| ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ : | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ ᠡᠷᠬᠡ ᠲᠡᠭᠰᠢ ᠪᠠᠷ | ᠥᠷᠢᠰᠦᠯᠳᠦᠬᠦ ᠶᠢ ᠬᠢᠨᠠᠨ ᠪᠠᠶᠢᠴᠠᠭᠠᠬᠤ ᠲᠣᠭᠲᠠᠭᠰᠠᠨ ᠬᠤᠭᠤᠴᠠᠭᠠᠨ ᠳᠤ ᠦᠨᠡᠯᠡᠨ ᠵᠢᠱᠢᠬᠦ ᠠᠵᠢᠯ ᠢ ᠡᠷᠴᠢᠮᠲᠡᠢ | ᠠᠬᠢᠭᠤᠯᠵᠤ᠂ ᠬᠡᠷᠡᠭᠵᠢᠭᠦᠯᠬᠦ ᠶᠠᠪᠤᠴᠠ ᠳᠤᠮᠳᠠ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠦᠷ᠎ᠡ | ᠪᠦᠲᠦᠮᠵᠢ ᠭᠠᠷᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠢᠯᠡᠷᠡᠭᠦᠯᠦᠨ | ᠰᠢᠢᠳᠪᠦᠷᠢᠯᠡᠬᠦ ᠶᠢᠨ ᠲᠥᠯᠥᠭᠡ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ | ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠡᠷᠬᠡ ᠲᠡᠭᠰᠢ ᠪᠠᠷ | ᠥᠷᠢᠰᠦᠯᠳᠦᠬᠦ ᠶᠢ ᠬᠢᠨᠠᠨ ᠪᠠᠶᠢᠴᠠᠭᠠᠬᠤ ᠲᠣᠭᠲᠠᠭᠰᠠᠨ ᠬᠤᠭᠤᠴᠠᠭᠠᠨ ᠳᠤ ᠦᠨᠡᠯᠡᠨ ᠵᠢᠱᠢᠬᠦ ᠠᠵᠢᠯ ᠤᠨ ᠳᠦᠷᠢᠮ︾ | ᠢ ᠲᠣᠭᠲᠠᠭᠠᠵᠤ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠷᠤᠮᠯᠠᠨ ᠬᠡᠷᠡᠭᠵᠢᠭᠦᠯᠬᠦ | ᠪᠣᠯᠪᠠᠤ᠃ | ᠬᠠᠪᠰᠤᠷᠤᠯᠲᠠ᠄ ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ | ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠬᠦ ᠠᠵᠢᠯ ᠤᠨ | ᠳᠦᠷᠢᠮ | ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | 2024 ᠣᠨ ᠤ 11 ᠰᠠᠷ᠎ᠠ ᠶᠢᠨ 15 ᠤ ᠡᠳᠦᠷ | | ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠴᠢ | ᠥᠷᠢᠰᠦᠯᠳᠦᠭᠡᠨ ᠢ ᠬᠢᠨᠠᠨ ᠪᠠᠶᠢᠴᠠᠭᠠᠬᠤ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠬᠦ ᠠᠵᠢᠯ ᠤᠨ ᠳᠦᠷᠢᠮ | ᠨᠢᠭᠡᠳᠦᠭᠡᠷ ᠵᠦᠢᠯ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ ᠡᠷᠬᠡ | ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠵᠤ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠬᠡᠷᠡᠭᠵᠢᠭᠦᠯᠬᠦ ᠶᠠᠪᠤᠴᠠ ᠳᠤ ᠥᠷᠢᠰᠦᠯᠳᠦᠬᠦ ᠦᠷ᠎ᠡ ᠳ᠋ᠦᠩ ᠢ ᠠᠷᠢᠯᠭᠠᠬᠤ᠂ ᠬᠢᠵᠠᠭᠠᠷᠯᠠᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠣᠯᠵᠤ ᠮᠡᠳᠡᠬᠦ ᠪᠠ ᠰᠢᠢᠳᠪᠦᠷᠢᠯᠡᠬᠦ ᠶᠢᠨ | ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ | ᠬᠠᠤᠯᠢ︾ ᠶᠢᠨ ︽ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ︾ ᠢ ᠦᠨᠳᠦᠰᠦᠯᠡᠨ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠳᠦᠷᠢᠮ ᠳᠤ ᠵᠢᠭᠠᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠳᠤ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ | ᠲᠣᠭᠲᠠᠭᠠᠭᠰᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠵᠠᠬ᠎ᠠ ᠳᠡᠯᠭᠡᠭᠦᠷ ᠠᠴᠠ ᠭᠠᠷᠭᠠᠬᠤ᠂ ᠠᠵᠤ | ᠦᠢᠯᠡᠰ ᠢ ᠬᠥᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ | ᠠᠵᠢᠯᠯᠠᠭ᠎ᠠ ᠶᠢ ᠵᠢᠷᠤᠮᠵᠢᠭᠤᠯᠬᠤ᠂ ᠬᠢᠷᠢ ᠭᠡᠮ ᠤᠨ ᠪᠠᠷᠢᠮᠵᠢᠶ᠎ᠠ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ | ᠡᠵᠡᠩᠨᠡᠭᠴᠢ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ | ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ︽ᠨᠢᠭᠡ ᠶᠠᠪᠤᠳᠠᠯ ᠢ ᠨᠢᠭᠡ ᠵᠥᠪᠯᠡᠬᠦ︾ | ᠭᠡᠯᠪᠡᠷᠢ ᠶᠢᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠭᠲᠠᠨ᠎ᠠ᠃ | ᠭᠤᠷᠪᠠᠳᠤᠭᠠᠷ ᠵᠦᠢᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠲᠣᠭᠲᠠᠮᠠᠯ ᠬᠤᠭᠤᠴᠠᠭ᠎ᠠ ᠲᠠᠢ | ᠦᠨᠡᠯᠡᠨ ᠵᠢᠱᠢᠬᠦ ᠭᠡᠳᠡᠭ ᠨᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭᠠᠬᠢ | ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ᠂ ︽ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ | ᠳᠦᠷᠢᠮ︾ ᠳᠤ ᠵᠢᠭᠰᠠᠭᠠᠭᠰᠠᠨ ᠬᠢᠨᠠᠨ ᠪᠠᠶᠢᠴᠠᠭᠠᠬᠤ ᠪᠠᠷᠢᠮᠵᠢᠶ᠎ᠠ ᠲᠠᠢ ᠬᠠᠷᠢᠴᠠᠭᠤᠯᠵᠤ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠠᠬᠢ ᠨᠥᠯᠥᠭᠡᠯᠡᠬᠦ ᠨᠢᠭᠡᠳᠦᠯᠲᠡᠢ ᠵᠠᠬ᠎ᠠ ᠳᠡᠯᠭᠡᠭᠦᠷ ᠪᠠ | ᠡᠷᠬᠡ ᠲᠡᠭᠰᠢ ᠥᠷᠢᠰᠦᠯᠳᠦᠭᠡᠨ ᠤ ᠪᠠᠶᠢᠳᠠᠯ ᠳᠤ ᠬᠢᠨᠠᠨ ᠪᠠᠶᠢᠴᠠᠭᠠᠵᠤ ᠦᠨᠡᠯᠡᠨ ᠵᠢᠱᠢᠯᠲᠡ ᠬᠢᠬᠦ ᠠᠵᠢᠯᠯᠠᠭ᠎ᠠ ᠶᠢ | ᠵᠢᠭᠠᠵᠤ ᠪᠤᠢ᠃ | ᠳᠥᠷᠪᠡᠳᠦᠭᠡᠷ ᠵᠦᠢᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠲᠣᠭᠲᠠᠮᠠᠯ ᠬᠤᠭᠤᠴᠠᠭ᠎ᠠ ᠲᠠᠢ | ᠦᠨᠡᠯᠡᠨ ᠵᠢᠱᠢᠬᠦ ᠶᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠰᠠᠯᠠᠭ᠎ᠠ ᠮᠥᠴᠢᠷ ᠠᠴᠠ | ᠬᠠᠷᠢᠭᠤᠴᠠᠵᠤ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠭᠤᠷᠪᠠᠳᠤᠭᠠᠷ ᠡᠲᠡᠭᠡᠳ ᠤᠨ ᠪᠡᠶ᠎ᠡ ᠪᠠᠨ ᠳᠠᠭᠠᠭᠠᠭᠰᠠᠨ | ᠬᠢᠨᠠᠨ ᠪᠠᠶᠢᠴᠠᠭᠠᠬᠤ ᠪᠠᠶᠢᠭᠤᠯᠤᠮᠵᠢ ᠶᠢ ᠤᠷᠢᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠶᠢ ᠵᠣᠷᠢᠭᠵᠢᠭᠤᠯᠤᠨ᠎ᠠ᠃ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠳᠠᠯ ᠢ ᠦᠨᠳᠦᠰᠦᠯᠡᠵᠦ ᠭᠤᠷᠪᠠᠳᠤᠭᠠᠷ | ᠡᠲᠡᠭᠡᠳ ᠤᠨ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠤᠷᠢᠵᠤ ᠪᠦᠭᠦ | ᠬᠤᠰᠢᠭᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠦᠨᠡᠯᠡᠯᠲᠡ | ᠬᠢᠯᠭᠡᠨ᠎ᠡ᠃ | ᠲᠠᠪᠤᠳᠤᠭᠠᠷ ᠵᠦᠢᠯ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠤ ᠲᠣᠭᠲᠠᠮᠠᠯ ᠬᠤᠭᠤᠴᠠᠭ᠎ᠠ ᠲᠠᠢ | ᠦᠨᠡᠯᠡᠨ ᠵᠢᠱᠢᠬᠦ ᠳᠤ ᠳᠣᠣᠷᠠᠬᠢ ᠬᠤᠭᠤᠴᠠᠭ᠎ᠠ ᠶᠣᠰᠣᠭᠠᠷ ᠬᠡᠷᠡᠭᠵᠢᠭᠦᠯᠦᠨ᠎ᠡ᠄ | ︵ᠨᠢᠭᠡ︶ ᠡᠩ ᠤᠨ ᠴᠢᠨᠠᠷᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠪᠦᠬᠦᠯᠢ ᠭᠤᠷᠪᠠᠨ ᠵᠢᠯ | ᠪᠤᠯᠬᠤ ᠪᠦᠷᠢ ᠨᠢᠭᠡ ᠤᠳᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠡᠷᠬᠡ ᠲᠡᠭᠰᠢ ᠥᠷᠢᠰᠦᠯᠳᠦᠬᠦ ᠶᠢ ᠬᠢᠨᠠᠨ | ᠪᠠᠶᠢᠴᠠᠭᠠᠵᠤ ᠦᠨᠡᠯᠡᠨ ᠵᠢᠱᠢᠬᠦ ᠶᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠤᠯᠭ᠎ᠠ ᠪᠤᠶᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠣᠳᠠᠲᠤ ᠪᠠᠶᠢᠳᠠᠯ ᠢ ᠦᠨᠳᠦᠰᠦᠯᠡᠨ ᠥᠪᠡᠰᠦᠪᠡᠨ | ᠲᠣᠭᠲᠠᠭᠠᠭᠰᠠᠨ ᠴᠤ ᠪᠣᠯᠣᠨ᠎ᠠ᠃ | ︵ᠬᠤᠶᠠᠷ︶ ᠣᠨᠴᠠᠭᠠᠢ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠨ᠂ | ᠪᠦᠬᠦᠯᠢ ᠨᠢᠭᠡ ᠵᠢᠯ ᠪᠤᠯᠬᠤ ᠪᠦᠷᠢ ᠪᠤᠶᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠬᠢᠷᠠᠭᠤᠯᠤᠨ | ᠲᠣᠭᠲᠠᠭᠠᠭᠰᠠᠨ ᠵᠦᠢ ᠵᠣᠬᠢᠰᠲᠠᠢ ᠬᠡᠷᠡᠭᠵᠢᠭᠦᠯᠬᠦ ᠬᠤᠭᠤᠴᠠᠭ᠎ᠠ ᠶᠣᠰᠣᠭᠠᠷ ᠨᠢᠭᠡ ᠤᠳᠠᠭ᠎ᠠ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠯᠲᠠ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠬᠦ ᠬᠡᠷᠡᠭᠲᠡᠢ | ᠃ | ᠵᠢᠷᠭᠤᠳᠤᠭᠠᠷ ᠵᠦᠢᠯ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠲᠣᠭᠲᠠᠮᠠᠯ | ᠬᠤᠭᠤᠴᠠᠭ᠎ᠠ ᠲᠠᠢ ᠦᠨᠡᠯᠡᠨ ᠵᠢᠱᠢᠬᠦ ᠠᠵᠢᠯ ᠳᠠᠭᠤᠰᠤᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠬᠤ ᠰᠠᠯᠠᠭ᠎ᠠ ᠮᠥᠴᠢᠷ ᠪᠤᠶᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠠᠯᠪᠠᠨ ᠤ ᠰᠦᠯᠵᠢᠶᠡᠨ ᠥᠷᠲᠡᠭᠡ ᠵᠡᠷᠭᠡ ᠠᠷᠭ᠎ᠠ ᠵᠠᠮ ᠢᠶᠠᠷ | ᠳᠠᠮᠵᠢᠭᠤᠯᠤᠨ ᠨᠡᠶᠢᠭᠡᠮ ᠳᠡᠭᠡᠷ᠎ᠡ ᠠᠴᠠ ᠢᠯᠡ ᠪᠠᠷ ᠰᠠᠨᠠᠯ ᠡᠯᠰᠡᠬᠦ ᠬᠡᠷᠡᠭᠲᠡᠢ᠃ | ᠳᠣᠯᠣᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠰᠠᠯᠠᠭ᠎ᠠ ᠮᠥᠴᠢᠷ | ᠪᠤᠶᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠦᠨᠡᠯᠡᠨ ᠵᠢᠱᠢᠭᠰᠡᠨ ᠮᠡᠳᠡᠭᠦᠯᠦᠯᠲᠡ | ᠪᠠ ᠢᠯᠡ ᠪᠠᠷ ᠰᠠᠨᠠᠯ ᠬᠤᠷᠢᠶᠠᠭᠰᠠᠨ ᠪᠠᠶᠢᠳᠠᠯ ᠢᠶᠠᠨ ᠦᠨᠳᠦᠰᠦᠯᠡᠨ᠂ ᠦᠨᠡᠯᠡᠨ ᠵᠢᠱᠢᠭᠰᠡᠨ ᠰᠠᠨᠠᠭᠤᠯᠭ᠎ᠠ ᠪᠤᠶᠤ | ᠦᠨᠡᠯᠡᠨ ᠵᠢᠱᠢᠭᠰᠡᠨ ᠦᠷ᠎ᠡ ᠳ᠋ᠦᠩ ᠭᠠᠷᠭᠠᠬᠤ ᠬᠡᠷᠡᠭᠲᠡᠢ᠄ | ︵ᠨᠢᠭᠡ︶ ᠦᠨᠡᠯᠡᠨ ᠵᠢᠱᠢᠯᠲᠡ ᠪᠠᠷ ᠳᠠᠮᠵᠢᠭᠠᠳ ᠨᠢᠭᠡᠳᠦᠯᠲᠡᠢ ᠵᠠᠬ᠎ᠠ ᠳᠡᠯᠭᠡᠭᠦᠷ ᠪᠣᠯᠣᠨ ᠡᠷᠬᠡ ᠲᠡᠭᠰᠢ ᠪᠠᠷ | ᠥᠷᠢᠰᠦᠯᠳᠦᠬᠦ ᠶᠢ ᠬᠠᠷᠰᠢᠯᠠᠯᠠ ᠭᠡᠵᠦ ᠦᠵᠡᠪᠡᠯ᠂ ᠬᠦᠴᠦᠨ ᠦᠭᠡᠢ ᠪᠤᠯᠭᠠᠬᠤ ᠪᠤᠶᠤ ᠵᠠᠰᠠᠪᠤᠷᠢᠯᠠᠨ ᠲᠡᠭᠦᠯᠳᠡᠷᠵᠢᠭᠦᠯᠬᠦ | ᠰᠠᠨᠠᠭᠤᠯᠭ᠎ᠠ ᠪᠤᠶᠤ ᠲᠣᠭᠲᠠᠭᠠᠯ ᠭᠠᠷᠭᠠᠬᠤ ᠬᠡᠷᠡᠭᠲᠡᠢ᠃ | ︵ᠬᠤᠶᠠᠷ︶ ᠦᠨᠡᠯᠡᠨ ᠵᠢᠱᠢᠯᠲᠡ ᠪᠠᠷ ᠳᠠᠮᠵᠢᠭᠠᠳ ᠣᠨᠴᠠᠭᠠᠢ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠴᠠᠭ ᠬᠤᠭᠤᠴᠠᠭ᠎ᠠ ᠨᠢ ᠲᠤᠯᠤᠭᠰᠠᠨ ᠪᠤᠶᠤ ᠵᠢᠱᠢᠭᠰᠡᠨ ᠦᠷ᠎ᠡ ᠳ᠋ᠦᠩ ᠳᠤ | ᠭᠦᠷᠦᠭᠰᠡᠨ ᠦᠭᠡᠢ ᠭᠡᠵᠦ ᠦᠵᠡᠪᠡᠯ᠂ ᠭᠦᠢᠴᠡᠳᠬᠡᠬᠦ ᠶᠢ ᠵᠣᠭᠰᠤᠭᠠᠬᠤ ᠪᠤᠶᠤ ᠲᠣᠬᠢᠷᠠᠭᠤᠯᠤᠯᠲᠠ ᠬᠢᠬᠦ ᠰᠠᠨᠠᠭᠤᠯᠭ᠎ᠠ | ᠪᠤᠶᠤ ᠲᠣᠭᠲᠠᠭᠠᠯ ᠭᠠᠷᠭᠠᠬᠤ ᠬᠡᠷᠡᠭᠲᠡᠢ᠃ | ︵ᠭᠤᠷᠪᠠ︶ ᠦᠨᠡᠯᠡᠨ ᠵᠢᠱᠢᠯᠲᠡ ᠪᠠᠷ ᠳᠠᠮᠵᠢᠭᠠᠳ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠶᠠᠪᠤᠴᠠ ᠳᠤ ᠥᠷᠢᠰᠦᠯᠳᠦᠬᠦ ᠦᠷ᠎ᠡ ᠪᠦᠲᠦᠭᠡᠯ ᠢ ᠭᠠᠳᠠᠭᠤᠷᠴᠢᠯᠠᠬᠤ᠂ ᠬᠢᠵᠠᠭᠠᠷᠯᠠᠬᠤ ᠪᠠᠶᠢᠳᠠᠯ | ᠭᠠᠷᠤᠭᠰᠠᠨ ᠦᠭᠡᠢ ᠭᠡᠵᠦ ᠦᠵᠡᠪᠡᠯ᠂ ᠦᠷᠭᠦᠯᠵᠢᠯᠡᠨ ᠬᠡᠷᠡᠭᠵᠢᠭᠦᠯᠬᠦ ᠰᠠᠨᠠᠭᠤᠯᠭ᠎ᠠ ᠪᠤᠶᠤ ᠲᠣᠭᠲᠠᠭᠠᠯ ᠭᠠᠷᠭᠠᠵᠤ | ᠪᠣᠯᠣᠨ᠎ᠠ᠃ | ︵ᠳᠥᠷᠪᠡ︶ ᠦᠨᠡᠯᠡᠨ ᠵᠢᠱᠢᠯᠲᠡ ᠪᠠᠷ ᠳᠠᠮᠵᠢᠭᠠᠳ ᠣᠨᠴᠠᠭᠠᠢ ᠲᠣᠭᠲᠠᠭᠠᠭᠰᠠᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠬᠦ ᠨᠢ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ | ᠲᠤᠲᠠᠭᠳᠠᠵᠤ ᠪᠣᠯᠣᠰᠢ ᠦᠭᠡᠢ ᠮᠥᠷᠲᠡᠭᠡᠨ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠬᠦᠨᠳᠦ ᠨᠣᠴᠢᠲᠠᠢ | ᠬᠢᠵᠠᠭᠠᠷᠯᠠᠬᠤ ᠦᠭᠡᠢ ᠪᠥᠭᠡᠳ ᠬᠡᠷᠡᠭᠵᠢᠭᠦᠯᠬᠦ ᠴᠠᠭ ᠬᠤᠭᠤᠴᠠᠭ᠎ᠠ ᠶᠢᠨ ᠳᠣᠲᠣᠷ᠎ᠠ ᠪᠠᠰᠠ ᠣᠷᠣᠰᠢᠵᠤ ᠪᠠᠶᠢᠪᠠᠯ᠂ | ᠦᠷᠭᠦᠯᠵᠢᠯᠡᠨ ᠬᠡᠷᠡᠭᠵᠢᠭᠦᠯᠬᠦ ᠰᠠᠨᠠᠭᠤᠯᠭ᠎ᠠ ᠪᠤᠶᠤ ᠲᠣᠭᠲᠠᠭᠠᠯ ᠭᠠᠷᠭᠠᠵᠤ ᠪᠣᠯᠣᠨ᠎ᠠ ᠭᠡᠵᠦ ᠦᠵᠡᠭᠰᠡᠨ᠃ | ᠨᠠᠢᠮᠠᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠰᠠᠯᠠᠭ᠎ᠠ ᠮᠥᠴᠢᠷ | ᠪᠤᠶᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠦᠨᠡᠯᠡᠨ ᠵᠢᠱᠢᠭᠰᠡᠨ ᠲᠣᠭᠲᠠᠭᠠᠯ | ᠭᠠᠷᠭᠠᠭᠰᠠᠨ ᠤ ᠳᠠᠷᠠᠭ᠎ᠠ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠨᠡᠶᠢᠭᠡᠮ ᠳᠤ ᠢᠯᠡ ᠪᠤᠯᠭᠠᠬᠤ ᠬᠡᠷᠡᠭᠲᠡᠢ᠃ | ᠶᠢᠰᠦᠳᠦᠭᠡᠷ ᠵᠦᠢᠯ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠰᠠᠯᠠᠭ᠎ᠠ ᠮᠥᠴᠢᠷ ᠨᠢ | ᠦᠨᠡᠯᠡᠨ ᠵᠢᠱᠢᠭᠰᠡᠨ ᠦᠷ᠎ᠡ ᠳ᠋ᠦᠩ ᠤᠨ ᠶᠣᠰᠣᠭᠠᠷ᠂ ᠬᠡᠷᠡᠭᠵᠢᠭᠦᠯᠬᠦ ᠶᠢ ᠨᠢ ᠵᠣᠭᠰᠤᠭᠠᠬᠤ ᠪᠤᠶᠤ ᠲᠣᠬᠢᠷᠠᠭᠤᠯᠤᠯᠲᠠ | ᠬᠢᠬᠦ ᠴᠢᠬᠤᠯᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠰᠢᠢᠳᠪᠦᠷᠢᠯᠡᠵᠦ᠂ | ᠬᠦᠴᠦᠨ ᠦᠭᠡᠢ ᠪᠤᠯᠭᠠᠬᠤ ᠮᠡᠳᠡᠭᠳᠡᠯ ᠵᠣᠬᠢᠶᠠᠨ ᠲᠠᠷᠬᠠᠭᠠᠬᠤ ᠪᠤᠶᠤ ᠵᠠᠰᠠᠪᠤᠷᠢ ᠣᠷᠣᠭᠤᠯᠬᠤ ᠬᠡᠷᠡᠭᠲᠡᠢ᠃ | ᠠᠷᠪᠠᠳᠤᠭᠠᠷ ᠵᠦᠢᠯ ᠲᠤᠰ ᠳᠦᠷᠢᠮ ᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠨᠢᠭᠡᠳᠦᠭᠡᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | ︽ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠡᠷᠬᠡ ᠲᠡᠭᠰᠢ | ᠥᠷᠢᠰᠦᠯᠳᠦᠭᠡᠨ ᠢ ᠬᠢᠨᠠᠨ ᠪᠠᠶᠢᠴᠠᠭᠠᠵᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠤᠨ ᠳᠦᠷᠢᠮ︾ | ᠢ ᠳᠠᠷᠤᠮᠠᠯᠯᠠᠨ ᠶᠠᠪᠤᠭᠤᠯᠬᠤ ᠲᠤᠬᠠᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ | | |