ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠠᠳᠡᠯ ᠪᠤᠷᠤᠭᠤ ᠶᠢ ᠪᠠᠭᠲᠠᠭᠠᠬᠤ ᠪᠠ ᠠᠳᠡᠯ ᠪᠤᠷᠤᠭᠤ ᠶᠢ ᠵᠠᠯᠠᠷᠠᠭᠤᠯᠬᠤ ᠳᠦᠷᠢᠮ
ᠨᠡᠶᠢᠲᠡᠯᠡᠭᠰᠡᠨ ᠴᠠᠭ᠄
2024/12/31
      ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ ᠪᠦᠭᠦ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠᠬᠢ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ ᠬᠠᠮᠠᠭᠠᠯᠠᠵᠤ᠂ ᠠᠯᠳᠠᠭ᠎ᠠ ᠶᠢ ᠨᠢ ᠪᠠᠭᠲᠠᠭᠠᠵᠤ ᠠᠯᠳᠠᠭ᠎ᠠ ᠶᠢ ᠨᠢ ᠵᠠᠯᠠᠷᠠᠭᠤᠯᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠤᠯᠠᠮ ᠵᠢᠷᠤᠮᠵᠢᠭᠤᠯᠵᠤ᠂ ᠪᠤᠷᠤᠭᠤ ᠶᠢ ᠨᠢ ᠠᠭᠤᠴᠢᠯᠠᠨ ᠠᠯᠳᠠᠭ᠎ᠠ ᠶᠢ ᠨᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠲᠤᠰ ᠠᠷᠭ᠎ᠠ ᠨᠢ ᠡᠳ᠋ ᠤᠨ ᠵᠠᠰᠠᠭ ᠤᠨ ᠲᠣᠪᠴᠢᠶ᠎ᠠ ᠶᠢᠨ ᠪᠦᠭᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠣᠬᠢᠷᠠᠨ᠎ᠠ᠃       ᠭᠤᠷᠪᠠᠳᠤᠭᠠᠷ ᠵᠦᠢᠯ ᠠᠳᠡᠯ ᠪᠤᠷᠤᠭᠤ ᠶᠢ ᠠᠭᠤᠴᠢᠯᠠᠨ ᠵᠠᠯᠠᠷᠠᠭᠤᠯᠬᠤ ᠳᠤ ᠡᠭᠦᠷᠭᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ᠂ ᠬᠠᠷᠢᠭᠤᠴᠠᠯᠭ᠎ᠠ ᠪᠠᠨ ᠠᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠬᠦ᠂ ᠠᠳᠡᠯ ᠪᠤᠷᠤᠭᠤ ᠶᠢ ᠨᠢ ᠪᠠᠭᠠᠰᠬᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ᠂ ᠵᠢᠷᠤᠮ ᠨᠢ ᠬᠠᠤᠯᠢ ᠳᠤ ᠨᠡᠶᠢᠴᠡᠭᠰᠡᠨ᠂ ᠴᠢᠨᠠᠷ ᠲᠣᠭᠲᠠᠭᠠᠭᠰᠠᠨ ᠨᠢ ᠣᠨᠣᠪᠴᠢᠲᠠᠢ᠂ ᠰᠢᠢᠳᠪᠦᠷᠢᠯᠡᠭᠰᠡᠨ ᠨᠢ ᠲᠣᠬᠢᠷᠠᠮᠵᠢᠲᠠᠢ ᠪᠠᠶᠢᠬᠤ ᠬᠡᠷᠡᠭᠲᠡᠢ᠃       ᠳᠥᠷᠪᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠣᠨ ᠡᠷᠭᠢᠯᠡᠭᠰᠡᠨ ᠠᠵᠢᠯ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠠᠪᠤᠴᠠ ᠳᠤ᠂ ᠬᠠᠤᠯᠢ ᠴᠠᠭᠠᠵᠠ ᠶᠢᠨ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠡᠷᠭᠢᠯᠡᠭᠰᠡᠨ ᠠᠵᠢᠯ ᠤᠨ ᠱᠠᠭᠠᠷᠳᠠᠯᠭ᠎ᠠ ᠪᠠᠶᠢᠬᠤ ᠦᠭᠡᠢ ᠪᠤᠶᠤ ᠪᠤᠰᠤᠳᠴᠢ ᠬᠦᠴᠦᠨ ᠵᠦᠢᠯ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠠᠴᠠ ᠪᠣᠯᠵᠤ ᠵᠣᠬᠢᠬᠤ ᠬᠤᠬᠢᠷᠠᠯ ᠪᠤᠶᠤ ᠮᠠᠭᠤ ᠨᠥᠯᠥᠭᠡ ᠭᠠᠷᠭᠠᠭᠰᠠᠨ ᠮᠥᠷᠲᠡᠭᠡᠨ ᠴᠠᠭ ᠲᠤᠬᠠᠢ ᠳᠤᠨᠢ ᠵᠠᠯᠠᠷᠠᠭᠤᠯᠤᠨ ᠵᠠᠯᠠᠷᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠪᠣᠯᠣᠨ ᠳᠡᠰ ᠳᠠᠷᠠᠭᠠᠯᠠᠯ ᠤᠨ ᠶᠣᠰᠣᠭᠠᠷ ᠪᠤᠷᠤᠭᠤ ᠪᠠᠨ ᠮᠡᠳᠡᠷᠡᠵᠦ ᠠᠭᠤᠴᠢᠯᠠᠬᠤ ᠬᠡᠷᠡᠭᠲᠡᠢ᠃       ᠬᠤᠶᠠᠳᠤᠭᠠᠷ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ       ᠲᠠᠪᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠲᠡᠭᠦᠨ ᠯᠦᠭᠡ ᠬᠠᠷᠢᠯᠴᠠᠨ ᠵᠣᠬᠢᠴᠠᠯᠳᠤᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠪᠣᠯᠣᠨ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠬᠦ ᠬᠡᠷᠡᠭᠲᠡᠢ᠃       ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠭᠡᠷ ᠨᠢ ᠡᠷᠬᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ ᠪᠦᠷᠢᠳᠬᠡᠯ ᠤᠨ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃       ᠳᠣᠯᠣᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠬᠠᠤᠯᠢ ᠶᠣᠰᠣᠭᠠᠷ ᠪᠠᠶᠢᠴᠠᠭᠠᠯᠲᠠ ᠬᠢᠵᠦ ᠭᠡᠷᠡᠴᠢ ᠠᠪᠴᠤ᠂ ᠪᠦᠷᠢᠨ ᠪᠦᠲᠦᠨ ᠭᠡᠷᠡᠴᠢ ᠪᠠᠷᠢᠮᠲᠠ ᠶᠢᠨ ᠬᠡᠯᠬᠢᠶ᠎ᠡ ᠶᠢ ᠪᠤᠢ ᠪᠣᠯᠭᠠᠨ᠂ ᠬᠡᠷᠡᠭ ᠢ ᠴᠢᠩᠭ᠎ᠠ ᠬᠢᠨᠠᠨ ᠪᠠᠶᠢᠴᠠᠭᠠᠬᠤ ᠪᠠᠷ ᠳᠠᠮᠵᠢᠨ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠶᠣᠰᠣᠭᠠᠷ ᠵᠣᠬᠢᠰᠲᠠᠢ ᠭᠠᠷᠭᠠᠬᠤ ᠬᠡᠷᠡᠭᠲᠡᠢ᠃       ᠨᠠᠢᠮᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠳᠤ ᠲᠣᠭᠲᠠᠭᠠᠭᠰᠠᠨ ᠳᠡᠰ ᠳᠠᠷᠠᠭᠠᠯᠠᠯ ᠂ ᠠᠷᠭ᠎ᠠ ᠮᠠᠶ᠋ᠢᠭ᠂ ᠴᠠᠭ ᠬᠤᠭᠤᠴᠠᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ᠂ ᠵᠠᠰᠠᠭ ᠵᠠᠬᠢᠷᠭᠠᠨ ᠢᠶᠠᠷ ᠠᠯᠪᠠᠳᠠᠬᠤ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃       ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠳᠣᠣᠷᠠᠬᠢ ᠪᠠᠶᠢᠳᠠᠯ ᠳᠤ ᠨᠡᠶᠢᠴᠡᠪᠡᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄       ︵ᠨᠢᠭᠡ︶ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ᠃       ︵ᠬᠤᠶᠠᠷ︶ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ ᠬᠠᠭᠤᠷᠮᠠᠭᠯᠠᠨ ᠵᠣᠬᠢᠶᠠᠭᠰᠠᠨ᠂ ᠤᠰᠠᠳᠬᠠᠨ ᠰᠦᠢᠳᠬᠡᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠠᠴᠠ ᠪᠣᠯᠵᠤ ᠬᠠᠤᠯᠢ ᠶᠢ ᠪᠤᠷᠤᠭᠤ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠪᠤᠶᠤ ᠬᠡᠷᠡᠭ ᠤᠨ ᠪᠠᠶᠢᠴᠠᠭᠠᠯᠲᠠ ᠠᠴᠠ ᠵᠠᠶᠢᠯᠠᠭᠰᠠᠨ ᠠᠴᠠ ᠪᠣᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭ ᠲᠤᠬᠠᠢ ᠳᠤᠨᠢ ᠭᠠᠷᠭᠠᠵᠤ ᠳᠡᠶᠢᠯᠭᠦ ᠦᠭᠡᠢ ᠪᠣᠯᠤᠭᠰᠠᠨ᠃       ︵ᠭᠤᠷᠪᠠ︶ ᠲᠤᠬᠠᠢ ᠶᠢᠨ ᠬᠥᠮᠥᠨ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠡᠳ᠋ ᠪᠣᠳᠠᠰ ᠢ ᠳᠤᠷ᠎ᠠ ᠪᠠᠷ ᠢᠶᠠᠨ ᠨᠢᠭᠤᠵᠤ ᠳᠠᠷᠤᠭᠰᠠᠨ᠂ ᠰᠢᠯᠵᠢᠭᠦᠯᠦᠭᠰᠡᠨ᠂ ᠬᠤᠳᠠᠯᠳᠤᠭᠰᠠᠨ᠂ ᠡᠪᠳᠡᠵᠦ ᠰᠦᠢᠳᠬᠡᠭᠰᠡᠨ ᠪᠠ ᠬᠤᠬᠢᠷᠠᠯ ᠤᠴᠠᠷᠠᠭᠤᠯᠤᠭᠰᠠᠨ᠃       ︵ᠳᠥᠷᠪᠡ︶ ᠤᠷᠢᠳᠴᠢᠯᠠᠨ ᠮᠡᠳᠡᠵᠦ ᠳᠡᠶᠢᠯᠭᠦ ᠦᠭᠡᠢ᠂ ᠵᠠᠶᠢᠯᠠᠰᠬᠢᠵᠦ ᠳᠡᠶᠢᠯᠭᠦ ᠦᠭᠡᠢ ᠪᠤᠶᠤ ᠢᠯᠠᠨ ᠳᠠᠪᠠᠵᠤ ᠳᠡᠶᠢᠯᠭᠦ ᠦᠭᠡᠢ ᠵᠡᠷᠭᠡ ᠬᠦᠴᠦᠨ ᠵᠦᠢᠯ ᠠᠴᠠ ᠪᠣᠯᠵᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠠᠤᠯᠢ ᠬᠡᠷᠡᠭᠵᠢᠭᠦᠯᠬᠦ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ ᠳᠡᠶᠢᠯᠦᠭᠰᠡᠨ ᠦᠭᠡᠢ᠃       ︵ᠲᠠᠪᠤ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠷᠤᠭᠤ ᠪᠤᠶᠤ ᠵᠠᠰᠠᠭ ᠵᠠᠬᠢᠷᠭᠠᠨ ᠤ ᠵᠦᠢ ᠵᠣᠬᠢᠰ ᠦᠭᠡᠢ ᠠᠵᠢᠯᠯᠠᠭ᠎ᠠ ᠠᠴᠠ ᠪᠣᠯᠵᠤ ᠪᠤᠷᠤᠭᠤ ᠮᠠᠭᠠᠳᠯᠠᠯᠲᠠ ᠭᠠᠷᠭᠠᠭᠰᠠᠨ ᠪᠤᠶᠤ ᠰᠢᠢᠳᠪᠦᠷᠢᠯᠡᠭᠰᠡᠨ᠃       ︵ᠵᠢᠷᠭᠤᠭ᠎ᠠ︶ ᠪᠠᠷᠢᠮᠵᠢᠶ᠎ᠠ ᠨᠢ ᠳᠤᠲᠠᠭᠳᠠᠭᠰᠠᠨ ᠪᠤᠶᠤ ᠣᠳᠣ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶᠡᠨ ᠤ ᠬᠢᠵᠠᠭᠠᠷᠯᠠᠯ ᠠᠴᠠ ᠪᠣᠯᠵᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠦ ᠳᠡᠶᠢᠯᠭᠦ ᠦᠭᠡᠢ ᠪᠠᠶᠢᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠪᠠᠷ ᠲᠣᠭᠲᠠᠭᠠᠭᠰᠠᠨ ᠴᠢᠨᠠᠷ ᠦᠭᠡᠢ ᠪᠤᠯᠭᠠᠬᠰᠠᠨ᠃       ︵ᠳᠣᠯᠤᠭ᠎ᠠ︶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠪᠠ ᠵᠠᠷᠯᠢᠭᠳᠠᠨ ᠵᠠᠯᠠᠷᠠᠭᠤᠯᠤᠭᠠᠳ᠂ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠭᠦᠢᠴᠡᠳᠬᠡᠭᠰᠡᠨ ᠦᠭᠡᠢ ᠠᠴᠠ ᠪᠣᠯᠵᠤ ᠠᠳᠡᠯ ᠭᠠᠷᠭᠠᠭᠰᠠᠨ᠃       ︵ᠨᠠᠢᠮᠠ︶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡᠨᠲᠡ ᠬᠠᠤᠯᠢ ᠶᠣᠰᠣᠭᠠᠷ ᠪᠠᠶᠢᠴᠠᠭᠠᠭᠰᠠᠨ ᠪᠠ ᠵᠠᠷᠯᠢᠭᠳᠠᠨ ᠵᠠᠯᠠᠷᠠᠭᠤᠯᠵᠤ᠂ ᠬᠠᠤᠯᠢ ᠴᠠᠭᠠᠵᠠ ᠶᠢᠨ ᠳᠡᠰ ᠳᠠᠷᠠᠭᠠᠯᠠᠯ ᠢᠶᠠᠷ ᠭᠦᠢᠴᠡᠳᠬᠡᠭᠰᠡᠨ ᠪᠤᠶᠤ ᠰᠢᠯᠵᠢᠭᠦᠯᠦᠨ ᠬᠦᠷᠭᠡᠬᠦ ᠶᠠᠪᠤᠴᠠ ᠳᠤ ᠠᠳᠡᠯ ᠭᠠᠷᠤᠭᠰᠠᠨ᠃       ︵ᠶᠢᠰᠦ︶ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠪᠡᠯ ᠦᠯᠦ ᠵᠣᠬᠢᠬᠤ ᠪᠤᠰᠤᠳ ᠪᠠᠶᠢᠳᠠᠯ᠃       ᠭᠤᠷᠪᠠᠳᠤᠭᠠᠷ ᠪᠦᠯᠦᠭ ᠠᠳᠡᠯ ᠪᠤᠷᠤᠭᠤ ᠶᠢ ᠪᠠᠭᠲᠠᠭᠠᠬᠤ ᠪᠠ ᠵᠠᠯᠠᠷᠠᠭᠤᠯᠬᠤ       ᠠᠷᠪᠠᠳᠤᠭᠠᠷ ᠵᠦᠢᠯ ᠠᠳᠡᠯ ᠪᠤᠷᠤᠭᠤ ᠶᠢ ᠠᠭᠤᠴᠢᠯᠠᠨ ᠵᠠᠯᠠᠷᠠᠭᠤᠯᠬᠤ ᠳᠤ ︽ᠭᠤᠷᠪᠠ ᠶᠢ ᠢᠯᠭᠠᠬᠤ︾ ᠶᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠣᠯᠴᠢ ᠪᠠᠷ ᠦᠨᠡᠯᠡᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡᠨ  ᠳᠤᠨᠢ ᠨᠡᠶᠢᠴᠡᠭᠰᠡᠨ ᠪᠠᠶᠢᠪᠠᠯ᠂ ᠬᠥᠩᠭᠡᠨ ᠢᠶᠠᠷ ᠰᠢᠢᠳᠪᠦᠷᠢᠯᠡᠬᠦ᠂ ᠬᠥᠩᠭᠡᠷᠡᠭᠦᠯᠦᠨ ᠰᠢᠢᠳᠪᠦᠷᠢᠯᠡᠬᠦ ᠪᠤᠶᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠬᠡᠷᠡᠭᠲᠡᠢ᠄       ︵ᠨᠢᠭᠡ︶ ᠳᠡᠭᠡᠳᠦ ᠱᠠᠲᠤᠨ ᠤ ᠵᠢᠭᠠᠪᠤᠷᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠭᠵᠢᠯᠲᠡ ᠶᠢ ᠲᠦᠯᠬᠢᠨ ᠠᠬᠢᠭᠤᠯᠬᠤ᠂ ᠬᠦᠴᠢᠷ ᠪᠡᠷᠬᠡ ᠶᠢ ᠢᠯᠠᠨ ᠳᠠᠪᠠᠵᠤ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠶᠢᠨ ᠲᠥᠯᠥᠭᠡ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠬᠡᠷᠡᠭᠵᠢᠭᠦᠯᠦᠭᠡᠳ ᠠᠳᠡᠯ ᠪᠤᠷᠤᠭᠤ ᠪᠤᠶᠤ ᠠᠯᠳᠠᠭ᠎ᠠ ᠭᠠᠷᠭᠠᠭᠰᠠᠨ᠃       ︵ᠬᠤᠶᠠᠷ︶ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ᠂ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ᠬᠡᠪ ᠤᠨ ᠵᠤᠷᠰᠢᠯ ᠢ ᠡᠪᠳᠡᠨ᠂ ᠬᠠᠶᠢᠨ ᠰᠦᠪᠡᠭᠴᠢᠯᠡᠬᠦ ᠴᠢᠨᠠᠷᠲᠠᠢ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ ᠦᠯᠦ ᠭᠦᠷᠦᠭᠰᠡᠨ᠃       ︵ᠭᠤᠷᠪᠠ︶ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤᠮᠳᠠ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ ᠪᠣᠳᠣᠯᠭ᠎ᠠ ᠶᠢᠨ ᠵᠠᠭᠠᠭ ᠨᠢ ᠲᠣᠳᠣᠷᠬᠠᠢ ᠦᠭᠡᠢ᠂ ᠪᠤᠰᠤᠳᠴᠢ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠤᠭᠰᠠᠨ᠃       ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠲᠦᠭᠰᠢᠭᠦᠷᠢ ᠶᠢ ᠰᠡᠷᠭᠡᠶᠢᠯᠡᠬᠦ ᠶᠢᠨ ᠲᠤᠰᠠᠳᠠ᠂ ᠠᠪᠤᠨ ᠳᠣᠣᠷ᠎ᠠ ᠪᠠᠨ ᠲᠠᠰᠤᠯᠳᠠᠨ᠂ ᠬᠤᠷᠢᠭᠯᠠᠵᠤ ᠴᠢᠳᠠᠰᠢ ᠦᠭᠡᠢ ᠬᠦᠴᠦᠨ ᠪᠤᠶᠤ ᠤᠷᠢᠳᠴᠢᠯᠠᠨ ᠮᠡᠳᠡᠵᠦ ᠦᠯᠦ ᠴᠢᠳᠠᠬᠤ ᠰᠢᠯᠲᠠᠭᠠᠨ ᠠᠴᠠ ᠪᠣᠯᠵᠤ᠂ ᠠᠯᠳᠠᠰᠢ ᠭᠠᠷᠭᠠᠭᠰᠠᠨ ᠪᠤᠶᠤ ᠠᠳᠡᠭᠦᠷᠡᠯ ᠭᠠᠷᠤᠭᠰᠠᠨ᠃       ︵ᠲᠠᠪᠤ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠶᠠᠪᠤᠴᠠ ᠳᠤ ᠬᠠᠤᠯᠢ ᠬᠡᠷᠡᠭᠵᠢᠭᠦᠯᠬᠦ ᠡᠲᠡᠭᠡᠳ ᠪᠠᠶᠢᠳᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠦᠨᠡᠨ ᠪᠣᠳᠠᠲᠠᠢ ᠪᠠᠷ ᠲᠤᠰᠬᠠᠭᠰᠠᠨ ᠦᠭᠡᠢ ᠠᠴᠠ ᠪᠣᠯᠵᠤ ᠨᠢᠭᠤᠭᠳᠠᠮᠠᠯ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ᠃       ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠶᠣᠰᠣᠭᠠᠷ ᠥᠷᠨᠢᠭᠦᠯᠬᠦ ᠳᠤᠮᠳᠠ ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠪᠡᠶᠡᠴᠢ ᠲᠠᠯ᠎ᠠ ᠠᠴᠠ ᠵᠣᠷᠢᠭᠤᠳᠠ ᠬᠠᠤᠯᠢ  ᠠᠴᠠ ᠵᠥᠷᠢᠴᠡᠨ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠬᠠᠤᠯᠢ ᠪᠠᠷ ᠲᠣᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠪᠤᠯᠪᠠᠴᠤ ᠮᠥᠨ ᠬᠦ ᠠᠳᠡᠯ ᠭᠠᠷᠭᠠᠭᠰᠠᠨ᠃       ︵ᠳᠣᠯᠤᠭ᠎ᠠ︶ ᠬᠠᠤᠯᠢ ᠬᠡᠷᠡᠭᠵᠢᠭᠦᠯᠬᠦ ᠵᠥᠷᠢᠴᠡᠯ ᠢ ᠰᠢᠢᠳᠪᠦᠷᠢᠯᠡᠬᠦ ᠶᠠᠪᠤᠴᠠ ᠳᠤ ᠬᠠᠷᠰᠢ ᠰᠠᠭᠠᠳ ᠢ ᠵᠣᠷᠢᠭᠲᠠᠢ ᠪᠠᠷ ᠠᠷᠢᠯᠭᠠᠵᠤ᠂ ᠤᠤᠯ ᠤᠨ ᠪᠠᠶᠢᠭᠰᠠᠨ ᠠᠰᠢᠭ ᠲᠤᠰᠠ ᠳᠤ ᠬᠠᠯᠳᠠᠵᠤ᠂ ᠠᠯᠳᠠᠭ᠎ᠠ ᠭᠠᠷᠭᠠᠭᠰᠠᠨ ᠪᠤᠶᠤ ᠵᠥᠷᠢᠶ᠎ᠡ ᠭᠠᠷᠭᠠᠭᠰᠠᠨ᠃       ︵ᠨᠠᠢᠮᠠ︶ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠯᠬᠤ ᠪᠤᠰᠤᠳ ᠪᠠᠶᠢᠳᠠᠯ᠃       ᠳᠡᠭᠡᠷ᠎ᠡ ᠳᠤᠷᠠᠳᠤᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠣᠣᠷ᠎ᠠ ᠵᠢᠭᠰᠠᠭᠠᠭᠰᠠᠨ ᠨᠥᠬᠦᠴᠡᠯ ᠳᠤ ᠬᠠᠮᠲᠤ  ᠳᠤᠨᠢ ᠨᠡᠶᠢᠴᠡᠪᠡᠯ᠂ ᠬᠤᠯᠪᠣᠭᠳᠠᠯ ᠪᠦᠬᠦᠢ ᠭᠦᠢᠴᠡᠳᠬᠡᠬᠦ ᠪᠠᠶᠢᠭᠤᠯᠤᠮᠵᠢ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠬᠠᠷᠢᠭᠤᠴᠠᠯᠭ᠎ᠠ ᠶᠢ ᠬᠡᠯᠲᠦᠷᠢᠭᠦᠯᠵᠦ ᠪᠣᠯᠣᠨ᠎ᠠ᠄       ︵ᠨᠢᠭᠡ︶ ᠬᠠᠤᠯᠢ ᠳᠤ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠦᠭᠡᠢ᠃       ︵ᠬᠤᠶᠠᠷ︶ ᠬᠦᠨᠳᠦ ᠶᠡᠭᠡ ᠬᠤᠬᠢᠷᠠᠯ ᠪᠠ ᠬᠦᠨᠳᠦ ᠨᠣᠴᠢᠲᠠᠢ ᠮᠠᠭᠤ ᠨᠥᠯᠥᠭᠡ ᠭᠠᠷᠭᠠᠭᠰᠠᠨ ᠦᠭᠡᠢ᠃       ︵ᠭᠤᠷᠪᠠ︶ ᠢᠳᠡᠪᠬᠢ ᠰᠠᠨᠠᠭᠠᠴᠢᠯᠠᠭ᠎ᠠ ᠲᠠᠢ ᠪᠠᠷ ᠮᠠᠭᠤ ᠨᠥᠯᠥᠭᠡ ᠶᠢ ᠠᠷᠢᠯᠭᠠᠵᠤ᠂ ᠬᠤᠬᠢᠷᠠᠯ ᠢ ᠡᠭᠡᠭᠦᠯᠦᠭᠰᠡᠨ᠃       ᠠᠷᠪᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠳᠣᠣᠷᠠᠬᠢ ᠪᠠᠶᠢᠳᠠᠯ ᠤᠨ ᠨᠢᠭᠡ ᠳᠤᠨᠢ ᠨᠡᠶᠢᠴᠡᠭᠰᠡᠨ ᠪᠠᠶᠢᠪᠠᠯ᠂ ᠬᠠᠷᠢᠭᠤᠴᠠᠯᠭ᠎ᠠ ᠶᠢ ᠨᠢ ᠬᠥᠩᠭᠡᠷᠡᠭᠦᠯᠬᠦ ᠪᠤᠶᠤ ᠬᠥᠩᠭᠡᠷᠡᠭᠦᠯᠵᠦ ᠪᠣᠯᠣᠨ᠎ᠠ᠄       ︵ᠨᠢᠭᠡ︶ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠠᠴᠠ ᠪᠦᠲᠦᠮᠵᠢᠲᠡᠢ ᠵᠠᠶᠢᠯᠠᠰᠭᠢᠯᠭᠡᠭᠰᠡᠨ ᠪᠤᠶᠤ ᠨᠥᠯᠥᠭᠡ ᠶᠢ ᠡᠭᠡᠭᠦᠯᠦᠭᠰᠡᠨ᠃       ︵ᠬᠤᠶᠠᠷ︶ ᠬᠠᠷᠢᠭᠤᠴᠠᠯᠭ᠎ᠠ ᠬᠡᠯᠡᠯᠴᠡᠬᠦ ᠪᠠᠶᠢᠴᠠᠭᠠᠯᠲᠠ ᠳᠤ ᠢᠳᠡᠪᠬᠢᠲᠡᠢ ᠪᠠᠷ ᠬᠠᠮᠵᠢᠯᠴᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠭᠰᠡᠨ᠃       ︵ᠭᠤᠷᠪᠠ︶ ᠬᠠᠤᠯᠢ ᠶᠣᠰᠣᠭᠠᠷ ᠬᠠᠷᠢᠭᠤᠴᠠᠯᠭ᠎ᠠ ᠶᠢ ᠨᠢ ᠬᠥᠩᠭᠡᠷᠡᠭᠦᠯᠵᠦ᠂ ᠬᠥᠩᠭᠡᠷᠡᠭᠦᠯᠵᠦ ᠪᠤᠯᠬᠤ ᠪᠤᠰᠤᠳ ᠬᠠᠷᠢᠭᠤᠴᠠᠯᠭ᠎ᠠ ᠨᠡᠬᠡᠮᠵᠢᠯᠡᠵᠦ ᠪᠤᠯᠬᠤ᠃       ᠠᠷᠪᠠᠨ ᠬᠤᠶᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠠᠴᠠ ᠪᠣᠯᠵᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠵᠤ᠂ ᠮᠠᠭᠤ ᠦᠷ᠎ᠡ ᠤᠷᠰᠢᠭ ᠭᠠᠷᠭᠠᠭᠰᠠᠨ ᠪᠣᠯ ᠪᠤᠷᠤᠭᠤ ᠶᠢ ᠬᠦᠯᠢᠶᠡᠵᠦ ᠪᠤᠯᠬᠤ ᠦᠭᠡᠢ᠃       ᠠᠷᠪᠠᠨ ᠭᠤᠷᠪᠠᠳᠤᠭᠠᠷ ᠵᠦᠢᠯ ᠠᠭᠤᠴᠢᠯᠠᠬᠤ ᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢᠨ ᠦᠨᠡᠯᠡᠨ ᠲᠣᠭᠲᠠᠭᠠᠬᠤ ᠠᠵᠢᠯ ᠢ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠢ ᠤᠳᠤᠷᠢᠳᠴᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠪᠡᠶᠡᠴᠢ᠂ ᠪᠤᠰᠤᠳᠴᠢ ᠨᠥᠬᠦᠴᠡᠯ᠂ ᠳᠡᠰ ᠳᠠᠷᠠᠭᠠᠯᠠᠯ ᠤᠨ ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠳ᠋ᠦᠩ ᠤᠨ ᠨᠥᠯᠥᠭᠡ ᠵᠢᠴᠢ ᠬᠤᠬᠢᠷᠠᠯ ᠢ ᠡᠭᠡᠭᠦᠯᠦᠭᠰᠡᠨ ᠵᠡᠷᠭᠡ ᠪᠠᠶᠢᠳᠠᠯ ᠲᠠᠢ ᠤᠶᠠᠯᠳᠤᠭᠤᠯᠵᠤ ᠶᠡᠷᠦᠩᠬᠡᠶᠢᠯᠡᠨ ᠵᠠᠳᠠᠯᠤᠨ ᠰᠤᠳᠤᠯᠵᠤ᠂ ᠲᠥᠷᠥ ᠶᠢᠨ ᠪᠣᠳᠣᠯᠭ᠎ᠠ ᠶᠢᠨ ᠵᠠᠭᠠᠭ ᠢ ᠣᠨᠣᠪᠴᠢᠲᠠᠢ ᠡᠵᠡᠮᠰᠢᠵᠦ᠂ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠠᠭᠤᠴᠢᠯᠠᠪᠠᠯ ᠵᠣᠬᠢᠬᠤ ᠵᠣᠷᠢᠭᠲᠠᠢ ᠠᠳᠡᠯ ᠪᠤᠷᠤᠭᠤ᠂ ᠠᠭᠤᠴᠢᠯᠠᠬᠤ ᠦᠭᠡᠢ ᠶᠢ ᠨᠢ ᠣᠬᠲᠣ ᠬᠦᠯᠢᠶᠡᠬᠦ ᠦᠭᠡᠢ᠃ ᠬᠤᠪᠢ ᠬᠥᠮᠥᠨ ᠪᠠᠰᠠ ᠪᠠᠶᠢᠭᠤᠯᠭ᠎ᠠ ᠨᠢᠭᠡᠴᠢ ᠳᠤ ᠰᠢᠭᠤᠳ ᠪᠤᠷᠤᠭᠤ ᠶᠢ ᠨᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠵᠤ ᠪᠣᠯᠣᠨ᠎ᠠ᠃ ᠨᠢᠭᠡᠴᠢ ᠪᠠᠶᠢᠴᠠᠭᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠡᠯ ᠪᠤᠷᠤᠭᠤ ᠪᠤᠶᠤ ᠡᠰᠡᠬᠦ ᠶᠢᠨ ᠲᠤᠬᠠᠢ ᠦᠨᠡᠮᠰᠢᠭᠰᠡᠨ ᠳ᠋ᠦᠩᠨᠡᠯᠲᠡ ᠶᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠪᠤᠷᠤᠭᠤ ᠠᠭᠤᠯᠭ᠎ᠠ ᠶᠢ ᠨᠢ ᠲᠣᠭᠲᠠᠭᠠᠭᠰᠠᠨ ᠤ ᠳᠠᠷᠠᠭ᠎ᠠ᠂ 7 ᠡᠳᠦᠷ ᠤᠨ ᠳᠣᠲᠣᠷ᠎ᠠ ᠬᠠᠮᠢᠶ᠎ᠠ ᠪᠦᠬᠦᠢ ᠨᠢᠭᠡᠴᠢ ᠵᠢᠴᠢ ᠲᠤᠬᠠᠶᠢᠲᠠᠢ ᠬᠥᠮᠥᠨ ᠳᠤ ᠮᠡᠳᠡᠭᠳᠡᠵᠦ᠂ ᠶᠡᠷᠦᠩᠬᠡᠢ ᠳᠡᠭᠡᠨ ᠵᠣᠬᠢᠬᠤ ᠬᠡᠪᠴᠢᠶᠡᠨ ᠳᠣᠲᠣᠷ᠎ᠠ ᠢᠯᠡ ᠪᠤᠯᠭᠠᠬᠤ ᠬᠡᠷᠡᠭᠲᠡᠢ᠃       ᠠᠷᠪᠠᠨ ᠳᠥᠷᠪᠡᠳᠦᠭᠡᠷ ᠵᠦᠢᠯ ᠰᠤᠳᠤᠯᠤᠯᠲᠠ ᠪᠠᠷ ᠳᠠᠮᠵᠢᠨ ᠲᠣᠭᠲᠠᠭᠠᠭᠰᠠᠨ ᠪᠣᠯᠬᠤᠷ ᠬᠠᠤᠯᠢ ᠬᠡᠷᠡᠭᠵᠢᠭᠦᠯᠦᠭᠴᠢ ᠳᠤ ᠪᠤᠷᠤᠭᠤ ᠣᠶᠢᠯᠠᠭᠠᠯᠲᠠ ᠥᠭᠭᠦᠭᠰᠡᠨ ᠪᠠᠶᠢᠪᠠᠯ᠂ ᠲᠡᠭᠦᠨ ᠢ ᠬᠠᠤᠯᠢ ᠬᠡᠷᠡᠭᠵᠢᠭᠦᠯᠦᠯᠲᠡ ᠶᠢᠨ ᠪᠤᠷᠤᠭᠤ ᠮᠠᠭᠠᠳᠯᠠᠯᠲᠠ ᠬᠢᠬᠦ ᠦᠭᠡᠢ᠃       ᠠᠷᠪᠠᠨ ᠲᠠᠪᠤᠳᠤᠭᠠᠷ ᠵᠦᠢᠯ ᠠᠳᠡᠯ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ᠂ ᠠᠳᠡᠯ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠬᠡᠯᠡᠯᠴᠡᠬᠦ ᠪᠠᠶᠢᠭᠤᠯᠤᠮᠵᠢ ᠠᠴᠠ ᠠᠳᠡᠯ ᠪᠤᠷᠤᠭᠤ ᠪᠠᠶᠢᠪᠠᠯ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠭᠠᠷᠭᠠᠬᠤ ᠶᠢᠨ ᠬᠠᠮᠲᠤ ᠠᠯᠳᠠᠭ᠎ᠠ ᠵᠠᠯᠠᠷᠠᠭᠤᠯᠬᠤ ᠳᠡᠰ ᠳᠠᠷᠠᠭᠠᠯᠠᠯ ᠢᠶᠠᠨ ᠴᠠᠭ ᠲᠤᠬᠠᠢ ᠳᠤᠨᠢ ᠡᠬᠢᠯᠡᠭᠦᠯᠬᠦ ᠬᠡᠷᠡᠭᠲᠡᠢ᠃       ᠠᠷᠪᠠᠨ ᠵᠢᠷᠭᠤᠳᠤᠭᠠᠷ ᠵᠦᠢᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ ᠬᠠᠷᠢᠭᠤᠴᠠᠯᠭ᠎ᠠ ᠠᠴᠠ ᠬᠡᠯᠲᠦᠷᠢᠭᠦᠯᠬᠦ᠂ ᠠᠳᠡᠯ ᠪᠤᠷᠤᠭᠤ ᠭᠠᠷᠭᠠᠭᠰᠠᠨ ᠪᠣᠯ ᠬᠠᠷᠢᠭᠤᠴᠠᠯᠭ᠎ᠠ ᠵᠠᠯᠠᠷᠠᠭᠤᠯᠬᠤ ᠰᠢᠯᠲᠠᠭᠠᠨ ᠢᠶᠠᠨ ᠲᠣᠳᠣᠷᠬᠠᠶᠢᠯᠠᠵᠤ᠂ ᠠᠯᠳᠠᠭ᠎ᠠ ᠵᠠᠯᠠᠷᠠᠭᠤᠯᠬᠤ ᠵᠦᠢᠯ ᠢ ᠲᠣᠳᠣᠷᠬᠠᠶᠢᠯᠠᠵᠤ᠂ ᠠᠯᠳᠠᠭ᠎ᠠ ᠵᠠᠯᠠᠷᠠᠭᠤᠯᠬᠤ ᠱᠠᠭᠠᠷᠳᠠᠯᠭ᠎ᠠ ᠪᠤᠶᠤ ᠰᠠᠨᠠᠭᠤᠯᠭ᠎ᠠ ᠳᠤᠷᠠᠳᠴᠤ᠂ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠵᠠᠯᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ ᠶᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠭᠡᠷ ᠪᠤᠶᠤ ᠬᠤᠪᠢ ᠬᠥᠮᠥᠨ ᠢ ᠰᠢᠮᠳᠠᠭᠤᠯᠤᠨ ᠵᠢᠯᠤᠭᠤᠳᠴᠤ ᠰᠢᠯᠲᠠᠭᠠᠨ ᠢ ᠨᠢ ᠬᠢᠨᠠᠮᠠᠭᠠᠢ ᠵᠠᠳᠠᠯᠵᠤ᠂ ᠭᠦᠨᠵᠡᠭᠡᠢ ᠰᠤᠷᠭᠠᠮᠵᠢ ᠠᠪᠤᠭᠤᠯᠵᠤ᠂ ᠳᠦᠷᠢᠮ ᠢ ᠲᠡᠭᠦᠯᠳᠡᠷᠵᠢᠭᠦᠯᠦᠨ᠂ ᠲᠣᠭᠲᠠᠴᠠ ᠶᠢ ᠨᠢ ᠪᠦᠷᠢᠨᠰᠢᠭᠦᠯᠵᠦ᠂ ᠠᠳᠠᠯᠢᠪᠲᠤᠷ ᠠᠯᠳᠠᠭ᠎ᠠ ᠳᠠᠭᠢᠵᠤ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠠᠯᠠᠷᠠᠭᠤᠯᠭᠠᠬᠰᠠᠳ ᠵᠠᠯᠠᠷᠠᠭᠤᠯᠤᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠣᠨᠴᠠᠭᠠᠢ ᠪᠠᠶᠢᠳᠠᠯ ᠠᠴᠠ ᠪᠣᠯᠵᠤ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠬᠦᠴᠢᠷᠲᠡᠢ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃       ᠠᠷᠪᠠᠨ ᠳᠣᠯᠣᠳᠤᠭᠠᠷ ᠵᠦᠢᠯ ᠵᠣᠬᠢᠰᠲᠠᠢ ᠠᠷᠭ᠎ᠠ ᠮᠠᠶ᠋ᠢᠭ ᠠᠪᠴᠤ᠂ ᠠᠯᠳᠠᠭ᠎ᠠ ᠵᠠᠯᠠᠷᠠᠭᠤᠯᠤᠭᠰᠠᠨ ᠡᠲᠡᠭᠡᠳ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠣᠶᠢᠯᠠᠭᠠᠬᠤ ᠬᠡᠷᠡᠭᠲᠡᠢ᠃ ᠠᠳᠠᠯᠢ ᠲᠥᠷᠥᠯ ᠤᠨ ᠠᠰᠠᠭᠤᠳᠠᠯ ᠣᠯᠠᠨᠲᠠ ᠭᠠᠷᠤᠭᠰᠠᠨ ᠪᠤᠶᠤ ᠠᠳᠠᠯᠢ ᠨᠢᠭᠡᠨ ᠬᠦᠷᠢᠶᠡᠨ ᠳᠤ ᠲᠥᠪᠯᠡᠷᠡᠵᠦ ᠭᠠᠷᠤᠭᠰᠠᠨ ᠠᠮᠠᠷᠬᠠᠨ ᠪᠤᠷᠤᠭᠤ ᠪᠠᠶᠢᠳᠠᠯ ᠳᠤ ᠴᠢᠭᠯᠡᠭᠦᠯᠦᠨ ᠰᠤᠳᠤᠯᠤᠨ ᠵᠠᠳᠠᠯᠵᠤ᠂ ᠠᠮᠠᠷᠬᠠᠨ ᠪᠤᠷᠤᠭᠤᠳᠠᠬᠤ ᠲᠦᠭᠰᠢᠭᠦᠷᠢ ᠶᠢᠨ ᠴᠡᠭ ᠪᠠ ᠠᠰᠠᠭᠤᠳᠠᠯ ᠤᠨ ᠵᠠᠩᠭᠢᠯᠠᠭ᠎ᠠ ᠶᠢ ᠡᠷᠢᠵᠦ ᠣᠯᠬᠤ ᠶᠢᠨ ᠬᠠᠮᠲᠤ ᠰᠡᠷᠡᠮᠵᠢᠯᠡᠭᠦᠯᠦᠨ ᠰᠠᠨᠠᠭᠤᠯᠵᠤ᠂ ᠠᠳᠠᠯᠢᠪᠲᠤᠷ ᠠᠯᠳᠠᠭ᠎ᠠ ᠪᠠ ᠠᠰᠠᠭᠤᠳᠠᠯ ᠳᠠᠭᠢᠨ ᠳᠠᠪᠲᠠᠨ ᠭᠠᠷᠬᠤ ᠶᠢ ᠰᠡᠷᠭᠡᠶᠢᠯᠡᠬᠦ ᠬᠡᠷᠡᠭᠲᠡᠢ᠃       ᠠᠷᠪᠠᠨ ᠨᠠᠢᠮᠠᠳᠤᠭᠠᠷ ᠵᠦᠢᠯ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠳᠤ ᠵᠥᠪ ᠢᠶᠠᠷ ᠬᠠᠨᠳᠤᠵᠤ᠂ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠶᠠᠪᠤᠴᠠ ᠳᠤ ᠪᠠᠶᠢᠴᠠᠭᠠᠭᠰᠠᠨ ᠦᠨᠡᠨ ᠪᠣᠳᠠᠲᠠᠢ ᠪᠠᠶᠢᠴᠠᠭᠠᠯᠲᠠ ᠬᠢᠭᠰᠡᠨ ᠦᠭᠡᠢ ᠪᠤᠶᠤ ᠦᠨᠡᠮᠰᠢᠭᠦᠯᠦᠭᠡᠳ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠨᠢ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠪᠣᠯ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠴᠢ ᠳᠤ ᠦᠷ᠎ᠡ ᠳ᠋ᠦᠩ ᠢ ᠬᠠᠷᠢᠭᠤ ᠲᠤᠰᠬᠠᠨ᠎ᠠ︔ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠰᠡᠨ ᠪᠠᠶᠢᠪᠠᠯ ᠵᠣᠬᠢᠬᠤ ᠬᠡᠮᠵᠢᠶᠡᠨ ᠳᠤ ᠪᠠᠶᠢᠳᠠᠯ ᠢ ᠲᠣᠳᠣᠷᠬᠠᠶᠢᠯᠠᠵᠤ᠃ ᠪᠠᠶᠢᠴᠠᠭᠠᠨ ᠪᠠᠶᠢᠴᠠᠭᠠᠬᠤ ᠪᠠᠷ ᠳᠠᠮᠵᠢᠨ ᠮᠠᠭᠤ ᠰᠠᠨᠠᠭ᠎ᠠ ᠲᠠᠢ ᠪᠠᠷ ᠰᠢᠷᠬᠠᠲᠤᠭᠰᠠᠨ᠂ ᠭᠦᠳᠬᠡᠨ ᠭᠦᠵᠢᠷᠯᠡᠭᠰᠡᠨ ᠵᠢᠴᠢ ᠮᠠᠭᠤ ᠰᠠᠨᠠᠭ᠎ᠠ ᠲᠠᠢ ᠪᠠᠷ ᠤᠬᠠᠭᠠᠯᠠᠭᠰᠠᠨ ᠪᠠ ᠭᠦᠳᠬᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ ᠴᠠᠭ ᠲᠤᠬᠠᠢ ᠳᠤᠨᠢ ᠵᠣᠬᠢᠰᠲᠠᠢ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠬᠢᠬᠤ ᠬᠡᠪᠴᠢᠶᠡᠨ ᠳᠤ ᠲᠡᠳᠡᠨ ᠤ ᠵᠥᠪ ᠨᠡᠷ᠎ᠡ ᠶᠢ ᠲᠣᠳᠣᠷᠬᠠᠶᠢᠯᠠᠨ ᠥᠭᠴᠦ᠂ ᠡᠰᠡᠷᠭᠦ ᠲᠠᠯ᠎ᠠ ᠶᠢᠨ ᠨᠥᠯᠥᠭᠡ ᠶᠢ ᠨᠢ ᠠᠷᠢᠯᠭᠠᠵᠤ᠂ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠠᠳᠠᠯ ᠦᠢᠯᠡᠰ ᠪᠣᠰᠬᠠᠬᠤ ᠺᠠᠲᠷᠴᠤᠳ ᠤᠨ ᠲᠦᠰᠢᠭ ᠲᠤᠯᠭᠠᠭᠤᠷᠢ ᠬᠦᠴᠦᠨ ᠪᠣᠯᠭᠠᠨ᠎ᠠ᠃       ᠠᠷᠪᠠ ᠶᠢᠰᠦᠳᠦᠭᠡᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号