ᠠᠯᠠᠱᠠ ᠵᠡᠭᠦᠨ ᠬᠤᠰᠢᠭᠤᠨ ᠤ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠨ ᠪᠠᠶᠢᠴᠠᠭᠠᠬᠤ ᠪᠠ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/12/31
     ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ :       ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠪᠦᠭᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ︾ ᠵᠢᠴᠢ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠵᠦ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ︽ᠠᠯᠠᠱᠠ ᠵᠡᠭᠦᠨ ᠬᠤᠰᠢᠭᠤᠨ ᠤ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠬᠢᠨᠠᠨ ᠪᠠᠶᠢᠴᠠᠭᠠᠬᠤ ᠪᠠ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠪᠣᠯᠵᠣᠨ ᠶᠠᠷᠢᠯᠴᠠᠬᠤ ᠳᠦᠷᠢᠮ ︵ᠲᠤᠷᠰᠢᠨ ᠬᠡᠷᠡᠭᠵᠢᠭᠦᠯᠬᠦ︶︾ ︽ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ︽ᠬᠤᠰᠢᠭᠤᠨ ᠤ ᠰᠢᠭᠤᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠡᠭᠰᠢ ᠥᠷᠢᠰᠦᠯᠳᠦᠭᠡᠨ ᠢ ᠨᠥᠯᠥᠭᠡᠯᠡᠬᠦ ᠠᠵᠢᠯᠯᠠᠭ᠎ᠠ ᠶᠢᠨ ᠳᠦᠷᠢᠮ ᠲᠣᠭᠲᠠᠭᠠᠯ ᠳᠤ ᠨᠡᠶᠢᠴᠡᠭᠰᠡᠨ ᠨᠠᠷᠢᠨ ᠪᠦᠷᠢᠳᠬᠡᠯ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠵᠤ᠂ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃       ᠬᠠᠪᠰᠤᠷᠤᠯᠲᠠ᠄ 1. ᠠᠯᠠᠱᠠ ᠵᠡᠭᠦᠨ ᠬᠤᠰᠢᠭᠤᠨ ᠤ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠨ ᠪᠠᠶᠢᠴᠠᠭᠠᠬᠤ ᠪᠠ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶       2. ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠵᠤ ᠪᠣᠯᠵᠣᠨ ᠶᠠᠷᠢᠯᠴᠠᠬᠤ ᠳᠦᠷᠢᠮ ︵ᠲᠤᠷᠰᠢᠨ ᠬᠡᠷᠡᠭᠵᠢᠭᠦᠯᠬᠦ︶       3. ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠣᠲᠣᠭᠠᠳᠤ ᠶᠢᠨ ᠬᠢᠨᠠᠨ ᠪᠠᠶᠢᠴᠠᠭᠠᠬᠤ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶       4. ᠬᠤᠰᠢᠭᠤᠨ ᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠨᠥᠯᠥᠭᠡᠯᠡᠬᠦ ᠦᠢᠯᠡ ᠠᠵᠢᠯᠯᠠᠭ᠎ᠠ ᠶᠢᠨ ᠲᠣᠭᠲᠠᠭᠠᠯ ᠳᠤ ᠨᠡᠶᠢᠴᠡᠭᠰᠡᠨ ᠵᠢᠯᠤᠭᠤᠳᠬᠤ ᠨᠠᠷᠢᠨ ᠪᠦᠷᠢᠳᠬᠡᠯ ︵ᠲᠤᠷᠰᠢᠨ ᠬᠡᠷᠡᠭᠵᠢᠭᠦᠯᠬᠦ︶       ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ       ᠬᠠᠪᠰᠤᠷᠤᠯᠲᠠ1             ᠠᠯᠠᠱᠠ ᠵᠡᠭᠦᠨ ᠬᠤᠰᠢᠭᠤᠨ ᠤ ᠭᠤᠥᠯᠴᠢ ᠥᠷᠢᠰᠦᠯᠳᠦᠭᠡᠨ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠵᠤ ᠪᠠᠶᠢᠴᠠᠭᠠᠬᠤ ᠪᠠ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ       ︵ᠲᠤᠷᠰᠢᠨ ᠬᠡᠷᠡᠭᠵᠢᠭᠦᠯᠬᠦ︶       ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠳᠦᠷᠢᠮ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠂ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ᠂ ᠨᠢᠭᠡᠳᠦᠯᠲᠡᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠤᠯᠭᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ︾᠂ ︽ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ︾᠂ ︽ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠬᠤᠰᠢᠭᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠠᠵᠢᠯᠲᠠᠨ ᠤ ᠬᠢᠨᠠᠯᠲᠠ ᠪᠠᠶᠢᠴᠠᠭᠠᠯᠲᠠ ᠪᠠ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠭᠰᠠᠨ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠳᠤ ᠲᠤᠰ ᠠᠷᠭ᠎ᠠ ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠨᠢ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠳᠡᠯ ᠤᠨ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃       ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠤᠯᠭ᠎ᠠ ᠭᠡᠳᠡᠭ ᠲᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ᠂ ᠲᠣᠭᠲᠠᠭᠠᠬᠤ᠂ ᠬᠡᠷᠡᠭᠵᠢᠭᠦᠯᠬᠦ ᠶᠠᠪᠤᠴᠠ ᠳᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠡᠭᠦᠷᠭᠡ ᠲᠠᠢ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠪᠠᠭᠲᠠᠨ᠎ᠠ᠃       ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠠᠵᠢᠯᠲᠠᠨ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠨ ᠲᠤᠭᠤᠷᠪᠢᠨ ᠪᠢᠴᠢᠬᠦ᠂ ᠬᠢᠨᠠᠨ ᠪᠠᠶᠢᠴᠠᠭᠠᠬᠤ ︵ᠳᠠᠭᠢᠨ ᠬᠢᠨᠠᠬᠤ︶᠂ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠥᠪᠰᠢᠶᠡᠷᠡᠵᠦ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯᠲᠠᠨ ᠢ ᠪᠠᠭᠲᠠᠭᠠᠵᠤ ᠪᠤᠢ᠃       ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠠᠵᠢᠯᠲᠠᠨ ᠤ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠭᠰᠠᠨ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠶᠢᠨ ᠬᠠᠮᠲᠤ ᠬᠠᠷᠢᠭᠤᠴᠠᠯᠭ᠎ᠠ ᠡᠭᠦᠷᠭᠡᠯᠡᠬᠦ ᠠᠵᠢᠯᠲᠠᠨ ᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠴᠢᠬᠤᠯᠠᠲᠠᠢ ᠪᠣᠯ᠂ ᠲᠣᠭᠲᠠᠭᠠᠯ ᠰᠠᠬᠢᠯᠭ᠎ᠠ ᠪᠠᠲᠤ ᠬᠠᠤᠯᠢ ᠰᠠᠬᠢᠯᠭ᠎ᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠂ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠵᠦ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠬᠡᠯ ᠢ ᠣᠷᠣᠯᠠᠭᠤᠯᠵᠤ ᠪᠤᠯᠬᠤ ᠦᠭᠡᠢ᠃       ᠲᠠᠪᠤᠳᠤᠭᠠᠷ ᠵᠦᠢᠯ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠨ ᠪᠠᠶᠢᠴᠠᠭᠠᠬᠤ ᠬᠢᠭᠡᠳ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠳᠤ ᠦᠨᠡᠨ ᠠᠴᠠ ᠵᠥᠪ ᠢ ᠡᠷᠢᠬᠦ᠂ ᠡᠷᠬᠡ ᠲᠡᠭᠰᠢ ᠭᠤᠣᠯᠴᠢ ᠪᠠᠶᠢᠬᠤ᠂ ᠬᠥᠮᠥᠵᠢᠭᠦᠯᠬᠦ ᠬᠢᠭᠡᠳ ᠵᠠᠯᠬᠠᠭᠠᠨ ᠴᠡᠭᠡᠷᠯᠡᠭᠦᠯᠬᠦ ᠶᠢ ᠬᠠᠷᠢᠯᠴᠠᠨ ᠤᠶᠠᠯᠳᠤᠭᠤᠯᠬᠤ᠂ ᠠᠯᠳᠠᠰᠢ ᠬᠢᠭᠡᠳ ᠬᠠᠷᠢᠭᠤᠴᠠᠯᠭ᠎ᠠ ᠶᠢ ᠬᠠᠷᠢᠯᠴᠠᠨ ᠲᠣᠬᠢᠷᠠᠯᠴᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃       ᠵᠢᠷᠭᠤᠳᠤᠭᠠᠷ ᠵᠦᠢᠯ ᠬᠤᠰᠢᠭᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠬᠢᠨᠠᠨ ᠪᠠᠶᠢᠴᠠᠭᠠᠯᠲᠠ ᠶᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︵ᠳᠣᠷᠣᠭᠰᠢ ︽ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ︾ ᠭᠡᠵᠦ ᠲᠣᠪᠴᠢᠯᠠᠨ᠎ᠠ︶ ᠠᠴᠠ ᠬᠠᠷᠢᠭᠤᠴᠠᠵᠤ ᠬᠡᠷᠡᠭᠵᠢᠭᠦᠯᠦᠨ᠎ᠡ︔ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠠᠵᠢᠯ ᠢ ᠲᠡᠭᠦᠨ ᠤ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠷᠢᠭᠤᠴᠠᠵᠤ ᠶᠠᠪᠤᠭᠳᠠᠭᠤᠯᠤᠨ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠠᠵᠢᠯᠲᠠᠨ ᠤ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠪᠠᠷ ᠬᠤᠰᠢᠭᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠳᠤ ᠰᠠᠨᠠᠭᠤᠯᠬᠤ ᠡᠷᠬᠡ ᠲᠠᠢ᠃       ᠬᠤᠶᠠᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ ᠭᠤᠣᠯᠳᠠᠯᠭ᠎ᠠ ᠲᠠᠢ ᠠᠭᠤᠯᠭ᠎ᠠ       ᠳᠣᠯᠣᠳᠤᠭᠠᠷ ᠵᠦᠢᠯ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢᠨ ᠠᠵᠢᠯ ᠤᠨ ᠪᠠᠶᠢᠳᠠᠯ᠃ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠤᠰᠬᠠᠢ ᠪᠠᠶᠢᠭᠤᠯᠤᠮᠵᠢ ᠶᠢᠨ ᠨᠢᠭᠡᠳᠦᠯᠲᠡᠢ ᠬᠢᠨᠠᠨ ᠪᠠᠶᠢᠴᠠᠭᠠᠬᠤ ᠵᠠᠭᠪᠤᠷ ᠢ ᠨᠠᠶᠢᠳᠠᠪᠤᠷᠢᠵᠢᠭᠤᠯᠤᠭᠰᠠᠨ ᠡᠰᠡᠬᠦ᠂ ᠡᠯ᠎ᠡ ᠲᠥᠷᠥᠯ ᠤᠨ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠡᠰᠡᠬᠦ᠂ ᠦᠯᠡᠳᠡᠭᠡᠯ ᠢ ᠢᠯᠭᠠᠷᠠᠭᠤᠯᠬᠤ ᠪᠠ ᠨᠡᠮᠡᠭᠳᠡᠯ ᠬᠡᠮᠵᠢᠶ᠎ᠡ ᠶᠢ ᠬᠢᠨᠠᠨ ᠪᠠᠶᠢᠴᠠᠭᠠᠬᠤ ᠬᠡᠷᠡᠭᠵᠢᠭᠦᠯᠦᠯᠲᠡ ᠪᠠ ᠮᠡᠳᠡᠭᠦᠯᠦᠯᠲᠡ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠬᠠᠮᠲᠤ ᠳᠤᠨᠢ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠦᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃       ᠨᠠᠢᠮᠠᠳᠤᠭᠠᠷ ᠵᠦᠢᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠶᠠᠰᠤ ᠴᠢᠨᠠᠷ ᠤᠨ ᠪᠠᠶᠢᠳᠠᠯ᠃ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠲᠠᠯ᠎ᠠ ᠪᠠᠷ ᠠᠯᠬᠤᠮ ᠳᠠᠷᠠᠭ᠎ᠠ ᠨᠢ ᠲᠣᠳᠣᠷᠬᠠᠢ᠂ ᠦᠷ᠎ᠡ ᠳ᠋ᠦᠩ ᠨᠢ ᠣᠨᠣᠪᠴᠢᠲᠠᠢ᠂ ᠬᠠᠤᠯᠢ ᠶᠣᠰᠣᠭᠠᠷ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠰᠠᠨᠠᠯ ᠢ ᠡᠯᠰᠡᠬᠦ ᠡᠰᠡᠬᠦ ᠪᠠ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠨᠠᠯ᠂ ᠬᠤᠷᠠᠯ ᠤᠨ ᠳᠦᠷᠢᠮ᠂ ᠬᠠᠮᠲᠤ ᠪᠠᠷ ᠬᠢᠨᠠᠨ ᠵᠥᠪᠯᠡᠬᠦ ᠵᠡᠷᠭᠡ ᠠᠷᠭ᠎ᠠ ᠭᠡᠯᠪᠡᠷᠢ ᠪᠠᠷ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠰᠠᠨᠠᠯ ᠢ ᠣᠷᠣᠯᠠᠨ ᠡᠯᠰᠡᠬᠦ ᠪᠠᠶᠢᠳᠠᠯ ᠣᠷᠣᠰᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ᠎ᠠ᠃       ᠶᠢᠰᠦᠳᠦᠭᠡᠷ ᠵᠦᠢᠯ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠰᠢᠢᠳᠪᠦᠷᠢᠯᠡᠬᠦ ᠬᠡᠷᠡᠭᠲᠡᠢ᠃ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠥᠪᠡᠷᠲᠡᠭᠡᠨ ᠪᠠᠶᠢᠴᠠᠭᠠᠬᠤ ᠶᠠᠪᠤᠴᠠ ᠳᠤ ᠢᠯᠡᠷᠡᠭᠰᠡᠨ ᠪᠤᠶᠤ ᠡᠰᠡᠬᠦᠯ᠎ᠡ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠬᠢᠨᠠᠨ ᠰᠢᠢᠳᠪᠦᠷᠢᠯᠡᠭᠰᠡᠨ ᠵᠠᠭᠠᠯᠳᠤᠬᠤ ᠢᠯᠡᠴᠢᠯᠡᠨ ᠮᠡᠳᠡᠭᠦᠯᠬᠦ ᠬᠡᠷᠡᠭ ᠤᠨ ᠴᠡᠭᠴᠡᠯᠡᠨ ᠥᠭᠡᠷᠡᠴᠢᠯᠡᠭᠰᠡᠨ ᠪᠠᠶᠢᠳᠠᠯ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠭᠰᠡᠨ ᠡᠰᠡᠬᠦ᠂ ᠴᠡᠭᠴᠡᠯᠡᠨ ᠵᠠᠰᠠᠭᠰᠠᠨ ᠦᠷ᠎ᠡ ᠳ᠋ᠦᠩ ᠨᠢ ᠢᠯᠡᠷᠬᠡᠢ ᠡᠰᠡᠬᠦ᠂ ᠬᠤᠶᠢᠰᠢᠳᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃       ᠭᠤᠷᠪᠠᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠲᠣᠭᠲᠠᠴᠠ       ᠠᠷᠪᠠᠳᠤᠭᠠᠷ ᠵᠦᠢᠯ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠲᠤᠷᠠᠨ ᠬᠤᠰᠢᠭᠤᠨ ᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃       ᠠᠷᠪᠠᠨ ᠨᠢᠭᠡᠳᠦᠭᠡᠷ ᠵᠦᠢᠯ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠦᠨᠳᠦᠰᠦᠯᠡᠨ ᠬᠢᠨᠠᠯᠲᠠ ᠲᠠᠯᠪᠢᠵᠤ ᠪᠠᠶᠢᠴᠠᠭᠠᠭᠰᠠᠨ ᠮᠡᠳᠡᠭᠦᠯᠦᠯᠲᠡ ᠬᠢᠵᠦ᠂ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠢᠯᠡᠷᠡᠭᠰᠡᠨ ᠴᠢᠬᠤᠯᠠ ᠪᠠᠶᠢᠳᠠᠯ ᠪᠠ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠠᠨᠠᠯ ᠪᠠ ᠰᠠᠨᠠᠭᠤᠯᠭ᠎ᠠ ᠳᠤᠷᠠᠳᠴᠤ᠂ ᠬᠢᠨᠠᠯᠲᠠ ᠲᠠᠯᠪᠢᠵᠤ ᠪᠠᠶᠢᠴᠠᠭᠠᠭᠰᠠᠨ ᠨᠢᠭᠡᠴᠢ ᠳᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃       ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠨᠳᠦᠰᠦᠯᠡᠵᠦ᠂ ᠮᠡᠳᠡᠭᠡᠯᠡᠬᠦ᠂ ᠪᠣᠯᠵᠣᠨ ᠶᠠᠷᠢᠯᠴᠠᠬᠤ᠂ ᠵᠠᠰᠠᠭ ᠵᠠᠬᠢᠷᠭᠠᠨ ᠤ ᠰᠢᠢᠳᠪᠦᠷᠢᠯᠡᠬᠦ ᠶᠢ ᠰᠠᠨᠠᠭᠤᠯᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃       ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠪᠤᠯᠭᠠᠵᠤ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠶᠠᠮᠠᠷᠪᠠ ᠨᠢᠭᠡᠴᠢ ᠪᠠ ᠬᠤᠪᠢ ᠬᠥᠮᠥᠨ ᠶᠠᠮᠠᠷᠪᠠ 12345᠂ 12315 ᠳ᠋ᠢᠶᠠᠩᠬᠤᠸᠠ᠂ ᠴᠠᠬᠢᠮ ᠰᠢᠤᠳᠠᠨ ᠵᠦᠢᠯ ᠪᠤᠶᠤ ᠵᠠᠬᠢᠳᠠᠯ ᠢᠯᠡᠭᠡᠬᠦ᠂ ᠰᠤᠷᠪᠤᠯᠵᠢᠯᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠬᠦ ᠡᠷᠬᠡ ᠲᠠᠢ᠃       ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠢ ᠳᠤᠨᠢ ᠲᠤᠰ ᠱᠠᠲᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠭᠰᠠᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ ᠲᠤᠰ ᠱᠠᠲᠤᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠪᠠᠶᠢᠭᠤᠯᠭ᠎ᠠ ᠨᠢ ᠢᠯᠡᠴᠢᠯᠡᠨ ᠵᠠᠭᠠᠯᠳᠤᠭᠰᠠᠨ ᠬᠡᠷᠡᠭ ᠢ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠢᠴᠢᠭ ᠢᠶᠠᠷ ᠮᠡᠳᠡᠭᠦᠯᠬᠦ ᠬᠡᠷᠡᠭᠲᠡᠢ᠃ ᠪᠢᠴᠢᠭ ᠤᠨ ᠭᠡᠯᠪᠡᠷᠢ ᠪᠠᠷ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠨ ᠪᠠᠶᠢᠪᠠᠯ᠂ ᠲᠤᠰ ᠱᠠᠲᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠪᠠᠶᠢᠭᠤᠯᠭ᠎ᠠ ᠨᠢ ᠢᠯᠡᠴᠢᠯᠡᠨ ᠮᠡᠳᠡᠭᠦᠯᠦᠭᠰᠡᠨ ᠦᠷ᠎ᠡ ᠳ᠋ᠦᠩ ᠢ ᠢᠯᠡᠴᠢᠯᠡᠨ ᠮᠡᠳᠡᠭᠦᠯᠦᠭᠰᠡᠨ ᠬᠥᠮᠥᠨ ᠳᠤᠨᠢ ᠬᠠᠷᠢᠭᠤ ᠲᠤᠰᠬᠠᠬᠤ ᠬᠡᠷᠡᠭᠲᠡᠢ᠃       ᠳᠥᠷᠪᠡᠳᠦᠭᠡᠷ ᠪᠦᠯᠦᠭ ᠵᠠᠷᠯᠠᠨ ᠮᠡᠳᠡᠭᠳᠡᠬᠦ       ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠨᠡᠪᠲᠡᠷᠡᠭᠦᠯᠬᠦ ᠳᠦᠷᠢᠮ ᠪᠠᠶᠢᠭᠤᠯᠬᠤ ᠬᠡᠷᠡᠭᠲᠡᠢ᠃ ᠵᠠᠷᠯᠠᠨ ᠮᠡᠳᠡᠭᠳᠡᠬᠦ ᠠᠭᠤᠯᠭ᠎ᠠ ᠨᠢ ᠭᠤᠣᠯᠳᠠᠭᠤ᠄       ︵ᠨᠢᠭᠡ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠭᠦᠨ ᠳᠤ ᠬᠠᠮᠢᠶ᠎ᠠ ᠪᠦᠬᠦᠢ ᠳᠦᠷᠢᠮ ᠪᠠᠶᠢᠭᠤᠯᠬᠤ᠂ ᠬᠠᠮᠲᠤᠷᠠᠭᠰᠠᠨ ᠬᠤᠷᠠᠯ ᠬᠤᠷᠠᠯᠳᠤᠭᠤᠯᠬᠤ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ᠂ ᠰᠢᠮᠳᠠᠭᠤᠯᠤᠨ ᠪᠠᠶᠢᠴᠠᠭᠠᠬᠤ᠂ ᠵᠢᠯᠤᠭᠤᠳᠬᠤ᠂ ᠪᠤᠯᠪᠠᠰᠤᠷᠠᠭᠤᠯᠬᠤ᠂ ᠤᠬᠠᠭᠤᠯᠬᠤ ᠵᠡᠷᠭᠡ ᠶᠢ ᠪᠠᠭᠲᠠᠭᠠᠨ᠎ᠠ᠃       ︵ᠬᠤᠶᠠᠷ︶ ᠦᠯᠡᠳᠡᠭᠡᠯ ᠢᠯᠭᠠᠷᠠᠭᠤᠯᠤᠯᠳᠠ ᠪᠠ ᠨᠡᠮᠡᠭᠳᠡᠯ ᠤᠨ ᠬᠡᠮᠵᠢᠶ᠎ᠡ ᠶᠢ ᠬᠢᠨᠠᠨ ᠪᠠᠶᠢᠴᠠᠭᠠᠭᠰᠠᠨ ᠪᠠᠶᠢᠳᠠᠯ ᠃ ᠡᠭᠦᠨ ᠳᠤ ᠦᠯᠡᠳᠡᠭᠡᠯ ᠢᠯᠭᠠᠷᠠᠭᠤᠯᠤᠯᠳᠠ ᠬᠢᠭᠡᠳ ᠨᠡᠮᠡᠭᠳᠡᠯ ᠬᠢᠨᠠᠨ ᠪᠠᠶᠢᠴᠠᠭᠠᠯᠲᠠ ᠨᠢ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠠᠢ ᠬᠤᠯᠪᠣᠭᠳᠠᠭᠰᠠᠨ ᠲᠤᠭ᠎ᠠ ᠬᠡᠮᠵᠢᠶ᠎ᠡ᠂ ᠶᠠᠰᠤ ᠴᠢᠨᠠᠷ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠭᠰᠡᠨ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠭ᠎ᠠ ᠬᠡᠮᠵᠢᠶ᠎ᠡ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠᠭᠲᠠᠨ᠎ᠠ᠃       ︵ᠭᠤᠷᠪᠠ︶ ᠰᠤᠭᠤᠴᠢᠨ ᠪᠠᠶᠢᠴᠠᠭᠠᠭᠰᠠᠨ ᠪᠠᠶᠢᠳᠠᠯ᠃ ᠡᠭᠦᠨ ᠳᠤ ᠡᠵᠡᠩᠨᠡᠭᠴᠢᠳ ᠤᠨ ᠠᠵᠤ ᠠᠬᠤᠢ ᠶᠢᠨ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ ᠶᠢ ᠰᠤᠭᠤᠴᠢᠨ ᠪᠠᠶᠢᠴᠠᠭᠠᠬᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠭ᠎ᠠ ᠬᠡᠮᠵᠢᠶ᠎ᠡ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠤᠭᠤᠴᠢᠨ ᠪᠠᠶᠢᠴᠠᠭᠠᠵᠤ ᠣᠯᠵᠤ ᠮᠡᠳᠡᠭᠰᠡᠨ ᠪᠠᠶᠢᠨ᠎ᠠ᠃       ︵ᠳᠥᠷᠪᠡ︶ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠭᠰᠡᠨ ᠪᠠᠶᠢᠳᠠᠯ᠃       ︵ᠲᠠᠪᠤ︶ ᠪᠤᠰᠤᠳ ᠬᠤᠯᠪᠣᠭᠳᠠᠯ ᠪᠦᠬᠦᠢ ᠪᠠᠶᠢᠳᠠᠯ᠃ ᠡᠭᠦᠨ ᠳᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠦᠭᠰᠡᠨ ᠪᠠᠶᠢᠳᠠᠯ᠂ ᠨᠡᠶᠢᠲᠡᠯᠢᠭ ᠠᠷᠭ᠎ᠠ ᠪᠠᠷᠢᠯ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠭᠲᠠᠨ᠎ᠠ᠃       ᠣᠨ ᠤ ᠠᠵᠢᠯ ᠤᠨ ᠨᠡᠪᠲᠡᠷᠡᠭᠦᠯᠭᠡ᠂ ᠲᠤᠰᠬᠠᠢ ᠲᠥᠷᠥᠯ ᠤᠨ ᠪᠠᠶᠢᠷᠢᠯᠠᠭᠤᠯᠤᠯᠲᠠ ᠶᠢᠨ ᠮᠡᠳᠡᠭᠡᠯᠡᠯ᠂ ᠰᠢᠯᠭᠠᠨ ᠦᠨᠡᠯᠡᠭᠰᠡᠨ ᠦᠷ᠎ᠡ ᠳ᠋ᠦᠩ ᠤᠨ ᠮᠡᠳᠡᠭᠡᠯᠡᠯ ᠵᠡᠷᠭᠡ ᠶᠢ ᠣᠯᠠᠨ ᠳᠤ ᠮᠡᠳᠡᠭᠳᠡᠨ᠎ᠡ︔ ᠴᠢᠬᠤᠯᠠ ᠶᠡᠭᠡ ᠪᠠᠶᠢᠳᠠᠯ᠂ ᠣᠨᠴᠠᠭᠠᠢ ᠪᠠᠶᠢᠳᠠᠯ ᠢ ᠴᠠᠭ ᠲᠤᠬᠠᠢ ᠳᠤ ᠨᠢ ᠮᠡᠳᠡᠭᠡᠯᠡᠨ᠎ᠡ᠃       ᠠᠷᠪᠠᠨ ᠲᠠᠪᠤᠳᠤᠭᠠᠷ ᠵᠦᠢᠯ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠡᠪᠲᠡᠷᠡᠭᠦᠯᠬᠦ ᠶᠢᠨ ᠬᠠᠮᠲᠤ ᠵᠠᠷᠯᠢᠭᠳᠠᠨ ᠴᠡᠭᠴᠡᠯᠡᠨ ᠵᠠᠯᠠᠷᠠᠭᠤᠯᠤᠨ᠎ᠠ᠄       ︵ᠨᠢᠭᠡ︶ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠳᠡᠭᠡᠨ ᠲᠥᠪ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ᠂ ᠮᠠᠭᠤ ᠨᠥᠯᠥᠭᠡ ᠭᠠᠷᠭᠠᠭᠰᠠᠨ︔       ︵ᠬᠤᠶᠠᠷ︶ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠦᠭᠰᠡᠨ ᠪᠤᠯᠪᠠᠴᠤ ᠬᠢᠨᠠᠨ ᠪᠠᠶᠢᠴᠠᠭᠠᠭᠰᠠᠨ ᠳ᠋ᠦᠩᠨᠡᠯᠲᠡ ᠳᠤ ᠬᠦᠨᠳᠦ ᠨᠣᠴᠢᠲᠠᠢ ᠠᠯᠳᠠᠭ᠎ᠠ ᠣᠷᠣᠰᠢᠵᠤ ᠪᠠᠶᠢᠬᠤ︔       ︵ᠭᠤᠷᠪᠠ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠭᠰᠠᠨ ᠦᠭᠡᠢ ᠪᠠᠷ ᠰᠤᠭᠤᠴᠢᠨ ᠪᠠᠶᠢᠴᠠᠭᠠᠬᠤ ᠠᠵᠢᠯ ᠢ ᠬᠠᠮᠵᠢᠯᠴᠠᠬᠤ ᠦᠭᠡᠢ︔       ︵ᠳᠥᠷᠪᠡ︶ ᠰᠢᠮᠳᠠᠭᠤᠯᠤᠨ ᠪᠠᠶᠢᠴᠠᠭᠠᠬᠤ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠯᠲᠡ ᠵᠡᠷᠭᠡ ᠶᠢ ᠣᠯᠵᠤ ᠮᠡᠳᠡᠭᠰᠡᠨ᠂ ᠰᠣᠨᠢᠨ ᠮᠡᠳᠡᠭᠡᠨ ᠤ ᠵᠠᠭᠤᠴᠢᠯᠠᠭᠤᠷ ᠤᠳ ᠡᠷᠬᠡ ᠲᠡᠭᠰᠢ ᠪᠠᠷ ᠮᠡᠳᠡᠭᠡᠯᠡᠭᠰᠡᠨ᠂ ᠵᠢᠴᠢ ᠡᠯ᠎ᠡ ᠲᠥᠷᠥᠯ ᠤᠨ ᠡᠵᠡᠩᠨᠡᠭᠴᠢ᠂ ᠣᠯᠠᠨ ᠲᠦᠮᠡᠨ ᠤ ᠲᠤᠰᠬᠠᠭᠰᠠᠨ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠦᠪᠡᠭᠴᠢ ᠶᠢ ᠮᠡᠳᠡᠭᠰᠡᠨ ᠪᠠᠶᠢᠪᠠᠯ ᠬᠢᠨᠠᠨ ᠬᠠᠷᠭᠤᠭᠤᠯᠵᠤ ᠰᠢᠢᠳᠪᠦᠷᠢᠯᠡᠬᠦ ᠦᠭᠡᠢ᠂ ᠡᠰᠡᠬᠦᠯ᠎ᠡ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠨᠢ ᠪᠣᠳᠠᠲᠠᠢ ᠪᠢᠰᠢ︔       ︵ᠲᠠᠪᠤ︶ ᠤᠯᠤᠰ᠂ ᠮᠤᠵᠢ ᠶᠢᠨ ᠱᠠᠲᠤᠨ ᠠᠴᠠ ᠳᠡᠭᠡᠭᠰᠢᠬᠢ ᠬᠠᠮᠲᠤᠷᠠᠭᠰᠠᠨ ᠬᠤᠷᠠᠯᠳᠤᠭᠠᠨ ᠪᠤᠶᠤ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠨᠡᠪᠲᠡᠷᠡᠭᠦᠯᠦᠭᠰᠡᠨ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ︔       ︵ᠵᠢᠷᠭᠤᠭ᠎ᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠥᠷᠢᠴᠡᠭᠰᠡᠨ ᠠᠴᠠ ᠪᠣᠯᠵᠤ ᠴᠢᠬᠤᠯᠠ ᠶᠡᠭᠡ ᠨᠥᠯᠥᠭᠡ ᠦᠵᠡᠭᠦᠯᠦᠭᠰᠡᠨ ᠪᠤᠰᠤᠳ᠃       ᠬᠤᠰᠢᠭᠤᠨ ᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠨᠡᠪᠲᠡᠷᠡᠭᠦᠯᠬᠦ ᠠᠭᠤᠯᠭ᠎ᠠ ᠲᠠᠢ ᠬᠠᠷᠢᠴᠠᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠲᠦᠷᠭᠡᠨ ᠵᠣᠬᠢᠶᠠᠨ ᠪᠠᠶᠢᠭᠤᠯᠤᠨ ᠵᠠᠰᠠᠨ ᠰᠠᠶᠢᠵᠢᠷᠠᠭᠤᠯᠵᠤ ᠂ ᠰᠠᠨᠠᠭᠠᠴᠢᠯᠠᠭ᠎ᠠ ᠲᠠᠢ ᠪᠠᠷ ᠠᠷᠢᠯᠭᠠᠬᠤ ᠪᠤᠶᠤ ᠬᠤᠬᠢᠷᠠᠯ ᠤᠨ ᠦᠷ᠎ᠡ ᠳ᠋ᠦᠩ ᠢ ᠪᠠᠭᠠᠰᠬᠠᠬᠤ ᠬᠡᠷᠡᠭᠲᠡᠢ︔ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠤᠷᠲᠤ ᠬᠤᠭᠤᠴᠠᠭ᠎ᠠ ᠪᠦᠲᠦᠮᠵᠢᠲᠡᠢ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠃ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠣᠷᠣᠭᠤᠯᠬᠤ ᠬᠡᠷᠡᠭᠲᠡᠢ᠃       ᠬᠤᠰᠢᠭᠤᠨ ᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠥᠪᠡᠷᠲᠡᠭᠡᠨ ᠪᠠᠶᠢᠴᠠᠭᠠᠵᠤ ᠢᠯᠡᠷᠡᠭᠦᠯᠦᠭᠰᠡᠨ ᠪᠤᠶᠤ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠤ ᠱᠠᠭᠠᠷᠳᠠᠨ ᠴᠡᠭᠴᠡᠯᠡᠨ ᠥᠭᠡᠷᠡᠴᠢᠯᠡᠭᠰᠡᠨ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠭᠰᠡᠨ ᠰᠡᠵᠢᠭᠲᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ 30 ᠡᠳᠦᠷ ᠤᠨ ᠳᠣᠲᠣᠷ᠎ᠠ ᠴᠡᠭᠴᠡᠯᠡᠨ ᠵᠠᠰᠠᠨ᠎ᠠ︔ ᠣᠨᠴᠠᠭᠠᠢ ᠰᠢᠯᠲᠠᠭᠠᠨ ᠠᠴᠠ ᠪᠣᠯᠵᠤ ᠴᠡᠭᠴᠡᠯᠡᠨ ᠰᠠᠶᠢᠵᠢᠷᠠᠭᠤᠯᠬᠤ ᠶᠢ ᠦᠯᠦ ᠪᠡᠶᠡᠯᠡᠭᠦᠯᠦᠭᠰᠡᠨ ᠪᠠᠶᠢᠪᠠᠯ᠂ ᠴᠠᠭ ᠲᠤᠬᠠᠢ ᠳᠤᠨᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠳᠠᠯ ᠢ ᠲᠣᠳᠣᠷᠬᠠᠶᠢᠯᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃       ᠲᠠᠪᠤᠳᠤᠭᠠᠷ ᠪᠦᠯᠦᠭ ᠪᠣᠯᠵᠣᠨ ᠶᠠᠷᠢᠯᠴᠠᠬᠤ       ᠠᠷᠪᠠᠨ ᠨᠠᠢᠮᠠᠳᠤᠭᠠᠷ ᠵᠦᠢᠯ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠵᠤ ᠪᠣᠯᠵᠣᠨ ᠶᠠᠷᠢᠯᠴᠠᠬᠤ ᠳᠦᠷᠢᠮ ᠢ ᠪᠠᠶᠢᠭᠤᠯᠬᠤ ᠬᠡᠷᠡᠭᠲᠡᠢ᠃       ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠣᠯᠵᠣᠨ ᠶᠠᠷᠢᠯᠴᠠᠬᠤ ᠳᠦᠷᠢᠮ ᠭᠡᠳᠡᠭ ᠨᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠲᠣᠭᠲᠠᠭᠠᠯ ᠠᠴᠠ ᠵᠥᠷᠢᠴᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠳᠤ ᠶᠠᠷᠢᠯᠴᠠᠭ᠎ᠠ ᠬᠢᠵᠦ᠂ ᠲᠡᠭᠦᠨ ᠤ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠠᠵᠢᠯ ᠤᠨ ᠰᠠᠨᠠᠭᠤᠯᠭ᠎ᠠ ᠳᠤᠷᠠᠳᠴᠤ᠂ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠵᠢᠭᠠᠵᠤ ᠪᠤᠢ᠃       ᠬᠤᠰᠢᠭᠤᠨ ᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠲᠠᠭᠠᠯ ᠶᠣᠰᠣᠭᠠᠷ ᠪᠣᠯᠵᠣᠨ ᠶᠠᠷᠢᠯᠴᠠᠬᠤ ᠳᠡᠰ ᠳᠠᠷᠠᠭᠠᠯᠠᠯ ᠢ ᠡᠬᠢᠯᠡᠭᠦᠯᠵᠦ᠂ ᠪᠣᠯᠵᠣᠨ ᠬᠡᠯᠡᠯᠴᠡᠬᠦ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠄       ︵ᠨᠢᠭᠡ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠰᠠᠨᠠᠭᠤᠯᠭ᠎ᠠ ᠳᠠᠭᠠᠨ ᠱᠠᠭᠠᠷᠳᠠᠭᠰᠠᠨ ᠵᠦᠢᠯᠡᠰ ᠨᠢ ᠬᠤᠭᠤᠴᠠᠭ᠎ᠠ ᠬᠡᠲᠦᠷᠡᠲᠡᠯ᠎ᠡ ᠦᠯᠦ ᠴᠡᠭᠴᠡᠯᠡᠨ ᠥᠭᠡᠷᠡᠴᠢᠯᠡᠭᠳᠡᠭᠰᠡᠨ ᠪᠤᠶᠤ ᠴᠡᠭᠴᠡᠯᠡᠨ ᠥᠭᠡᠷᠡᠴᠢᠯᠡᠭᠰᠡᠨ ᠢᠶᠠᠷ ᠬᠦᠷᠦᠯᠴᠡᠬᠦ ᠦᠭᠡᠢ ᠪᠠᠶᠢᠬᠤ︔       ︵ᠬᠤᠶᠠᠷ︶ ᠬᠤᠯᠪᠣᠭᠳᠠᠯ ᠪᠦᠬᠦᠢ ᠨᠢᠭᠡᠴᠢ ᠨᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠬᠢᠨᠠᠯᠲᠠ ᠪᠠᠶᠢᠴᠠᠭᠠᠯᠲᠠ᠂ ᠰᠤᠭᠤᠴᠢᠨ ᠪᠠᠶᠢᠴᠠᠭᠠᠯᠲᠠ ᠪᠠ ᠪᠠᠶᠢᠴᠠᠭᠠᠯᠲᠠ ᠶᠢ ᠲᠡᠪᠴᠢᠭᠰᠡᠨ ᠪᠤᠶᠤ ᠬᠠᠷᠰᠢᠯᠠᠭᠰᠠᠨ︔       ︵ᠭᠤᠷᠪᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠨᠢ ᠪᠣᠳᠠᠲᠠᠢ ᠪᠢᠰᠢ ᠠᠴᠠ ᠪᠣᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠡᠭᠦᠰᠬᠡᠭᠰᠡᠨ ᠪᠤᠶᠤ ᠮᠠᠭᠤ ᠨᠥᠯᠥᠭᠡ ᠭᠠᠷᠭᠠᠭᠰᠠᠨ︔       ︵ᠳᠥᠷᠪᠡ︶ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ ᠥᠷᠢᠰᠦᠯᠳᠦᠭᠡᠨ ᠢ ᠭᠠᠳᠠᠭᠤᠷᠴᠢᠯᠠᠵᠤ ᠬᠢᠵᠠᠭᠠᠷᠯᠠᠭᠰᠠᠨ ᠭᠡᠵᠦ ᠦᠵᠡᠭᠰᠡᠨ︔       ︵ᠲᠠᠪᠤ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠥᠷᠢᠴᠡᠭᠰᠡᠨ ᠠᠴᠠ ᠪᠣᠯᠵᠤ ᠮᠠᠭᠤ ᠨᠥᠯᠥᠭᠡ ᠦᠵᠡᠭᠦᠯᠦᠭᠰᠡᠨ ᠪᠤᠰᠤᠳ᠃       ᠬᠤᠷᠢᠳᠤᠭᠠᠷ ᠵᠦᠢᠯ ᠪᠣᠯᠵᠣᠨ ᠶᠠᠷᠢᠯᠴᠠᠬᠳᠠᠬᠰᠠᠨ ᠡᠲᠡᠭᠡᠳ ᠨᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠭᠲᠠᠭᠠᠭᠰᠠᠨ ᠴᠠᠭ ᠤᠨ ᠳᠣᠲᠣᠷ᠎ᠠ ︽ᠪᠣᠯᠵᠣᠨ ᠶᠠᠷᠢᠯᠴᠠᠬᠤ ᠮᠡᠳᠡᠭᠳᠡᠯ ᠤᠨ ᠪᠢᠴᠢᠭ︾ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠦᠨ ᠬᠦᠷᠭᠡᠬᠦ ᠬᠡᠷᠡᠭᠲᠡᠢ᠃ ᠪᠣᠯᠵᠣᠨ ᠬᠡᠯᠡᠯᠴᠡᠬᠦ ᠪᠠᠷ ᠭᠥᠯᠢᠶᠡᠨ ᠠᠪᠤᠭᠰᠠᠨ ᠲᠠᠯ᠎ᠠ ᠨᠢ ᠬᠤᠭᠤᠴᠠᠭ᠎ᠠ ᠥᠩᠭᠡᠷᠡᠲᠡᠯ᠎ᠡ ᠴᠡᠭᠴᠡᠯᠡᠨ ᠥᠭᠡᠷᠡᠴᠢᠯᠡᠭᠰᠡᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠳᠠᠭᠢᠭᠠᠳ ᠠᠰᠠᠭᠤᠳᠠᠯ ᠭᠠᠷᠤᠭᠰᠠᠨ ᠪᠣᠯ᠂ ︽ᠪᠣᠯᠵᠣᠨ ᠶᠠᠷᠢᠯᠴᠠᠬᠤ ᠮᠡᠳᠡᠭᠳᠡᠯ ᠤᠨ ᠪᠢᠴᠢᠭ︾ ᠭᠠᠷᠭᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠳᠠᠯ ᠢᠶᠠᠨ ᠦᠵᠡᠵᠦ ᠪᠠᠶᠢᠭᠠᠳ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠡᠷᠡᠭ ᠪᠣᠯᠭᠠᠨ ᠳᠠᠩᠰᠠᠯᠠᠵᠤ ᠪᠠᠶᠢᠴᠠᠭᠠᠬᠤ᠂ ᠲᠡᠭᠦᠨ ᠤ ᠬᠤᠯᠪᠣᠭᠳᠠᠯ ᠪᠦᠬᠦᠢ ᠳᠡᠭᠡᠳᠦ ᠱᠠᠲᠤᠨ ᠤ ᠪᠠᠶᠢᠭᠤᠯᠭ᠎ᠠ ᠪᠤᠶᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠳᠡᠬᠦ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃       ᠵᠢᠷᠭᠤᠳᠤᠭᠠᠷ ᠪᠦᠯᠦᠭ ᠵᠠᠰᠠᠭ ᠵᠠᠬᠢᠷᠭᠠᠨ ᠢᠶᠠᠷ ᠰᠢᠢᠳᠪᠦᠷᠢᠯᠡᠬᠦ ᠶᠢ ᠰᠠᠨᠠᠭᠤᠯᠬᠤ       ᠬᠤᠷᠢᠨ ᠨᠢᠭᠡᠳᠦᠭᠡᠷ ᠵᠦᠢᠯ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠵᠤ ᠬᠢᠵᠠᠭᠠᠷᠯᠠᠭᠰᠠᠨ ᠮᠥᠷᠲᠡᠭᠡᠨ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠰᠢᠢᠳᠪᠦᠷᠢᠯᠡᠬᠦ ᠡᠷᠬᠡ ᠮᠠᠲᠠᠯ ᠤᠨ ᠬᠡᠪᠴᠢᠶ᠎ᠡ ᠶᠣᠰᠣᠭᠠᠷ ᠪᠠᠶᠢᠭᠤᠯᠭ᠎ᠠ ᠳᠤ ᠵᠠᠰᠠᠭ ᠵᠠᠬᠢᠷᠭᠠᠨ ᠤ ᠰᠢᠢᠳᠪᠦᠷᠢᠯᠡᠯᠲᠡ ᠶᠢ ᠰᠠᠨᠠᠭᠤᠯᠬᠤ ᠬᠡᠷᠡᠭᠲᠡᠢ᠂ ᠡᠭᠦᠨ ᠤ ᠬᠠᠮᠲᠤ ᠬᠡᠷᠡᠭ ᠢ ᠭᠦᠢᠴᠡᠳᠬᠡᠬᠦ ᠳᠡᠰ ᠳᠠᠷᠠᠭᠠᠯᠠᠯ ᠶᠣᠰᠣᠭᠠᠷ ᠬᠡᠷᠡᠭ ᠲᠤ ᠬᠤᠯᠪᠣᠭᠳᠠᠭᠰᠠᠨ ᠰᠦᠪᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠤ ᠰᠢᠯᠵᠢᠭᠦᠯᠦᠨ ᠬᠦᠷᠭᠡᠨ᠎ᠡ᠄       ︵ᠨᠢᠭᠡ︶ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠵᠠᠯᠠᠷᠠᠭᠤᠯᠬᠤ ᠶᠢ ᠲᠡᠪᠴᠢᠭᠰᠡᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠨᠢᠭᠤᠵᠤ ᠮᠡᠳᠡᠭᠦᠯᠦᠭᠰᠡᠨ ᠦᠭᠡᠢ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠣᠷᠣᠰᠢᠵᠤ ᠪᠠᠶᠢᠬᠤ︔       ︵ᠬᠤᠶᠠᠷ︶ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠥᠷᠢᠰᠦᠯᠳᠦᠭᠡᠨ ᠢ ᠬᠦᠨᠳᠦ ᠨᠣᠴᠢᠲᠠᠢ ᠠᠷᠢᠯᠭᠠᠵᠤ᠂ ᠬᠢᠵᠠᠭᠠᠷᠯᠠᠵᠤ᠂ ᠬᠦᠨᠳᠦ ᠶᠡᠭᠡ ᠨᠥᠯᠥᠭᠡ ᠭᠠᠷᠭᠠᠭᠰᠠᠨ ᠪᠤᠶᠤ ᠨᠡᠶᠢᠭᠡᠮ ᠤᠨ ᠣᠯᠠᠨ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠭᠰᠠᠨ︔       ︵ᠭᠤᠷᠪᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠥᠷᠢᠴᠡᠭᠰᠡᠨ ᠠᠴᠠ ᠪᠣᠯᠵᠤ ᠴᠢᠬᠤᠯᠠ ᠶᠡᠭᠡ ᠨᠥᠯᠥᠭᠡ ᠦᠵᠡᠭᠦᠯᠦᠭᠰᠡᠨ ᠪᠤᠰᠤᠳ᠃       ᠳᠣᠯᠣᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ ᠬᠦᠷᠢᠶ᠎ᠡ ᠬᠡᠪᠴᠢᠶ᠎ᠡ ᠪᠠ ᠠᠷᠭ᠎ᠠ ᠮᠠᠶ᠋ᠢᠭ       ᠬᠤᠷᠢᠨ ᠬᠤᠶᠠᠳᠤᠭᠠᠷ ᠵᠦᠢᠯ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠨᠢ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠲᠤᠭᠤᠷᠪᠢᠬᠤ᠂ ᠲᠣᠭᠲᠠᠭᠠᠬᠤ᠂ ᠬᠡᠷᠡᠭᠵᠢᠭᠦᠯᠬᠦ ᠶᠠᠪᠤᠴᠠ ᠳᠤ᠂ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠪᠤᠷᠤᠭᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠄       ︵ᠨᠢᠭᠡ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠬᠦ ᠶᠣᠰᠣᠲᠠᠢ ᠪᠠᠶᠢᠲᠠᠯ᠎ᠠ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠤᠶᠤ ᠬᠢᠨᠠᠨ ᠪᠠᠶᠢᠴᠠᠭᠠᠭᠰᠠᠨ ᠳ᠋ᠦᠩᠨᠡᠯᠲᠡ ᠶᠢ ᠪᠢᠴᠢᠭ ᠢᠶᠠᠷ ᠪᠦᠷᠢᠯᠳᠦᠭᠦᠯᠦᠭᠰᠡᠨ ᠦᠭᠡᠢ︔       ︵ᠬᠤᠶᠠᠷ︶ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠶᠠᠪᠤᠴᠠ ᠳᠤ ᠭᠤᠷᠪᠠᠳᠠᠭᠢ ᠡᠲᠡᠭᠡᠳ ᠤᠨ ᠦᠨᠡᠯᠡᠨ ᠵᠢᠱᠢᠯᠲᠡ ᠶᠢ ᠣᠷᠣᠭᠤᠯᠵᠤ ᠢᠷᠡᠬᠦ ᠶᠣᠰᠣᠲᠠᠢ ᠪᠠᠶᠢᠲᠠᠯ᠎ᠠ ᠦᠯᠦ ᠣᠷᠣᠭᠤᠯᠤᠨ ᠠᠪᠴᠢᠷᠠᠭᠰᠠᠨ︔       ︵ᠭᠤᠷᠪᠠ︶ ᠬᠡᠷᠡᠭᠯᠡᠬᠦ ᠪᠠᠶᠢᠳᠠᠯ ᠪᠠ ᠵᠢᠷᠤᠮ ᠢ ᠵᠥᠷᠢᠴᠡᠵᠦ᠂ ᠣᠨᠴᠠᠭᠠᠢ ᠲᠣᠭᠲᠠᠭᠠᠯ ᠢ ᠳᠤᠷ᠎ᠠ ᠪᠠᠷ ᠢᠶᠠᠨ ᠬᠡᠷᠡᠭᠯᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠭᠰᠡᠨ︔       ︵ᠳᠥᠷᠪᠡ︶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠭᠰᠡᠨ ᠪᠤᠶᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠤ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠢ ᠬᠦᠨᠳᠦ ᠨᠣᠴᠢᠲᠠᠢ ᠨᠥᠯᠥᠭᠡᠯᠡᠭᠰᠡᠨ︔       ︵ᠲᠠᠪᠤ︶ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠭᠰᠡᠨ ᠪᠤᠶᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠤ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠠᠷᠭ᠎ᠠ ᠬᠢᠭᠰᠡᠨ᠂ ᠵᠠᠯᠠᠷᠠᠭᠤᠯᠬᠤ ᠶᠢ ᠲᠡᠪᠴᠢᠭᠰᠡᠨ ᠪᠤᠶᠤ ᠴᠠᠭ ᠲᠤᠬᠠᠢ ᠳᠤᠨᠢ ᠵᠠᠯᠠᠷᠠᠭᠤᠯᠤᠭᠰᠠᠨ ᠦᠭᠡᠢ︔       ︵ᠵᠢᠷᠭᠤᠭ᠎ᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠯᠲᠡ ᠬᠢᠬᠦ ᠦᠭᠡᠢ ᠪᠤᠶᠤ ᠣᠨᠴᠠᠭᠠᠢ ᠲᠣᠭᠲᠠᠭᠠᠯ ᠢ ᠬᠡᠷᠡᠭᠯᠡᠵᠦ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠢᠯ ᠳᠠᠷᠠᠭᠠᠯᠠᠨ ᠦᠨᠡᠯᠡᠨ ᠵᠢᠱᠢᠯᠲᠡ ᠬᠢᠬᠦ ᠦᠭᠡᠢ︔       ︵ᠳᠣᠯᠤᠭ᠎ᠠ︶ ᠬᠤᠯᠪᠣᠭᠳᠠᠯ ᠪᠦᠬᠦᠢ ᠮᠠᠲ᠋ᠧᠷᠢᠶᠠᠯ᠂ ᠮᠡᠳᠡᠭᠡ ᠵᠠᠩᠭᠢ ᠶᠢ ᠬᠠᠩᠭᠠᠬᠤ ᠶᠢ ᠲᠡᠪᠴᠢᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ᠂ ᠮᠡᠳᠡᠭᠡ ᠵᠠᠩᠭᠢ ᠬᠠᠩᠭᠠᠭᠰᠠᠨ᠂ ᠡᠰᠡᠬᠦᠯ᠎ᠡ ᠭᠡᠷᠡᠴᠢ ᠪᠠᠷᠢᠮᠲᠠ ᠶᠢ ᠨᠢᠭᠤᠵᠤ ᠳᠠᠯᠳᠠᠯᠠᠭᠰᠠᠨ᠂ ᠤᠰᠠᠳᠬᠠᠭᠰᠠᠨ᠂ ᠰᠢᠯᠵᠢᠭᠦᠯᠦᠭᠰᠡᠨ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠪᠴᠢᠭᠰᠡᠨ᠂ ᠬᠠᠷᠰᠢᠯᠠᠭᠰᠠᠨ︔       ︵ᠨᠠᠢᠮᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠠᠴᠠ ᠵᠥᠷᠢᠴᠡᠭᠰᠡᠨ ᠪᠤᠰᠤᠳ ᠪᠠᠶᠢᠳᠠᠯ᠃       ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠤᠰᠠᠭᠠᠷ ᠪᠤᠶᠤ ᠳᠣᠣᠷ᠎ᠠ ᠵᠢᠭᠰᠠᠭᠠᠭᠰᠠᠨ ᠠᠷᠭ᠎ᠠ ᠮᠠᠶ᠋ᠢᠭ ᠢ ᠬᠡᠷᠡᠭᠯᠡᠨ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠪᠤᠶᠤ ᠨᠡᠶᠢᠯᠡᠭᠦᠯᠵᠦ ᠪᠣᠯᠣᠨ᠎ᠠ᠄       ︵ᠨᠢᠭᠡ︶ ᠵᠠᠷᠯᠢᠭᠳᠠᠨ ᠵᠠᠯᠠᠷᠠᠭᠤᠯᠬᠤ ᠪᠤᠶᠤ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ︔       ︵ᠬᠤᠶᠠᠷ︶ ᠨᠡᠪᠲᠡᠷᠡᠭᠦᠯᠦᠨ ᠰᠢᠭᠦᠮᠵᠢᠯᠡᠬᠦ︔       ︵ᠭᠤᠷᠪᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠬᠠᠮᠢᠶ᠎ᠠ ᠪᠦᠬᠦᠢ ᠰᠢᠯᠭᠠᠨ ᠦᠨᠡᠯᠡᠬᠦ ᠳᠤ ᠵᠣᠬᠢᠬᠤ ᠬᠤᠪᠢ ᠶᠢᠨ ᠥᠷᠲᠡᠭ ᠢ ᠬᠠᠰᠤᠵᠤ ᠭᠠᠷᠭᠠᠬᠤ ᠬᠡᠷᠡᠭᠲᠡᠢ᠃       ᠬᠤᠷᠢᠨ ᠳᠥᠷᠪᠡᠳᠦᠭᠡᠷ ᠵᠦᠢᠯ ᠬᠤᠯᠪᠣᠭᠳᠠᠯ ᠪᠦᠬᠦᠢ ᠠᠵᠢᠯᠲᠠᠨ ᠳᠤ ᠳᠣᠣᠷ᠎ᠠ ᠵᠢᠭᠰᠠᠭᠠᠭᠰᠠᠨ ᠠᠷᠭ᠎ᠠ ᠮᠠᠶ᠋ᠢᠭ ᠢ ᠲᠤᠰᠠᠭᠠᠷ ᠪᠤᠶᠤ ᠨᠡᠶᠢᠯᠡᠭᠦᠯᠵᠦ ᠪᠠᠶᠢᠭᠠᠳ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠭᠰᠠᠨ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠵᠦ ᠪᠣᠯᠣᠨ᠎ᠠ᠄       ︵ᠨᠢᠭᠡ︶ ᠶᠠᠷᠢᠯᠴᠠᠵᠤ ᠰᠠᠨᠠᠭᠤᠯᠭ᠎ᠠ︔       ︵ᠬᠤᠶᠠᠷ︶ ᠵᠠᠷᠯᠢᠭᠳᠠᠵᠤ ᠪᠠᠶᠢᠭᠠᠳ ᠪᠢᠴᠢᠭ ᠤᠨ ᠪᠠᠶᠢᠴᠠᠭᠠᠯᠲᠠ ᠬᠢᠯᠭᠡᠬᠦ︔       ︵ᠭᠤᠷᠪᠠ︶ ᠲᠤᠬᠠᠢ ᠶᠢᠨ ᠵᠢᠯ ᠤᠨ ᠲᠡᠷᠢᠭᠦᠨ ᠤ ᠬᠢ ᠶᠢ ᠠᠳᠠᠯᠢᠳᠬᠠᠨ ᠰᠢᠯᠭᠠᠷᠠᠭᠤᠯᠬᠤ ᠬᠢᠷᠢ ᠭᠡᠮ ᠢ ᠬᠦᠴᠦᠨ ᠦᠭᠡᠢ ᠪᠣᠯᠭᠠᠨ᠎ᠠ᠃       ᠬᠤᠷᠢᠨ ᠲᠠᠪᠤᠳᠤᠭᠠᠷ ᠵᠦᠢᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠭᠠᠷᠭᠠᠭᠰᠠᠨ ᠠᠵᠢᠯᠯᠠᠭ᠎ᠠ ᠶᠢᠨ ᠦᠢᠯᠡ ᠪᠠᠶᠢᠳᠠᠯ ᠤᠨ ᠬᠦᠨᠳᠦ ᠬᠥᠩᠭᠡᠨ᠂ ᠪᠡᠶᠡᠴᠢ ᠪᠤᠷᠤᠭᠤ ᠶᠢᠨ ᠬᠡᠮᠵᠢᠶ᠎ᠡ᠂ ᠬᠤᠬᠢᠷᠠᠯ ᠤᠨ ᠦᠷ᠎ᠡ ᠤᠷᠰᠢᠭ ᠪᠠ ᠨᠥᠯᠥᠭᠡ ᠶᠢᠨ ᠶᠡᠭᠡ ᠪᠠᠭ᠎ᠠ ᠶᠢ ᠦᠨᠳᠦᠰᠦᠯᠡᠵᠦ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠪᠠᠶᠢᠭᠤᠯᠭ᠎ᠠ ᠠᠴᠠ ᠪᠣᠳᠠᠲᠤ ᠪᠠᠶᠢᠳᠠᠯ ᠲᠠᠢ ᠤᠶᠠᠯᠳᠤᠭᠤᠯᠵᠤ ᠮᠠᠭᠠᠳᠯᠠᠨ ᠲᠣᠭᠲᠠᠭᠠᠨ᠎ᠠ᠂ ᠪᠤᠷᠤᠭᠤ ᠪᠤᠷᠤᠭᠤ ᠭᠠᠷᠤᠭᠰᠠᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠨᠡᠯᠢᠶᠡᠳ ᠬᠥᠩᠭᠡᠨ᠂ ᠪᠡᠶᠡᠴᠢ ᠠᠯᠳᠠᠭ᠎ᠠ᠂ ᠬᠤᠬᠢᠷᠠᠯ ᠤᠨ ᠦᠷ᠎ᠡ ᠳ᠋ᠦᠩ ᠪᠠ ᠨᠥᠯᠥᠭᠡ ᠨᠢ ᠨᠡᠯᠢᠶᠡᠳ ᠪᠠᠭ᠎ᠠ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠤᠰᠠᠭᠠᠷ ᠵᠠᠷᠯᠢᠭᠳᠠᠵᠤ ᠪᠠᠶᠢᠭᠠᠳ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠬᠦ᠂ ᠨᠡᠪᠲᠡᠷᠡᠭᠦᠯᠦᠨ ᠰᠢᠭᠦᠮᠵᠢᠯᠡᠵᠦ᠂ ᠬᠤᠯᠪᠣᠭᠳᠠᠯ ᠪᠦᠬᠦᠢ ᠪᠠᠶᠢᠭᠤᠯᠭ᠎ᠠ ᠶᠢᠨ ᠠᠵᠢᠯᠲᠠᠨ ᠢ ᠲᠤᠰᠠᠭᠠᠷ ᠨᠢ ᠰᠢᠭᠦᠮᠵᠢᠯᠡᠨ ᠬᠥᠮᠥᠵᠢᠭᠦᠯᠬᠦ ᠪᠤᠶᠤ ᠵᠠᠷᠯᠢᠭᠳᠠᠵᠤ ᠪᠠᠶᠢᠭᠠᠳ ᠪᠢᠴᠢᠭ ᠤᠨ ᠪᠠᠶᠢᠴᠠᠭᠠᠯᠲᠠ ᠬᠢᠯᠭᠡᠨ᠎ᠡ᠃       ᠬᠤᠷᠢᠨ ᠵᠢᠷᠭᠤᠳᠤᠭᠠᠷ ᠵᠦᠢᠯ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠨᠡᠬᠡᠮᠵᠢᠯᠡᠬᠦ ᠦᠭᠡᠢ᠄       ︵ᠨᠢᠭᠡ︶ ᠭᠤᠣᠯᠴᠢ ᠥᠷᠢᠰᠦᠯᠳᠦᠭᠡᠨ ᠢᠶᠠᠷ ᠠᠯᠳᠠᠭ᠎ᠠ ᠲᠠᠢ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠭᠰᠠᠨ ᠪᠥᠭᠡᠳ ᠦᠢᠯᠡ ᠪᠠᠶᠢᠳᠠᠯ ᠨᠢ ᠬᠥᠩᠭᠡᠨ ᠪᠥᠭᠡᠳ ᠴᠠᠭ ᠲᠤᠬᠠᠢ ᠳᠤᠨᠢ ᠵᠠᠯᠠᠷᠠᠭᠤᠯᠤᠭᠰᠠᠨ ᠪᠤᠯᠪᠠᠴᠤ ᠬᠤᠣᠷ ᠬᠥᠨᠥᠭᠡᠯ ᠤᠴᠠᠷᠠᠭᠤᠯᠤᠭᠰᠠᠨ ᠦᠭᠡᠢ︔       ︵ᠬᠤᠶᠠᠷ︶ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠰᠦᠪᠡᠭᠴᠢᠯᠡᠬᠦ ᠴᠢᠨᠠᠷᠲᠠᠢ᠂ ᠲᠤᠷᠰᠢᠯᠲᠠ ᠶᠢᠨ ᠴᠢᠨᠠᠷᠲᠠᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠠᠪᠤᠴᠠ ᠳᠤ᠂ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠭᠰᠠᠨ ᠠᠯᠳᠠᠭ᠎ᠠ ᠭᠠᠷᠭᠠᠭᠰᠠᠨ ᠪᠥᠭᠡᠳ ᠴᠠᠭ ᠲᠤᠬᠠᠢ ᠳᠤᠨᠢ ᠵᠠᠯᠠᠷᠠᠭᠤᠯᠤᠭᠰᠠᠨ︔       ︵ᠭᠤᠷᠪᠠ︶ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ ᠦᠯᠦ ᠪᠤᠯᠬᠤ ᠪᠤᠰᠤᠳ ᠪᠠᠶᠢᠳᠠᠯ᠃       ᠨᠠᠢᠮᠠᠳᠤᠭᠠᠷ ᠪᠦᠯᠦᠭ ᠬᠠᠷᠢᠭᠤᠴᠠᠯᠭ᠎ᠠ ᠶᠢᠨ ᠬᠤᠪᠢᠶᠠᠷᠢᠯᠠᠯ       ᠬᠤᠷᠢᠨ ᠳᠣᠯᠣᠳᠤᠭᠠᠷ ᠵᠦᠢᠯ ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠡᠶ᠎ᠡ ᠪᠠᠨ ᠳᠠᠭᠠᠭᠠᠵᠤ ᠲᠣᠭᠲᠠᠭᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠤᠶᠤ ᠪᠡᠶ᠎ᠡ ᠪᠠᠨ ᠳᠠᠭᠠᠭᠠᠨ ᠣᠷᠣᠯᠠᠨ ᠲᠤᠭᠤᠷᠪᠢᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ᠂ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠲᠠᠢ ᠪᠣᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠶᠢᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠨ ᠡᠭᠦᠷᠭᠡᠯᠡᠬᠦ ᠬᠡᠷᠡᠭᠲᠡᠢ᠃       ᠣᠯᠠᠨ ᠰᠠᠯᠠᠭ᠎ᠠ ᠮᠥᠴᠢᠷ ᠬᠠᠮᠲᠤᠷᠠᠨ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠭᠰᠠᠨ ᠠᠯᠳᠠᠰᠢ ᠲᠠᠢ ᠪᠣᠯ ᠲᠦᠷᠦᠭᠦᠯᠡᠬᠦ ᠰᠠᠯᠠᠭ᠎ᠠ ᠮᠥᠴᠢᠷ ᠨᠢ ᠭᠤᠣᠯ ᠪᠤᠯᠬᠤ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠤᠰᠤᠳ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠪᠤᠰᠤᠳ ᠰᠠᠯᠠᠭ᠎ᠠ ᠮᠥᠴᠢᠷ ᠰᠠᠨᠠᠯ ᠳᠤᠷᠠᠳᠴᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠭᠥᠯᠢᠶᠡᠨ ᠠᠪᠬᠤ ᠦᠭᠡᠢ ᠪᠣᠯ ᠪᠤᠰᠤᠳ ᠰᠠᠯᠠᠭ᠎ᠠ ᠮᠥᠴᠢᠷ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠦᠭᠡᠢ᠃       ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠵᠤ ᠪᠦᠷᠢᠯᠳᠦᠭᠰᠡᠨ ᠦᠭᠡᠢ ᠪᠤᠯᠪᠠᠴᠤ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠠᠷᠭ᠎ᠠ ᠪᠠᠷᠢᠯ ᠢ ᠬᠡᠷᠡᠭᠵᠢᠭᠦᠯᠦᠭᠰᠡᠨ ᠪᠠᠶᠢᠪᠠᠯ᠂ ᠬᠡᠷᠡᠭᠵᠢᠭᠦᠯᠬᠦ ᠰᠠᠯᠠᠭ᠎ᠠ ᠮᠥᠴᠢᠷ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃       ᠬᠤᠷᠢᠨ ᠨᠠᠢᠮᠠᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠪᠠ ᠬᠡᠷᠡᠭᠵᠢᠭᠦᠯᠬᠦ ᠶᠠᠪᠤᠴᠠ ᠳᠤ᠂ ᠲᠤᠭᠤᠷᠪᠢᠨ ᠪᠢᠴᠢᠭᠴᠢ᠂ ᠬᠢᠨᠠᠨ ᠪᠠᠶᠢᠴᠠᠭᠠᠭᠴᠢ ︵ᠳᠠᠭᠢᠨ ᠬᠢᠨᠠᠭᠴᠢ︶᠂ ᠵᠥᠪᠰᠢᠶᠡᠷᠡᠭᠴᠢ᠂ ᠬᠡᠷᠡᠭᠵᠢᠭᠦᠯᠦᠭᠴᠢ ᠶᠢᠨ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠭ᠎ᠠ ᠶᠢᠨ ᠬᠠᠷᠢᠭᠤᠴᠠᠯᠭ᠎ᠠ ᠶᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ ᠭᠦᠢᠴᠡᠳᠬᠡᠭᠰᠡᠨ ᠪᠠᠶᠢᠳᠠᠯ ᠢ ᠦᠨᠳᠦᠰᠦᠯᠡᠨ ᠲᠣᠭᠲᠠᠭᠠᠨ᠎ᠠ᠃       ᠲᠤᠭᠤᠷᠪᠢᠨ ᠪᠢᠴᠢᠭᠴᠢ ᠭᠡᠳᠡᠭ ᠨᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠡᠬᠡ ᠨᠣᠣᠷᠠᠭ ᠢ ᠬᠠᠷᠢᠭᠤᠴᠠᠨ ᠲᠤᠭᠤᠷᠪᠢᠨ ᠪᠢᠴᠢᠬᠦ ᠠᠵᠢᠯᠲᠠᠨ ᠢ ᠵᠢᠭᠠᠵᠤ ᠪᠠᠶᠢᠨ᠎ᠠ᠃ ᠬᠢᠨᠠᠨ ᠪᠠᠶᠢᠴᠠᠭᠠᠭᠴᠢ ︵ᠳᠠᠭᠢᠨ ᠬᠢᠨᠠᠭᠴᠢ︶ ᠭᠡᠳᠡᠭ ᠨᠢ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠬᠠᠷᠢᠭᠤᠴᠠᠬᠤ ᠬᠢᠨᠠᠨ ᠪᠠᠶᠢᠴᠠᠭᠠᠬᠤ ᠠᠵᠢᠯᠲᠠᠨ ᠪᠤᠶᠤ ᠳᠠᠭᠢᠨ ᠬᠢᠨᠠᠭᠴᠢ ᠶᠢ ᠵᠢᠭᠠᠵᠤ ᠪᠠᠶᠢᠨ᠎ᠠ᠃ ᠵᠥᠪᠰᠢᠶᠡᠷᠡᠭᠰᠡᠨ ᠬᠥᠮᠥᠨ ᠭᠡᠳᠡᠭ ᠨᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠲᠣᠭᠲᠠᠭᠠᠯ ᠭᠠᠷᠭᠠᠭᠰᠠᠨ ᠬᠠᠷᠢᠭᠤᠴᠠᠯᠭᠠᠲᠠᠨ ᠢ ᠵᠢᠭᠠᠵᠤ ᠪᠤᠢ᠃ ᠬᠡᠷᠡᠭᠵᠢᠭᠦᠯᠬᠦ ᠬᠥᠮᠥᠨ ᠭᠡᠳᠡᠭ ᠨᠢ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠠ ᠨᠠᠶᠢᠳᠠᠪᠤᠷᠢᠵᠢᠭᠤᠯᠤᠭᠰᠠᠨ ᠬᠥᠮᠥᠰ ᠢ ᠵᠢᠭᠠᠵᠤ ᠪᠠᠶᠢᠨ᠎ᠠ᠃       ᠬᠤᠷᠢ ᠶᠢᠰᠦᠳᠦᠭᠡᠷ ᠵᠦᠢᠯ ᠲᠤᠭᠤᠷᠪᠢᠨ ᠪᠢᠴᠢᠭᠴᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠵᠦ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠪᠠᠯ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠭᠠᠷᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄       ︵ᠨᠢᠭᠡ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠤᠶᠤ ᠬᠢᠨᠠᠨ ᠪᠠᠶᠢᠴᠠᠭᠠᠭᠰᠠᠨ ᠳ᠋ᠦᠩᠨᠡᠯᠲᠡ ᠶᠢ ᠪᠢᠴᠢᠭ ᠢᠶᠠᠷ ᠪᠦᠷᠢᠯᠳᠦᠭᠦᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠨ ᠲᠤᠰᠢᠶᠠᠭᠰᠠᠨ︔       ︵ᠬᠤᠶᠠᠷ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠭᠤᠯᠭ᠎ᠠ ᠳᠤ ᠬᠤᠪᠢᠷᠠᠯᠲᠠ ᠭᠠᠷᠴᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠲᠠᠭᠢᠵᠤ ᠬᠢᠬᠦ ᠦᠭᠡᠢ ᠪᠠᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠨ ᠳᠡᠪᠰᠢᠭᠦᠯᠦᠭᠰᠡᠨ︔       ︵ᠭᠤᠷᠪᠠ︶ ᠬᠢᠨᠠᠨ ᠪᠠᠶᠢᠴᠠᠭᠠᠬᠤ ︵ᠳᠠᠭᠢᠨ ᠬᠢᠨᠠᠬᠤ︶ ᠰᠠᠨᠠᠯ ᠢ ᠭᠥᠯᠢᠶᠡᠨ ᠠᠪᠬᠤ ᠶᠢ ᠲᠡᠪᠴᠢᠭᠰᠡᠨ ᠪᠤᠶᠤ ᠵᠣᠷᠢᠭᠤᠳᠠ ᠨᠢᠭᠤᠨ ᠳᠠᠯᠳᠠᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠲᠣᠭᠲᠠᠭᠠᠯᠭᠠᠬᠤ ᠪᠠᠷ ᠲᠤᠰᠢᠶᠠᠭᠰᠠᠨ︔       ︵ᠳᠥᠷᠪᠡ︶ ᠪᠤᠰᠤᠳ ᠲᠤᠭᠤᠷᠪᠢᠨ ᠪᠢᠴᠢᠭᠴᠢ ᠶᠢᠨ ᠵᠣᠷᠢᠭᠤᠳᠠ ᠬᠢᠭᠰᠡᠨ ᠪᠤᠶᠤ ᠬᠦᠨᠳᠦ ᠶᠡᠭᠡ ᠠᠳᠡᠯ ᠠᠴᠠ ᠪᠣᠯᠵᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠬᠤ᠃       ᠭᠤᠴᠢᠳᠤᠭᠠᠷ ᠵᠦᠢᠯ ᠬᠢᠨᠠᠨ ᠪᠠᠶᠢᠴᠠᠭᠠᠭᠴᠢ ︵ᠳᠠᠭᠢᠨ ᠬᠢᠨᠠᠭᠴᠢ︶ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠪᠠᠯ᠂ ᠲᠥᠪ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠭᠠᠷᠭᠠᠭᠰᠠᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄       ︵ᠨᠢᠭᠡ︶ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠬᠠᠮᠢᠶ᠎ᠠ ᠪᠦᠬᠦᠢ ᠠᠭᠤᠯᠭ᠎ᠠ ᠳᠤ ᠰᠠᠨᠠᠯ ᠳᠤᠷᠠᠳᠤᠭᠰᠠᠨ ᠦᠭᠡᠢ︔       ︵ᠬᠤᠶᠠᠷ︶ ᠬᠢᠨᠠᠨ ᠪᠠᠶᠢᠴᠠᠭᠠᠭᠴᠢ ︵ᠳᠠᠭᠢᠨ ᠬᠢᠨᠠᠭᠴᠢ︶ ᠵᠣᠷᠢᠭᠤᠳᠠ ᠪᠤᠶᠤ ᠬᠦᠨᠳᠦ ᠶᠡᠭᠡ ᠠᠳᠡᠯ ᠠᠴᠠ ᠪᠣᠯᠵᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠬᠤ᠃       ᠭᠤᠴᠢᠨ ᠨᠢᠭᠡᠳᠦᠭᠡᠷ ᠵᠦᠢᠯ ᠵᠥᠪᠰᠢᠶᠡᠷᠡᠭᠴᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠵᠦ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠪᠠᠯ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄       ︵ᠨᠢᠭᠡ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠤᠶᠤ ᠬᠢᠨᠠᠨ ᠪᠠᠶᠢᠴᠠᠭᠠᠭᠰᠠᠨ ᠳ᠋ᠦᠩᠨᠡᠯᠲᠡ ᠶᠢ ᠪᠢᠴᠢᠭ ᠢᠶᠠᠷ ᠪᠦᠷᠢᠯᠳᠦᠭᠦᠯᠦᠭᠡᠳᠦᠢ ᠪᠠᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠬᠦ ᠶᠢ ᠨᠢ ᠵᠥᠪᠰᠢᠶᠡᠷᠡᠭᠰᠡᠨ︔       ︵ᠬᠤᠶᠠᠷ︶ ᠲᠤᠭᠤᠷᠪᠢᠨ ᠪᠢᠴᠢᠭᠴᠢ᠂ ᠬᠢᠨᠠᠨ ᠪᠠᠶᠢᠴᠠᠭᠠᠭᠴᠢ ︵ᠳᠠᠭᠢᠨ ᠬᠢᠨᠠᠭᠴᠢ︶ ᠶᠢᠨ ᠵᠥᠪ ᠰᠠᠨᠠᠯ ᠢ ᠬᠤᠪᠢᠷᠠᠭᠤᠯᠤᠭᠰᠠᠨ︔       ︵ᠭᠤᠷᠪᠠ︶ ᠲᠤᠭᠤᠷᠪᠢᠨ ᠪᠢᠴᠢᠭᠴᠢ᠂ ᠬᠢᠨᠠᠨ ᠪᠠᠶᠢᠴᠠᠭᠠᠭᠴᠢ ᠶᠢᠨ ︵ᠳᠠᠭᠢᠨ ᠬᠢᠨᠠᠭᠴᠢ︶ ᠶᠢᠨ ᠰᠠᠨᠠᠯ ᠨᠢ ᠪᠤᠷᠤᠭᠤ ᠪᠠᠶᠢᠬᠤ ᠶᠢ ᠮᠡᠳᠡᠵᠦ ᠪᠠᠶᠢᠭᠠᠳ ᠪᠤᠶᠤ ᠮᠡᠳᠡᠬᠦ ᠶᠣᠰᠣᠲᠠᠢ ᠪᠠᠶᠢᠲᠠᠯ᠎ᠠ ᠦᠯᠦ ᠵᠠᠯᠠᠷᠠᠭᠤᠯᠤᠭᠰᠠᠨ︔       ︵ᠳᠥᠷᠪᠡ︶ ᠵᠥᠪᠰᠢᠶᠡᠷᠡᠭᠰᠡᠨ ᠬᠥᠮᠥᠨ ᠤ ᠵᠣᠷᠢᠭᠤᠳᠠ ᠪᠤᠶᠤ ᠬᠦᠨᠳᠦ ᠶᠡᠭᠡ ᠠᠳᠡᠯ ᠠᠴᠠ ᠪᠣᠯᠵᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠬᠤ ᠪᠤᠰᠤᠳ᠃       ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠬᠠᠮᠲᠤ ᠪᠠᠷ ᠶᠠᠷᠢᠯᠴᠠᠨ ᠲᠣᠭᠲᠠᠭᠠᠭᠰᠠᠨ ᠲᠣᠭᠲᠠᠭᠠᠯ ᠳᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠪᠠᠯ᠂ ᠪᠤᠷᠤᠭᠤ ᠰᠠᠨᠠᠯ ᠢ ᠪᠠᠷᠢᠮᠲᠠᠯᠠᠵᠤ ᠪᠠᠶᠢᠭ᠎ᠠ ᠬᠠᠷᠢᠭᠤᠴᠠᠯᠭᠠᠲᠠᠨ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠥᠪ ᠰᠠᠨᠠᠯ ᠢ ᠭᠥᠯᠢᠶᠡᠨ ᠠᠪᠤᠭᠰᠠᠨ ᠦᠭᠡᠢ ᠬᠠᠷᠢᠭᠤᠴᠠᠯᠭᠠᠲᠠᠨ ᠬᠠᠷᠢᠭᠤᠴᠠᠯᠭ᠎ᠠ ᠡᠭᠦᠷᠭᠡᠯᠡᠬᠦ ᠦᠭᠡᠢ᠃       ᠭᠤᠴᠢᠨ ᠬᠤᠶᠠᠳᠤᠭᠠᠷ ᠵᠦᠢᠯ ᠬᠡᠷᠡᠭᠵᠢᠭᠦᠯᠦᠭᠴᠢ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠪᠠᠯ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄       ︵ᠨᠢᠭᠡ︶ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠦᠨᠳᠦᠰᠦ ᠪᠠᠷᠢᠮᠲᠠ ᠦᠭᠡᠢ ᠪᠠᠷ ᠥᠷᠢᠰᠦᠯᠳᠦᠭᠡᠨ ᠢ ᠠᠷᠢᠯᠭᠠᠬᠤ᠂ ᠬᠢᠵᠠᠭᠠᠷᠯᠠᠬᠤ ᠠᠷᠭ᠎ᠠ ᠶᠢ ᠬᠡᠷᠡᠭᠵᠢᠭᠦᠯᠦᠭᠰᠡᠨ︔       ︵ᠬᠤᠶᠠᠷ︶ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠭᠰᠡᠨ ᠦᠭᠡᠢ ᠪᠠᠶᠢᠵᠤ᠂ ᠥᠷᠢᠰᠦᠯᠳᠦᠭᠡᠨ ᠢ ᠭᠠᠳᠠᠭᠤᠷᠴᠢᠯᠠᠵᠤ᠂ ᠬᠢᠵᠠᠭᠠᠷᠯᠠᠭᠰᠠᠨ︔       ︵ᠭᠤᠷᠪᠠ︶ ᠪᠤᠰᠤᠳ ᠬᠡᠷᠡᠭᠵᠢᠭᠦᠯᠦᠭᠴᠢ ᠵᠣᠷᠢᠭᠤᠳᠠ ᠪᠤᠶᠤ ᠬᠦᠨᠳᠦ ᠶᠡᠭᠡ ᠠᠳᠡᠯ ᠠᠴᠠ ᠪᠣᠯᠵᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠣᠷᠣᠰᠢᠵᠤ ᠪᠠᠶᠢᠬᠤ᠃       ᠶᠢᠰᠦᠳᠦᠭᠡᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ ᠳᠡᠰ ᠳᠠᠷᠠᠭᠠᠯᠠᠯ       ᠭᠤᠴᠢᠨ ᠭᠤᠷᠪᠠᠳᠤᠭᠠᠷ ᠵᠦᠢᠯ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠶᠢᠭᠤᠯᠭ᠎ᠠ ᠨᠢ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠣᠷᠣᠰᠢᠵᠤ ᠮᠡᠳᠡᠬᠦ ᠶᠢ ᠣᠯᠵᠤ ᠮᠡᠳᠡᠪᠡᠯ᠂ 15 ᠡᠳᠦᠷ ᠤᠨ ᠳᠣᠲᠣᠷ᠎ᠠ ᠬᠠᠷᠢᠭᠤᠴᠠᠯᠭ᠎ᠠ ᠨᠡᠬᠡᠮᠵᠢᠯᠡᠬᠦ ᠵᠢᠷᠤᠮ ᠢ ᠡᠬᠢᠯᠡᠭᠦᠯᠬᠦ ᠬᠡᠷᠡᠭᠲᠡᠢ᠃       ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠠᠵᠢᠯᠲᠠᠨ ᠤ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠶᠢ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠶᠢᠭᠤᠯᠭ᠎ᠠ ᠨᠢ 15 ᠡᠳᠦᠷ ᠤᠨ ᠳᠣᠲᠣᠷ᠎ᠠ ᠬᠠᠷᠢᠭᠤᠴᠠᠯᠭ᠎ᠠ ᠨᠡᠬᠡᠮᠵᠢᠯᠡᠬᠦ ᠵᠢᠷᠤᠮ ᠢ ᠡᠬᠢᠯᠡᠭᠦᠯᠬᠦ ᠬᠡᠷᠡᠭᠲᠡᠢ᠃       ᠭᠤᠴᠢᠨ ᠳᠥᠷᠪᠡᠳᠦᠭᠡᠷ ᠵᠦᠢᠯ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠶᠢᠭᠤᠯᠭ᠎ᠠ ᠨᠢ ᠬᠠᠷᠢᠭᠤᠴᠠᠯᠭ᠎ᠠ ᠨᠡᠬᠡᠮᠵᠢᠯᠡᠬᠦ ᠵᠢᠷᠤᠮ ᠢ ᠡᠬᠢᠯᠡᠭᠦᠯᠦᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠪᠠᠶᠢᠴᠠᠭᠠᠵᠤ ᠳᠠᠭᠤᠰᠬᠠᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠪᠠ ᠬᠠᠮᠢᠶᠠᠷᠤᠯᠲᠠ ᠶᠢᠨ ᠡᠷᠬᠡ ᠮᠠᠲᠠᠯ ᠤᠨ ᠬᠡᠪᠴᠢᠶ᠎ᠡ ᠶᠢ ᠦᠨᠳᠦᠰᠦᠯᠡᠨ ᠳᠣᠣᠷᠠᠬᠢ ᠮᠡᠲᠦ ᠰᠢᠢᠳᠪᠦᠷᠢᠯᠡᠬᠦ ᠬᠡᠷᠡᠭᠲᠡᠢ᠄       ︵ᠨᠢᠭᠡ︶ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠬᠦ ᠪᠦᠷᠢᠨ ᠭᠦᠢᠴᠡᠳ ᠪᠠᠶᠢᠪᠠᠯ ᠨᠡᠬᠡᠮᠵᠢᠯᠡᠬᠦ ᠬᠡᠷᠡᠭᠲᠡᠢ︔       ︵ᠬᠤᠶᠠᠷ︶ ᠪᠣᠳᠠᠲᠤ ᠶᠠᠪᠤᠳᠠᠯ ᠨᠢ ᠲᠣᠳᠣᠷᠬᠠᠢ ᠦᠭᠡᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ ᠦᠭᠡᠢ ᠪᠠᠶᠢᠪᠠᠯ ᠨᠡᠬᠡᠮᠵᠢᠯᠡᠬᠦ ᠦᠭᠡᠢ︔       ︵ᠭᠤᠷᠪᠠ︶ ᠪᠤᠰᠤᠳ ᠪᠠᠶᠢᠭᠤᠯᠤᠯᠭ᠎ᠠ ᠰᠢᠢᠳᠪᠦᠷᠢᠯᠡᠬᠦ ᠶᠣᠰᠣᠲᠠᠢ ᠪᠠᠶᠢᠪᠠᠯ ᠰᠢᠯᠵᠢᠭᠦᠯᠦᠨ ᠬᠦᠷᠭᠡᠨ᠎ᠡ᠃       ᠪᠠᠶᠢᠳᠠᠯ ᠨᠢ ᠪᠤᠳᠤᠯᠢᠶᠠᠨᠲᠠᠢ ᠪᠠᠶᠢᠪᠠᠯ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠭᠰᠠᠨ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠤᠷᠲᠤᠳᠬᠠᠵᠤ ᠪᠣᠯᠣᠨ᠎ᠠ᠂ ᠭᠡᠪᠡᠴᠦ ᠤᠷᠲᠤᠳᠬᠠᠬᠤ ᠬᠤᠭᠤᠴᠠᠭ᠎ᠠ ᠶᠢ 20 ᠡᠳᠦᠷ ᠠᠴᠠ ᠬᠡᠲᠦᠷᠡᠭᠦᠯᠵᠦ ᠪᠤᠯᠬᠤ ᠦᠭᠡᠢ᠃       ᠭᠤᠴᠢᠨ ᠲᠠᠪᠤᠳᠤᠭᠠᠷ ᠵᠦᠢᠯ ᠪᠠᠶᠢᠴᠠᠭᠠᠭᠳᠠᠬᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠲᠣᠭᠠᠴᠢᠨ ᠥᠭᠦᠯᠡᠬᠦ ᠪᠠ ᠵᠥᠪᠲᠥᠭᠡᠨ ᠲᠣᠳᠣᠷᠬᠠᠶᠢᠯᠠᠬᠤ ᠡᠷᠬᠡ ᠲᠠᠢ᠂ ᠳᠤᠷᠠᠳᠤᠭᠰᠠᠨ ᠪᠣᠳᠠᠲᠤ ᠶᠠᠪᠤᠳᠠᠯ ᠂ ᠭᠡᠷᠡᠴᠢ ᠪᠠᠷᠢᠮᠲᠠ᠂ ᠤᠴᠢᠷ ᠰᠢᠯᠲᠠᠭᠠᠨ ᠨᠢ ᠲᠣᠭᠲᠠᠵᠤ ᠪᠠᠶᠢᠪᠠᠯ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠶᠢᠭᠤᠯᠭ᠎ᠠ ᠭᠥᠯᠢᠶᠡᠨ ᠠᠪᠬᠤ ᠬᠡᠷᠡᠭᠲᠡᠢ᠂ ᠲᠡᠭᠦᠨ ᠢ ᠵᠥᠪᠲᠥᠭᠡᠨ ᠲᠣᠳᠣᠷᠬᠠᠶᠢᠯᠠᠬᠤ ᠠᠴᠠ ᠪᠣᠯᠵᠤ ᠬᠠᠷᠢᠭᠤᠴᠠᠯᠭ᠎ᠠ ᠨᠡᠬᠡᠮᠵᠢᠯᠡᠬᠦ ᠶᠢ ᠨᠡᠮᠡᠭᠳᠡᠭᠦᠯᠵᠦ ᠪᠤᠯᠬᠤ ᠦᠭᠡᠢ᠃      ᠭᠤᠴᠢᠨ ᠵᠢᠷᠭᠤᠳᠤᠭᠠᠷ ᠵᠦᠢᠯ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠭᠰᠠᠨ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠰᠢᠢᠳᠪᠦᠷᠢᠯᠡᠯᠲᠡ ᠶᠢ ᠵᠥᠪᠰᠢᠶᠡᠷᠡᠬᠦ ᠦᠭᠡᠢ ᠪᠣᠯ ᠰᠢᠢᠳᠪᠦᠷᠢᠯᠡᠬᠦ ᠰᠠᠨᠠᠯ ᠢ ᠣᠯᠣᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠪᠠᠶᠢᠭᠤᠯᠭ᠎ᠠ ᠳᠤ ᠪᠢᠴᠢᠭ ᠢᠶᠠᠷ ᠭᠤᠮᠣᠳᠠᠯ ᠲᠣᠭᠠᠴᠢᠵᠤ ᠪᠣᠯᠣᠨ᠎ᠠ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠠᠯᠳᠠᠰᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠪᠠᠶᠢᠭᠤᠯᠭ᠎ᠠ ᠭᠤᠮᠣᠳᠠᠯ ᠲᠣᠭᠠᠴᠢᠬᠤ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠰᠢᠢᠳᠪᠦᠷᠢᠯᠡᠬᠦ ᠬᠡᠷᠡᠭᠲᠡᠢ︔ ᠪᠠᠶᠢᠳᠠᠯ ᠨᠢ ᠪᠤᠳᠤᠯᠢᠶᠠᠨᠲᠠᠢ ᠪᠠᠶᠢᠪᠠᠯ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠭᠰᠠᠨ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠤᠷᠲᠤᠳᠬᠠᠵᠤ ᠪᠣᠯᠣᠨ᠎ᠠ᠂ ᠭᠡᠪᠡᠴᠦ ᠤᠷᠲᠤᠳᠬᠠᠬᠤ ᠬᠤᠭᠤᠴᠠᠭ᠎ᠠ ᠶᠢ 10 ᠡᠳᠦᠷ ᠠᠴᠠ ᠬᠡᠲᠦᠷᠡᠭᠦᠯᠵᠦ ᠪᠤᠯᠬᠤ ᠦᠭᠡᠢ᠃ ᠭᠤᠮᠣᠳᠠᠯ ᠲᠣᠭᠠᠴᠢᠯᠲᠠ ᠶᠢ ᠰᠢᠢᠳᠪᠦᠷᠢᠯᠡᠭᠰᠡᠨ ᠦᠷ᠎ᠡ ᠳ᠋ᠦᠩ ᠢ ᠵᠥᠪᠰᠢᠶᠡᠷᠡᠬᠦ ᠦᠭᠡᠢ ᠪᠣᠯ᠂ ᠳᠡᠭᠡᠷ᠎ᠡ ᠨᠢᠭᠡ ᠱᠠᠲᠤᠨ ᠤ ᠪᠠᠶᠢᠭᠤᠯᠤᠯᠭ᠎ᠠ ᠳᠤ ᠳᠠᠭᠢᠨ ᠬᠢᠨᠠᠭᠤᠯᠬᠤ ᠪᠠᠷ ᠭᠤᠶᠤᠴᠢᠯᠠᠵᠤ ᠪᠣᠯᠣᠨ᠎ᠠ᠃       ᠭᠤᠴᠢᠨ ᠳᠣᠯᠣᠳᠤᠭᠠᠷ ᠵᠦᠢᠯ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠳᠡᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠪᠠᠶᠢᠭᠤᠯᠭ᠎ᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠮᠢᠶᠠᠷᠤᠯᠲᠠ ᠶᠢᠨ ᠡᠷᠬᠡ ᠮᠠᠲᠠᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠬᠥᠮᠥᠰ ᠲᠤ ᠰᠢᠢᠳᠬᠡᠯ ᠥᠭᠭᠦᠨ᠎ᠡ᠄       ︵ᠨᠢᠭᠡ︶ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠭᠰᠠᠨ ᠪᠤᠷᠤᠭᠤ ᠲᠠᠢ ᠪᠠᠶᠢᠬᠤ ᠶᠢ ᠣᠯᠵᠤ ᠮᠡᠳᠡᠭᠡᠳ ᠨᠡᠬᠡᠮᠵᠢᠯᠡᠬᠦ ᠦᠭᠡᠢ︔       ︵ᠬᠤᠶᠠᠷ︶ ᠭᠤᠣᠯᠴᠢ ᠪᠤᠰᠤ ᠥᠷᠢᠰᠦᠯᠳᠦᠭᠡᠨ ᠢ ᠬᠢᠨᠠᠨ ᠪᠠᠶᠢᠴᠠᠭᠠᠭᠰᠠᠨ ᠠᠯᠳᠠᠰᠢ ᠶᠢᠨ ᠬᠠᠷᠢᠭᠤᠴᠠᠯᠭ᠎ᠠ ᠨᠡᠬᠡᠮᠵᠢᠯᠡᠬᠦ ᠠᠵᠢᠯᠯᠠᠭ᠎ᠠ ᠬᠢᠭᠰᠡᠨ︔       ︵ᠭᠤᠷᠪᠠ︶ ᠬᠠᠤᠯᠢ ᠶᠣᠰᠣᠭᠠᠷ ᠪᠤᠰᠤᠳ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠶᠣᠰᠣᠲᠠᠢ ᠪᠠᠶᠢᠲᠠᠯ᠎ᠠ ᠰᠢᠯᠵᠢᠭᠦᠯᠦᠨ ᠬᠦᠷᠭᠡᠭᠰᠡᠨ ᠦᠭᠡᠢ ᠪᠠᠶᠢᠬᠤ︔       ︵ᠳᠥᠷᠪᠡ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃       ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ       ᠭᠤᠴᠢᠨ ᠨᠠᠢᠮᠠᠳᠤᠭᠠᠷ ᠵᠦᠢᠯ ᠲᠤᠰ ᠠᠷᠭ᠎ᠠ ᠶᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃       ᠭᠤᠴᠢ ᠶᠢᠰᠦᠳᠦᠭᠡᠷ ᠵᠦᠢᠯ ᠲᠤᠰ ᠠᠷᠭ᠎ᠠ ᠶᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ᠬᠠᠪᠰᠤᠷᠤᠯᠲᠠ2       ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠵᠤ ᠪᠣᠯᠵᠣᠨ ᠶᠠᠷᠢᠯᠴᠠᠬᠤ ᠳᠦᠷᠢᠮ       ︵ᠲᠤᠷᠰᠢᠨ ᠬᠡᠷᠡᠭᠵᠢᠭᠦᠯᠬᠦ︶       ᠨᠢᠭᠡᠳᠦᠭᠡᠷ ᠵᠦᠢᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠢ ᠤᠯᠠᠮ ᠴᠢᠩᠭᠠᠳᠬᠠᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ᠂ ᠨᠢᠭᠡᠳᠦᠯᠲᠡᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠤᠯᠭᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ︾᠂ ︽ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ︾᠂ ︽ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠲᠤᠰ ᠳᠦᠷᠢᠮ ᠢ ᠲᠣᠭᠲᠠᠭᠠᠪᠠ᠃       ᠬᠤᠶᠠᠳᠤᠭᠠᠷ ᠵᠦᠢᠯ ᠲᠤᠰ ᠳᠦᠷᠢᠮ ᠨᠢ ᠪᠦᠭᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠲᠠᠢ ᠵᠣᠬᠢᠶᠠᠨ ᠪᠠᠶᠢᠭᠤᠯᠤᠯᠲᠠ ᠳᠤ ᠬᠡᠷᠡᠭᠯᠡᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠪᠠ ᠵᠠᠬ᠎ᠠ ᠳᠡᠯᠭᠡᠭᠦᠷ ᠠᠴᠠ ᠭᠠᠷᠬᠤ᠂ ᠠᠵᠤ ᠦᠢᠯᠡᠰ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭ᠎ᠠ ᠶᠢᠨ ᠳᠦᠷᠢᠮᠵᠢᠯ᠂ ᠬᠢᠷᠢ ᠭᠡᠮ ᠤᠨ ᠪᠠᠷᠢᠮᠵᠢᠶ᠎ᠠ ᠵᠡᠷᠭᠡ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠂ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ︽ᠨᠢᠭᠡ ᠶᠠᠪᠤᠳᠠᠯ ᠢ ᠨᠢᠭᠡ ᠵᠥᠪᠯᠡᠬᠦ︾ ᠭᠡᠯᠪᠡᠷᠢ ᠶᠢᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠦᠶᠡᠰ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠳᠤᠮᠳᠠ ᠶᠠᠪᠤᠭᠳᠠᠭᠤᠯᠤᠨ᠎ᠠ᠃       ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠪᠣᠯᠵᠣᠨ ᠶᠠᠷᠢᠯᠴᠠᠬᠤ ᠭᠡᠳᠡᠭ ᠨᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠳᠣᠷᠣᠭᠰᠢ ︽ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︾ ᠭᠡᠵᠦ ᠲᠣᠪᠴᠢᠯᠠᠨ᠎ᠠ︶ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠲᠣᠭᠲᠠᠭᠠᠯ ᠠᠴᠠ ᠵᠥᠷᠢᠴᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠳᠤ ᠶᠠᠷᠢᠯᠴᠠᠭ᠎ᠠ ᠬᠢᠵᠦ᠂ ᠲᠡᠭᠦᠨ ᠤ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠠᠵᠢᠯ ᠤᠨ ᠰᠠᠨᠠᠭᠤᠯᠭ᠎ᠠ ᠳᠤᠷᠠᠳᠴᠤ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠵᠢᠭᠠᠵᠤ ᠪᠤᠢ᠃       ᠳᠥᠷᠪᠡᠳᠦᠭᠡᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠣᠭᠲᠠᠭᠰᠠᠨ ᠡᠷᠬᠡ ᠲᠤᠰᠢᠶᠠᠯ ᠤᠨ ᠠᠵᠢᠯ ᠤᠨ ᠬᠤᠪᠢᠶᠠᠷᠢᠯᠠᠯ ᠶᠣᠰᠣᠭᠠᠷ ᠪᠣᠯᠵᠣᠨ ᠶᠠᠷᠢᠯᠴᠠᠬᠤ ᠳᠡᠰ ᠳᠠᠷᠠᠭᠠᠯᠠᠯ ᠢ ᠡᠬᠢᠯᠡᠭᠦᠯᠵᠦ᠂ ᠪᠣᠯᠵᠣᠨ ᠬᠡᠯᠡᠯᠴᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠄       ︵ᠨᠢᠭᠡ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠰᠠᠨᠠᠭᠤᠯᠭ᠎ᠠ ᠳᠠᠭᠠᠨ ᠱᠠᠭᠠᠷᠳᠠᠭᠰᠠᠨ ᠵᠦᠢᠯᠡᠰ ᠨᠢ ᠬᠤᠭᠤᠴᠠᠭ᠎ᠠ ᠬᠡᠲᠦᠷᠡᠲᠡᠯ᠎ᠡ ᠦᠯᠦ ᠴᠡᠭᠴᠡᠯᠡᠨ ᠥᠭᠡᠷᠡᠴᠢᠯᠡᠭᠳᠡᠭᠰᠡᠨ ᠪᠤᠶᠤ ᠴᠡᠭᠴᠡᠯᠡᠨ ᠥᠭᠡᠷᠡᠴᠢᠯᠡᠭᠰᠡᠨ ᠢᠶᠠᠷ ᠬᠦᠷᠦᠯᠴᠡᠬᠦ ᠦᠭᠡᠢ ᠪᠠᠶᠢᠬᠤ︔       ︵ᠬᠤᠶᠠᠷ︶ ᠬᠤᠯᠪᠣᠭᠳᠠᠯ ᠪᠦᠬᠦᠢ ᠨᠢᠭᠡᠴᠢ ᠨᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠬᠢᠨᠠᠯᠲᠠ ᠪᠠᠶᠢᠴᠠᠭᠠᠯᠲᠠ᠂ ᠰᠤᠭᠤᠴᠢᠨ ᠪᠠᠶᠢᠴᠠᠭᠠᠯᠲᠠ ᠪᠠ ᠪᠠᠶᠢᠴᠠᠭᠠᠯᠲᠠ ᠶᠢ ᠲᠡᠪᠴᠢᠭᠰᠡᠨ ᠪᠤᠶᠤ ᠬᠠᠷᠰᠢᠯᠠᠭᠰᠠᠨ︔       ︵ᠭᠤᠷᠪᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠨᠢ ᠪᠣᠳᠠᠲᠠᠢ ᠪᠢᠰᠢ ᠠᠴᠠ ᠪᠣᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠡᠭᠦᠰᠬᠡᠭᠰᠡᠨ ᠪᠤᠶᠤ ᠮᠠᠭᠤ ᠨᠥᠯᠥᠭᠡ ᠭᠠᠷᠭᠠᠭᠰᠠᠨ︔       ︵ᠳᠥᠷᠪᠡ︶ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ ᠥᠷᠢᠰᠦᠯᠳᠦᠭᠡᠨ ᠢ ᠭᠠᠳᠠᠭᠤᠷᠴᠢᠯᠠᠵᠤ ᠬᠢᠵᠠᠭᠠᠷᠯᠠᠭᠰᠠᠨ ᠭᠡᠵᠦ ᠦᠵᠡᠭᠰᠡᠨ︔       ︵ᠲᠠᠪᠤ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠥᠷᠢᠴᠡᠭᠰᠡᠨ ᠠᠴᠠ ᠪᠣᠯᠵᠤ ᠮᠠᠭᠤ ᠨᠥᠯᠥᠭᠡ ᠦᠵᠡᠭᠦᠯᠦᠭᠰᠡᠨ ᠪᠤᠰᠤᠳ᠃       ᠲᠠᠪᠤᠳᠤᠭᠠᠷ ᠵᠦᠢᠯ ᠪᠣᠯᠵᠣᠨ ᠶᠠᠷᠢᠯᠴᠠᠬᠤ ᠠᠵᠢᠯ ᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠤᠳᠤᠷᠢᠳᠬᠤ ᠵᠣᠬᠢᠶᠠᠨ ᠪᠠᠶᠢᠭᠤᠯᠤᠯᠲᠠ ᠨᠢ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠵᠤ ᠬᠢᠨᠠᠨ ᠵᠢᠯᠤᠭᠤᠳᠴᠤ ᠰᠤᠭᠤᠴᠢᠨ ᠪᠠᠶᠢᠴᠠᠭᠠᠬᠤ ᠶᠢ ᠪᠣᠳᠠᠲᠠᠢ ᠡᠭᠦᠷᠭᠡᠯᠡᠨ᠂ ᠪᠣᠳᠠᠲᠠᠢ ᠶᠠᠪᠤᠭᠳᠠᠭᠤᠯᠬᠤ ᠬᠡᠷᠡᠭᠲᠡᠢ᠃ ᠪᠠᠶᠢᠳᠠᠯ ᠢᠶᠠᠨ ᠦᠨᠳᠦᠰᠦᠯᠡᠵᠦ ᠪᠠᠶᠢᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠣᠷᠣᠯᠴᠠᠭᠤᠯᠵᠤ ᠪᠣᠯᠣᠨ᠎ᠠ᠃       ᠪᠣᠯᠵᠣᠨ ᠶᠠᠷᠢᠯᠴᠠᠬᠳᠠᠬᠰᠠᠨ ᠨᠢᠭᠡᠴᠢ ᠶᠢᠨ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠪᠣᠯ ᠪᠣᠯᠵᠣᠨ ᠶᠠᠷᠢᠯᠴᠠᠬᠳᠠᠬᠴᠢ ᠮᠥᠨ᠂ ᠪᠣᠯᠵᠣᠨ ᠶᠠᠷᠢᠯᠴᠠᠬᠤ ᠶᠢ ᠭᠥᠯᠢᠶᠡᠨ ᠠᠪᠬᠤ ᠬᠡᠷᠡᠭᠲᠡᠢ᠃ ᠣᠨᠴᠠᠭᠠᠢ ᠪᠠᠶᠢᠳᠠᠯ ᠳᠣᠣᠷ᠎ᠠ᠂ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠᠷ ᠵᠥᠪᠰᠢᠶᠡᠷᠡᠭᠦᠯᠵᠦ᠂ ᠪᠣᠯᠵᠣᠨ ᠶᠠᠷᠢᠯᠴᠠᠬᠤ ᠨᠢᠭᠡᠴᠢ ᠶᠢᠨ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠨᠢ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠬᠠᠷᠢᠭᠤᠴᠠᠯᠭᠠᠲᠠᠨ ᠳᠤ ᠨᠠᠶᠢᠳᠠᠵᠤ᠂ ᠪᠣᠯᠵᠣᠨ ᠶᠠᠷᠢᠯᠴᠠᠬᠤ ᠶᠢ ᠭᠥᠯᠢᠶᠡᠨ ᠠᠪᠴᠤ ᠪᠣᠯᠣᠨ᠎ᠠ᠃       ᠵᠢᠷᠭᠤᠳᠤᠭᠠᠷ ᠵᠦᠢᠯ ᠪᠣᠯᠵᠣᠨ ᠶᠠᠷᠢᠯᠴᠠᠬᠤ ᠠᠵᠢᠯᠲᠠᠨ ᠨᠢ ᠪᠣᠯᠵᠣᠨ ᠶᠠᠷᠢᠯᠴᠠᠭᠳᠠᠵᠤ ᠪᠠᠶᠢᠭ᠎ᠠ ᠨᠢᠭᠡᠴᠢ᠂ ᠪᠣᠯᠵᠣᠨ ᠶᠠᠷᠢᠯᠴᠠᠬᠳᠠᠬᠴᠢ᠂ ᠪᠣᠯᠵᠣᠨ ᠶᠠᠷᠢᠯᠴᠠᠭᠰᠠᠨ ᠵᠦᠢᠯᠡᠰ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ ᠵᠠᠶᠢᠯᠠᠬᠤ ᠬᠡᠷᠡᠭᠲᠡᠢ᠃       ᠳᠣᠯᠣᠳᠤᠭᠠᠷ ᠵᠦᠢᠯ ᠭᠡᠷ᠎ᠡ ᠨᠢ ᠳᠣᠣᠷᠠᠬᠢ ᠵᠢᠷᠤᠮ ᠢᠶᠠᠷ ᠶᠠᠪᠤᠭᠳᠠᠨ᠎ᠠ :       ︵ᠨᠢᠭᠡ︶ ᠪᠣᠯᠵᠣᠨ ᠶᠠᠷᠢᠯᠴᠠᠬᠤ ᠪᠡᠯᠡᠳᠬᠡᠯ᠃ ᠪᠣᠯᠵᠣᠨ ᠬᠡᠯᠡᠯᠴᠡᠬᠦ ᠶᠢ ᠵᠣᠬᠢᠶᠠᠨ ᠪᠠᠶᠢᠭᠤᠯᠤᠭᠰᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠪᠣᠯᠵᠣᠨ ᠶᠠᠷᠢᠯᠴᠠᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠮᠡᠳᠡᠭᠳᠡᠯ ᠤᠨ ᠪᠢᠴᠢᠭ ᠲᠡᠭᠡᠨ ᠪᠣᠯᠵᠣᠨ ᠶᠠᠷᠢᠯᠴᠠᠬᠤ ᠨᠢᠭᠡᠴᠢ ᠶᠢᠨ ᠨᠡᠷᠡᠶᠢᠳᠦᠯ᠂ ᠪᠣᠯᠵᠣᠨ ᠶᠠᠷᠢᠯᠴᠠᠬᠳᠠᠬᠰᠠᠨ ᠬᠥᠮᠥᠨ᠂ ᠪᠣᠯᠵᠣᠨ ᠶᠠᠷᠢᠯᠴᠠᠭᠰᠠᠨ ᠵᠦᠢᠯᠡᠰ᠂ ᠪᠣᠯᠵᠣᠨ ᠶᠠᠷᠢᠯᠴᠠᠬᠤ ᠴᠠᠭ᠂ ᠪᠣᠯᠵᠣᠨ ᠶᠠᠷᠢᠯᠴᠠᠬᠤ ᠭᠠᠵᠠᠷ᠂ ᠲᠤᠰᠢᠶᠠᠬᠤ ᠴᠢᠬᠤᠯᠠᠲᠠᠢ ᠬᠠᠮᠢᠶ᠎ᠠ ᠪᠦᠬᠦᠢ ᠮᠠᠲ᠋ᠧᠷᠢᠶᠠᠯ ᠵᠡᠷᠭᠡ ᠶᠢ ᠲᠣᠳᠣᠷᠬᠠᠶᠢᠯᠠᠨ ᠪᠢᠴᠢᠵᠦ᠂ ᠪᠣᠯᠵᠣᠨ ᠶᠠᠷᠢᠯᠴᠠᠭᠰᠠᠨ ᠨᠢᠭᠡᠴᠢ ᠨᠢ ᠪᠣᠯᠵᠣᠨ ᠶᠠᠷᠢᠯᠴᠠᠭᠰᠠᠨ ᠬᠥᠮᠥᠨ ᠳᠤ ᠴᠠᠭ ᠲᠤᠬᠠᠢ ᠳᠤᠨᠢ ᠮᠡᠳᠡᠭᠳᠡᠵᠦ ᠱᠠᠭᠠᠷᠳᠠᠯᠭ᠎ᠠ ᠶᠣᠰᠣᠭᠠᠷ ᠵᠣᠬᠢᠬᠤ ᠪᠡᠯᠡᠳᠬᠡᠯ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ       ︵ᠬᠤᠶᠠᠷ︶ ᠬᠡᠷᠡᠭᠵᠢᠭᠦᠯᠬᠦ ᠪᠠᠷ ᠪᠣᠯᠵᠣᠵᠤ ᠶᠠᠷᠢᠯᠴᠠᠬᠤ᠃ ᠪᠣᠯᠵᠣᠨ ᠶᠠᠷᠢᠯᠴᠠᠬᠤ ᠶᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠬᠤ ᠤᠳᠤᠷᠢᠳᠤᠯᠭ᠎ᠠ ᠡᠷᠭᠢᠯᠡᠨ᠎ᠡ᠃ ᠪᠣᠯᠵᠣᠨ ᠲᠣᠭᠲᠠᠭᠰᠠᠨ ᠬᠥᠮᠥᠨ ᠪᠣᠯᠵᠣᠨ ᠶᠠᠷᠢᠯᠴᠠᠭᠰᠠᠨ ᠵᠦᠢᠯ ᠤᠳ ᠤᠨ ᠢᠶᠠᠨ ᠶᠣᠰᠣᠭᠠᠷ ᠬᠠᠷᠢᠭᠤ ᠮᠡᠳᠡᠭᠦᠯᠦᠯᠲᠡ ᠬᠢᠨ᠎ᠡ︔ ᠪᠣᠯᠵᠣᠨ ᠶᠠᠷᠢᠯᠴᠠᠬᠤ ᠳᠤᠭᠤᠶᠢᠯᠠᠩ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠤᠯᠭᠠᠨ ᠠᠰᠠᠭᠤᠯᠲᠠ ᠬᠢᠬᠦ ᠳᠤ᠂ ᠪᠣᠯᠵᠣᠨ ᠶᠠᠷᠢᠯᠴᠠᠬᠤ ᠬᠥᠮᠥᠨ ᠨᠢ ᠬᠠᠷᠢᠭᠤᠯᠲᠠ ᠥᠭᠬᠦ ᠬᠡᠷᠡᠭᠲᠡᠢ︔ ᠪᠣᠯᠵᠣᠨ ᠶᠠᠷᠢᠯᠴᠠᠬᠤ ᠳᠤᠭᠤᠶᠢᠯᠠᠩ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠳᠤᠷᠠᠳᠴᠤ᠂ ᠪᠣᠯᠵᠣᠨ ᠶᠠᠷᠢᠯᠴᠠᠬᠤ ᠳᠤᠭᠤᠶᠢᠯᠠᠩ ᠨᠢ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢᠨ ᠲᠤᠬᠠᠢ ᠠᠮᠠᠯᠠᠯᠲᠠ ᠬᠢᠪᠡ᠃       ︵ᠭᠤᠷᠪᠠ︶ ᠪᠣᠯᠵᠣᠨ ᠶᠠᠷᠢᠯᠴᠠᠭᠰᠠᠨ ᠦᠷ᠎ᠡ ᠳ᠋ᠦᠩ᠃ ᠪᠣᠯᠵᠣᠨ ᠶᠠᠷᠢᠯᠴᠠᠬᠤ ᠳᠤ ᠪᠣᠯᠵᠣᠨ ᠶᠠᠷᠢᠯᠴᠠᠬᠤ ᠠᠭᠤᠯᠭ᠎ᠠ ᠶᠢᠨ ᠲᠡᠮᠳᠡᠭᠯᠡᠯ ᠢ ᠰᠠᠶᠢᠲᠤᠷ ᠭᠦᠢᠴᠡᠳᠬᠡᠵᠦ᠂ ᠪᠣᠯᠵᠣᠨ ᠶᠠᠷᠢᠯᠴᠠᠬᠤ ᠪᠢᠴᠢᠭ ᠤᠨ ᠰᠠᠨᠠᠭᠤᠯᠤᠮᠵᠢ ᠪᠤᠶᠤ ᠬᠤᠷᠠᠯ ᠤᠨ ᠲᠣᠪᠴᠢ ᠶᠢ ᠪᠤᠢ ᠪᠤᠯᠭᠠᠵᠤ᠂ ᠪᠣᠯᠵᠣᠨ ᠶᠠᠷᠢᠯᠴᠠᠬᠤ ᠨᠢᠭᠡᠴᠢ ᠳᠤ ᠬᠦᠷᠭᠡᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠪᠣᠯᠵᠣᠨ ᠬᠡᠯᠡᠯᠴᠡᠵᠦ ᠪᠠᠶᠢᠭ᠎ᠠ ᠨᠢᠭᠡᠴᠢ ᠪᠣᠯᠵᠣᠨ ᠬᠡᠯᠡᠯᠴᠡᠵᠦ ᠪᠠᠶᠢᠭ᠎ᠠ ᠱᠠᠭᠠᠷᠳᠠᠯᠭ᠎ᠠ ᠶᠢ ᠦᠨᠳᠦᠰᠦᠯᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢᠨ ᠬᠠᠮᠲᠤ ᠪᠣᠯᠵᠣᠨ ᠶᠠᠷᠢᠯᠴᠠᠭᠰᠠᠨ ᠤ ᠳᠠᠷᠠᠭ᠎ᠠ 15 ᠡᠳᠦᠷ ᠤᠨ ᠳᠣᠲᠣᠷ᠎ᠠ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠪᠢᠴᠢᠭ ᠢᠶᠠᠷ ᠮᠡᠳᠡᠭᠦᠯᠦᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠵᠣᠨ ᠲᠣᠭᠲᠠᠭᠰᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃       ᠨᠠᠢᠮᠠᠳᠤᠭᠠᠷ ᠵᠦᠢᠯ ᠪᠣᠯᠵᠣᠨ ᠬᠡᠯᠡᠯᠴᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠣᠯᠵᠣᠨ ᠶᠠᠷᠢᠯᠴᠠᠬᠤ ᠲᠣᠪᠴᠢ ᠵᠡᠷᠭᠡ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠪᠣᠯᠵᠣᠨ ᠶᠠᠷᠢᠯᠴᠠᠬᠤ ᠵᠢᠴᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠤᠰᠢᠭᠤ ᠵᠠᠰᠠᠭ ᠤᠨ ᠣᠷᠳᠣᠨ ᠪᠣᠯᠣᠨ ᠳᠡᠭᠡᠷ᠎ᠡ ᠨᠢᠭᠡ ᠱᠠᠲᠤᠨ ᠤ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ᠃       ᠶᠢᠰᠦᠳᠦᠭᠡᠷ ᠵᠦᠢᠯ ᠪᠣᠯᠵᠣᠨ ᠲᠣᠭᠲᠠᠭᠰᠠᠨ ᠬᠥᠮᠥᠨ ᠨᠢ ᠪᠣᠯᠵᠣᠨ ᠬᠡᠯᠡᠯᠴᠡᠬᠦ ᠳᠤ ᠴᠠᠭ ᠲᠤᠬᠠᠢ ᠳᠤᠨᠢ ᠣᠷᠤᠯᠴᠠᠬᠤ ᠬᠡᠷᠡᠭᠲᠡᠢ᠃ ᠦᠨᠡᠨᠬᠦ ᠣᠨᠴᠠᠭᠠᠢ ᠪᠠᠶᠢᠳᠠᠯ ᠠᠴᠠ ᠪᠣᠯᠵᠤ ᠪᠣᠯᠵᠣᠨ ᠶᠠᠷᠢᠯᠴᠠᠬᠤ ᠳᠤ ᠴᠠᠭ ᠲᠠᠭᠠᠨ ᠣᠷᠣᠯᠴᠠᠵᠤ ᠳᠡᠶᠢᠯᠭᠦ ᠦᠭᠡᠢ ᠪᠣᠯ᠂ ᠪᠣᠯᠵᠣᠨ ᠶᠠᠷᠢᠯᠴᠠᠬᠤ ᠨᠢᠭᠡᠴᠢ ᠨᠢ ᠪᠣᠯᠵᠣᠨ ᠶᠠᠷᠢᠯᠴᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠳᠠᠯ ᠢᠶᠠᠨ ᠴᠠᠭ ᠲᠤᠬᠠᠢ ᠳᠤᠨᠢ ᠪᠢᠴᠢᠭ ᠢᠶᠠᠷ ᠮᠡᠳᠡᠭᠦᠯᠵᠦ᠂ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠨᠠᠶᠢᠳᠠᠵᠤ ᠪᠣᠯᠵᠣᠨ ᠬᠡᠯᠡᠯᠴᠡᠬᠦ ᠳᠤ ᠣᠷᠣᠯᠴᠠᠭᠤᠯᠵᠤ ᠪᠣᠯᠣᠨ᠎ᠠ᠃       ᠪᠣᠯᠵᠣᠨ ᠬᠡᠯᠡᠯᠴᠡᠬᠦ ᠪᠠᠷ ᠭᠥᠯᠢᠶᠡᠨ ᠠᠪᠤᠭᠰᠠᠨ ᠦᠭᠡᠢ ᠪᠤᠶᠤ ᠲᠣᠭᠲᠠᠭᠠᠯ ᠶᠣᠰᠣᠭᠠᠷ ᠪᠣᠯᠵᠣᠨ ᠬᠡᠯᠡᠯᠴᠡᠭᠰᠡᠨ ᠦᠭᠡᠢ ᠪᠠᠶᠢᠪᠠᠯ᠂ ᠪᠣᠯᠵᠣᠨ ᠬᠡᠯᠡᠯᠴᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠮᠡᠳᠡᠭᠡᠯᠡᠨ ᠰᠢᠭᠦᠮᠵᠢᠯᠡᠬᠦ ᠶᠢᠨ ᠬᠠᠮᠲᠤ᠂ ᠣᠨ ᠤ ᠰᠢᠯᠭᠠᠨ ᠬᠢᠨᠠᠵᠤ ᠦᠨᠡᠯᠡᠬᠦ ᠳᠤ ᠣᠷᠣᠭᠤᠯᠤᠨ᠎ᠠ᠃       ᠠᠷᠪᠠᠳᠤᠭᠠᠷ ᠵᠦᠢᠯ ᠪᠣᠯᠵᠣᠨ ᠲᠣᠬᠲᠠᠬᠳᠠᠵᠤ ᠪᠠᠶᠢᠭ᠎ᠠ ᠨᠢᠭᠡᠴᠢ ᠪᠣᠯᠵᠣᠨ ᠲᠣᠭᠲᠠᠭᠰᠠᠨ ᠢ ᠦᠨᠳᠦᠰᠦᠯᠡᠨ ᠴᠡᠭᠴᠡᠯᠡᠨ ᠥᠭᠡᠷᠡᠴᠢᠯᠡᠭᠰᠡᠨ ᠦᠭᠡᠢ ᠪᠠᠶᠢᠪᠠᠯ᠂ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃       ᠠᠷᠪᠠᠨ ᠨᠢᠭᠡᠳᠦᠭᠡᠷ ᠵᠦᠢᠯ ᠲᠤᠰ ᠪᠣᠯᠵᠣᠨ ᠶᠠᠷᠢᠯᠴᠠᠬᠤ ᠳᠦᠷᠢᠮ ᠨᠢ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠣᠷᠣᠯᠠᠬᠤ ᠦᠭᠡᠢ᠂ ᠪᠣᠯᠵᠣᠨ ᠶᠠᠷᠢᠯᠴᠠᠬᠤ ᠶᠢ ᠵᠣᠬᠢᠶᠠᠨ ᠪᠠᠶᠢᠭᠤᠯᠤᠭᠰᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠷᠬᠡ ᠲᠠᠢ ᠰᠠᠯᠠᠭ᠎ᠠ ᠮᠥᠴᠢᠷ ᠲᠤ ᠰᠢᠢᠳᠪᠦᠷᠢᠯᠡᠬᠦ ᠰᠠᠨᠠᠭᠤᠯᠭ᠎ᠠ ᠳᠤᠷᠠᠳᠴᠤ ᠪᠣᠯᠣᠨ᠎ᠠ᠃ ᠪᠣᠯᠵᠣᠨ ᠶᠠᠷᠢᠯᠴᠠᠬᠳᠠᠬᠴᠢ  ᠨᠢ ᠠᠳᠡᠯ ᠤᠨ ᠬᠠᠷᠢᠭᠤᠴᠠᠯᠭ᠎ᠠ᠂ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠪᠤᠶᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠮᠲᠤ ᠳᠤᠨᠢ ᠡᠭᠦᠷᠭᠡᠯᠡᠬᠦ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃       ᠠᠷᠪᠠᠨ ᠬᠤᠶᠠᠳᠤᠭᠠᠷ ᠵᠦᠢᠯ ᠲᠤᠰ ᠳᠦᠷᠢᠮ ᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃       ᠠᠷᠪᠠᠨ ᠭᠤᠷᠪᠠᠳᠤᠭᠠᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃       ᠬᠠᠪᠰᠤᠷᠤᠯᠲᠠ3       ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠣᠲᠣᠭᠠᠳᠤ ᠶᠢᠨ ᠬᠢᠨᠠᠨ ᠪᠠᠶᠢᠴᠠᠭᠠᠯᠲᠠ       ᠠᠵᠢᠯ ᠤᠨ ᠵᠦᠭᠯᠡᠭᠦᠷ       ︵ᠲᠤᠷᠰᠢᠨ ᠬᠡᠷᠡᠭᠵᠢᠭᠦᠯᠬᠦ︶       ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠪᠣᠯ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠦᠭᠡᠶᠢᠰᠭᠡᠭᠦ ᠦᠭᠡᠢ ᠪᠤᠶᠤ ᠬᠢᠵᠠᠭᠠᠷᠯᠠᠬᠤ ᠴᠢᠬᠤᠯᠠ ᠲᠣᠭᠲᠠᠴᠠ ᠪᠣᠯᠣᠨ᠎ᠠ᠃ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠶᠢᠨ ᠲᠤᠰᠠᠳᠠ᠂ ︽ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠶᠣᠰᠣᠭᠠᠷ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠵᠦᠭᠯᠡᠭᠦᠷ ᠢ ᠲᠣᠭᠲᠠᠭᠠᠪᠠ᠂ ᠪᠣᠳᠠᠲᠠᠢ ᠵᠦᠢᠯᠡᠰ ᠨᠢ ᠳᠣᠣᠷᠠᠬᠢ ᠮᠡᠲᠦ᠄       ᠨᠢᠭᠡ᠂ ᠬᠢᠨᠠᠨ ᠪᠠᠶᠢᠴᠠᠭᠠᠬᠤ ᠦᠨᠳᠦᠰᠦᠯᠡᠯ       ︵ᠨᠢᠭᠡ︶︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ︾ ︵2012 2012ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︔       ︵ᠬᠤᠶᠠᠷ︶︽ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 783 ᠳ᠋ᠤᠭᠠᠷ ᠲᠣᠭᠠᠲᠤ︶︔       ︵ᠭᠤᠷᠪᠠ︶︽ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︵2016︶34 201634ᠳ᠋ᠦ᠋ᠭᠡᠷ ᠲᠣᠭᠠᠲᠤ︶︔       ︵ᠳᠥᠷᠪᠡ︶︽ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ︵ᠲᠥᠷᠥ ᠬᠤᠲᠠ ᠶᠢᠨ ᠬᠢᠨᠠᠨ ᠬᠠᠮᠢᠶᠠᠷᠴᠤ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠳᠦᠷᠢᠮ ︵2021︶2 20212ᠳ᠋ᠤᠭᠠᠷ ᠲᠣᠭᠠᠲᠤ︶︔       ︵ᠲᠠᠪᠤ︶︽ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ ᠬᠦᠷᠢᠶᠡᠨ ᠳᠠᠬᠢ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ︾ ︵2014 2014ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶︔       ︵ᠵᠢᠷᠭᠤᠭ᠎ᠠ︶︽ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠬᠥᠮᠥᠷᠭᠡ ︵2019︶38 201938ᠳ᠋ᠤᠭᠠᠷ ᠲᠣᠭᠠᠲᠤ︶︔       ︵ᠳᠣᠯᠤᠭ᠎ᠠ︶︽ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠲᠦᠷᠭᠡᠳᠬᠡᠨ ᠲᠡᠭᠦᠯᠳᠡᠷᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵2020 2020ᠣᠨ ᠤ 5 ᠰᠠᠷ᠎ᠠ︶︔       ︵ᠨᠠᠢᠮᠠ︶︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 722 ᠳ᠋ᠤᠭᠠᠷ ᠲᠣᠭᠠᠲᠤ︶︔       ︵ᠶᠢᠰᠦ︶︽ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠯᠲᠡ ᠶᠢ ᠬᠡᠷᠡᠭᠵᠢᠭᠦᠯᠬᠦ ᠵᠦᠭᠯᠡᠭᠦᠷ︾ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 2023 ᠣᠨ ᠤ 4 ᠳ᠋ᠦ᠋ᠭᠡᠷ ᠰᠠᠷ᠎ᠠ︶︔       ︵ᠠᠷᠪᠠ︶ ᠡᠯ᠎ᠡ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠤ ᠲᠣᠭᠲᠠᠭᠠᠭᠰᠠᠨ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠵᠢᠴᠢ ᠵᠦᠭᠯᠡᠭᠦᠷ᠃       ᠬᠤᠶᠠᠷ᠂ ᠬᠢᠨᠠᠨ ᠪᠠᠶᠢᠴᠠᠭᠠᠬᠤ ᠬᠡᠪᠴᠢᠶ᠎ᠡ       ᠡᠵᠡᠩᠨᠡᠭᠴᠢᠳ ᠤᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠳᠦᠷᠢᠮᠵᠢᠭᠰᠡᠨ ᠪᠢᠴᠢᠭ ᠮᠠᠲ᠋ᠧᠷᠢᠶᠠᠯ ᠵᠢᠴᠢ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︵ᠳᠣᠷᠣᠭᠰᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠭᠡᠵᠦ ᠨᠢᠭᠡᠳᠦᠯᠲᠡᠢ ᠨᠡᠷᠡᠯᠡᠨ᠎ᠡ︶ ᠶᠢ ᠲᠤᠭᠤᠷᠪᠢᠵᠤ᠂ ᠬᠤᠰᠢᠭᠤᠨ ᠤ ᠰᠢᠭᠤᠳ ᠵᠠᠰᠠᠭ ᠵᠠᠬᠢᠷᠭᠠᠨ ᠤ ᠪᠠᠶᠢᠭᠤᠯᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠨᠢᠭᠡᠳᠦᠯᠲᠡᠢ ᠪᠠᠷ ᠲᠤᠭᠤᠷᠪᠢᠨ ᠪᠢᠴᠢᠬᠦ ᠨᠢᠭᠡᠴᠢ ᠭᠡᠵᠦ ᠨᠡᠷᠡᠯᠡᠨ᠎ᠡ︶ ᠨᠢ ᠳᠦᠷᠢᠮ ᠤᠨ ᠲᠣᠭᠲᠠᠭᠠᠯ ᠶᠣᠰᠣᠭᠠᠷ ᠡᠷᠬᠡ ᠲᠡᠭᠰᠢ ᠪᠠᠷ ᠥᠷᠢᠰᠦᠯᠳᠦᠬᠦ ᠬᠢᠨᠠᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃       ᠭᠤᠷᠪᠠ᠂ ᠬᠢᠨᠠᠨ ᠪᠠᠶᠢᠴᠠᠭᠠᠬᠤ ᠳᠡᠰ ᠳᠠᠷᠠᠭᠠᠯᠠᠯ       ︵ᠨᠢᠭᠡ︶ ᠬᠢᠨᠠᠨ ᠪᠠᠶᠢᠴᠠᠭᠠᠬᠤ ᠴᠢᠬᠤᠯᠠ ᠲᠠᠢ ᠡᠰᠡᠬᠦ᠃ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠳᠤ ᠯᠡ ᠭᠦᠷᠪᠡᠯ᠂ ︽ᠬᠡᠨ ᠲᠤᠭᠤᠷᠪᠢᠪᠠᠯ᠂ ᠲᠡᠷᠡ ᠬᠢᠨᠠᠨ ᠪᠠᠶᠢᠴᠠᠭᠠᠬᠤ︾ ᠵᠠᠷᠴᠢᠮ ᠤᠨ ᠶᠣᠰᠣᠭᠠᠷ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠦᠭᠡᠢ ᠪᠣᠯ᠂ ᠬᠢᠨᠠᠨ ᠪᠠᠶᠢᠴᠠᠭᠠᠬᠤ ᠴᠢᠬᠤᠯᠠ ᠦᠭᠡᠢ ᠪᠣᠯᠣᠨ᠎ᠠ᠃       1. ᠬᠢᠨᠠᠨ ᠪᠠᠶᠢᠴᠠᠭᠠᠬᠤ ᠡᠲᠡᠭᠡᠳ᠄ ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠡᠷᠭᠡ ︵︽ᠨᠢᠭᠡ ᠶᠠᠪᠤᠳᠠᠯ ᠢ ᠨᠢᠭᠡ ᠵᠥᠪᠯᠡᠬᠦ︾ ᠵᠦᠢᠯ ᠪᠠᠭᠲᠠᠨ᠎ᠠ︶ ᠶᠢ ᠬᠢᠨᠠᠨ ᠪᠠᠶᠢᠴᠠᠭᠠᠨ᠎ᠠ᠃       2. ᠮᠠᠭᠠᠳᠯᠠᠬᠤ ᠪᠠᠷᠢᠮᠵᠢᠶ᠎ᠠ᠄ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠠᠰᠢᠭ ᠢ ᠨᠥᠯᠥᠭᠡᠯᠡᠬᠦ ᠡᠰᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠦᠭᠡᠶᠢᠰᠭᠡᠭᠦ ᠡᠰᠡᠬᠦ᠂ ᠬᠢᠵᠠᠭᠠᠷᠯᠠᠬᠤ ᠵᠡᠷᠭᠡ᠃       ︵ᠬᠤᠶᠠᠷ︶ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠡᠰᠡᠬᠦ       1. ᠬᠢᠨᠠᠨ ᠪᠠᠶᠢᠴᠠᠭᠠᠬᠤ ᠪᠠᠷᠢᠮᠵᠢᠶ᠎ᠠ᠄ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠪᠠᠷᠢᠮᠵᠢᠶ᠎ᠠ᠂ ᠲᠠᠸᠠᠷ ᠪᠠ ᠬᠦᠴᠦᠨ ᠵᠦᠢᠯ ᠤᠨ ᠴᠢᠯᠦᠭᠡᠲᠡᠢ ᠰᠢᠯᠵᠢᠭᠦ ᠪᠠᠷᠢᠮᠵᠢᠶ᠎ᠠ᠂ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠤᠨ ᠪᠠᠷᠢᠮᠵᠢᠶ᠎ᠠ ᠶᠢ ᠨᠥᠯᠥᠭᠡᠯᠡᠬᠦ᠂ ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠬᠦ ᠦᠢᠯᠡ ᠠᠵᠢᠯᠯᠠᠭ᠎ᠠ ᠶᠢᠨ ᠪᠠᠷᠢᠮᠵᠢᠶ᠎ᠠ ᠵᠡᠷᠭᠡ ᠶᠢ ᠪᠠᠭᠲᠠᠭᠠᠨ᠎ᠠ᠃       2. ᠪᠠᠶᠢᠳᠠᠯ ᠢ ᠵᠠᠳᠠᠯᠬᠤ᠄ ᠬᠠᠷᠢᠴᠠᠭᠤᠯᠤᠨ ᠬᠢᠨᠠᠨ ᠪᠠᠶᠢᠴᠠᠭᠠᠬᠤ ᠪᠠᠷᠢᠮᠵᠢᠶ᠎ᠠ ᠨᠢᠭᠡᠳ ᠨᠢᠭᠡ ᠪᠠᠷ ᠬᠢᠨᠠᠨ ᠪᠠᠶᠢᠴᠠᠭᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠠᠮᠢᠶ᠎ᠠ ᠪᠦᠬᠦᠢ ᠲᠣᠭᠲᠠᠭᠠᠯ ᠠᠴᠠ ᠦᠯᠦ ᠵᠥᠷᠢᠴᠡᠭᠰᠡᠨ ᠢ ᠦᠨᠡᠨᠬᠦ ᠪᠠᠲᠤᠯᠠᠬᠤ ᠬᠡᠷᠡᠭᠲᠡᠢ᠃       ︵ᠭᠤᠷᠪᠠ︶ ᠣᠨᠴᠠᠭᠠᠢ ᠲᠣᠭᠲᠠᠭᠠᠯ ᠢ ᠬᠡᠷᠡᠭᠯᠡᠬᠦ ᠡᠰᠡᠬᠦ       1. ᠣᠨᠴᠠᠭᠠᠢ ᠲᠣᠭᠲᠠᠭᠠᠯ᠄ ︽ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ︾ ᠤᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠢ ᠬᠡᠷᠡᠭᠯᠡᠬᠦ ᠡᠰᠡᠬᠦ᠃       2. ᠬᠡᠷᠡᠭᠯᠡᠭᠰᠡᠨ ᠪᠠᠶᠢᠳᠠᠯ᠄ ᠬᠡᠷᠪᠡ ᠣᠨᠴᠠᠭᠠᠢ ᠲᠣᠭᠲᠠᠭᠠᠯ ᠢ ᠬᠡᠷᠡᠭᠯᠡᠪᠡᠯ ᠪᠠᠶᠢᠳᠠᠯ ᠢ ᠭᠦᠢᠴᠡᠳ ᠲᠣᠳᠣᠷᠬᠠᠶᠢᠯᠠᠬᠤ ᠶᠢᠨ ᠬᠠᠮᠲᠤ ᠦᠨᠡᠯᠡᠨ ᠵᠢᠱᠢᠯᠲᠡ ᠬᠢᠬᠦ ᠴᠢᠬᠤᠯᠠ ᠲᠠᠢ᠃       ︵ᠳᠥᠷᠪᠡ︶ ᠰᠠᠨᠠᠯ ᠡᠯᠰᠡᠬᠦ ᠳᠡᠰ ᠳᠠᠷᠠᠭᠠᠯᠠᠯ       1. ᠡᠷᠬᠡ ᠲᠡᠭᠰᠢ ᠪᠠᠷ ᠥᠷᠢᠰᠦᠯᠳᠦᠬᠦ ᠳᠤ ᠦᠵᠡᠭᠦᠯᠭᠦ ᠨᠥᠯᠥᠭᠡ ᠶᠢᠨ ᠲᠤᠬᠠᠢ ᠬᠤᠯᠪᠣᠭᠳᠠᠯ ᠪᠦᠬᠦᠢ ᠡᠵᠡᠩᠨᠡᠭᠴᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠨ ᠤ ᠨᠡᠶᠢᠭᠡᠮᠯᠢᠭ ᠵᠡᠷᠭᠡ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠰᠠᠨᠠᠯ ᠢ ᠬᠤᠷᠢᠶᠠᠨ᠎ᠠ︔       2. ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ ᠪᠠᠶᠢᠪᠠᠯ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠵᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠣᠨᠣᠪᠴᠢᠲᠤ ᠴᠢᠨᠠᠷ ᠪᠠ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠦᠨᠡᠨᠬᠦ ᠪᠠᠲᠤᠯᠠᠨ᠎ᠠ᠃       ᠲᠤᠭᠤᠷᠪᠢᠨ ᠪᠢᠴᠢᠬᠦ ᠨᠢᠭᠡᠴᠢ ᠨᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠰᠠᠨᠠᠯ ᠢ ᠡᠯᠰᠡᠬᠦ᠂ ᠬᠠᠮᠲᠤᠷᠠᠨ ᠭᠠᠷ ᠤᠨ ᠦᠰᠦᠭ ᠵᠢᠷᠤᠬᠤ᠂ ᠬᠠᠮᠲᠤ ᠪᠠᠷ ᠬᠢᠨᠠᠨ ᠵᠥᠪᠯᠡᠬᠦ ᠵᠡᠷᠭᠡ ᠠᠷᠭ᠎ᠠ ᠭᠡᠯᠪᠡᠷᠢ ᠪᠠᠷ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠰᠠᠨᠠᠯ ᠢ ᠣᠷᠣᠯᠠᠨ ᠬᠤᠷᠢᠶᠠᠵᠤ ᠪᠤᠯᠬᠤ ᠦᠭᠡᠢ᠃       ︵ᠲᠠᠪᠤ︶ ᠬᠢᠨᠠᠨ ᠪᠠᠶᠢᠴᠠᠭᠠᠭᠰᠠᠨ ᠳ᠋ᠦᠩᠨᠡᠯᠲᠡ ᠶᠢ ᠪᠤᠢ ᠪᠣᠯᠭᠠᠨ᠎ᠠ       ᠳᠣᠲᠣᠭᠠᠳᠤ ᠶᠢᠨ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠬᠦ ᠳᠤ ︽ᠳᠦᠷᠢᠮ︾  ᠳᠤ ᠲᠣᠭᠲᠠᠭᠠᠭᠰᠠᠨ ᠬᠢᠨᠠᠨ ᠪᠠᠶᠢᠴᠠᠭᠠᠬᠤ ᠪᠠᠷᠢᠮᠵᠢᠶ᠎ᠠ ᠶᠣᠰᠣᠭᠠᠷ᠂ ᠦᠨᠡᠯᠡᠨ ᠵᠢᠱᠢᠵᠦ ᠡᠷᠬᠡ ᠲᠡᠭᠰᠢ ᠥᠷᠢᠰᠦᠯᠳᠦᠭᠡᠨ ᠤ ᠨᠥᠯᠥᠭᠡ ᠶᠢ ᠭᠥᠷᠳᠡᠭᠰᠡᠨ ᠤ ᠳᠠᠷᠠᠭ᠎ᠠ ᠬᠢᠨᠠᠨ ᠪᠠᠶᠢᠴᠠᠭᠠᠭᠰᠠᠨ ᠳ᠋ᠦᠩᠨᠡᠯᠲᠡ ᠭᠠᠷᠭᠠᠬᠤ ᠬᠡᠷᠡᠭᠲᠡᠢ︔ ︽ᠳᠦᠷᠢᠮ︾ ᠤᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠢ ᠬᠡᠷᠡᠭᠯᠡᠪᠡᠯ᠂ ᠬᠢᠨᠠᠨ ᠪᠠᠶᠢᠴᠠᠭᠠᠭᠰᠠᠨ ᠦᠷ᠎ᠡ ᠳ᠋ᠦᠩ ᠳᠡᠭᠡᠨ ᠨᠠᠷᠢᠨ ᠲᠣᠳᠣᠷᠬᠠᠶᠢᠯᠠᠬᠤ ᠬᠡᠷᠡᠭᠲᠡᠢ᠃       1. ᠬᠢᠨᠠᠨ ᠪᠠᠶᠢᠴᠠᠭᠠᠭᠰᠠᠨ ᠦᠷ᠎ᠡ ᠳ᠋ᠦᠩ᠄ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠡᠷᠡᠶᠢᠳᠦᠯ ᠂ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠳᠤ ᠬᠤᠯᠪᠣᠭᠳᠠᠬᠤ᠂ ᠰᠢᠨᠵᠢ ᠴᠢᠨᠠᠷ ᠤᠨ ᠲᠥᠷᠥᠯ ᠢᠯᠭᠠᠯ᠂ ᠲᠤᠭᠤᠷᠪᠢᠨ ᠪᠢᠴᠢᠬᠦ ᠪᠠᠶᠢᠭᠤᠯᠤᠮᠵᠢ᠂ ᠬᠢᠨᠠᠨ ᠪᠠᠶᠢᠴᠠᠭᠠᠬᠤ ᠪᠠᠶᠢᠭᠤᠯᠤᠮᠵᠢ᠂ ᠰᠠᠨᠠᠯ ᠰᠣᠨᠣᠰᠤᠭᠰᠠᠨ ᠪᠠᠶᠢᠳᠠᠯ᠂ ᠬᠢᠨᠠᠨ ᠪᠠᠶᠢᠴᠠᠭᠠᠭᠰᠠᠨ ᠳ᠋ᠦᠩᠨᠡᠯᠲᠡ᠂ ᠠᠰᠲᠠᠭᠠᠨ ᠲᠣᠭᠲᠠᠭᠠᠯ ᠢ ᠬᠡᠷᠡᠭᠯᠡᠭᠰᠡᠨ ᠪᠠᠶᠢᠳᠠᠯ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠤ ᠰᠠᠨᠠᠯ ᠵᠡᠷᠭᠡ ᠶᠢ ᠪᠠᠭᠲᠠᠭᠠᠨ᠎ᠠ᠃       2. ᠪᠢᠴᠢᠭ ᠤᠨ ᠭᠡᠯᠪᠡᠷᠢ᠄ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠡᠷᠬᠡᠪᠰᠢ ᠪᠢᠴᠢᠭ ᠤᠨ ᠭᠡᠯᠪᠡᠷᠢ ᠪᠠᠷ ᠲᠤᠰᠬᠠᠬᠤ ᠬᠡᠷᠡᠭᠲᠡᠢ᠂ ᠬᠢᠨᠠᠨ ᠪᠠᠶᠢᠴᠠᠭᠠᠭᠰᠠᠨ ᠦᠷ᠎ᠡ ᠳ᠋ᠦᠩ ᠪᠤᠢ ᠪᠣᠯᠤᠭᠰᠠᠨ ᠦᠭᠡᠢ ᠪᠣᠯ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠠᠷ ᠦᠵᠡᠬᠦ ᠬᠡᠷᠡᠭᠲᠡᠢ᠃       ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠡᠬᠡ ᠳᠠᠩᠰᠠ ᠪᠤᠶᠤ ᠨᠠᠷᠢᠨ ᠪᠦᠷᠢᠳᠬᠡᠯ ᠢ ᠪᠠᠶᠢᠭᠤᠯᠬᠤ ᠬᠡᠷᠡᠭᠲᠡᠢ᠃       ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠲᠤᠰ ᠨᠢᠭᠡᠴᠢ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠬᠢᠨᠠᠨ ᠪᠠᠶᠢᠴᠠᠭᠠᠵᠤ ᠰᠤᠭᠤᠴᠢᠨ ᠪᠠᠶᠢᠴᠠᠭᠠᠭᠰᠠᠨ ᠪᠠᠶᠢᠳᠠᠯ ᠢ ᠪᠦᠷᠢᠨ ᠭᠦᠢᠴᠡᠳ ᠲᠡᠮᠳᠡᠭᠯᠡᠵᠦ᠂ ᠪᠠᠶᠢᠴᠠᠭᠠᠨ ᠯᠠᠪᠯᠠᠬᠤ ᠬᠠᠮᠢᠶᠠᠷᠤᠯᠲᠠ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠳᠤ ᠳᠥᠭᠦᠮ ᠦᠵᠡᠭᠦᠯᠦᠨ᠎ᠡ᠃       ︵ᠳᠣᠯᠤᠭ᠎ᠠ︶ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃       ᠳᠥᠷᠪᠡ᠂ ᠬᠢᠨᠠᠨ ᠪᠠᠶᠢᠴᠠᠭᠠᠬᠤ ᠲᠣᠭᠲᠠᠴᠠ       ︵ᠨᠢᠭᠡ︶ ᠰᠠᠯᠠᠭ᠎ᠠ ᠮᠥᠴᠢᠷ ᠠᠴᠠ ᠨᠡᠶᠢᠲᠡᠯᠡᠬᠦ ᠪᠠᠷ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ᠂ ᠲᠤᠭᠤᠷᠪᠢᠨ ᠪᠢᠴᠢᠬᠦ ᠨᠢᠭᠡᠴᠢ ᠠᠴᠠ ᠲᠤᠭᠤᠷᠪᠢᠨ ᠪᠢᠴᠢᠬᠦ ᠱᠠᠲᠤ ᠦᠶ᠎ᠡ ᠳᠤ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠦᠨ᠎ᠡ᠃       ︵ᠬᠤᠶᠠᠷ︶ ᠣᠯᠠᠨ ᠰᠠᠯᠠᠭ᠎ᠠ ᠮᠥᠴᠢᠷ ᠬᠠᠮᠲᠤᠷᠠᠨ ᠨᠡᠶᠢᠲᠡᠯᠡᠬᠦ ᠪᠠᠷ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠯ᠂ ᠲᠦᠷᠦᠭᠦᠯᠡᠨ ᠲᠤᠭᠤᠷᠪᠢᠨ ᠪᠢᠴᠢᠬᠦ ᠨᠢᠭᠡᠴᠢ ᠠᠴᠠ ᠲᠤᠭᠤᠷᠪᠢᠨ ᠪᠢᠴᠢᠬᠦ ᠱᠠᠲᠤ ᠦᠶ᠎ᠡ ᠳᠤ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃       ︵ᠭᠤᠷᠪᠠ︶ ᠰᠤᠮᠤ ᠪᠠᠯᠭᠠᠰᠤᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠨᠢᠭᠡᠴᠢ ᠨᠦᠭᠦᠳ ᠠᠩᠬᠠᠨ ᠤ ᠬᠢᠨᠠᠯᠲᠠ ᠥᠷᠨᠢᠭᠦᠯᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠥᠰᠥᠯ ᠪᠠ ᠠᠩᠬᠠᠨ ᠤ ᠬᠢᠨᠠᠯᠲᠠ ᠶᠢᠨ ᠰᠠᠨᠠᠯ ᠢᠶᠠᠨ ᠠᠯᠠᠱᠠ ᠵᠡᠭᠦᠨ ᠬᠤᠰᠢᠭᠤᠨ ᠤ ︽ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠨᠢ ᠠᠵᠢᠯ ᠤᠨ ᠵᠢᠭᠠᠯᠲᠠ ᠲᠠᠢ ᠬᠠᠮᠲᠤᠷᠠᠨ ᠬᠢᠨᠠᠨ ᠪᠠᠶᠢᠴᠠᠭᠠᠬᠤ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠭᠡᠵᠦ ᠬᠢᠨᠠᠨ ᠪᠠᠶᠢᠴᠠᠭᠠᠯᠭᠠᠨ᠎ᠠ᠃       ᠲᠤᠭᠤᠷᠪᠢᠨ ᠪᠢᠴᠢᠬᠦ ᠨᠢᠭᠡᠴᠢ ᠶᠢᠨ ᠳᠣᠲᠣᠭᠠᠳᠤ ᠶᠢᠨ ᠬᠢᠨᠠᠨ ᠪᠠᠶᠢᠴᠠᠭᠠᠯᠲᠠ ᠳᠤ ︽ᠲᠤᠭᠤᠷᠪᠢᠨ ᠪᠢᠴᠢᠬᠦ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠬᠢᠬᠦ + ᠣᠨᠴᠠ ᠲᠣᠭᠲᠠᠭᠠᠭᠰᠠᠨ ᠰᠠᠯᠠᠭ᠎ᠠ ᠮᠥᠴᠢᠷ ᠳᠠᠭᠢᠨ ᠬᠢᠨᠠᠬᠤ︾  ᠶᠢ ᠬᠡᠷᠡᠭᠵᠢᠭᠦᠯᠬᠦ ᠥᠪᠡᠷ ᠢ ᠪᠠᠨ ᠬᠢᠨᠠᠨ ᠪᠠᠶᠢᠴᠠᠭᠠᠬᠤ ᠳᠡᠰ ᠳᠠᠷᠠᠭᠠᠯᠠᠯ᠃ ᠭᠤᠷᠪᠠᠳᠤᠭᠠᠷ ᠡᠲᠡᠭᠡᠳ ᠲᠤ ᠨᠠᠶᠢᠳᠠᠵᠤ ᠬᠠᠪᠰᠤᠷᠤᠭᠤᠯᠤᠨ ᠬᠢᠨᠠᠨ ᠪᠠᠶᠢᠴᠠᠭᠠᠯᠭᠠᠵᠤ ᠴᠦ ᠪᠣᠯᠣᠨ᠎ᠠ᠃       ︽ᠠᠯᠠᠱᠠ ᠵᠡᠭᠦᠨ ᠬᠤᠰᠢᠭᠤᠨ ᠤ ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠵᠤ ᠬᠢᠨᠠᠨ ᠪᠠᠶᠢᠴᠠᠭᠠᠬᠤ ᠪᠠ ᠠᠳᠡᠯ ᠪᠤᠷᠤᠭᠤ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ       ᠬᠠᠪᠰᠤᠷᠤᠯᠲᠠ 4. ᠬᠤᠰᠢᠭᠤ ᠰᠢᠭᠤᠳ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠨᠥᠯᠥᠭᠡᠯᠡᠬᠦ ᠦᠢᠯᠡ ᠠᠵᠢᠯᠯᠠᠭ᠎ᠠ ᠶᠢᠨ ᠲᠣᠭᠲᠠᠭᠠᠯ ᠳᠤ ᠨᠡᠶᠢᠴᠡᠭᠰᠡᠨ ᠵᠢᠭᠠᠯᠲᠠ ᠲᠣᠭᠠᠨ ᠤ ᠲᠣᠳᠣᠷᠬᠠᠢ ᠬᠠᠭᠤᠳᠠᠰᠤ ︵ᠲᠤᠷᠰᠢᠨ ᠬᠡᠷᠡᠭᠵᠢᠭᠦᠯᠬᠦ︶      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号