ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠬᠦᠴᠦᠨ ᠦᠭᠡᠢ ᠪᠣᠯᠭᠠᠬᠤ ᠵᠦᠢᠯᠡᠰ ᠤᠨ ᠭᠠᠷᠴᠠᠭ ︵2024 ᠣᠨ ᠤ ᠬᠡᠪᠯᠡᠯ︶ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/12/31
                       ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄            ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠣᠭᠲᠠᠭᠠᠬᠤ ᠥᠭᠡᠷᠡᠴᠢᠯᠡᠬᠦ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠪᠠ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ︵2023 ᠣᠨ ᠤ ᠬᠡᠪᠯᠡᠯ︶ ᠶᠢ ᠨᠡᠶᠢᠲᠡᠯᠡᠬᠦ ᠵᠢᠴᠢ ᠳᠣᠷᠣᠭᠰᠢ ᠪᠠᠭᠤᠯᠭᠠᠬᠤ ᠭᠠᠷᠴᠠᠭ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 19 ᠳ᠋ᠦ᠋ᠭᠡᠷ ᠲᠣᠭᠠᠲᠤ︶ ︽ᠠᠯᠠᠱᠠ ᠠᠶᠢᠮᠠᠭ ᠤᠨ ᠵᠠᠬᠢᠷᠭ᠎ᠠ ᠶᠢᠨ ᠠᠶᠢᠮᠠᠭ ᠤᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ︵2024 ᠣᠨ ᠤ ᠬᠡᠪᠯᠡᠯ︶ ᠵᠢᠴᠢ ᠳᠣᠷᠣᠭᠰᠢ ᠪᠠᠭᠤᠯᠭᠠᠬᠤ ᠭᠠᠷᠴᠠᠭ ᠢ ᠬᠦᠴᠦᠨ ᠦᠭᠡᠢ ᠪᠣᠯᠭᠠᠬᠤ ᠲᠤᠬᠠᠢ ᠮᠡᠳᠡᠭᠳᠡᠯ︾ ︵ᠠᠷᠤ ᠵᠠᠬᠢᠷᠭ᠎ᠠ ᠲᠠᠷᠬᠠᠭᠠᠭᠰᠠᠨ ﹇2024﹈ 25 ᠳ᠋ᠤᠭᠠᠷ ᠲᠣᠭᠠᠲᠤ︶ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ᠂ 5292 ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠲᠣᠬᠢᠷᠠᠭᠤᠯᠤᠯᠲᠠ ᠬᠢᠵᠦ ᠦᠯᠡᠳᠡᠭᠡᠬᠦ ᠪᠠᠷ ᠲᠣᠭᠲᠠᠵᠤ᠂ 236 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠬᠤ ᠪᠠᠷ ᠲᠣᠭᠲᠠᠪᠠ᠂ ᠡᠳᠦᠭᠡ ︽ᠠᠯᠠᠱᠠ ᠵᠡᠭᠦᠨ ᠬᠤᠰᠢᠭᠤᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ︵2024 ᠣᠨ ᠤ ᠬᠡᠪᠯᠡᠯ︶︾ ᠪᠠ ︽ᠠᠯᠠᠱᠠ ᠵᠡᠭᠦᠨ ᠬᠤᠰᠢᠭᠤᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠦᠴᠦᠨ ᠦᠭᠡᠢ ᠪᠣᠯᠭᠠᠬᠤ ᠵᠦᠢᠯᠡᠰ ᠤᠨ ᠭᠠᠷᠴᠠᠭ ︵2024 ᠣᠨ ᠤ ᠬᠡᠪᠯᠡᠯ︶︾ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠡᠷᠬᠡ ᠪᠠ ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠤᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ       ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠵᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠤᠯᠬᠤ ᠦᠭᠡᠢ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠬᠡᠷᠡᠭ ᠶᠠᠪᠤᠳᠠᠯ ᠢ ᠪᠦᠭᠦᠨ ᠢ ᠨᠠᠷᠢᠨ ᠪᠦᠷᠢᠳᠬᠡᠯ ᠤᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠪᠦᠷᠢᠳᠬᠡᠯ ᠠᠴᠠ ᠭᠠᠳᠠᠨ᠎ᠠ᠂ ᠵᠠᠰᠠᠭ ᠵᠠᠬᠢᠷᠭᠠᠨ ᠤ ᠡᠷᠬᠡ ᠶᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠤᠯᠬᠤ ᠦᠭᠡᠢ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠠᠷᠢᠨ ᠪᠦᠷᠢᠳᠬᠡᠯ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ᠂ ᠨᠡᠶᠢᠳᠡᠮ ᠬᠢᠵᠦ ᠪᠠᠶᠢᠭ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠢᠨᠠᠨ ᠬᠠᠮᠢᠶᠠᠷᠤᠯᠲᠠ ᠶᠢᠨ ᠠᠵᠢᠯ ᠤᠨ ᠳᠤᠮᠳᠠ ᠨᠠᠶᠢᠳᠠᠪᠤᠷᠢᠵᠢᠭᠤᠯᠤᠨ᠎ᠠ᠃       ᠬᠤᠶᠠᠷ᠂ ᠬᠦᠴᠦᠨ ᠦᠭᠡᠢ ᠪᠤᠯᠭᠠᠬᠤ ᠵᠦᠢᠯᠡᠰ ᠤᠨ ᠭᠠᠷᠴᠠᠭ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ       ᠬᠤᠰᠢᠭᠤᠨ ᠤ ᠡᠯ᠎ᠡ ᠰᠠᠯᠠᠭ᠎ᠠ ᠮᠥᠴᠢᠷ ᠨᠢ ᠲᠥᠷᠥᠯ ᠵᠦᠢᠯ ᠤᠨ ᠭᠠᠷᠴᠠᠭ ᠤᠨ ᠵᠠᠰᠠᠭ ᠵᠠᠬᠢᠷᠭᠠᠨ ᠤ ᠡᠷᠬᠡ ᠶᠢᠨ ᠶᠠᠪᠤᠳᠠᠯ ᠢ ᠬᠦᠴᠦᠨ ᠦᠭᠡᠢ ᠪᠤᠯᠭᠠᠬᠤ ᠠᠵᠢᠯ ᠢ ᠰᠠᠶᠢᠲᠤᠷ ᠭᠦᠢᠴᠡᠳᠬᠡᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠲᠣᠳᠣᠷᠬᠠᠢ ᠬᠦᠴᠦᠨ ᠦᠭᠡᠢ ᠪᠤᠯᠭᠠᠬᠤ ᠵᠦᠢᠯᠡᠰ ᠢ ᠴᠥᠮ ᠬᠡᠷᠡᠭᠵᠢᠭᠦᠯᠬᠦ ᠪᠤᠶᠤ ᠭᠡᠯᠪᠡᠷᠢ ᠶᠢ ᠨᠢ ᠬᠤᠪᠢᠷᠠᠭᠤᠯᠤᠨ ᠬᠡᠷᠡᠭᠵᠢᠭᠦᠯᠵᠦ ᠪᠤᠯᠬᠤ ᠦᠭᠡᠢ︔ ︽ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2019﹈ 18 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ ᠦᠭᠡᠢ ᠪᠤᠯᠭᠠᠬᠰᠠᠨ ᠪᠤᠯᠪᠠᠴᠤ ᠮᠥᠨ ᠬᠦ ᠬᠢᠨᠠᠨ ᠬᠠᠮᠢᠶᠠᠷᠬᠤ ᠴᠢᠬᠤᠯᠠᠲᠠᠢ ᠵᠦᠢᠯᠡᠰ ᠢ ᠬᠦᠴᠦᠨ ᠦᠭᠡᠢ ᠪᠤᠯᠭᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃       ᠭᠤᠷᠪᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠦᠨ᠎ᠡ       ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠤᠷᠪᠠᠵᠢᠯᠲᠠ︾ ᠶᠢᠨ ᠬᠢᠷᠢ ᠲᠦᠪᠰᠢᠨ ᠢᠶᠠᠨ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠦᠵᠡᠭᠦᠯᠭᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠲᠤᠰ ᠮᠡᠳᠡᠭᠳᠡᠯ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠲᠤᠰ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠡᠷᠬᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠪᠦᠭᠦ ᠲᠠᠯ᠎ᠠ ᠪᠠᠷ ᠬᠦᠯᠢᠶᠡᠵᠦ᠂ ᠴᠤᠪᠤᠷᠠᠯ ᠢ ᠤᠯᠠᠮ ᠰᠢᠯᠢᠳᠡᠭᠵᠢᠭᠦᠯᠦᠨ᠂ ᠳᠡᠰ ᠳᠠᠷᠠᠭᠠᠯᠠᠯ ᠢ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠬᠡᠬᠦ ᠵᠠᠩᠭᠢᠯᠠᠭ᠎ᠠ᠂ ᠮᠠᠲ᠋ᠧᠷᠢᠶᠠᠯ ᠤᠨ ᠴᠠᠭ ᠬᠤᠭᠤᠴᠠᠭ᠎ᠠ ᠬᠢᠵᠠᠭᠠᠷ ᠢ ᠪᠠᠭᠠᠰᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠠᠴᠠ ᠭᠦᠢᠴᠡᠳᠬᠡᠵᠦ ᠪᠤᠯᠬᠤ ᠠᠴᠠ ᠭᠦᠢᠴᠡᠳᠬᠡᠬᠦ ᠳᠤ ᠭᠢᠯᠪᠠᠷ ᠳᠥᠭᠦᠮ ᠪᠤᠯᠭᠠᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃       ᠬᠠᠪᠰᠤᠷᠤᠯᠲᠠ        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号