| | | | ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠬᠡᠯᠲᠡᠰ᠂ ᠬᠤᠷᠢᠶ᠎ᠠ᠂ ᠠᠯᠪᠠᠨ ᠭᠡᠷ᠂ ᠲᠣᠪᠴᠢᠶ᠎ᠠ᠂ | ᠡᠯ᠎ᠡ ᠵᠡᠭᠡᠯᠢ ᠭᠤᠳᠤᠮᠵᠢ ᠵᠢᠨᠬᠡᠷᠡᠭ ᠡᠷᠬᠢᠯᠡᠬᠦ ᠭᠠᠵᠠᠷ᠂ ᠡᠯ᠎ᠡ ᠠᠷᠠᠳ ᠤᠨ ᠪᠦᠯᠭᠦᠮ ᠪᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠪᠠᠶᠠᠨᠮᠣᠳᠣ ᠲᠠᠷᠢᠶᠠᠯᠠᠩ ᠤᠨ ᠲᠠᠯᠠᠪᠠᠢ᠂ ᠥᠯᠵᠡᠢ ᠶᠢᠨ ᠪᠣᠭᠤᠮᠲᠠ ᠶᠢᠨ ᠬᠠᠮᠢᠶᠠᠷᠤᠯᠲᠠ ᠶᠢᠨ | ᠵᠥᠪᠯᠡᠯ ᠳᠤ᠄ | ︽ᠠᠯᠠᠱᠠ ᠵᠡᠭᠦᠨ ᠬᠤᠰᠢᠭᠤᠨ ᠤ ᠭᠤᠶᠤᠴᠢᠯᠠᠭᠴᠢ ᠶᠢᠨ ᠠᠯᠪᠠᠳᠠᠯᠭ᠎ᠠ ᠪᠠᠷ ᠥᠷᠨᠢᠭᠦᠯᠦᠭᠰᠡᠨ ᠵᠠᠰᠠᠭ | ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ︾ ᠪᠠ ︽ᠠᠯᠠᠱᠠ ᠵᠡᠭᠦᠨ | ᠬᠤᠰᠢᠭᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠳᠠᠵᠤ ᠥᠷᠨᠢᠭᠦᠯᠦᠭᠰᠡᠨ ᠵᠠᠰᠠᠭ ᠵᠠᠬᠢᠷᠭᠠᠨ ᠤ | ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ︾ ︵ᠳᠣᠷᠣᠭᠰᠢ ︽ᠬᠤᠶᠠᠷ ᠨᠠᠷᠢᠨ | ᠪᠦᠷᠢᠳᠬᠡᠯ︾ ᠭᠡᠵᠦ ᠲᠣᠪᠴᠢᠯᠠᠨ᠎ᠠ︶ ᠶᠢ ᠵᠠᠰᠠᠭ ᠤᠨ ᠣᠷᠳᠣᠨ ᠢᠶᠠᠷ ᠰᠤᠳᠤᠯᠤᠭᠤᠯᠤᠨ ᠵᠥᠪᠰᠢᠶᠡᠷᠡᠭᠦᠯᠦᠭᠡᠳ᠂ | ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ ᠤᠨ | ᠮᠠᠶ᠋ᠢᠭ ᠤᠨ ᠬᠠᠮᠢᠶᠠᠷᠤᠯᠲᠠ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ | ︵ᠨᠢᠭᠡ︶ ᠠᠵᠢᠯ ᠲᠥᠷᠥᠯ᠂ ᠬᠦᠷᠢᠶ᠎ᠡ ᠴᠠᠷᠠᠭ᠎ᠠ ᠪᠠᠷ ᠨᠠᠷᠢᠨ ᠪᠦᠷᠢᠳᠬᠡᠯ ᠢ ᠨᠡᠶᠢᠲᠡᠯᠡᠨ᠎ᠡ᠃ ︽ᠬᠤᠶᠠᠷ | ᠨᠠᠷᠢᠨ ᠪᠦᠷᠢᠳᠬᠡᠯ︾ ᠤᠨ ᠪᠦᠭᠦ ᠲᠥᠷᠥᠯ ᠤᠨ ᠠᠭᠤᠯᠭ᠎ᠠ ᠶᠢ ᠠᠯᠠᠱᠠ ᠵᠡᠭᠦᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠫᠤᠷᠲ᠋ᠧᠯ ᠰᠠᠶᠢᠢᠲ ᠪᠣᠯᠭᠠᠨ ᠨᠡᠶᠢᠲᠡᠯᠡᠨ᠎ᠡ᠃ ︽ᠬᠤᠶᠠᠷ ᠨᠠᠷᠢᠨ ᠪᠦᠷᠢᠳᠬᠡᠯ︾ ᠳᠤ ︽ | ᠵᠠᠰᠠᠭ ᠵᠠᠬᠢᠷᠭᠠᠨ ᠤ ᠡᠷᠬᠡ ᠶᠢᠨ ᠵᠢᠯᠤᠭᠤᠳᠬᠤ ᠰᠠᠯᠠᠭ᠎ᠠ ᠮᠥᠴᠢᠷ︾ ᠪᠠ ︽ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ ᠶᠢᠨ ᠵᠢᠯᠤᠭᠤᠳᠬᠤ ᠰᠠᠯᠠᠭ᠎ᠠ ᠮᠥᠴᠢᠷ︾ ᠭᠡᠵᠦ ᠲᠣᠳᠣᠷᠬᠠᠶᠢᠯᠠᠭᠰᠠᠨ ᠰᠠᠯᠠᠭ᠎ᠠ ᠮᠥᠴᠢᠷ ᠨᠢ ᠨᠠᠷᠢᠨ | ᠪᠦᠷᠢᠳᠬᠡᠯ ᠳᠠᠬᠢ ᠡᠬᠡ ᠪᠢᠴᠢᠭ ᠠᠴᠠ ᠨᠢ ᠪᠦᠭᠦ ᠬᠦᠴᠦᠨ ᠵᠦᠢᠯ ᠢ ᠪᠠᠭᠲᠠᠭᠠᠭᠰᠠᠨ ᠵᠣᠬᠢᠴᠠᠩᠭᠤᠢ ᠵᠠᠭᠤᠴᠢ | ᠦᠢᠯᠡᠴᠢᠯᠡᠭᠡᠨ ᠤ ᠵᠦᠢᠯᠡᠰ ᠢ ᠨᠢ ᠠᠪᠴᠤ᠂ ᠰᠠᠯᠠᠭ᠎ᠠ ᠮᠥᠴᠢᠷ ᠤᠨ ᠨᠡᠷ᠎ᠡ ᠪᠠᠷ ᠲᠤᠰ ᠠᠵᠢᠯ ᠲᠥᠷᠥᠯ᠂ ᠲᠤᠰ | ᠬᠦᠷᠢᠶ᠎ᠡ ᠴᠠᠷᠠᠭ᠎ᠠ ᠳᠠᠬᠢ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ | ᠪᠦᠷᠢᠳᠬᠡᠯ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠠᠵᠢᠯ ᠲᠥᠷᠥᠯ᠂ ᠬᠦᠷᠢᠶ᠎ᠡ ᠴᠠᠷᠠᠭ᠎ᠠ ᠳᠤ ᠪᠣᠳᠠᠲᠠᠢ | ᠨᠠᠶᠢᠳᠠᠪᠤᠷᠢᠵᠢᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠢ᠃ ᠡᠭᠦᠨ ᠤ ᠬᠠᠮᠲᠤ᠂ ᠲᠤᠰ ᠠᠵᠢᠯ ᠲᠥᠷᠥᠯ᠂ ᠲᠤᠰ | ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ | ᠪᠦᠷᠢᠳᠬᠡᠯ ᠢ ᠲᠤᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠠᠷᠭ᠎ᠠ ᠵᠠᠮ ᠳᠡᠭᠡᠷ᠎ᠡ | ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃ | ︵ᠬᠤᠶᠠᠷ︶ ᠨᠠᠷᠢᠨ ᠪᠦᠷᠢᠳᠬᠡᠯ ᠤᠨ ᠠᠭᠤᠯᠭ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠰᠠᠶᠢᠲᠤᠷ | ᠭᠦᠢᠴᠡᠳᠬᠡᠬᠦ ᠬᠡᠷᠡᠭᠲᠡᠢ᠃ ︽ᠬᠤᠶᠠᠷ ᠨᠠᠷᠢᠨ ᠪᠦᠷᠢᠳᠬᠡᠯ︾ ᠳᠤ ᠬᠥᠳᠡᠯᠦᠩᠭᠦᠢ ᠲᠣᠬᠢᠷᠠᠭᠤᠯᠬᠤ ᠳᠦᠷᠢᠮ ᠢ | ᠬᠡᠷᠡᠭᠵᠢᠭᠦᠯᠵᠦ᠂ ︽ᠠᠯᠠᠱᠠ ᠵᠡᠭᠦᠨ ᠬᠤᠰᠢᠭᠤᠨ ᠤ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ | ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ ︵2022 ᠣᠨ︶ ᠢ ᠨᠡᠶᠢᠲᠡᠯᠡᠬᠦ ᠲᠤᠬᠠᠢ ᠠᠯᠠᠱᠠ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠠᠯᠠᠱᠠ ᠵᠡᠭᠦᠨ ᠬᠤᠰᠢᠭᠤᠨ ᠤ | ᠠᠯᠪᠠᠨ ᠲᠠᠷᠬᠠᠭᠠᠭᠰᠠᠨ ︵2022︶51 ᠳ᠋ᠦ᠋ᠭᠡᠷ ᠲᠣᠭᠠᠲᠤ︶ ᠶᠢᠨ ᠳᠤᠮᠳᠠ ᠤᠴᠢᠷ ᠶᠠᠪᠤᠳᠠᠯ ᠨᠢ ᠲᠤᠰ ᠤᠳᠠᠭᠠᠨ ᠤ | ᠳᠠᠷᠤᠮᠠᠯᠯᠠᠨ ᠲᠠᠷᠬᠠᠭᠠᠭᠰᠠᠨ ︽ᠬᠤᠶᠠᠷ ᠨᠠᠷᠢᠨ ᠪᠦᠷᠢᠳᠬᠡᠯ︾ ᠯᠤᠭ᠎ᠠ ᠨᠢᠭᠡᠳᠦᠯ ᠦᠭᠡᠢ ᠪᠠᠶᠢᠪᠠᠯ᠂ ᠲᠤᠰ | ᠤᠳᠠᠭᠠᠨ ᠤ ᠳᠠᠷᠤᠮᠠᠯᠯᠠᠨ ᠲᠠᠷᠬᠠᠭᠠᠭᠰᠠᠨ ᠢᠶᠠᠷ ᠪᠠᠷᠢᠮᠵᠢᠶ᠎ᠠ ᠪᠣᠯᠭᠠᠨ᠎ᠠ᠃ ᠠᠯᠠᠱᠠ ᠵᠡᠭᠦᠨ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠬᠠᠤᠯᠢ ᠴᠠᠭᠠᠵᠠ | ᠬᠠᠤᠯᠢ ᠲᠣᠭᠲᠠᠭᠠᠯ ᠲᠠᠢ ᠤᠶᠠᠯᠳᠤᠭᠤᠯᠤᠨ ᠵᠠᠰᠠᠪᠤᠷᠢ ᠣᠷᠣᠭᠤᠯᠵᠤ᠂ ᠴᠠᠭ ᠲᠤᠨᠢ ᠲᠣᠬᠢᠷᠠᠭᠤᠯᠤᠨ ︽ᠬᠤᠶᠠᠷ ᠨᠠᠷᠢᠨ | ᠪᠦᠷᠢᠳᠬᠡᠯ︾ ᠤᠨ ᠬᠥᠳᠡᠯᠦᠩᠭᠦᠢ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ᠎ᠠ᠃ | ᠬᠤᠶᠠᠷ᠂ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ ᠢ ᠴᠢᠩᠭ᠎ᠠ ᠵᠢᠷᠤᠮᠯᠠᠨ ᠵᠠᠰᠠᠭ | ᠵᠠᠬᠢᠷᠭᠠᠨ ᠤ ᠡᠷᠬᠡ ᠶᠢ ᠵᠢᠷᠤᠮᠵᠢᠭᠤᠯᠤᠨ᠎ᠠ | ︵ᠨᠢᠭᠡ︶ ᠨᠠᠷᠢᠨ ᠪᠦᠷᠢᠳᠬᠡᠯ ᠠᠴᠠ ᠭᠠᠳᠠᠨ᠎ᠠ ᠤᠴᠢᠷ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︽ᠠᠯᠠᠱᠠ ᠵᠡᠭᠦᠨ ᠬᠤᠰᠢᠭᠤᠨ ᠤ ᠭᠤᠶᠤᠴᠢᠯᠠᠭᠴᠢ ᠶᠢᠨ ᠠᠯᠪᠠᠳᠠᠯᠭ᠎ᠠ ᠪᠠᠷ ᠥᠷᠨᠢᠭᠦᠯᠵᠦ ᠪᠠᠶᠢᠭ᠎ᠠ ᠵᠠᠰᠠᠭ | ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ︾ ᠳᠤ ᠣᠷᠣᠭᠤᠯᠤᠭᠰᠠᠨ | ᠦᠭᠡᠢ ᠵᠦᠢᠯᠡᠰ ᠢ ᠵᠠᠰᠠᠭ ᠵᠠᠬᠢᠷᠭᠠᠨ ᠤ ᠪᠠᠶᠢᠭᠤᠯᠭ᠎ᠠ ᠶᠠᠮᠠᠷᠪᠠ ᠭᠡᠯᠪᠡᠷᠢ ᠪᠠᠷ ᠭᠤᠶᠤᠴᠢᠯᠠᠯ ᠳᠡᠪᠰᠢᠭᠦᠯᠦᠭᠰᠡᠨ ᠵᠠᠭᠤᠴᠢ | ᠪᠠᠶᠢᠭᠤᠯᠤᠮᠵᠢ ᠳᠤ ᠨᠠᠶᠢᠳᠠᠨ ᠦᠢᠯᠡᠴᠢᠯᠡᠭᠡ ᠭᠢᠯᠭᠡᠵᠦ ᠪᠤᠯᠬᠤ ᠦᠭᠡᠢ᠂ ᠡᠯ᠎ᠡ ᠲᠥᠷᠥᠯ ᠤᠨ ᠮᠡᠷᠭᠡᠵᠢᠯ ᠤᠨ ᠬᠢᠨᠠᠨ | ᠪᠠᠶᠢᠴᠠᠭᠠᠯᠲᠠ᠂ ᠨᠤᠲᠠᠯᠠᠯᠲᠠ᠂ ᠦᠨᠡᠯᠡᠨ ᠵᠢᠱᠢᠯᠲᠡ᠂ ᠰᠢᠯᠭᠠᠨ ᠪᠠᠶᠢᠴᠠᠭᠠᠯᠲᠠ᠂ ᠪᠠᠶᠢᠴᠠᠭᠠᠨ ᠬᠡᠮᠵᠢᠯᠲᠡ᠂ ᠰᠢᠯᠭᠠᠨ | ᠪᠠᠶᠢᠴᠠᠭᠠᠯᠲᠠ᠂ ᠰᠢᠯᠭᠠᠨ ᠪᠠᠶᠢᠴᠠᠭᠠᠯᠲᠠ᠂ ᠰᠢᠯᠭᠠᠨ ᠲᠣᠭᠲᠠᠭᠠᠯᠲᠠ᠂ ᠭᠡᠷᠡᠴᠢ᠂ ᠭᠡᠷᠡᠴᠢᠯᠡᠯ᠂ ᠯᠠᠪᠯᠠᠭ᠎ᠠ᠂ | ᠲᠤᠷᠰᠢᠯᠲᠠ ᠵᠡᠷᠭᠡ ᠶᠢ ᠪᠠᠭᠲᠠᠭᠠᠭᠰᠠᠨ ᠶᠠᠮᠠᠷᠪᠠ ᠭᠡᠯᠪᠡᠷᠢ ᠪᠠᠷ ᠭᠤᠶᠤᠴᠢᠯᠠᠯ ᠭᠠᠷᠭᠠᠵᠤ ᠪᠤᠯᠬᠤ ᠦᠭᠡᠢ᠃ ᠰᠠᠯᠠᠭ᠎ᠠ | ᠮᠥᠴᠢᠷ ᠤᠨ ᠰᠠᠨᠠᠯ ᠢ ᠡᠯᠰᠡᠬᠦ᠂ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠪᠠᠷ ᠳᠠᠮᠵᠢᠨ ᠰᠢᠢᠳᠪᠦᠷᠢᠯᠡᠵᠦ ᠪᠤᠯᠬᠤ ᠪᠤᠶᠤ ᠭᠤᠶᠤᠴᠢᠯᠠᠭᠴᠢ ᠶᠢᠨ ᠱᠠᠭᠠᠷᠳᠠᠯᠭ᠎ᠠ ᠶᠣᠰᠣᠭᠠᠷ | ᠥᠪᠡᠰᠦᠪᠡᠨ ᠪᠡᠶᠡᠯᠡᠭᠦᠯᠵᠦ ᠪᠤᠯᠬᠤ ᠵᠦᠢᠯᠡᠰ ᠢ ᠴᠥᠮ ᠠᠯᠪᠠᠳᠠᠯᠭ᠎ᠠ ᠶᠢᠨ ᠴᠢᠨᠠᠷᠲᠠᠢ ᠵᠠᠭᠤᠴᠢᠯᠠᠬᠤ ᠦᠢᠯᠡᠴᠢᠯᠡᠭᠡ | ᠲᠣᠭᠲᠠᠭᠠᠵᠤ ᠪᠤᠯᠬᠤ ᠦᠭᠡᠢ︔ ᠣᠳᠣ ᠪᠠᠶᠢᠭ᠎ᠠ ᠪᠤᠶᠤ ᠨᠢᠭᠡᠨᠲᠡ ᠬᠦᠴᠦᠨ ᠦᠭᠡᠢ ᠪᠤᠯᠭᠠᠬᠰᠠᠨ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠴᠥᠮ ᠵᠠᠭᠤᠴᠢᠯᠠᠬᠤ ᠦᠢᠯᠡᠴᠢᠯᠡᠭᠡ ᠪᠣᠯᠭᠠᠨ ᠬᠤᠪᠢᠷᠠᠭᠤᠯᠵᠤ ᠪᠤᠯᠬᠤ ᠦᠭᠡᠢ︔ ᠳᠠᠩ | ᠵᠦᠢᠯ ᠤᠨ ᠵᠠᠭᠤᠴᠢ ᠦᠢᠯᠡᠴᠢᠯᠡᠭᠡᠨ ᠤ ᠵᠦᠢᠯ ᠢ ᠴᠥᠮ ᠣᠯᠠᠨ ᠵᠠᠩᠭᠢᠯᠠᠭ᠎ᠠ ᠪᠣᠯᠭᠠᠨ ᠵᠠᠳᠠᠯᠵᠤ ᠪᠤᠯᠬᠤ ᠦᠭᠡᠢ᠃ | ︵ᠬᠤᠶᠠᠷ︶ ᠨᠠᠷᠢᠨ ᠪᠦᠷᠢᠳᠬᠡᠯ ᠤᠨ ᠳᠣᠲᠣᠷ᠎ᠠ ︽ᠭᠡᠳᠦ ᠳᠡᠯᠭᠡᠭᠦᠷ︾ ᠲᠤ ᠣᠷᠣᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ︽ᠠᠯᠠᠱᠠ ᠵᠡᠭᠦᠨ ᠬᠤᠰᠢᠭᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠳᠠᠵᠤ | ᠥᠷᠨᠢᠭᠦᠯᠬᠦ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ︾ ᠳᠤ | ᠣᠷᠣᠭᠤᠯᠬᠤ ᠵᠦᠢᠯᠡᠰ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠦᠯᠵᠢᠶᠡᠨ | ᠳᠡᠭᠡᠷᠡᠬᠢ ᠵᠠᠭᠤᠴᠢ ᠦᠢᠯᠡᠴᠢᠯᠡᠭᠡᠨ ᠤ ᠭᠡᠳᠦ ᠳᠡᠯᠭᠡᠭᠦᠷ ᠢᠶᠠᠷ ᠳᠠᠮᠵᠢᠭᠤᠯᠤᠨ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ ᠶᠢ ᠰᠣᠩᠭᠤᠬᠤ ᠬᠡᠷᠡᠭᠲᠡᠢ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ ᠳᠤ ᠨᠠᠶᠢᠳᠠᠵᠤ ᠥᠷᠨᠢᠭᠦᠯᠬᠦ ᠮᠡᠷᠭᠡᠵᠢᠯ ᠤᠨ ᠴᠢᠨᠠᠷᠲᠠᠢ ᠦᠢᠯᠡᠴᠢᠯᠡᠭᠡᠨ ᠤ ᠵᠦᠢᠯᠡᠰ ᠢ ᠪᠣᠯ | ᠥᠷᠢᠰᠦᠯᠳᠦᠭᠡᠨ ᠤ ᠴᠢᠨᠠᠷᠲᠠᠢ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ | ᠰᠣᠩᠭᠤᠵᠤ᠂ ᠦᠢᠯᠡᠴᠢᠯᠡᠭᠡᠨ ᠤ ᠵᠠᠷᠤᠳᠠᠯ ᠢ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠨᠠᠶᠢᠳᠠᠨ ᠡᠭᠦᠷᠭᠡᠯᠡᠭᠦᠯᠵᠦ᠂ | ᠭᠤᠶᠤᠴᠢᠯᠠᠭᠴᠢ ᠳᠤ ᠰᠢᠯᠵᠢᠭᠦᠯᠦᠨ ᠥᠭᠴᠦ ᠡᠭᠦᠷᠭᠡᠯᠡᠭᠦᠯᠵᠦ ᠪᠤᠯᠬᠤ ᠦᠭᠡᠢ᠃ ︽ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ︾ ᠶᠠᠪᠤᠳᠠᠯ ᠳᠤ ᠬᠤᠯᠪᠣᠭᠳᠠᠬᠤ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠲᠥᠷᠥᠯ ᠵᠦᠢᠯ ᠣᠯᠠᠨ ᠮᠥᠷᠲᠡᠭᠡᠨ ᠦᠢᠯᠡᠳᠦᠯᠭᠡ ᠶᠢᠨ ᠳᠤᠮᠳᠠ ᠣᠯᠠᠩᠬᠢ ᠲᠣᠭᠠᠨ ᠤ | ᠭᠤᠶᠤᠴᠢᠯᠠᠭᠴᠢ ᠨᠢ ᠴᠥᠮ ᠭᠤᠷᠪᠠᠳᠠᠭᠢ ᠡᠲᠡᠭᠡᠳ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ | ᠬᠡᠷᠡᠭᠵᠢᠭᠦᠯᠵᠦ ᠪᠤᠯᠬᠤ ᠴᠢᠨᠠᠷᠲᠠᠢ ᠰᠤᠳᠤᠯᠭᠠᠨ ᠤ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ | ᠵᠡᠷᠭᠡ ᠶᠢ ᠨᠠᠶᠢᠷᠠᠭᠤᠯᠤᠨ ᠵᠣᠬᠢᠶᠠᠭᠰᠠᠨ ᠠᠴᠠ ᠪᠣᠯᠵᠤ᠂ ᠲᠤᠰ ᠵᠦᠢᠯ ᠢ ︽ᠠᠯᠠᠱᠠ ᠵᠡᠭᠦᠨ ᠬᠤᠰᠢᠭᠤ | ᠭᠤᠶᠤᠴᠢᠯᠠᠭᠴᠢ ᠶᠢᠨ ᠠᠯᠪᠠᠳᠠᠯᠭ᠎ᠠ ᠪᠠᠷ ᠥᠷᠨᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ | ᠵᠦᠢᠯᠡᠰ ᠤᠨ ᠨᠠᠷᠢᠨ ᠪᠦᠷᠢᠳᠬᠡᠯ︾ ᠪᠠᠷ ᠯᠠᠪᠯᠠᠯᠲᠠ ᠪᠤᠯᠭᠠᠵᠤ ᠬᠠᠮᠢᠶᠠᠷᠴᠤ᠂ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠪᠠᠶᠢᠭᠤᠯᠭ᠎ᠠ ᠨᠢ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠭᠦᠯᠬᠦ︾ ᠭᠤᠶᠤᠴᠢᠯᠠᠬᠤ ᠦᠶ᠎ᠡ ᠳᠤ ᠵᠠᠭᠤᠴᠢᠯᠠᠬᠤ ᠦᠢᠯᠡᠴᠢᠯᠡᠭᠡ ᠶᠢ ᠨᠠᠶᠢᠳᠠᠵᠤ ᠥᠷᠨᠢᠭᠦᠯᠬᠦ ᠴᠢᠬᠤᠯᠠᠲᠠᠢ | ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠴᠠᠬᠢᠮ ᠬᠤᠳᠠᠯᠳᠤᠭᠠᠨ ᠤ ᠲᠠᠯᠠᠪᠤᠷ ᠵᠠᠮ ᠮᠥᠷ ᠪᠠ | ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠴᠥᠮ | ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠭᠡᠳᠦ ᠳᠡᠯᠭᠡᠭᠦᠷ ᠢᠶᠠᠷ | ᠳᠠᠮᠵᠢᠭᠤᠯᠤᠨ ᠢᠯᠡ ᠪᠠᠷ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠨ ᠠᠪᠬᠤ ᠬᠡᠷᠡᠭᠲᠡᠢ᠃ | ᠭᠤᠷᠪᠠ᠂ ᠵᠠᠭᠤᠴᠢᠯᠠᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠦᠷᠢᠮ ᠤᠨ | ᠴᠢᠨᠠᠷᠲᠠᠢ ᠠᠷᠠᠯᠵᠢᠶ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ | ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ︽ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 722 | ᠳ᠋ᠤᠭᠠᠷ ᠲᠣᠭᠠᠲᠤ︶ ᠵᠡᠷᠭᠡ ᠱᠠᠭᠠᠷᠳᠠᠯᠭ᠎ᠠ ᠶᠣᠰᠣᠭᠠᠷ᠂ ᠲᠤᠰ ᠠᠵᠢᠯ ᠲᠥᠷᠥᠯ᠂ ᠲᠤᠰ ᠬᠦᠷᠢᠶ᠎ᠡ ᠬᠡᠪᠴᠢᠶᠡᠨ ᠤ ᠪᠠᠨ | ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠵᠠᠭᠤᠴᠢ ᠦᠢᠯᠡᠴᠢᠯᠡᠭᠡᠨ ᠤ | ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ | ︵ᠨᠢᠭᠡ︶ ᠪᠠᠷᠢᠮᠵᠢᠶ᠎ᠠ ᠪᠠ ᠵᠢᠷᠤᠮᠵᠢᠭᠤᠯᠤᠨ ᠲᠣᠭᠲᠠᠭᠠᠬᠤ ᠳᠠᠬᠢ ᠬᠢᠨᠠᠯᠲᠠ ᠲᠠᠯᠪᠢᠵᠤ ᠵᠢᠯᠤᠭᠤᠳᠬᠤ ᠪᠠᠨ | ᠴᠢᠩᠭᠠᠳᠬᠠᠬᠤ ᠬᠡᠷᠡᠭᠲᠡᠢ᠃ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠯᠤᠭᠤᠳᠬᠤ ᠰᠠᠯᠠᠭ᠎ᠠ ᠮᠥᠴᠢᠷ ᠡᠯ᠎ᠡ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠭᠤᠴᠢ ᠦᠢᠯᠡᠴᠢᠯᠡᠭᠡᠨ ᠤ ᠵᠢᠷᠤᠮᠵᠢᠯ ᠪᠠ | ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠲᠤᠰ ᠠᠵᠢᠯ ᠲᠥᠷᠥᠯ ᠤᠨ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ ᠶᠢᠨ ᠢᠶᠠᠨ ᠦᠢᠯᠡᠴᠢᠯᠡᠭᠡᠨ ᠤ ᠠᠮᠠᠯᠠᠯᠲᠠ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ᠂ | ᠠᠵᠢᠯ ᠡᠷᠭᠢᠯᠡᠭᠦ ᠶᠢ ᠢᠯᠡ ᠨᠡᠶᠢᠲᠡᠯᠡᠬᠦ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ᠂ ᠠᠵᠢᠯ ᠡᠷᠭᠢᠯᠡᠭᠰᠡᠨ | ᠲᠡᠮᠳᠡᠭᠯᠡᠯ ᠵᠡᠷᠭᠡ ᠳᠦᠷᠢᠮ ᠪᠠᠶᠢᠭᠤᠯᠬᠤ ᠶᠢ ᠵᠢᠯᠣᠭᠤᠳᠤᠨ ᠬᠢᠨᠠᠯᠲᠠ ᠲᠠᠯᠪᠢᠵᠤ᠂ ᠦᠢᠯᠡᠴᠢᠯᠡᠭᠡᠨ ᠤ ᠲᠥᠷᠥᠯ ᠵᠦᠢᠯ ᠢ | ᠨᠠᠷᠢᠯᠢᠭᠵᠢᠭᠤᠯᠬᠤ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠭᠦ ᠬᠡᠷᠡᠭᠲᠡᠢ᠃ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠢ ᠭᠦᠢᠴᠡᠳᠬᠡᠬᠦ ᠨᠥᠬᠦᠴᠡᠯ᠂ | ᠴᠤᠪᠤᠷᠠᠯ᠂ ᠴᠠᠭ ᠬᠢᠵᠠᠭᠠᠷ᠂ ᠰᠦᠢᠳᠬᠡᠯ ᠡᠯᠰᠡᠬᠦ ᠪᠠᠷᠢᠮᠵᠢᠶ᠎ᠠ ᠶᠢ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠳᠤ | ᠢᠯᠡ ᠪᠤᠯᠭᠠᠬᠤ ᠬᠡᠷᠡᠭᠲᠡᠢ᠃ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠠᠵᠢᠯ ᠡᠷᠬᠢᠯᠡᠭᠰᠡᠳ ᠤᠨ ᠠᠵᠢᠯ | ᠡᠷᠭᠢᠯᠡᠭᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠯᠬᠠᠭᠠᠨ ᠴᠡᠭᠡᠷᠯᠡᠭᠦᠯᠬᠦ ᠪᠠ ᠰᠢᠯᠢᠭᠳᠡᠭᠦᠯᠬᠦ ᠲᠣᠭᠲᠠᠴᠠ ᠶᠢ | ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ᠂ ᠬᠤᠳᠠᠯ ᠬᠠᠭᠤᠷᠮᠠᠭ ᠭᠡᠷᠡᠴᠢ ᠪᠤᠶᠤ | ᠮᠡᠳᠡᠭᠦᠯᠦᠯᠲᠡ ᠬᠢᠵᠦ ᠥᠭᠭᠦᠭᠰᠡᠨ᠂ ᠵᠦᠢ ᠶᠣᠰᠣᠨ ᠤ ᠪᠤᠰᠤ ᠠᠰᠢᠭ ᠣᠯᠣᠭᠰᠠᠨ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠰᠠᠮᠠᠭᠤᠷᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ | ᠰᠢᠰᠲ᠋ᠧᠮᠵᠢ ᠪᠠ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠠᠮᠢᠶ᠎ᠠ ᠪᠦᠬᠦᠢ ᠢᠲᠡᠭᠡᠮᠵᠢ ᠶᠢᠨ | ᠪᠠᠶᠢᠳᠠᠯ ᠪᠠ ᠰᠢᠯᠭᠠᠨ ᠦᠨᠡᠯᠡᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠢᠯᠡ | ᠨᠡᠶᠢᠲᠡᠯᠡᠨ᠎ᠡ᠃ | ︵ᠬᠤᠶᠠᠷ︶ ᠦᠨᠳᠦᠰᠦᠯᠡᠯ ᠦᠭᠡᠢ᠂ ᠴᠢᠬᠤᠯᠠ ᠪᠤᠰᠤ ᠵᠦᠢᠯᠡᠰ ᠢ ᠢᠯᠭᠠᠷᠠᠭᠤᠯᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠡᠷᠬᠡ ᠶᠢᠨ ᠵᠢᠯᠤᠭᠤᠳᠬᠤ ᠰᠠᠯᠠᠭ᠎ᠠ ᠮᠥᠴᠢᠷ ᠤᠳ ᠬᠠᠤᠯᠢ | ᠴᠠᠭᠠᠵᠠ ᠬᠠᠤᠯᠢ ᠲᠣᠭᠲᠠᠭᠠᠯ ᠦᠭᠡᠢ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠤᠨ | ᠦᠨᠳᠦᠰᠦᠯᠡᠯ ᠦᠭᠡᠢ᠂ ᠴᠢᠬᠤᠯᠠ ᠪᠤᠰᠤ ᠵᠠᠭᠤᠴᠢ ᠦᠢᠯᠡᠴᠢᠯᠡᠭᠡᠨ ᠤ ᠵᠦᠢᠯᠡᠰ ᠢ ᠦᠷᠭᠦᠯᠵᠢᠯᠡᠨ ᠢᠯᠭᠠᠷᠠᠭᠤᠯᠵᠤ | ᠬᠦᠴᠦᠨ ᠦᠭᠡᠢ ᠪᠤᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠶᠠᠪᠤᠴᠠ ᠳᠠᠬᠢ ᠵᠠᠭᠤᠴᠢ | ᠦᠢᠯᠡᠴᠢᠯᠡᠭᠡᠨ ᠤ ᠮᠠᠲ᠋ᠧᠷᠢᠶᠠᠯ ᠢ ᠤᠯᠠᠮ ᠪᠠᠭᠠᠰᠬᠠᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠦᠢᠯᠡᠳᠦᠯᠭᠡ ᠶᠢᠨ ᠶᠠᠪᠤᠴᠠ ᠳᠤ ᠢᠯᠡᠷᠡᠭᠰᠡᠨ ᠲᠦᠷ ᠴᠠᠭ ᠳᠡᠭᠡᠳᠦ | ᠪᠠᠶᠢᠷᠢ ᠶᠢᠨ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠪᠤᠯᠪᠠᠴᠤ ᠭᠤᠶᠤᠴᠢᠯᠠᠭᠴᠢ ᠶᠢᠨ ᠬᠦᠰᠡᠯ | ᠨᠠᠶᠢᠳᠠᠯᠭ᠎ᠠ ᠶᠢ ᠠᠯᠪᠠᠲᠠᠨ ᠥᠷᠨᠢᠭᠦᠯᠬᠦ ᠴᠢᠬᠤᠯᠠᠲᠠᠢ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ | ᠵᠦᠢᠯᠡᠰ ᠲᠤ ᠴᠢᠭᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ | ᠬᠠᠤᠯᠢ ᠲᠣᠭᠲᠠᠭᠠᠬᠤ ᠳᠡᠰ ᠳᠠᠷᠠᠭᠠᠯᠠᠯ ᠢᠶᠠᠨ ᠲᠦᠷᠭᠡᠳᠬᠡᠬᠦ ᠶᠢ ᠠᠬᠢᠭᠤᠯᠵᠤ᠂ ᠵᠠᠭᠤᠴᠢ ᠦᠢᠯᠡᠴᠢᠯᠡᠭᠡᠨ ᠤ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠳᠤ ᠦᠨᠡᠨᠬᠦ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ᠃ | ᠬᠠᠪᠰᠤᠷᠤᠯᠲᠠ᠄ 1. ᠠᠯᠠᠱᠠ ᠵᠡᠭᠦᠨ ᠬᠤᠰᠢᠭᠤᠨ ᠤ ᠭᠤᠶᠤᠴᠢᠯᠠᠭᠴᠢ ᠶᠢᠨ ᠠᠯᠪᠠᠳᠠᠯᠭ᠎ᠠ ᠪᠠᠷ | ᠥᠷᠨᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ | 2. ᠠᠯᠠᠱᠠ ᠵᠡᠭᠦᠨ ᠬᠤᠰᠢᠭᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠨᠠᠶᠢᠳᠠᠵᠤ | ᠥᠷᠨᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠪᠦᠷᠢᠳᠬᠡᠯ | | 2024 ᠣᠨ ᠤ 10 ᠰᠠᠷ᠎ᠠ ᠶᠢᠨ 10 ᠤ ᠡᠳᠦᠷ | | | |