| ᠨᠢᠭᠡᠳᠦᠭᠡᠷ ᠵᠦᠢᠯ ᠪᠦᠭᠦ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠠᠪᠤᠴᠠ ᠳᠠᠬᠢ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ | ᠬᠠᠮᠠᠭᠠᠯᠠᠵᠤ᠂ ᠠᠯᠳᠠᠭ᠎ᠠ ᠶᠢ ᠨᠢ ᠪᠠᠭᠲᠠᠭᠠᠵᠤ ᠠᠯᠳᠠᠭ᠎ᠠ ᠶᠢ ᠨᠢ ᠵᠠᠯᠠᠷᠠᠭᠤᠯᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ | ᠤᠯᠠᠮ ᠵᠢᠷᠤᠮᠵᠢᠭᠤᠯᠬᠤ ᠶᠢᠨ ᠲᠤᠰᠠᠳᠠ᠂ ᠠᠯᠳᠠᠭ᠎ᠠ ᠶᠢ ᠠᠭᠤᠴᠢᠯᠠᠵᠤ ᠪᠤᠷᠤᠭᠤ ᠶᠢ ᠵᠠᠯᠠᠷᠠᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠠᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨᠳᠦ᠋ᠩᠨᠡᠨᠡ᠃ | ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠪᠦᠭᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠣᠬᠢᠷᠠᠨ᠎ᠠ᠃ | | ᠭᠤᠷᠪᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠪᠠᠶᠢᠴᠠᠭᠠᠯᠲᠠ ᠬᠢᠬᠦ᠂ ᠵᠠᠰᠠᠭ | ᠵᠠᠬᠢᠷᠭᠠᠨ ᠢᠶᠠᠷ ᠰᠢᠢᠳᠭᠡᠨ ᠲᠣᠷᠭᠠᠬᠤ᠂ ᠵᠠᠰᠠᠭ ᠵᠠᠬᠢᠷᠭᠠᠨ ᠢᠶᠠᠷ ᠠᠯᠪᠠᠳᠠᠬᠤ᠂ ᠵᠠᠰᠠᠭ ᠵᠠᠬᠢᠷᠭᠠᠨ ᠢᠶᠠᠷ ᠵᠥᠪᠰᠢᠶᠡᠷᠡᠯ | ᠣᠯᠭᠤᠬᠤ ᠵᠡᠷᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠣᠯ ᠬᠠᠷᠢᠭᠤᠴᠠᠯᠭ᠎ᠠ ᠠᠴᠠ ᠬᠡᠯᠲᠦᠷᠢᠭᠦᠯᠬᠦ᠂ ᠠᠯᠳᠠᠰᠢ ᠶᠢ ᠠᠭᠤᠴᠢᠯᠠᠨ ᠵᠠᠯᠠᠷᠠᠭᠤᠯᠬᠤ ᠳᠤ ᠲᠤᠰ ᠠᠷᠭ᠎ᠠ ᠶᠢ | ᠬᠡᠷᠡᠭᠯᠡᠨ᠎ᠡ᠃ | ᠳᠥᠷᠪᠡᠳᠦᠭᠡᠷ ᠵᠦᠢᠯ ᠠᠯᠳᠠᠰᠢ ᠶᠢ ᠨᠢ ᠠᠭᠤᠴᠢᠯᠠᠨ ᠵᠠᠯᠠᠷᠠᠭᠤᠯᠬᠤ ᠳᠤ ᠲᠤᠰᠢᠶᠠᠯ ᠬᠠᠷᠢᠭᠤᠴᠠᠯᠭ᠎ᠠ ᠶᠢ | ᠬᠠᠤᠯᠢ ᠪᠠᠷ ᠲᠣᠭᠲᠠᠭᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ᠂ | ᠬᠠᠷᠢᠭᠤᠴᠠᠯᠭ᠎ᠠ ᠪᠠᠨ ᠠᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠬᠦ᠂ ᠠᠯᠳᠠᠰᠢ ᠶᠢ ᠨᠢ ᠪᠠᠭᠠᠰᠬᠠᠬᠤ᠂ ᠪᠤᠷᠤᠭᠤ | ᠪᠠᠶᠢᠪᠠᠯ ᠵᠠᠪᠠᠯ ᠵᠠᠯᠠᠷᠠᠭᠤᠯᠬᠤ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠪᠣᠳᠠᠲᠤ ᠶᠠᠪᠤᠳᠠᠯ ᠨᠢ | ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ᠂ ᠵᠢᠷᠤᠮ ᠨᠢ ᠬᠠᠤᠯᠢ ᠳᠤ ᠨᠡᠶᠢᠴᠡᠭᠰᠡᠨ᠂ ᠴᠢᠨᠠᠷ | ᠲᠣᠭᠲᠠᠭᠠᠭᠰᠠᠨ ᠨᠢ ᠣᠨᠣᠪᠴᠢᠲᠠᠢ᠂ ᠰᠢᠢᠳᠪᠦᠷᠢᠯᠡᠭᠰᠡᠨ ᠨᠢ ᠲᠣᠬᠢᠷᠠᠮᠵᠢᠲᠠᠢ ᠪᠠᠶᠢᠬᠤ ᠬᠡᠷᠡᠭᠲᠡᠢ᠃ | ᠲᠠᠪᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠢ ᠡᠷᠬᠡᠪᠰᠢ ᠬᠢᠵᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠤᠯᠬᠤ ᠦᠭᠡᠢ᠂ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ︽ᠭᠤᠷᠪᠠ ᠶᠢ ᠲᠣᠭᠲᠠᠭᠠᠭᠰᠠᠨ︾ | ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠬᠤ ᠬᠡᠷᠡᠭᠲᠡᠢ᠃ | ᠵᠢᠷᠭᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠣᠨ ᠡᠷᠭᠢᠯᠡᠭᠰᠡᠨ ᠠᠵᠢᠯ ᠤᠨ ᠱᠠᠭᠠᠷᠳᠠᠯᠭ᠎ᠠ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠠᠪᠤᠴᠠ ᠳᠤ᠂ ᠬᠠᠤᠯᠢ ᠴᠠᠭᠠᠵᠠ ᠶᠢᠨ | ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠡᠷᠭᠢᠯᠡᠭᠰᠡᠨ ᠠᠵᠢᠯ ᠤᠨ ᠱᠠᠭᠠᠷᠳᠠᠯᠭ᠎ᠠ ᠦᠭᠡᠢ ᠪᠤᠶᠤ | ᠪᠤᠰᠤᠳᠴᠢ ᠬᠦᠴᠦᠨ ᠵᠦᠢᠯ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠠᠴᠠ ᠪᠣᠯᠵᠤ ᠵᠣᠬᠢᠬᠤ ᠬᠤᠬᠢᠷᠠᠯ ᠪᠤᠶᠤ | ᠮᠠᠭᠤ ᠨᠥᠯᠥᠭᠡ ᠭᠠᠷᠭᠠᠭᠰᠠᠨ ᠮᠥᠷᠲᠡᠭᠡᠨ ᠴᠠᠭ ᠲᠤᠬᠠᠢ ᠳᠤᠨᠢ ᠵᠠᠯᠠᠷᠠᠭᠤᠯᠤᠨ ᠵᠠᠯᠠᠷᠠᠭᠤᠯᠵᠤ᠂ ᠬᠤᠯᠪᠣᠭᠳᠠᠯ ᠪᠦᠬᠦᠢ | ᠲᠣᠭᠲᠠᠭᠠᠯ ᠪᠣᠯᠣᠨ ᠳᠡᠰ ᠳᠠᠷᠠᠭᠠᠯᠠᠯ ᠤᠨ ᠶᠣᠰᠣᠭᠠᠷ ᠪᠤᠷᠤᠭᠤ ᠪᠠᠨ ᠮᠡᠳᠡᠷᠡᠵᠦ ᠠᠭᠤᠴᠢᠯᠠᠬᠤ ᠬᠡᠷᠡᠭᠲᠡᠢ᠃ | ᠳᠣᠯᠣᠳᠤᠭᠠᠷ ᠵᠦᠢᠯ ᠬᠠᠤᠯᠢ ᠬᠡᠷᠡᠭᠵᠢᠭᠦᠯᠦᠭᠴᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠦᠶ᠎ᠡ ᠳᠤ᠂ ᠶᠠᠮᠠᠷᠪᠠ ᠨᠢᠭᠡᠴᠢ ᠪᠤᠶᠤ ᠬᠤᠪᠢ ᠬᠥᠮᠥᠨ ᠤ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠤᠶᠤ ᠬᠠᠤᠯᠢ ᠶᠢ ᠬᠡᠷᠡᠭᠵᠢᠭᠦᠯᠬᠦ ᠶᠢ ᠬᠠᠷᠰᠢᠯᠠᠵᠤ | ᠲᠥᠪ ᠭᠤᠣᠯᠴᠢ ᠪᠠᠶᠢᠬᠤ ᠱᠠᠭᠠᠷᠳᠠᠯᠭ᠎ᠠ ᠶᠢ ᠲᠡᠪᠴᠢᠬᠦ ᠡᠷᠬᠡ ᠲᠠᠢ᠃ | ᠨᠠᠢᠮᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠵᠢᠴᠢ ᠲᠡᠭᠦᠨ ᠯᠦᠭᠡ ᠬᠠᠷᠢᠯᠴᠠᠨ ᠵᠣᠬᠢᠴᠠᠯᠳᠤᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠪᠣᠯᠣᠨ ᠵᠠᠰᠠᠭ | ᠵᠠᠬᠢᠷᠭᠠᠨ ᠤ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠬᠦ ᠬᠡᠷᠡᠭᠲᠡᠢ᠃ | ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠡᠷᠬᠡ | ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ ᠪᠦᠷᠢᠳᠬᠡᠯ ᠤᠨ | ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃ | ᠠᠷᠪᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ | ᠵᠠᠰᠠᠭ ᠵᠠᠬᠢᠷᠭᠠᠨ ᠤ ᠠᠯᠪᠠᠲᠠᠨ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠬᠠᠤᠯᠢ ᠶᠣᠰᠣᠭᠠᠷ ᠪᠠᠶᠢᠴᠠᠭᠠᠯᠲᠠ | ᠬᠢᠵᠦ ᠭᠡᠷᠡᠴᠢ ᠠᠪᠴᠤ᠂ ᠪᠦᠷᠢᠨ ᠪᠦᠲᠦᠨ ᠭᠡᠷᠡᠴᠢ ᠪᠠᠷᠢᠮᠲᠠ ᠶᠢᠨ ᠬᠡᠯᠬᠢᠶ᠎ᠡ ᠶᠢ ᠪᠤᠢ ᠪᠣᠯᠭᠠᠨ᠂ ᠬᠡᠷᠡᠭ ᠢ ᠴᠢᠩᠭ᠎ᠠ | ᠬᠢᠨᠠᠨ ᠪᠠᠶᠢᠴᠠᠭᠠᠬᠤ ᠪᠠᠷ ᠳᠠᠮᠵᠢᠨ ᠬᠠᠤᠯᠢ ᠶᠣᠰᠣᠭᠠᠷ ᠵᠣᠬᠢᠰᠲᠠᠢ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠵᠠᠰᠠᠭ ᠵᠠᠬᠢᠷᠭᠠᠨ ᠤ ᠲᠠᠰᠤᠯᠤᠯᠲᠠ ᠶᠢᠨ | ᠦᠨᠳᠦᠰᠦᠨ ᠪᠠᠷᠢᠮᠵᠢᠶ᠎ᠠ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ | ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ | ᠳᠦᠷᠢᠮ ᠢᠶᠠᠷ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠳᠤ | ᠲᠣᠭᠲᠠᠭᠠᠭᠰᠠᠨ ᠳᠡᠰ ᠳᠠᠷᠠᠭᠠᠯᠠᠯ᠂ ᠠᠷᠭ᠎ᠠ ᠮᠠᠶ᠋ᠢᠭ᠂ ᠴᠠᠭ ᠬᠤᠭᠤᠴᠠᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ᠂ ᠵᠠᠰᠠᠭ ᠵᠠᠬᠢᠷᠭᠠᠨ ᠢᠶᠠᠷ ᠠᠯᠪᠠᠳᠠᠬᠤ ᠵᠡᠷᠭᠡ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠳᠣᠣᠷᠠᠬᠢ ᠪᠠᠶᠢᠳᠠᠯ ᠳᠤ ᠨᠡᠶᠢᠴᠡᠭᠰᠡᠨ ᠪᠠᠶᠢᠪᠠᠯ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄ | ︵ᠨᠢᠭᠡ︶ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠳᠤ ᠲᠣᠭᠲᠠᠭᠠᠭᠰᠠᠨ ᠳᠡᠰ | ᠳᠠᠷᠠᠭᠠᠯᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ︔ | ︵ᠬᠤᠶᠠᠷ︶ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ | ᠬᠠᠭᠤᠷᠮᠠᠭᠯᠠᠨ ᠵᠣᠬᠢᠶᠠᠭᠰᠠᠨ᠂ ᠤᠰᠠᠳᠬᠠᠨ ᠰᠦᠢᠳᠬᠡᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ | ᠬᠠᠩᠭᠠᠭᠰᠠᠨ ᠠᠴᠠ ᠪᠣᠯᠵᠤ ᠬᠠᠤᠯᠢ ᠶᠢ ᠪᠤᠷᠤᠭᠤ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠪᠤᠶᠤ ᠬᠡᠷᠡᠭ ᠤᠨ | ᠪᠠᠶᠢᠴᠠᠭᠠᠯᠲᠠ ᠠᠴᠠ ᠵᠠᠶᠢᠯᠠᠭᠰᠠᠨ ᠠᠴᠠ ᠪᠣᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭ | ᠲᠤᠬᠠᠢ ᠳᠤᠨᠢ ᠭᠠᠷᠭᠠᠵᠤ ᠳᠡᠶᠢᠯᠭᠦ ᠦᠭᠡᠢ ᠪᠣᠯᠤᠭᠰᠠᠨ︔ | ︵ᠭᠤᠷᠪᠠ︶ ᠲᠤᠬᠠᠢ ᠶᠢᠨ ᠬᠥᠮᠥᠨ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠡᠳ᠋ ᠪᠣᠳᠠᠰ ᠢ | ᠲᠤᠬᠠᠢ ᠶᠢᠨ ᠬᠥᠮᠥᠨ ᠨᠢ ᠳᠤᠷ᠎ᠠ ᠪᠠᠷ ᠢᠶᠠᠨ ᠨᠢᠭᠤᠵᠤ ᠳᠠᠯᠳᠠᠯᠠᠭᠰᠠᠨ᠂ ᠰᠢᠯᠵᠢᠭᠦᠯᠦᠭᠰᠡᠨ᠂ ᠬᠤᠳᠠᠯᠳᠤᠭᠰᠠᠨ᠂ | ᠡᠪᠳᠡᠵᠦ ᠰᠦᠢᠳᠬᠡᠭᠰᠡᠨ ᠤᠴᠢᠷ ᠠᠴᠠ ᠬᠤᠣᠷ ᠤᠷᠰᠢᠭ ᠲᠠᠲᠠᠭᠰᠠᠨ︔ | ︵ᠳᠥᠷᠪᠡ︶ ᠤᠷᠢᠳᠴᠢᠯᠠᠨ ᠮᠡᠳᠡᠵᠦ ᠳᠡᠶᠢᠯᠭᠦ ᠦᠭᠡᠢ᠂ ᠵᠠᠶᠢᠯᠠᠰᠬᠢᠵᠦ ᠳᠡᠶᠢᠯᠭᠦ ᠦᠭᠡᠢ ᠪᠤᠶᠤ ᠢᠯᠠᠨ | ᠳᠠᠪᠠᠵᠤ ᠳᠡᠶᠢᠯᠭᠦ ᠦᠭᠡᠢ ᠵᠡᠷᠭᠡ ᠳᠠᠪᠠᠭᠳᠠᠰᠢ ᠦᠭᠡᠢ ᠬᠦᠴᠦᠨ ᠵᠦᠢᠯ ᠠᠴᠠ ᠪᠣᠯᠵᠤ᠂ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠵᠢᠴᠢ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠳᠡᠶᠢᠯᠭᠦ ᠦᠭᠡᠢ ᠪᠣᠯᠤᠭᠰᠠᠨ︔ | ︵ᠲᠠᠪᠤ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠤᠷᠤᠭᠤ ᠪᠤᠶᠤ ᠵᠦᠢ ᠵᠣᠬᠢᠰ ᠦᠭᠡᠢ | ᠵᠠᠰᠠᠭ ᠵᠠᠬᠢᠷᠭᠠᠨ ᠤ ᠠᠵᠢᠯᠯᠠᠭ᠎ᠠ ᠠᠴᠠ ᠪᠣᠯᠵᠤ ᠪᠤᠷᠤᠭᠤ ᠮᠠᠭᠠᠳᠯᠠᠯᠲᠠ ᠭᠠᠷᠭᠠᠭᠰᠠᠨ ᠪᠤᠶᠤ ᠰᠢᠢᠳᠪᠦᠷᠢᠯᠡᠭᠰᠡᠨ︔ | ︵ᠵᠢᠷᠭᠤᠭ᠎ᠠ︶ ᠪᠠᠷᠢᠮᠵᠢᠶ᠎ᠠ ᠶᠢᠨ ᠲᠠᠯ᠎ᠠ ᠪᠠᠷ ᠳᠤᠲᠠᠮᠠᠭ ᠪᠤᠶᠤ ᠣᠳᠣ ᠪᠠᠶᠢᠭ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠬᠢᠷᠢ ᠬᠡᠮᠵᠢᠶᠡᠨ ᠤ ᠬᠢᠵᠠᠭᠠᠷᠯᠠᠯ ᠠᠴᠠ ᠪᠣᠯᠣᠭᠠᠳ ᠢᠯᠡᠷᠡᠭᠦᠯᠵᠦ ᠳᠡᠶᠢᠯᠭᠦ ᠦᠭᠡᠢ | ᠠᠰᠠᠭᠤᠳᠠᠯ ᠣᠷᠣᠰᠢᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠪᠠᠷ | ᠲᠣᠭᠲᠠᠭᠠᠭᠰᠠᠨ ᠴᠢᠨᠠᠷ ᠦᠭᠡᠢ ᠪᠤᠯᠭᠠᠬᠰᠠᠨ︔ | ︵ᠳᠣᠯᠤᠭ᠎ᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠭᠰᠡᠨ ᠪᠠ ᠵᠠᠷᠯᠢᠭᠳᠠᠨ ᠵᠠᠯᠠᠷᠠᠭᠤᠯᠤᠯᠲᠠ ᠬᠢᠭᠰᠡᠨ᠂ ᠴᠡᠭᠴᠡᠯᠡᠨ ᠥᠭᠡᠷᠡᠴᠢᠯᠡᠬᠦ ᠬᠤᠭᠤᠴᠠᠭᠠᠨ ᠳᠤ | ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠭᠦᠢᠴᠡᠳᠬᠡᠭᠰᠡᠨ ᠦᠭᠡᠢ ᠠᠴᠠ ᠪᠣᠯᠵᠤ ᠠᠳᠡᠯ ᠭᠠᠷᠭᠠᠭᠰᠠᠨ︔ | ︵ᠨᠠᠢᠮᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢᠭᠡᠨᠲᠡ ᠬᠠᠤᠯᠢ ᠶᠣᠰᠣᠭᠠᠷ ᠪᠠᠶᠢᠴᠠᠭᠠᠭᠰᠠᠨ ᠪᠠ | ᠵᠠᠷᠯᠢᠭᠳᠠᠨ ᠵᠠᠯᠠᠷᠠᠭᠤᠯᠤᠭᠠᠳ᠂ ᠬᠠᠤᠯᠢ ᠴᠠᠭᠠᠵᠠ ᠶᠢᠨ ᠵᠢᠷᠤᠮ ᠶᠣᠰᠣᠭᠠᠷ ᠭᠦᠢᠴᠡᠳᠬᠡᠭᠰᠡᠨ ᠪᠤᠶᠤ ᠰᠢᠯᠵᠢᠭᠦᠯᠦᠨ | ᠬᠦᠷᠭᠡᠬᠦ ᠶᠠᠪᠤᠴᠠ ᠳᠤ ᠠᠳᠡᠯ ᠭᠠᠷᠤᠭᠰᠠᠨ︔ | ︵ᠶᠢᠰᠦ︶ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠪᠦᠷᠢᠳᠬᠡᠯ᠂ ᠲᠠᠰᠢᠷᠠᠮ | ᠳᠠᠭᠠᠤ ᠰᠤᠭᠤᠴᠢᠨ ᠪᠠᠶᠢᠴᠠᠭᠠᠬᠤ ᠲᠥᠯᠥᠪᠯᠡᠭᠡ ᠪᠠ ᠬᠠᠮᠢᠶ᠎ᠠ ᠪᠦᠬᠦᠢ ᠠᠵᠢᠯ ᠤᠨ ᠳᠦᠷᠢᠮ ᠶᠣᠰᠣᠭᠠᠷ ︽ᠬᠤᠣᠰ | ᠲᠠᠰᠢᠷᠠᠮ ᠳᠠᠭᠠᠤ᠂ ᠨᠢᠭᠡ ᠶᠢ ᠢᠯᠡ ᠪᠤᠯᠭᠠᠬᠤ︾ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠰᠤᠭᠤᠴᠢᠨ | ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠵᠦ᠂ ᠪᠠᠶᠢᠴᠠᠭᠠᠭᠳᠠᠬᠤ ᠡᠲᠡᠭᠡᠳ ᠨᠢ ᠰᠤᠭᠤᠴᠢᠨ | ᠪᠠᠶᠢᠴᠠᠭᠠᠭᠳᠠᠬᠤ ᠦᠭᠡᠢ ᠪᠤᠶᠤ ᠰᠤᠭᠤᠴᠢᠨ ᠠᠪᠬᠤ ᠦᠶ᠎ᠡ ᠳᠤ ᠠᠰᠠᠭᠤᠳᠠᠯ ᠭᠠᠷᠤᠭᠰᠠᠨ ᠦᠭᠡᠢ᠂ ᠪᠠᠶᠢᠴᠠᠭᠠᠭᠳᠠᠬᠤ | ᠡᠲᠡᠭᠡᠳ ᠨᠢ ᠠᠳᠠᠯ ᠭᠠᠷᠴᠤ᠂ ᠰᠢᠨᠵᠢ ᠴᠢᠨᠠᠷ ᠳᠡᠭᠡᠷ᠎ᠡ ᠪᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠤ | ᠰᠤᠭᠤᠴᠢᠨ ᠪᠠᠶᠢᠴᠠᠭᠠᠯ ᠯᠤᠭ᠎ᠠ ᠰᠢᠯᠲᠠᠭᠠᠨ ᠦᠷ᠎ᠡ ᠳ᠋ᠦᠩ ᠤᠨ ᠬᠠᠷᠢᠴᠠᠭ᠎ᠠ ᠣᠷᠣᠰᠢᠬᠤ ᠦᠭᠡᠢ︔ | ︵ᠠᠷᠪᠠ︶ ᠬᠠᠤᠯᠢ ᠶᠣᠰᠣᠭᠠᠷ ᠲᠤᠬᠠᠢ ᠶᠢᠨ ᠬᠥᠮᠥᠨ ᠳᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ | ᠠᠪᠴᠤ ᠬᠦᠴᠦᠨ ᠦᠭᠡᠢ ᠪᠤᠯᠭᠠᠬᠤ᠂ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠤᠯᠭᠠᠬᠤ ᠵᠡᠷᠭᠡ ᠵᠠᠰᠠᠭ ᠵᠠᠬᠢᠷᠭᠠᠨ ᠤ ᠰᠢᠢᠳᠬᠡᠯ ᠥᠭᠬᠦ ᠲᠣᠭᠲᠠᠭᠠᠯ ᠭᠠᠷᠭᠠᠭᠰᠠᠨ ᠮᠥᠷᠲᠡᠭᠡᠨ ᠴᠢᠬᠤᠯᠠ ᠪᠦᠬᠦᠢ | ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠭᠰᠠᠨ ᠪᠠᠶᠢᠲᠠᠯ᠎ᠠ ᠲᠤᠬᠠᠢ ᠶᠢᠨ ᠬᠥᠮᠥᠨ ᠮᠥᠨ ᠯᠡ ᠬᠠᠤᠯᠢ ᠶᠢ ᠵᠥᠷᠢᠴᠡᠨ | ᠦᠢᠯᠡᠳᠪᠦᠷᠢᠯᠡᠵᠦ ᠡᠵᠡᠩᠨᠡᠭᠰᠡᠨ︔ | ︵ᠠᠷᠪᠠᠨ ᠨᠢᠭᠡ︶ ᠵᠠᠰᠠᠭ ᠵᠠᠬᠢᠷᠭᠠᠨ ᠤ ᠰᠢᠢᠳᠬᠡᠯ ᠥᠭᠬᠦ ᠲᠣᠭᠲᠠᠭᠠᠯ ᠢ ᠭᠦᠢᠴᠡᠳᠬᠡᠬᠦ ᠶᠢ ᠲᠡᠪᠴᠢᠭᠰᠡᠨ | ᠲᠤᠬᠠᠢ ᠶᠢᠨ ᠬᠥᠮᠥᠨ ᠢ ᠨᠢᠭᠡᠨᠲᠡ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠯ ᠭᠠᠷᠭᠠᠵᠤ | ᠠᠯᠪᠠᠲᠠᠨ ᠭᠦᠢᠴᠡᠳᠬᠡᠭᠦᠯᠦᠭᠰᠡᠨ︔ | ︵ᠠᠷᠪᠠᠨ ᠬᠤᠶᠠᠷ︶ ᠬᠠᠤᠯᠢ ᠪᠠᠷ ᠲᠣᠭᠲᠠᠭᠠᠭᠰᠠᠨ ᠪᠠᠶᠢᠭᠤᠯᠤᠮᠵᠢ ᠶᠢᠨ ᠭᠠᠷᠭᠠᠭᠰᠠᠨ ᠰᠢᠯᠭᠠᠨ | ᠪᠠᠶᠢᠴᠠᠭᠠᠭᠰᠠᠨ᠂ ᠰᠢᠯᠭᠠᠨ ᠪᠠᠶᠢᠴᠠᠭᠠᠭᠰᠠᠨ᠂ ᠰᠢᠯᠭᠠᠨ ᠲᠣᠭᠲᠠᠭᠠᠭᠰᠠᠨ ᠮᠡᠳᠡᠭᠦᠯᠦᠯᠲᠡ ᠪᠤᠶᠤ ᠰᠢᠯᠭᠠᠨ ᠬᠢᠨᠠᠵᠤ | ᠰᠢᠯᠭᠠᠨ ᠬᠢᠨᠠᠭᠰᠠᠨ ᠦᠷ᠎ᠡ ᠳ᠋ᠦᠩ᠂ ᠲᠤᠰᠬᠠᠢ ᠮᠡᠷᠭᠡᠵᠢᠯᠲᠡᠨ ᠤ ᠨᠤᠲᠠᠯᠠᠭᠰᠠᠨ ᠦᠷ᠎ᠡ ᠳ᠋ᠦᠩ ᠢ ᠦᠨᠳᠦᠰᠦᠯᠡᠨ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠮᠥᠷᠲᠡᠭᠡᠨ ᠬᠢᠨᠠᠮᠠᠭᠠᠢ ᠪᠣᠯᠭᠤᠮᠵᠢᠲᠠᠢ ᠬᠢᠨᠠᠨ ᠪᠠᠶᠢᠴᠠᠭᠠᠬᠤ | ᠡᠭᠦᠷᠭᠡ ᠪᠠᠨ ᠭᠦᠢᠴᠡᠳᠬᠡᠭᠰᠡᠨ ; | ︵ᠠᠷᠪᠠᠨ ᠭᠤᠷᠪᠠ︶ ᠳᠡᠭᠡᠳᠦ ᠱᠠᠲᠤᠨ ᠤ ᠲᠣᠭᠲᠠᠭᠠᠯ᠂ ᠵᠠᠷᠯᠢᠭ ᠪᠤᠶᠤ ᠪᠢᠴᠢᠭ ᠮᠠᠲ᠋ᠧᠷᠢᠶᠠᠯ ᠠᠴᠠ ᠪᠣᠯᠵᠤ | ᠪᠤᠷᠤᠭᠤ ᠲᠠᠢ ᠪᠠᠶᠢᠵᠤ᠂ ᠳᠡᠭᠡᠳᠦ ᠱᠠᠲᠤᠨ ᠳᠤ ᠨᠢᠭᠡᠨᠲᠡ ᠵᠠᠯᠠᠷᠠᠭᠤᠯᠬᠤ ᠪᠤᠶᠤ ᠬᠦᠴᠦᠨ ᠦᠭᠡᠢ ᠪᠤᠯᠭᠠᠬᠤ ᠰᠠᠨᠠᠯ | ᠳᠤᠷᠠᠳᠤᠭᠰᠠᠨ ᠪᠠᠶᠢᠬᠤ ᠳᠤ ᠳᠡᠭᠡᠳᠦ ᠱᠠᠲᠤᠨ ᠠᠴᠠ ᠦᠯᠦ ᠬᠤᠪᠢᠷᠠᠭᠤᠯᠬᠤ ᠪᠤᠶᠤ ᠦᠷᠭᠦᠯᠵᠢᠯᠡᠨ | ᠭᠦᠢᠴᠡᠳᠬᠡᠭᠦᠯᠬᠦ ᠪᠠᠷ ᠱᠠᠭᠠᠷᠳᠠᠭᠰᠠᠨ︔ | ︵ᠠᠷᠪᠠᠨ ᠳᠥᠷᠪᠡ︶ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠮᠲᠤ ᠪᠠᠷ ᠰᠤᠳᠤᠯᠬᠤ ᠦᠶ᠎ᠡ ᠳᠤ | ᠬᠠᠤᠯᠢ ᠠᠴᠠ ᠵᠥᠷᠢᠴᠡᠭᠰᠡᠨ ᠪᠤᠷᠤᠭᠤ ᠲᠣᠭᠲᠠᠭᠠᠯ ᠳᠤ ᠲᠣᠳᠣᠷᠬᠠᠢ ᠡᠰᠡᠷᠭᠦᠴᠡᠬᠦ ᠰᠠᠨᠠᠯ ᠳᠤᠷᠠᠳᠤᠭᠰᠠᠨ ᠪᠤᠶᠤ | ᠰᠠᠨᠠᠯ ᠢᠶᠠᠨ ᠦᠯᠡᠳᠡᠭᠡᠭᠰᠡᠨ︔ | ︵ᠠᠷᠪᠠᠨ ᠲᠠᠪᠤ︶ ᠭᠡᠨᠡᠳᠲᠡ ᠶᠢᠨ ᠬᠡᠷᠡᠭ ᠢ ᠠᠷᠭᠠᠴᠠᠬᠤ ᠶᠢᠨ ᠲᠥᠯᠥᠭᠡ ᠬᠤᠬᠢᠷᠠᠯ ᠪᠠ ᠬᠡᠷᠡᠭ ᠤᠨ | ᠶᠡᠬᠡᠳᠬᠦ ᠠᠴᠠ ᠵᠠᠶᠢᠯᠠᠰᠬᠢᠬᠦ ᠶᠢᠨ ᠲᠥᠯᠥᠭᠡ᠂ ᠶᠡᠷᠦ ᠪᠤᠰᠤ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠨᠡᠯᠢᠶᠡᠳ | ᠪᠠᠭ᠎ᠠ ᠬᠤᠬᠢᠷᠠᠯ ᠤᠴᠠᠷᠠᠭᠤᠯᠤᠭᠰᠠᠨ︔ | ︵ᠠᠷᠪᠠᠨ ᠵᠢᠷᠭᠤᠭ᠎ᠠ︶ ᠵᠦᠢ ᠵᠣᠬᠢᠰ ᠦᠭᠡᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠦᠢᠯᠡ | ᠪᠠᠶᠢᠳᠠᠯ ᠨᠢ ᠬᠥᠩᠭᠡᠨ ᠪᠥᠭᠡᠳ ᠴᠠᠭ ᠲᠤᠬᠠᠢ ᠳᠤᠨᠢ ᠵᠠᠯᠠᠷᠠᠭᠤᠯᠤᠭᠰᠠᠨ ᠪᠤᠯᠪᠠᠴᠤ ᠮᠠᠭᠤ ᠦᠷ᠎ᠡ ᠳ᠋ᠦᠩ ᠭᠠᠷᠭᠠᠭᠰᠠᠨ | ᠦᠭᠡᠢ ᠪᠤᠶᠤ ᠮᠠᠭᠤ ᠦᠷ᠎ᠡ ᠳ᠋ᠦᠩ ᠨᠢ ᠴᠠᠭ ᠲᠤᠬᠠᠢ ᠳᠤᠨᠢ ᠠᠷᠢᠯᠭᠠᠭᠰᠠᠨ︔ | ︵ᠠᠷᠪᠠᠨ ᠳᠣᠯᠤᠭ᠎ᠠ︶ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠲᠠᠯ᠎ᠠ | ᠬᠠᠷᠢᠭᠤᠴᠠᠯᠭ᠎ᠠ ᠦᠯᠦ ᠨᠡᠬᠡᠮᠵᠢᠯᠡᠬᠦ ᠪᠤᠰᠤᠳ ᠪᠠᠶᠢᠳᠠᠯ᠃ | ᠠᠷᠪᠠᠨ ᠭᠤᠷᠪᠠᠳᠤᠭᠠᠷ ᠵᠦᠢᠯ ᠠᠯᠳᠠᠰᠢ ᠶᠢ ᠠᠭᠤᠴᠢᠯᠠᠨ ᠵᠠᠯᠠᠷᠠᠭᠤᠯᠬᠤ ᠳᠤ ︽ᠭᠤᠷᠪᠠ ᠶᠢ ᠢᠯᠭᠠᠬᠤ︾ ᠶᠢ | ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠣᠯᠴᠢ ᠪᠠᠷ ᠦᠨᠡᠯᠡᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡᠨ | ᠳᠤᠨᠢ ᠨᠡᠶᠢᠴᠡᠭᠰᠡᠨ ᠪᠠᠶᠢᠪᠠᠯ᠂ ᠬᠥᠩᠭᠡᠨ ᠢᠶᠠᠷ ᠰᠢᠢᠳᠪᠦᠷᠢᠯᠡᠬᠦ᠂ ᠬᠥᠩᠭᠡᠷᠡᠭᠦᠯᠦᠨ ᠰᠢᠢᠳᠪᠦᠷᠢᠯᠡᠬᠦ ᠪᠤᠶᠤ | ᠬᠠᠷᠢᠭᠤᠴᠠᠯᠭ᠎ᠠ ᠬᠡᠯᠲᠦᠷᠢᠭᠦᠯᠬᠦ ᠬᠡᠷᠡᠭᠲᠡᠢ᠄ | ︵ᠨᠢᠭᠡ︶ ᠳᠡᠭᠡᠳᠦ ᠱᠠᠲᠤᠨ ᠤ ᠵᠢᠭᠠᠪᠤᠷᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠬᠡᠷᠡᠭᠵᠢᠭᠦᠯᠵᠦ᠂ ᠬᠥᠭᠵᠢᠯᠲᠡ ᠶᠢ ᠲᠦᠯᠬᠢᠨ ᠠᠬᠢᠭᠤᠯᠬᠤ᠂ ᠪᠡᠷᠬᠡ ᠰᠡᠳᠦᠪ ᠢ ᠰᠢᠢᠳᠪᠦᠷᠢᠯᠡᠨ᠂ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠶᠢᠨ ᠲᠥᠯᠥᠭᠡ ᠵᠣᠷᠢᠭᠲᠠᠢ ᠪᠠᠷ ᠬᠠᠶᠢᠨ ᠰᠦᠪᠡᠭᠴᠢᠯᠡᠵᠦ᠂ | ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠬᠡᠷᠡᠭᠵᠢᠭᠦᠯᠦᠭᠡᠳ ᠠᠯᠳᠠᠰᠢ ᠭᠠᠷᠭᠠᠭᠰᠠᠨ︔ | ︵ᠬᠤᠶᠠᠷ︶ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ ᠬᠡᠪ ᠤᠨ | ᠵᠤᠷᠰᠢᠯ ᠢ ᠳᠠᠪᠠᠵᠤ᠂ ᠬᠠᠶᠢᠨ ᠰᠦᠪᠡᠭᠴᠢᠯᠡᠬᠦ ᠴᠢᠨᠠᠷᠲᠠᠢ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ | ᠦᠯᠦ ᠭᠦᠷᠦᠭᠰᠡᠨ︔ | ︵ᠭᠤᠷᠪᠠ︶ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤᠮᠳᠠ᠂ ᠤᠯᠤᠰ ᠤᠨ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠳᠡᠭᠡᠳᠦ | ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ | ᠪᠣᠳᠣᠯᠭ᠎ᠠ ᠶᠢᠨ ᠵᠠᠭᠠᠭ ᠨᠢ ᠲᠣᠳᠣᠷᠬᠠᠢ ᠦᠭᠡᠢ᠂ ᠪᠤᠰᠤᠳᠴᠢ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ | ᠪᠣᠯᠵᠤ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠤᠭᠰᠠᠨ︔ | ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ | ᠰᠡᠷᠭᠡᠶᠢᠯᠡᠬᠦ ᠶᠢᠨ ᠲᠥᠯᠥᠭᠡ᠂ ᠴᠠᠭ ᠲᠤᠬᠠᠢ ᠳᠤᠨᠢ ᠡᠷᠡᠰ ᠰᠢᠭᠤᠷᠬᠠᠢ᠂ ᠡᠰᠡᠷᠭᠦᠴᠡᠰᠢ ᠦᠭᠡᠢ ᠬᠦᠴᠦᠨ ᠪᠤᠶᠤ | ᠤᠷᠢᠳᠴᠢᠯᠠᠨ ᠮᠡᠳᠡᠵᠦ ᠦᠯᠦ ᠴᠢᠳᠠᠬᠤ ᠰᠢᠯᠲᠠᠭᠠᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠠᠳᠡᠭᠦᠥ | ᠭᠠᠷᠭᠠᠭᠰᠠᠨ︔ | ︵ᠲᠠᠪᠤ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠳᠤᠮᠳᠠ ᠬᠠᠤᠯᠢ ᠬᠡᠷᠡᠭᠵᠢᠭᠦᠯᠬᠦ | ᠡᠲᠡᠭᠡᠳ ᠪᠠᠶᠢᠳᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠦᠨᠡᠨ ᠪᠣᠳᠠᠲᠠᠢ ᠪᠠᠷ ᠲᠤᠰᠬᠠᠭᠰᠠᠨ | ᠦᠭᠡᠢ ᠠᠴᠠ ᠪᠣᠯᠵᠤ ᠨᠢᠭᠤᠭᠳᠠᠮᠠᠯ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ︔ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠶᠣᠰᠣᠭᠠᠷ ᠥᠷᠨᠢᠭᠦᠯᠬᠦ ᠳᠤᠮᠳᠠ | ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠪᠡᠶᠡᠴᠢ ᠵᠣᠷᠢᠭᠤᠳᠠ | ᠬᠠᠤᠯᠢ ᠶᠢ ᠵᠥᠷᠢᠴᠡᠵᠦ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠬᠠᠤᠯᠢ ᠳᠤ ᠲᠣᠭᠲᠠᠭᠠᠭᠰᠠᠨ ᠠᠷᠭ᠎ᠠ | ᠬᠡᠮᠵᠢᠶ᠎ᠡ ᠠᠪᠤᠭᠰᠠᠨ ᠪᠤᠯᠪᠠᠴᠤ ᠮᠥᠨ ᠯᠡ ᠠᠳᠡᠯ ᠭᠠᠷᠭᠠᠭᠰᠠᠨ︔ | ︵ᠳᠣᠯᠤᠭ᠎ᠠ︶ ᠬᠠᠤᠯᠢ ᠬᠡᠷᠡᠭᠵᠢᠭᠦᠯᠬᠦ ᠵᠥᠷᠢᠴᠡᠯ ᠢ ᠰᠢᠢᠳᠪᠦᠷᠢᠯᠡᠬᠦ ᠶᠠᠪᠤᠴᠠ ᠳᠤ ᠬᠠᠷᠰᠢ ᠰᠠᠭᠠᠳ ᠢ | ᠵᠣᠷᠢᠭᠲᠠᠢ ᠪᠠᠷ ᠠᠷᠢᠯᠭᠠᠵᠤ᠂ ᠤᠤᠯ ᠤᠨ ᠠᠰᠢᠭ ᠲᠤᠰᠠ ᠳᠤ ᠬᠠᠯᠳᠠᠵᠤ᠂ ᠠᠯᠳᠠᠰᠢ ᠭᠠᠷᠭᠠᠭᠰᠠᠨ ᠪᠤᠶᠤ ᠵᠥᠷᠢᠶ᠎ᠡ | ᠭᠠᠷᠭᠠᠭᠰᠠᠨ︔ | ︵ᠨᠠᠢᠮᠠ︶ ᠪᠡᠶᠡᠴᠢ ᠪᠤᠰᠤ ᠵᠣᠷᠢᠭᠤᠳᠠ ᠪᠤᠰᠤ ᠪᠠᠷ ᠠᠵᠢᠯ ᠤᠨ ᠠᠯᠳᠠᠰᠢ ᠭᠠᠷᠭᠠᠭᠰᠠᠨ ᠮᠥᠷᠲᠡᠭᠡᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠵᠢᠷᠤᠮᠯᠠᠵᠤ᠂ ᠡᠷᠬᠡ ᠲᠤᠰᠢᠶᠠᠯ ᠢᠶᠠᠨ ᠠᠰᠢᠭᠯᠠᠨ ᠥᠪᠡᠷ ᠤᠨ | ᠪᠡᠶ᠎ᠡ᠂ ᠪᠤᠰᠤᠳ ᠬᠥᠮᠥᠨ ᠪᠤᠶᠤ ᠨᠢᠭᠡᠴᠢ ᠳᠤ ᠵᠦᠢ ᠪᠤᠰᠤ ᠠᠰᠢᠭ ᠲᠤᠰᠠ ᠣᠯᠭᠤᠭᠰᠠᠨ ᠦᠭᠡᠢ︔ | ︵ᠶᠢᠰᠦ︶ ᠰᠠᠨᠠᠭᠠᠴᠢᠯᠠᠭ᠎ᠠ ᠠᠴᠠ ᠪᠠᠨ ᠨᠥᠬᠦᠪᠦᠷᠢᠯᠡᠬᠦ ᠠᠷᠭ᠎ᠠ ᠬᠡᠮᠵᠢᠶ᠎ᠡ ᠠᠪᠴᠤ᠂ ᠮᠠᠭᠤ ᠨᠥᠯᠥᠭᠡ ᠶᠢ | ᠠᠷᠢᠯᠭᠠᠭᠰᠠᠨ ᠪᠤᠶᠤ ᠬᠤᠣᠷ ᠬᠥᠨᠥᠭᠡᠯ ᠤᠨ ᠦᠷ᠎ᠡ ᠤᠷᠰᠢᠭ ᠢ ᠪᠦᠲᠦᠮᠵᠢᠲᠡᠢ ᠬᠤᠷᠢᠭᠯᠠᠭᠰᠠᠨ︔ | ︵ᠠᠷᠪᠠ︶ ᠰᠠᠨᠠᠭᠠᠴᠢᠯᠠᠭ᠎ᠠ ᠠᠴᠠ ᠪᠠᠨ ᠪᠠᠶᠢᠳᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠬᠡᠷᠡᠭ ᠢ | ᠪᠠᠶᠢᠴᠠᠭᠠᠬᠤ ᠳᠤ ᠢᠳᠡᠪᠬᠢᠲᠡᠢ ᠬᠠᠮᠵᠢᠯᠴᠠᠪᠠ︔ | ︵ᠠᠷᠪᠠᠨ ᠨᠢᠭᠡ︶ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠯᠬᠤ ᠪᠤᠰᠤᠳ ᠪᠠᠶᠢᠳᠠᠯ᠃ | ᠳᠡᠭᠡᠷ᠎ᠡ ᠳᠤᠷᠠᠳᠤᠭᠰᠠᠨ ᠪᠠᠶᠢᠳᠠᠯ ᠤᠨ ᠨᠢᠭᠡ ᠨᠢ ᠪᠠᠶᠢᠬᠤ ᠶᠢᠨ ᠬᠠᠮᠲᠤ ᠳᠣᠣᠷᠠᠬᠢ ᠨᠥᠬᠦᠴᠡᠯ ᠳᠤ | ᠨᠡᠶᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠬᠠᠤᠯᠢ ᠬᠡᠷᠡᠭᠵᠢᠭᠦᠯᠬᠦ | ᠠᠵᠢᠯᠲᠠᠳ ᠤᠨ ᠬᠠᠷᠢᠭᠤᠴᠠᠯᠭ᠎ᠠ ᠶᠢ ᠬᠡᠯᠲᠦᠷᠢᠭᠦᠯᠵᠦ ᠪᠣᠯᠣᠨ᠎ᠠ᠄ | ︵ᠨᠢᠭᠡ︶ ᠬᠠᠤᠯᠢ ᠳᠤ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠦᠭᠡᠢ ᠪᠠᠶᠢᠬᠤ︔ | ︵ᠬᠤᠶᠠᠷ︶ ᠬᠦᠨᠳᠦ ᠶᠡᠭᠡ ᠬᠤᠬᠢᠷᠠᠯ ᠪᠠ ᠬᠦᠨᠳᠦ ᠨᠣᠴᠢᠲᠠᠢ ᠮᠠᠭᠤ ᠨᠥᠯᠥᠭᠡ ᠭᠠᠷᠭᠠᠭᠰᠠᠨ ᠦᠭᠡᠢ︔ | ︵ᠭᠤᠷᠪᠠ︶ ᠢᠳᠡᠪᠬᠢ ᠰᠠᠨᠠᠭᠠᠴᠢᠯᠠᠭ᠎ᠠ ᠲᠠᠢ ᠪᠠᠷ ᠮᠠᠭᠤ ᠨᠥᠯᠥᠭᠡ ᠶᠢ ᠠᠷᠢᠯᠭᠠᠵᠤ᠂ ᠬᠤᠬᠢᠷᠠᠯ ᠢ | ᠡᠭᠡᠭᠦᠯᠦᠭᠰᠡᠨ᠃ | ᠠᠷᠪᠠᠨ ᠳᠥᠷᠪᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡᠨ ᠳᠤᠨᠢ ᠨᠡᠶᠢᠴᠡᠭᠰᠡᠨ ᠪᠠᠶᠢᠪᠠᠯ | ᠬᠠᠷᠢᠭᠤᠴᠠᠯᠭ᠎ᠠ ᠶᠢ ᠨᠢ ᠬᠥᠩᠭᠡᠷᠡᠭᠦᠯᠬᠦ ᠪᠤᠶᠤ ᠬᠥᠩᠭᠡᠷᠡᠭᠦᠯᠵᠦ ᠪᠣᠯᠣᠨ᠎ᠠ᠄ | ︵ᠨᠢᠭᠡ︶ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠠᠴᠠ ᠪᠦᠲᠦᠮᠵᠢᠲᠡᠢ | ᠵᠠᠶᠢᠯᠠᠭᠰᠠᠨ ᠪᠤᠶᠤ ᠨᠥᠯᠥᠭᠡ ᠠᠴᠠ ᠡᠭᠡᠭᠦᠯᠦᠨ ᠠᠪᠤᠭᠰᠠᠨ︔ | ︵ᠬᠤᠶᠠᠷ︶ ᠬᠠᠷᠢᠭᠤᠴᠠᠯᠭ᠎ᠠ ᠠᠰᠠᠭᠤᠵᠤ ᠪᠠᠶᠢᠴᠠᠭᠠᠬᠤ ᠶᠢ ᠢᠳᠡᠪᠬᠢᠲᠡᠢ ᠬᠠᠮᠵᠢᠯᠴᠠᠬᠤ ᠶᠢᠨ ᠬᠠᠮᠲᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠭᠰᠡᠨ︔ | ︵ᠭᠤᠷᠪᠠ︶ ᠬᠠᠤᠯᠢ ᠶᠣᠰᠣᠭᠠᠷ ᠬᠠᠷᠢᠭᠤᠴᠠᠯᠭ᠎ᠠ ᠶᠢ ᠨᠢ ᠬᠥᠩᠭᠡᠷᠡᠭᠦᠯᠵᠦ᠂ ᠬᠥᠩᠭᠡᠷᠡᠭᠦᠯᠵᠦ ᠪᠤᠯᠬᠤ | ᠪᠤᠰᠤᠳ ᠬᠠᠷᠢᠭᠤᠴᠠᠯᠭ᠎ᠠ ᠨᠡᠬᠡᠮᠵᠢᠯᠡᠵᠦ ᠪᠤᠯᠬᠤ᠃ | ᠠᠷᠪᠠᠨ ᠲᠠᠪᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠠᠴᠠ ᠪᠣᠯᠵᠤ ᠠᠷᠠᠳ ᠢᠷᠭᠡᠨ᠂ ᠬᠠᠤᠯᠢ ᠶᠢᠨ | ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ | ᠤᠴᠠᠷᠠᠭᠤᠯᠵᠤ᠂ ᠮᠠᠭᠤ ᠦᠷ᠎ᠡ ᠤᠷᠰᠢᠭ ᠭᠠᠷᠭᠠᠭᠰᠠᠨ ᠪᠣᠯ ᠪᠤᠷᠤᠭᠤ ᠶᠢ ᠬᠦᠯᠢᠶᠡᠬᠦ ᠦᠭᠡᠢ᠃ | ᠠᠷᠪᠠᠨ ᠵᠢᠷᠭᠤᠳᠤᠭᠠᠷ ᠵᠦᠢᠯ ᠠᠭᠤᠴᠢᠯᠠᠬᠤ ᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢ ᠮᠠᠭᠠᠳᠯᠠᠨ | ᠲᠣᠭᠲᠠᠭᠠᠬᠤ ᠠᠵᠢᠯ ᠢ ᠡᠬᠢᠯᠡᠭᠦᠯᠬᠦ ᠪᠠ ᠬᠢᠬᠦ ᠳᠤ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠢ ᠤᠳᠤᠷᠢᠳᠴᠤ᠂ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠪᠣᠳᠠᠲᠠᠢ ᠤᠶᠠᠯᠳᠤᠭᠤᠯᠤᠨ ᠪᠡᠶᠡᠴᠢ᠂ ᠪᠤᠰᠤᠳᠴᠢ | ᠨᠥᠬᠦᠴᠡᠯ᠂ ᠳᠡᠰ ᠳᠠᠷᠠᠭᠠᠯᠠᠯ ᠤᠨ ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠳ᠋ᠦᠩ ᠤᠨ ᠨᠥᠯᠥᠭᠡ ᠵᠢᠴᠢ | ᠬᠤᠬᠢᠷᠠᠯ ᠢ ᠡᠭᠡᠭᠦᠯᠦᠨ ᠠᠪᠴᠢᠷᠠᠭᠰᠠᠨ ᠵᠡᠷᠭᠡ ᠪᠠᠶᠢᠳᠠᠯ ᠲᠠᠢ ᠤᠶᠠᠯᠳᠤᠭᠤᠯᠵᠤ ᠶᠡᠷᠦᠩᠬᠡᠶᠢᠯᠡᠨ ᠵᠠᠳᠠᠯᠤᠨ ᠰᠤᠳᠤᠯᠵᠤ᠂ | ᠲᠥᠷᠥ ᠶᠢᠨ ᠪᠣᠳᠣᠯᠭ᠎ᠠ ᠶᠢᠨ ᠵᠠᠭᠠᠭ ᠢ ᠣᠨᠣᠪᠴᠢᠲᠠᠢ ᠡᠵᠡᠮᠰᠢᠵᠦ᠂ ᠴᠠᠭ ᠲᠤᠬᠠᠢ ᠳᠤᠨᠢ ᠮᠠᠭᠠᠳᠯᠠᠨ | ᠲᠣᠭᠲᠠᠭᠠᠭᠰᠠᠨ ᠳ᠋ᠦᠩᠨᠡᠯᠲᠡ ᠭᠠᠷᠭᠠᠬᠤ ᠬᠡᠷᠡᠭᠲᠡᠢ᠃ ᠠᠭᠤᠴᠢᠯᠠᠪᠠᠯ ᠵᠣᠬᠢᠬᠤ ᠵᠣᠷᠢᠭᠲᠠᠢ ᠠᠯᠳᠠᠰᠢ᠂ ᠠᠭᠤᠴᠢᠯᠠᠬᠤ | ᠦᠭᠡᠢ ᠶᠢ ᠨᠢ ᠣᠬᠲᠣ ᠬᠦᠯᠢᠶᠡᠬᠦ ᠦᠭᠡᠢ᠃ ᠬᠤᠪᠢ ᠬᠥᠮᠥᠨ ᠪᠠᠰᠠ ᠪᠠᠶᠢᠭᠤᠯᠭ᠎ᠠ ᠨᠢᠭᠡᠴᠢ ᠳᠤ ᠰᠢᠭᠤᠳ | ᠪᠤᠷᠤᠭᠤ ᠶᠢ ᠨᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠵᠤ ᠪᠣᠯᠣᠨ᠎ᠠ᠃ ᠨᠢᠭᠡᠴᠢ ᠪᠠᠶᠢᠴᠠᠭᠠᠨ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠠᠯᠳᠠᠰᠢ ᠪᠤᠶᠤ ᠡᠰᠡᠬᠦ ᠶᠢᠨ ᠲᠤᠬᠠᠢ ᠦᠨᠡᠮᠰᠢᠭᠰᠡᠨ ᠳ᠋ᠦᠩᠨᠡᠯᠲᠡ ᠶᠢ ᠴᠠᠭ ᠲᠤᠬᠠᠢ | ᠳᠤᠨᠢ ᠭᠠᠷᠭᠠᠬᠤ ᠬᠡᠷᠡᠭᠲᠡᠢ᠃ ᠪᠤᠷᠤᠭᠤ ᠠᠭᠤᠯᠭ᠎ᠠ ᠶᠢ ᠨᠢ ᠲᠣᠭᠲᠠᠭᠠᠭᠰᠠᠨ ᠤ ᠳᠠᠷᠠᠭ᠎ᠠ᠂ 7 ᠡᠳᠦᠷ ᠤᠨ ᠳᠣᠲᠣᠷ᠎ᠠ | ᠬᠠᠮᠢᠶ᠎ᠠ ᠪᠦᠬᠦᠢ ᠨᠢᠭᠡᠴᠢ ᠵᠢᠴᠢ ᠲᠤᠬᠠᠶᠢᠲᠠᠢ ᠬᠥᠮᠥᠨ ᠳᠤ ᠮᠡᠳᠡᠭᠳᠡᠵᠦ᠂ ᠶᠡᠷᠦᠩᠬᠡᠢ ᠳᠡᠭᠡᠨ ᠵᠣᠬᠢᠬᠤ ᠬᠡᠪᠴᠢᠶᠡᠨ | ᠳᠣᠲᠣᠷ᠎ᠠ ᠢᠯᠡ ᠪᠤᠯᠭᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠰᠤᠳᠤᠯᠬᠤ ᠪᠠᠷ ᠳᠠᠮᠵᠢᠭᠠᠳ ᠬᠠᠤᠯᠢ ᠬᠡᠷᠡᠭᠵᠢᠭᠦᠯᠬᠦ ᠠᠵᠢᠯᠲᠠᠨ ᠳᠤ ᠪᠤᠷᠤᠭᠤ | ᠣᠶᠢᠯᠠᠭᠠᠯᠲᠠ ᠥᠭᠭᠦᠭᠰᠡᠨ ᠪᠠᠶᠢᠪᠠᠯ᠂ ᠲᠡᠭᠦᠨ ᠢ ᠬᠠᠤᠯᠢ ᠬᠡᠷᠡᠭᠵᠢᠭᠦᠯᠬᠦ ᠪᠤᠷᠤᠭᠤ ᠮᠠᠭᠠᠳᠯᠠᠯᠲᠠ ᠬᠢᠬᠦ ᠦᠭᠡᠢ᠃ | ᠠᠷᠪᠠᠨ ᠨᠠᠢᠮᠠᠳᠤᠭᠠᠷ ᠵᠦᠢᠯ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ᠂ ᠠᠯᠳᠠᠰᠢ ᠪᠠᠶᠢᠪᠠᠯ ᠵᠠᠪᠠᠯ | ᠵᠠᠯᠠᠷᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠬᠡᠯᠡᠯᠴᠡᠬᠦ ᠪᠠᠶᠢᠭᠤᠯᠤᠮᠵᠢ ᠠᠴᠠ ᠠᠯᠳᠠᠰᠢ ᠪᠠᠶᠢᠪᠠᠯ | ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠭᠠᠷᠭᠠᠬᠤ ᠶᠢᠨ ᠬᠠᠮᠲᠤ ᠠᠯᠳᠠᠭ᠎ᠠ ᠵᠠᠯᠠᠷᠠᠭᠤᠯᠬᠤ ᠳᠡᠰ | ᠳᠠᠷᠠᠭᠠᠯᠠᠯ ᠢᠶᠠᠨ ᠴᠠᠭ ᠲᠤᠬᠠᠢ ᠳᠤᠨᠢ ᠡᠬᠢᠯᠡᠭᠦᠯᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ | ᠦᠭᠡᠢ ᠪᠤᠯᠭᠠᠬᠰᠠᠨ ᠡᠲᠡᠭᠡᠳ ᠠᠴᠠ ᠪᠤᠷᠤᠭᠤ ᠪᠠᠨ ᠵᠠᠯᠠᠷᠠᠭᠤᠯᠤᠭᠰᠠᠨ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ | ᠪᠤᠷᠤᠭᠤ ᠪᠠᠨ ᠵᠠᠯᠠᠷᠠᠭᠤᠯᠬᠤ ᠱᠠᠭᠠᠷᠳᠠᠯᠭ᠎ᠠ ᠪᠤᠶᠤ ᠰᠠᠨᠠᠭᠤᠯᠭ᠎ᠠ ᠳᠤᠷᠠᠳᠴᠤ᠂ ᠬᠤᠭᠤᠴᠠᠭ᠎ᠠ ᠬᠢᠵᠠᠭᠠᠷᠯᠠᠨ | ᠠᠰᠠᠭᠤᠳᠠᠯ ᠢ ᠵᠠᠯᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ ᠶᠢ ᠱᠠᠭᠠᠷᠳᠠᠬᠤ ᠬᠡᠷᠡᠭᠲᠡᠢ᠃ ᠡᠭᠦᠨ ᠤ ᠬᠠᠮᠲᠤ᠂ | ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠲᠠᠰᠤᠭ ᠪᠤᠶᠤ ᠬᠤᠪᠢ ᠬᠥᠮᠥᠨ ᠢ | ᠰᠢᠮᠳᠠᠭᠤᠯᠤᠨ ᠵᠢᠯᠤᠭᠤᠳᠴᠤ ᠰᠢᠯᠲᠠᠭᠠᠨ ᠢ ᠨᠢ ᠬᠢᠨᠠᠮᠠᠭᠠᠢ ᠵᠠᠳᠠᠯᠵᠤ᠂ ᠭᠦᠨᠵᠡᠭᠡᠢ ᠰᠤᠷᠭᠠᠮᠵᠢ ᠠᠪᠤᠭᠤᠯᠵᠤ᠂ | ᠳᠦᠷᠢᠮ ᠢ ᠲᠡᠭᠦᠯᠳᠡᠷᠵᠢᠭᠦᠯᠦᠨ᠂ ᠲᠣᠭᠲᠠᠴᠠ ᠶᠢ ᠨᠢ ᠪᠦᠷᠢᠨᠰᠢᠭᠦᠯᠵᠦ᠂ ᠠᠳᠠᠯᠢᠪᠲᠤᠷ ᠠᠯᠳᠠᠭ᠎ᠠ ᠳᠠᠭᠢᠵᠤ | ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠠᠯᠠᠷᠠᠭᠤᠯᠭᠠᠬᠰᠠᠳ ᠵᠠᠯᠠᠷᠠᠭᠤᠯᠤᠯᠲᠠ ᠪᠠᠨ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ᠂ ᠣᠨᠴᠠᠭᠠᠢ ᠪᠠᠶᠢᠳᠠᠯ ᠠᠴᠠ ᠪᠣᠯᠵᠤ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠳᠤ ᠬᠦᠴᠢᠷᠲᠡᠢ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ | ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃ | ᠬᠤᠷᠢᠳᠤᠭᠠᠷ ᠵᠦᠢᠯ ᠵᠣᠬᠢᠰᠲᠠᠢ ᠠᠷᠭ᠎ᠠ ᠮᠠᠶ᠋ᠢᠭ ᠠᠪᠴᠤ᠂ ᠠᠯᠳᠠᠭ᠎ᠠ ᠵᠠᠯᠠᠷᠠᠭᠤᠯᠤᠭᠰᠠᠨ ᠡᠲᠡᠭᠡᠳ ᠤᠨ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠣᠶᠢᠯᠠᠭᠠᠬᠤ ᠬᠡᠷᠡᠭᠲᠡᠢ᠃ ᠠᠳᠠᠯᠢ ᠲᠥᠷᠥᠯ ᠤᠨ ᠠᠰᠠᠭᠤᠳᠠᠯ | ᠣᠯᠠᠨᠲᠠ ᠭᠠᠷᠤᠭᠰᠠᠨ ᠪᠤᠶᠤ ᠠᠳᠠᠯᠢ ᠨᠢᠭᠡᠨ ᠬᠦᠷᠢᠶᠡᠨ ᠳᠤ ᠲᠥᠪᠯᠡᠷᠡᠵᠦ ᠭᠠᠷᠤᠭᠰᠠᠨ ᠠᠮᠠᠷᠬᠠᠨ ᠪᠤᠷᠤᠭᠤ | ᠪᠠᠶᠢᠳᠠᠯ ᠳᠤ ᠴᠢᠭᠯᠡᠭᠦᠯᠦᠨ ᠰᠤᠳᠤᠯᠤᠨ ᠵᠠᠳᠠᠯᠵᠤ᠂ ᠠᠮᠠᠷᠬᠠᠨ ᠪᠤᠷᠤᠭᠤᠳᠠᠬᠤ ᠲᠦᠭᠰᠢᠭᠦᠷᠢ ᠶᠢᠨ ᠴᠡᠭ ᠪᠠ | ᠠᠰᠠᠭᠤᠳᠠᠯ ᠤᠨ ᠵᠠᠩᠭᠢᠯᠠᠭ᠎ᠠ ᠶᠢ ᠡᠷᠢᠵᠦ ᠣᠯᠬᠤ ᠶᠢᠨ ᠬᠠᠮᠲᠤ ᠰᠡᠷᠡᠮᠵᠢᠯᠡᠭᠦᠯᠦᠨ ᠰᠠᠨᠠᠭᠤᠯᠵᠤ᠂ ᠠᠳᠠᠯᠢᠪᠲᠤᠷ | ᠠᠯᠳᠠᠭ᠎ᠠ ᠪᠠ ᠠᠰᠠᠭᠤᠳᠠᠯ ᠳᠠᠭᠢᠨ ᠳᠠᠪᠲᠠᠨ ᠭᠠᠷᠬᠤ ᠶᠢ ᠰᠡᠷᠭᠡᠶᠢᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠭᠰᠡᠨ ᠢ ᠵᠥᠪ ᠢᠶᠠᠷ | ᠬᠠᠨᠳᠤᠵᠤ᠂ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠶᠠᠪᠤᠴᠠ ᠳᠤ ᠪᠠᠶᠢᠴᠠᠭᠠᠭᠠᠳ ᠦᠨᠡᠨ ᠪᠣᠳᠠᠲᠠᠢ | ᠪᠤᠰᠤ᠂ ᠪᠠᠶᠢᠴᠠᠭᠠᠭᠰᠠᠨ ᠪᠣᠳᠠᠲᠠᠢ ᠪᠠᠷᠢᠮᠲᠠ ᠦᠭᠡᠢ ᠪᠤᠶᠤ ᠦᠨᠡᠮᠰᠢᠭᠦᠯᠦᠭᠡᠳ ᠬᠠᠷᠢᠭᠤᠴᠠᠯᠭ᠎ᠠ ᠠᠴᠠ | ᠭᠡᠯᠲᠦᠷᠢᠭᠦᠯᠦᠭᠳᠡᠭᠦ ᠪᠠᠶᠢᠳᠠᠯ ᠨᠢ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠪᠣᠯ᠂ ᠲᠣᠭᠲᠠᠭᠠᠯ ᠶᠣᠰᠣᠭᠠᠷ | ᠢᠯᠡᠴᠢᠯᠡᠨ ᠮᠡᠳᠡᠭᠦᠯᠦᠭᠴᠢ ᠳᠤ ᠦᠷ᠎ᠡ ᠲᠦᠩ ᠢᠶᠠᠨ ᠬᠠᠷᠢᠭᠤ ᠲᠤᠰᠬᠠᠬᠤ ᠬᠡᠷᠡᠭᠲᠡᠢ︔ ᠨᠡᠷ᠎ᠡ ᠪᠤᠷᠤᠭᠤᠯᠠᠭᠰᠠᠨ | ᠢᠯᠡᠴᠢᠯᠡᠨ ᠮᠡᠳᠡᠭᠦᠯᠦᠭᠰᠡᠨ ᠪᠠᠶᠢᠪᠠᠯ ᠵᠣᠬᠢᠬᠤ ᠬᠡᠮᠵᠢᠶᠡᠨ ᠳᠤ ᠪᠠᠶᠢᠳᠠᠯ ᠢ ᠲᠣᠳᠣᠷᠬᠠᠶᠢᠯᠠᠵᠤ᠃ ᠪᠠᠶᠢᠴᠠᠭᠠᠨ | ᠪᠠᠶᠢᠴᠠᠭᠠᠬᠤ ᠪᠠᠷ ᠳᠠᠮᠵᠢᠨ ᠮᠠᠭᠤ ᠰᠠᠨᠠᠭ᠎ᠠ ᠲᠠᠢ ᠪᠠᠷ ᠰᠢᠷᠬᠠᠲᠤᠭᠰᠠᠨ᠂ ᠭᠦᠳᠬᠡᠨ ᠭᠦᠵᠢᠷᠯᠡᠭᠰᠡᠨ ᠵᠢᠴᠢ ᠮᠠᠭᠤ | ᠰᠠᠨᠠᠭ᠎ᠠ ᠲᠠᠢ ᠪᠠᠷ ᠤᠬᠠᠭᠠᠯᠠᠭᠰᠠᠨ ᠪᠠ ᠭᠦᠳᠬᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ ᠴᠠᠭ ᠲᠤᠬᠠᠢ ᠳᠤᠨᠢ | ᠵᠣᠬᠢᠰᠲᠠᠢ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠬᠢᠬᠤ ᠬᠡᠪᠴᠢᠶᠡᠨ ᠳᠤ ᠲᠡᠳᠡᠨ ᠤ ᠵᠥᠪ ᠨᠡᠷ᠎ᠡ ᠶᠢ ᠲᠣᠳᠣᠷᠬᠠᠶᠢᠯᠠᠨ | ᠥᠭᠴᠦ᠂ ᠡᠰᠡᠷᠭᠦ ᠲᠠᠯ᠎ᠠ ᠶᠢᠨ ᠨᠥᠯᠥᠭᠡ ᠶᠢ ᠨᠢ ᠠᠷᠢᠯᠭᠠᠵᠤ᠂ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠠᠳᠠᠯ | ᠦᠢᠯᠡᠰ ᠪᠣᠰᠬᠠᠬᠤ ᠺᠠᠲᠷᠴᠤᠳ ᠤᠨ ᠲᠦᠰᠢᠭ ᠲᠤᠯᠭᠠᠭᠤᠷᠢ ᠬᠦᠴᠦᠨ ᠪᠣᠯᠭᠠᠨ᠎ᠠ᠃ | ᠬᠤᠷᠢᠨ ᠬᠤᠶᠠᠳᠤᠭᠠᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | ᠬᠠᠪᠰᠤᠷᠤᠯᠲᠠ᠄ | | |