠦᠢᠯᠡᠳᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ ᠵᠡᠷᠭᠡ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠨᠡᠷᠡᠲᠦ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠢᠶᠠᠷ ᠨᠡᠯᠢᠶᠡᠳ ᠴᠢᠩᠭ᠎ᠠ᠂ ᠣᠳᠣ | ᠦᠶ᠎ᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠮᠠᠶ᠋ᠢᠭ ᠢ ᠣᠷᠣᠭᠤᠯᠤᠨ ᠠᠪᠴᠢᠷᠠᠵᠤ᠂ ᠲᠤᠬᠠᠢ ᠶᠢᠨ | ᠭᠠᠵᠠᠷ ᠤᠨ ᠨᠡᠷᠡᠲᠦ ᠣᠨᠴᠠᠯᠢᠭᠲᠤ ᠨᠡᠷᠡᠲᠦ ᠲᠥᠷᠥᠯ ᠲᠡᠮᠳᠡᠭᠲᠦ᠂ ᠠᠵᠤ ᠦᠢᠯᠡᠳᠪᠦᠷᠢ ᠶᠢᠨ ᠦᠢᠯᠡᠳᠬᠡᠯ ᠤᠨ | ᠪᠦᠲᠦᠭᠡᠭᠳᠡᠬᠦᠨ ᠤ ᠶᠠᠰᠤ ᠴᠢᠨᠠᠷ ᠪᠠ ᠵᠢᠷᠤᠭ ᠲᠥᠯᠥᠪᠯᠡᠭᠡ ᠶᠢᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ᠂ | ᠦᠢᠯᠡᠳᠪᠦᠷᠢᠯᠡᠯ ᠤᠨ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠨᠡᠯᠢᠶᠡᠳ ᠴᠢᠩᠭ᠎ᠠ︔ | ︵ᠶᠢᠰᠦ︶ ᠠᠵᠤ ᠠᠬᠤᠶᠢᠯᠠᠯ ᠪᠤᠶᠤ ᠬᠤᠷᠰᠢᠶ᠎ᠠ ᠶᠢᠨ ᠢᠲᠡᠭᠡᠮᠵᠢ ᠰᠠᠶᠢᠨ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠦᠭᠡᠢ᠃ | ᠬᠤᠶᠠᠷ᠂ ᠮᠡᠳᠡᠭᠦᠯᠬᠦ | ᠳᠡᠭᠡᠷ᠎ᠡ ᠳᠤᠷᠠᠳᠤᠭᠰᠠᠨ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ᠂ | ᠬᠤᠷᠰᠢᠶ᠎ᠠ ᠶᠢ ᠴᠥᠮ ᠮᠡᠳᠡᠭᠦᠯᠵᠦ ᠪᠣᠯᠣᠨ᠎ᠠ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠪᠠᠷ ᠬᠢᠨᠠᠨ ᠬᠠᠷᠭᠤᠭᠤᠯᠠᠨ ᠮᠠᠭᠠᠳᠯᠠᠨ ᠲᠣᠳᠣᠯᠠᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠨ᠎ᠡ᠃ | ᠭᠤᠷᠪᠠ᠂ ᠮᠡᠳᠡᠭᠦᠯᠬᠦ ᠮᠠᠲ᠋ᠧᠷᠢᠶᠠᠯ ᠵᠢᠴᠢ ᠳᠡᠰ ᠳᠠᠷᠠᠭᠠᠯᠠᠯ | ︵ᠨᠢᠭᠡ︶ ᠠᠯᠠᠱᠠ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ | ᠭᠠᠵᠠᠷ ᠠᠴᠠ ᠲᠠᠨᠢᠯᠴᠠᠭᠤᠯᠤᠭᠰᠠᠨ ᠮᠡᠳᠡᠭᠦᠯᠦᠯᠲᠡ ᠶᠢᠨ ᠪᠢᠴᠢᠭ ᠵᠢᠴᠢ ᠳᠦᠷᠰᠦ ᠰᠢᠩᠭᠡᠭᠡᠯᠲᠡ ᠵᠢᠷᠤᠭ | ︵ᠬᠤᠶᠠᠷ︶ ᠣᠶᠢᠷ᠎ᠠ ᠶᠢᠨ ᠭᠤᠷᠪᠠᠨ ᠵᠢᠯ ᠳᠤ ᠣᠯᠣᠭᠰᠠᠨ ᠪᠤᠰᠤᠳ ᠲᠤᠰᠠᠯᠠᠬᠤ ᠮᠠᠲ᠋ᠧᠷᠢᠶᠠᠯ᠂ ᠡᠭᠦᠨ ᠳᠤ | ᠭᠤᠣᠯ ᠢᠷᠠᠭᠤ ᠠᠯᠳᠠᠷ ᠵᠢᠴᠢ ᠪᠤᠰᠤᠳ ᠭᠡᠷᠡᠴᠢ ᠮᠠᠲ᠋ᠧᠷᠢᠶᠠᠯ ᠵᠡᠷᠭᠡ ᠪᠠᠭᠲᠠᠨ᠎ᠠ᠃ | ᠳᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠡᠯ᠎ᠡ ᠮᠡᠳᠡᠭᠦᠯᠬᠦ ᠨᠢᠭᠡᠴᠡ ᠨᠦᠭᠦᠳ ᠦᠨᠡᠨ ᠢ ᠪᠠᠷᠢᠮᠲᠠᠯᠠᠬᠤ ᠣᠪᠣᠷ ᠢᠶᠠᠷ ᠬᠤᠯᠪᠣᠭᠳᠠᠯ ᠪᠦᠬᠦᠢ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ︔ | ︵ᠬᠤᠶᠠᠷ︶ ᠲᠠᠨᠢᠯᠴᠠᠭᠤᠯᠬᠤ ᠭᠤᠶᠤᠴᠢᠯᠠᠯ ᠤᠨ ᠮᠠᠲ᠋ᠧᠷᠢᠶᠠᠯ ᠤᠨ ᠴᠠᠭᠠᠰᠤᠨ ᠬᠡᠪᠯᠡᠯ ᠨᠢ ᠨᠢᠭᠡ | ᠭᠡᠯᠪᠡᠷᠢ ᠶᠢᠨ 2 ᠬᠤᠪᠢ ᠪᠠᠶᠢᠵᠤ᠂ 2024 ᠣᠨ ᠤ 11 ᠰᠠᠷ᠎ᠠ ᠶᠢᠨ 27 ᠤ ᠡᠳᠦᠷ ᠠᠯᠠᠱᠠ ᠵᠡᠭᠦᠨ | ᠬᠤᠰᠢᠭᠤᠨ ᠤ ᠰᠣᠶᠣᠯ ᠤᠨ ᠣᠷᠳᠣᠨ ᠳᠤ ᠮᠡᠳᠡᠭᠦᠯᠦᠨ ᠬᠦᠷᠭᠡᠨ᠎ᠡ᠃ | ︵ᠭᠤᠷᠪᠠ︶ ᠸᠢᠳᠢᠤ᠋ ᠨᠢ ᠪᠣᠳᠠᠰ ᠤᠨ ᠪᠤᠰᠤ ᠰᠣᠶᠣᠯ ᠤᠨ ᠥᠪ ᠤᠨ ᠠᠵᠤ ᠦᠢᠯᠡᠳᠪᠦᠷᠢ ᠶᠢᠨ ᠣᠷᠣᠨ ᠳᠤ | ᠲᠤᠰᠬᠠᠢ ᠭᠤᠶᠤᠴᠢᠯᠠᠨ ᠮᠡᠳᠡᠭᠦᠯᠵᠦ ᠦᠢᠯᠡᠳᠦᠭᠰᠡᠨ ᠳᠦᠷᠰᠦ ᠰᠢᠩᠭᠡᠭᠡᠯᠲᠡ ᠪᠠᠶᠢᠵᠤ᠂ ᠨᠡᠶᠢᠲᠡᠯᠢᠭ ᠭᠡᠯᠡ ᠶᠢᠨ | ᠲᠠᠶᠢᠯᠪᠤᠷᠢ ᠦᠭᠡ᠂ ᠬᠢᠲᠠᠳ ᠦᠰᠦᠭ ᠪᠢᠴᠢᠭ ᠤᠨ ᠬᠥᠰᠢᠭᠡ ᠲᠣᠬᠢᠷᠠᠭᠤᠯᠤᠭᠰᠠᠨ ᠪᠠᠶᠢᠬᠤ ᠬᠡᠷᠡᠭᠲᠡᠢ᠂ MP4 / | AVI / MPEG / MOV ᠭᠡᠯᠪᠡᠷᠢ ᠪᠠᠶᠢᠵᠤ᠂ 5 ᠮᠢᠨᠦ᠋ᠲ ᠤᠨ ᠳᠣᠲᠣᠷ᠎ᠠ᠂ ᠶᠡᠭᠡ ᠪᠠᠭ᠎ᠠ ᠨᠢ | 300M ᠠᠴᠠ ᠬᠡᠲᠦᠷᠡᠵᠦ ᠪᠤᠯᠬᠤ ᠦᠭᠡᠢ᠂ ᠸᠢᠳᠢᠤ᠋ ᠨᠢ 1080P ᠠᠴᠠ ᠳᠣᠣᠷ᠎ᠠ ᠪᠠᠶᠢᠵᠤ ᠪᠤᠯᠬᠤ ᠦᠭᠡᠢ ; | ᠲᠥᠯᠥᠭᠡᠯᠡᠬᠦ ᠴᠢᠨᠠᠷᠲᠠᠢ᠂ ᠲᠤᠰ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠤᠨ ᠬᠠᠮᠢᠶ᠎ᠠ | ᠪᠦᠬᠦᠢ ᠪᠠᠶᠢᠳᠠᠯ ᠵᠡᠷᠭᠡ ᠠᠭᠤᠯᠭ᠎ᠠ ᠶᠢ ᠲᠤᠰᠬᠠᠵᠤ ᠴᠢᠳᠠᠬᠤ 10 ᠣᠶᠢᠷ᠎ᠠ ᠶᠢᠨ ᠬᠤᠭᠤᠴᠠᠭᠠᠨ ᠤ ᠭᠡᠷᠡᠯ ᠵᠢᠷᠤᠭ᠂ | ᠬᠥᠨᠳᠡᠯᠡᠨ ᠴᠢᠭᠯᠡᠯ ᠤᠨ ᠢᠯᠭᠠᠮᠵᠢ ᠨᠢ 1800 ᠭᠠᠷᠤᠢ᠂ JPEG ᠬᠡᠪ᠂ ᠶᠡᠭᠡ ᠪᠠᠭ᠎ᠠ ᠨᠢ 5M ᠤᠨ ᠳᠣᠲᠣᠷ᠎ᠠ | ᠪᠤᠢ᠃ | ᠳᠥᠷᠪᠡ ᠪᠤᠰᠤᠳ ᠲᠤᠰᠠᠯᠠᠬᠤ ᠮᠠᠲ᠋ᠧᠷᠢᠶᠠᠯ ᠪᠣᠯ ᠲᠤᠰ ᠦᠢᠯᠡᠳᠬᠡᠯ ᠤᠨ ᠭᠠᠵᠠᠷ ᠤᠨ ᠨᠥᠬᠦᠪᠦᠷᠢ ᠮᠡᠳᠡᠭᠡ | ᠵᠠᠩᠭᠢ᠂ ᠵᠢᠱᠢᠶᠡᠯᠡᠪᠡᠯ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠠᠢ ᠬᠤᠯᠪᠣᠭᠳᠠᠬᠤ | ᠨᠡᠶᠢᠭᠡᠮ ᠤᠨ ᠢᠷᠠᠭᠤ ᠠᠯᠳᠠᠷ᠂ ᠱᠠᠩᠨᠠᠯ᠂ ᠦᠨᠡᠮᠯᠡᠯ ᠵᠡᠷᠭᠡ᠃ | ᠲᠠᠪᠤ᠂ ᠬᠠᠷᠢᠯᠴᠠᠬᠤ ᠠᠷᠭ᠎ᠠ ᠮᠠᠶ᠋ᠢᠭ | ᠬᠠᠷᠢᠯᠴᠠᠬᠤ ᠬᠥᠮᠥᠨ᠄ ᠨᠠᠴᠢᠨ 13624738309 | ᠴᠠᠩ ᠽᠧ ᠴᠢ 1394830939 | ᠰᠢᠤᠳᠠᠨ ᠤ ᠬᠠᠶᠢᠷᠴᠠᠭ᠄ azqwhg202@163. com | ᠬᠠᠪᠰᠤᠷᠤᠯᠲᠠ᠄ | | ᠮᠡᠳᠡᠭᠡ ᠵᠠᠩᠭᠢ ᠶᠢᠨ ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | | | |