︽2024 ᠣᠨ ᠤ ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠨ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/12/31
ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠬᠡᠯᠲᠡᠰ᠂ ᠬᠤᠷᠢᠶ᠎ᠠ᠂ ᠠᠯᠪᠠᠨ ᠭᠡᠷ᠂ ᠲᠣᠪᠴᠢᠶ᠎ᠠ᠂ ᠡᠯ᠎ᠡ ᠵᠡᠭᠡᠯᠢ ᠭᠤᠳᠤᠮᠵᠢ ᠵᠢᠨ‌‍ᠬᠡᠷᠡᠭ ᠡᠷᠬᠢᠯᠡᠬᠦ ᠭᠠᠵᠠᠷ᠂ ᠡᠯ᠎ᠡ ᠠᠷᠠᠳ ᠤᠨ ᠪᠦᠯᠭᠦᠮ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠠᠶᠠᠨᠮᠣᠳᠣ ᠲᠠᠷᠢᠶᠠᠯᠠᠩ ᠤᠨ ᠲᠠᠯᠠᠪᠠᠢ᠂ ᠥᠯᠵᠡᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄       ︽2024 ᠣᠨ ᠤ ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠨ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠥᠰᠥᠯ︾ ᠢ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃       2024 ᠣᠨ ᠤ ᠠᠯᠠᠱᠠ ᠵᠡᠭᠦᠨ ᠬᠤᠰᠢᠭᠤᠨ ᠤ ᠲᠠᠷᠢᠶᠠᠯᠠᠬᠤ ᠮᠠᠯᠵᠢᠬᠤ ᠣᠷᠣᠨ ᠤ ᠲᠠᠷᠢᠶᠠᠴᠢᠨ ᠮᠠᠯᠴᠢᠨ ᠡᠷᠦᠭᠡ       ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠥᠰᠥᠯ       ᠥᠪᠡᠷᠲᠡᠭᠡᠨ ᠵᠠᠰᠠᠬᠤ ᠣᠷᠣᠨ ᠤ ᠭᠤᠣᠯ ᠤᠳᠤᠷᠢᠳᠤᠯᠭ᠎ᠠ ᠶᠢᠨ ︽ᠡᠪᠦᠯ ᠢ ᠳᠤᠯᠠᠭᠠᠨ ᠥᠩᠭᠡᠷᠡᠭᠦᠯᠬᠦ ᠲᠤᠬᠠᠢ︾ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠠᠯᠠᠱᠠ ᠵᠡᠭᠦᠨ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠭᠦᠢᠴᠡᠳᠬᠡᠵᠦ᠂ ᠪᠦᠭᠦ ᠬᠤᠰᠢᠭᠤᠨ ᠤ ᠮᠠᠯᠴᠢᠨ ᠲᠠᠷᠢᠶᠠᠴᠢᠨ ᠲᠦᠮᠡᠨ ᠤ ᠡᠪᠦᠯ ᠤᠨ ᠳᠤᠯᠠᠭᠠᠨ ᠡᠪᠦᠯ ᠢ ᠥᠩᠭᠡᠷᠡᠭᠦᠯᠬᠦ ᠶᠢ ᠪᠠᠲᠤᠯᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠲᠥᠰᠥᠯ ᠢ ᠲᠣᠭᠲᠠᠭᠠᠪᠠ᠃       ᠨᠢᠭᠡ᠂ ᠬᠠᠩᠭᠠᠯᠭ᠎ᠠ ᠶᠢ ᠪᠠᠲᠤᠯᠠᠬᠤ ᠵᠠᠷᠴᠢᠮ       ︵ᠨᠢᠭᠡ︶ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠪᠣᠯ ᠲᠤᠰ ᠬᠠᠷᠢᠶ᠎ᠠ ᠣᠷᠣᠨ ᠤ ᠲᠠᠷᠢᠶᠠᠯᠠᠬᠤ ᠮᠠᠯᠵᠢᠬᠤ ᠡᠷᠦᠭᠡ ᠳᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠬᠠᠩᠭᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃ ᠡᠯ᠎ᠡ ᠰᠤᠮᠤ ᠪᠠᠯᠭᠠᠰᠤ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠮᠠᠯᠵᠢᠬᠤ ᠲᠠᠷᠢᠶᠠᠯᠠᠬᠤ ᠡᠷᠦᠭᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠪᠦᠷᠢᠳᠬᠡᠯ ᠢ ᠢᠯᠡ ᠨᠡᠶᠢᠲᠡᠯᠡᠬᠦ ᠪᠠ 2 ᠲᠤᠨ ᠨᠡᠭᠦᠷᠡᠰᠦ ᠲᠡᠭᠡᠭᠡᠪᠦᠷᠢᠯᠡᠬᠦ ᠵᠢᠴᠢ ᠪᠡᠯᠡ ᠮᠥᠩᠭᠦ ᠶᠢᠨ ᠨᠥᠬᠦᠪᠦᠷᠢ ᠥᠭᠴᠦ ᠲᠣᠭᠠᠴᠠᠭ᠎ᠠ ᠬᠢᠬᠦ ᠠᠵᠢᠯ ᠢ ᠰᠠᠶᠢᠲᠤᠷ ᠭᠦᠢᠴᠡᠳᠬᠡᠵᠦ᠂ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠴᠢᠩᠭᠠᠳᠬᠠᠵᠤ᠂ ᠲᠥᠷᠥᠯ ᠰᠠᠳᠤᠨ ᠨᠠᠶᠢᠵᠠ ᠨᠥᠬᠦᠳ ᠪᠠ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠴᠤ ᠪᠤᠯᠬᠤ ᠦᠭᠡᠢ᠂ ᠡᠨᠡᠬᠦ ᠠᠵᠢᠯ ᠢ ᠦᠨᠡᠨᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃       ︵ᠬᠤᠶᠠᠷ︶ ᠱᠠᠲᠤ ᠳᠠᠷᠠᠭᠠᠯᠠᠨ ᠮᠡᠳᠡᠭᠦᠯᠦᠨ ᠬᠦᠷᠭᠡᠬᠦ ᠵᠠᠷᠴᠢᠮ       ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠰᠠᠭᠤᠷᠢᠰᠢᠯ ᠲᠠᠷᠬᠠᠢ᠂ ᠡᠯ᠎ᠡ ᠰᠤᠮᠤ ᠪᠠᠯᠭᠠᠰᠤᠨ ᠤ ᠳᠤᠯᠠᠭᠠᠯᠠᠭ᠎ᠠ ᠶᠢᠨ ᠠᠷᠭ᠎ᠠ ᠭᠡᠯᠪᠡᠷᠢ ᠨᠡᠯᠢᠶᠡᠳ ᠶᠡᠭᠡ ᠵᠥᠷᠢᠶ᠎ᠡ ᠲᠠᠢ᠂ ᠡᠯ᠎ᠡ ᠰᠤᠮᠤ ᠪᠠᠯᠭᠠᠰᠤ ᠨᠢ ᠲᠤᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠢᠳᠡᠪᠬᠢᠲᠡᠢ ᠤᠬᠠᠭᠤᠯᠵᠤ᠂ ᠨᠡᠷ᠎ᠡ ᠮᠡᠳᠡᠭᠦᠯᠦᠭᠰᠡᠳ ᠢ ᠴᠢᠩᠭ᠎ᠠ ᠬᠢᠨᠠᠨ ᠬᠠᠷᠭᠤᠭᠤᠯᠵᠤ᠂ ᠭᠠᠴᠠᠭ᠎ᠠ ᠳᠠᠶᠠᠭᠠᠷ ᠢᠯᠡ ᠨᠡᠶᠢᠲᠡᠯᠡᠵᠦ᠂ ᠰᠤᠮᠤ ᠪᠠᠯᠭᠠᠰᠤ ᠪᠠᠷ ᠢᠯᠡ ᠨᠡᠶᠢᠲᠡᠯᠡᠭᠰᠡᠨ ᠤ ᠳᠠᠷᠠᠭ᠎ᠠ᠂ ᠰᠤᠮᠤ ᠪᠠᠯᠭᠠᠰᠤᠨ ᠠᠴᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠦᠨ᠎ᠡ᠃ ᠡᠯ᠎ᠡ ᠰᠤᠮᠤ ᠪᠠᠯᠭᠠᠰᠤ ᠨᠢ ᠪᠠᠷᠢᠮᠵᠢᠶ᠎ᠠ ᠪᠠᠨ ᠨᠢᠭᠡᠳᠬᠡᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠴᠢᠩᠭ᠎ᠠ ᠬᠢᠨᠠᠨ ᠬᠠᠮᠢᠶᠠᠷᠬᠤ ᠬᠡᠷᠡᠭᠲᠡᠢ᠃       ᠬᠤᠶᠠᠷ᠂ ᠬᠠᠩᠭᠠᠯᠭ᠎ᠠ ᠶᠢ ᠪᠠᠲᠤᠯᠠᠬᠤ ᠬᠡᠪᠴᠢᠶ᠎ᠡ ᠪᠠ ᠠᠷᠭ᠎ᠠ ᠮᠠᠶ᠋ᠢᠭ       ︵ᠨᠢᠭᠡ︶ ᠪᠠᠲᠤᠯᠠᠨ ᠬᠠᠩᠭᠠᠬᠤ ᠬᠦᠷᠢᠶ᠎ᠡ ᠬᠡᠪᠴᠢᠶ᠎ᠡ       1. ᠡᠯ᠎ᠡ ᠰᠤᠮᠤ ᠪᠠᠯᠭᠠᠰᠤ ︵ᠠᠯᠠᠱᠠ ᠠᠶᠢᠮᠠᠭ ᠤᠨ ᠤᠯᠤᠰ ᠤᠨ ᠲᠠᠷᠢᠶᠠᠯᠠᠩ ᠤᠨ ᠲᠠᠯᠠᠪᠠᠢ︶ ᠶᠢᠨ 2 ᠲᠤᠨ ᠨᠡᠭᠦᠷᠡᠰᠦᠨ ᠤ ᠲᠥᠷᠥ ᠶᠢᠨ ᠪᠣᠳᠣᠯᠭ᠎ᠠ ᠭᠦᠷᠲᠡᠭᠦ ᠮᠠᠯᠵᠢᠬᠤ ᠲᠠᠷᠢᠶᠠᠯᠠᠬᠤ ᠡᠷᠦᠭᠡ ᠡᠷᠬᠡᠪᠰᠢ ᠮᠠᠯᠵᠢᠬᠤ ᠣᠷᠣᠨ ᠳᠤ 6 ᠰᠠᠷ᠎ᠠ ᠠᠴᠠ ᠳᠡᠭᠡᠭᠰᠢ ᠣᠷᠣᠰᠢᠨ ᠰᠠᠭᠤᠬᠤ ᠪᠤᠶᠤ ᠰᠤᠮᠤ ᠪᠠᠯᠭᠠᠰᠤ ᠠᠴᠠ ᠪᠠᠶᠠᠨᠬᠤᠲᠠ ᠶᠢᠨ ᠬᠤᠲᠠ ᠲᠣᠭᠤᠷᠢᠭ ᠲᠤ ᠨᠡᠭᠦᠨ ᠣᠴᠢᠵᠤ ᠣᠷᠣᠰᠢᠨ ᠰᠠᠭᠤᠭᠰᠠᠨ ᠮᠥᠷᠲᠡᠭᠡᠨ ᠲᠥᠪᠯᠡᠷᠡᠩᠭᠦᠢ ᠳᠤᠯᠠᠭᠠᠯᠭ᠎ᠠ ᠬᠠᠩᠭᠠᠵᠤ ᠳᠡᠶᠢᠯᠦᠭᠰᠡᠨ ᠦᠭᠡᠢ ᠮᠠᠯᠵᠢᠬᠤ ᠲᠠᠷᠢᠶᠠᠯᠠᠬᠤ ᠡᠷᠦᠭᠡ ᠪᠠᠶᠢᠬᠤ ᠬᠡᠷᠡᠭᠲᠡᠢ᠃       2.ᠲᠤᠨ ᠨᠡᠭᠦᠷᠡᠰᠦᠨ ᠤ ᠲᠥᠷᠥ ᠶᠢᠨ ᠪᠣᠳᠣᠯᠭ᠎ᠠ ᠶᠢ ᠭᠦᠷᠲᠡᠭᠦ ᠮᠠᠯᠵᠢᠬᠤ ᠲᠠᠷᠢᠶᠠᠯᠠᠬᠤ ᠡᠷᠦᠭᠡ ᠡᠷᠬᠡᠪᠰᠢ ᠠᠯᠠᠱᠠ ᠵᠡᠭᠦᠨ ᠬᠤᠰᠢᠭᠤᠨ ᠤ ᠡᠷᠦᠭᠡ ᠠᠮᠠ ᠲᠠᠢ ᠪᠠᠶᠢᠬᠤ ᠬᠡᠷᠡᠭᠲᠡᠢ᠃       3. ᠵᠠᠰᠠᠭ ᠤᠨ ᠣᠷᠳᠣᠨ ᠤ ᠨᠡᠭᠦᠷᠡᠰᠦᠨ ᠤ ᠥᠭᠡᠷᠡᠴᠢᠯᠡᠯᠲᠡ ᠶᠢᠨ ᠴᠠᠭᠢᠯᠭᠠᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠢᠭᠡᠨᠲᠡ ᠭᠥᠷᠳᠡᠭᠰᠡᠨ ᠲᠠᠷᠢᠶᠠᠯᠠᠬᠤ ᠮᠠᠯᠵᠢᠬᠤ ᠡᠷᠦᠭᠡ ︵ᠶᠠᠭ ᠰᠠᠶᠢᠬᠠᠨ ᠥᠭᠡᠷᠡᠴᠢᠯᠡᠨ ᠪᠠᠶᠢᠭᠤᠯᠵᠤ ᠪᠠᠶᠢᠭ᠎ᠠ ᠪᠠᠭᠲᠠᠬᠤ ᠦᠭᠡᠢ︶ ᠬᠢᠭᠡᠳ ᠪᠠᠶᠠᠨᠬᠤᠲᠠ ᠶᠢᠨ ᠬᠤᠲᠠ ᠳᠤ ᠣᠷᠣᠰᠢᠨ ᠰᠠᠭᠤᠵᠤ ᠪᠠᠶᠢᠭ᠎ᠠ ᠪᠥᠭᠡᠳ ᠲᠥᠪᠯᠡᠷᠡᠩᠭᠦᠢ ᠢᠯᠴᠢ ᠬᠠᠩᠭᠠᠵᠤ ᠪᠠᠶᠢᠭ᠎ᠠ ᠲᠠᠷᠢᠶᠠᠯᠠᠬᠤ ᠮᠠᠯᠵᠢᠬᠤ ᠡᠷᠦᠭᠡ ᠳᠤ 2 ᠲᠤᠨ ᠨᠡᠭᠦᠷᠡᠰᠦᠨ ᠤ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠦᠭᠡᠢ᠃       ︵ᠬᠤᠶᠠᠷ︶ ᠬᠠᠩᠭᠠᠯᠭ᠎ᠠ ᠶᠢ ᠪᠠᠲᠤᠯᠠᠬᠤ ᠠᠷᠭ᠎ᠠ ᠮᠠᠶ᠋ᠢᠭ       ᠲᠠᠷᠢᠶᠠᠴᠢᠨ ᠮᠠᠯᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠵᠠᠷᠴᠢᠮ ᠳᠡᠭᠡᠷ᠎ᠡ ᠪᠠᠨ ᠡᠷᠦᠭᠡ ᠪᠦᠷᠢ ᠳᠤ 2 ᠲᠤᠨ ᠪᠠᠷᠢᠮᠵᠢᠶ᠎ᠠ ᠶᠣᠰᠣᠭᠠᠷ ᠪᠠᠲᠤᠯᠠᠵᠤ᠂ ᠲᠠᠷᠢᠶᠠᠴᠢᠨ ᠮᠠᠯᠴᠢᠳ ᠤᠨ ᠡᠵᠡᠨ ᠮᠡᠳᠡᠨ ᠰᠣᠩᠭᠤᠬᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ᠂ ᠣᠯᠠᠨ ᠠᠷᠭ᠎ᠠ ᠵᠠᠮ ︵ᠰᠢᠭᠤᠳ ᠨᠥᠬᠦᠪᠦᠷᠢ ᠣᠯᠭᠤᠬᠤ᠂ ᠥᠪᠡᠷ ᠲᠡᠭᠡᠨ ᠬᠤᠳᠠᠯᠳᠤᠨ ᠠᠪᠬᠤ ᠵᠡᠷᠭᠡ ᠪᠠᠭᠲᠠᠨ᠎ᠠ︶ ᠨᠢ ᠲᠠᠷᠢᠶᠠᠴᠢᠨ ᠮᠠᠯᠴᠢᠳ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠨᠢᠭᠡ ᠳᠤ ᠨᠥᠬᠦᠴᠡᠯ ᠳᠤ ᠨᠡᠶᠢᠴᠡᠬᠦ ᠲᠠᠷᠢᠶᠠᠯᠠᠬᠤ ᠮᠠᠯᠵᠢᠬᠤ ᠡᠷᠦᠭᠡ ᠪᠦᠷᠢ ᠳᠤ 2 ᠲᠤᠨ ᠳᠤᠯᠠᠭᠠᠯᠠᠭ᠎ᠠ ᠶᠢᠨ ᠨᠡᠭᠦᠷᠡᠰᠦ ᠬᠠᠩᠭᠠᠵᠤ᠂ 5500 ᠺᠠᠷᠲ ᠤᠨ ᠬᠠᠮᠤᠭ ᠤᠨ ᠥᠨᠳᠥᠷ ᠲᠡᠭᠡᠨ 460 ᠲᠥᠭᠦᠷᠢᠭ / ᠲᠤᠨ ᠠᠴᠠ ᠳᠠᠪᠠᠭᠤᠯᠬᠤ ᠦᠭᠡᠢ ᠦᠨ᠎ᠡ ᠬᠠᠩᠰᠢ ᠶᠢ ᠴᠢᠩᠭ᠎ᠠ ᠵᠢᠷᠤᠮᠯᠠᠨ᠂ ᠨᠡᠭᠦᠷᠡᠰᠦᠨ ᠤ ᠪᠢᠯᠧᠲ ᠣᠯᠭᠤᠬᠤ ᠠᠷᠭ᠎ᠠ ᠮᠠᠶ᠋ᠢᠭ ︵ᠨᠡᠭᠦᠷᠡᠰᠦᠨ ᠤ ᠪᠢᠯᠧᠲ ᠵᠥᠪᠭᠡᠨ ᠲᠤᠰ ᠵᠢᠯ ᠳᠡᠭᠡᠨ ᠯᠡ ᠬᠦᠴᠦᠨ ᠲᠠᠢ︶ ᠢᠶᠠᠷ ᠲᠠᠷᠢᠶᠠᠯᠠᠬᠤ ᠮᠠᠯᠵᠢᠬᠤ ᠡᠷᠦᠭᠡ ᠳᠤ ᠬᠠᠩᠭᠠᠨ᠎ᠠ᠃ ᠬᠤᠶᠠᠷ ᠲᠤ ᠮᠠᠯᠵᠢᠬᠤ ᠲᠠᠷᠢᠶᠠᠯᠠᠬᠤ ᠡᠷᠦᠭᠡ ᠶᠢᠨ ᠰᠠᠶᠢᠨ ᠳᠤᠷ᠎ᠠ ᠠᠴᠠ ᠪᠠᠨ ᠰᠢᠭᠤᠳ ᠨᠥᠬᠦᠪᠦᠷᠢ ᠣᠯᠭᠤᠬᠤ᠂ ᠥᠪᠡᠰᠦᠪᠡᠨ ᠬᠤᠳᠠᠯᠳᠤᠨ ᠠᠪᠬᠤ ᠪᠠᠷ ᠭᠤᠶᠤᠴᠢᠯᠠᠭᠰᠠᠨ ᠪᠠᠶᠢᠪᠠᠯ᠂ ᠰᠠᠶᠢᠨ ᠳᠤᠷ᠎ᠠ ᠠᠴᠠ ᠪᠠᠨ ᠭᠤᠶᠤᠴᠢᠯᠠᠬᠤ ᠶᠢᠨ ᠬᠠᠮᠲᠤ ᠭᠠᠴᠠᠭ᠎ᠠ᠂ ᠰᠤᠮᠤ ᠪᠠᠯᠭᠠᠰᠤ ᠪᠠᠷ ᠬᠢᠨᠠᠨ ᠬᠠᠷᠭᠤᠭᠤᠯᠵᠤ ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠠᠮᠠᠯᠠᠯᠲᠠ ᠬᠢᠵᠦ᠂ ᠪᠠᠷᠢᠮᠵᠢᠶ᠎ᠠ ᠨᠢ 920 ᠲᠥᠭᠦᠷᠢᠭ / ᠡᠷᠦᠭᠡ ︵ᠲᠤᠨ ᠪᠦᠷᠢ 460 ᠲᠥᠭᠦᠷᠢᠭ × 2 ×ᠲᠤᠨ︶ ᠤ ᠨᠥᠬᠦᠪᠦᠷᠢ ᠣᠯᠭᠤᠨ᠎ᠠ᠃       ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ       ︵ᠨᠢᠭᠡ︶ ᠤᠳᠤᠷᠢᠳᠬᠤ ᠪᠠᠶᠢᠭᠤᠯᠤᠮᠵᠢ       ᠲᠤᠰ ᠠᠵᠢᠯ ᠢ ᠴᠠᠭ ᠲᠤᠬᠠᠢ ᠳᠤᠨᠢ ᠪᠠᠲᠤᠯᠠᠭ᠎ᠠ ᠲᠠᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠭᠦ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠨᠢᠭᠡᠳᠦᠯᠲᠡᠢ ᠲᠣᠬᠢᠷᠠᠭᠤᠯᠬᠤ ᠵᠡᠷᠭᠡ ᠪᠠᠲᠤᠯᠠᠭ᠎ᠠ ᠶᠢᠨ ᠠᠵᠢᠯ ᠢ ᠬᠠᠷᠢᠭᠤᠴᠠᠬᠤ ᠪᠠᠷ ᠳᠠᠮᠵᠢᠨ᠂ ᠪᠦᠷᠢᠯᠳᠦᠭᠦᠨ ᠨᠢ ᠳᠣᠣᠷᠠᠬᠢ ᠮᠡᠲᠦ᠄       ᠲᠣᠪᠴᠢᠯᠠᠪᠠ       ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠤᠨ ᠡᠷᠭᠢᠯᠡᠭᠴᠢ ᠶᠢᠨ ᠲᠤᠰᠢᠶᠠᠯ ᠢ ᠶᠤᠸᠠᠨ ᠪᠦᠸᠧ ᠨᠥᠬᠦᠷ ᠡᠭᠦᠷᠭᠡᠯᠡᠵᠦ᠂ ᠠᠯᠪᠠᠨ ᠭᠡᠷ ᠤᠨ ᠳᠡᠳ᠋ ᠡᠷᠭᠢᠯᠡᠭᠴᠢ ᠶᠢᠨ ᠲᠤᠰᠢᠶᠠᠯ ᠢ ᠶᠠᠩ ᠯᠢ ᠴᠢᠨ ᠨᠥᠬᠦᠷ ᠡᠭᠦᠷᠭᠡᠯᠡᠬᠦ ᠶᠢᠨ ᠬᠠᠮᠲᠤ ᠪᠣᠳᠠᠲᠠᠢ ᠠᠵᠢᠯ ᠢ ᠬᠠᠷᠢᠭᠤᠴᠠᠨ᠎ᠠ᠃       ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠬᠢᠭᠡᠳ ᠠᠵᠢᠯ ᠤᠨ ᠡᠭᠦᠷᠭᠡ       ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠡᠯ᠎ᠡ ᠰᠤᠮᠤ ᠪᠠᠯᠭᠠᠰᠤᠨ ᠤ ᠮᠠᠯᠴᠢᠨ ᠲᠠᠷᠢᠶᠠᠴᠢᠳ ᠲᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠬᠠᠩᠭᠠᠬᠤ ᠠᠵᠢᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠠᠵᠢᠯ ᠤᠨ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ᠂ ᠪᠠᠶᠢᠬᠤ ᠶᠢ ᠪᠠᠲᠤᠯᠠᠨ᠎ᠠ᠃ ᠠᠵᠢᠯ ᠤᠨ ᠵᠣᠬᠢᠶᠠᠨ ᠪᠠᠶᠢᠭᠤᠯᠤᠯᠲᠠ ᠨᠢ ᠬᠦᠴᠦᠨ ᠦᠭᠡᠢ᠂ ᠬᠡᠷᠡᠭᠵᠢᠭᠦᠯᠦᠯᠲᠡ ᠨᠢ ᠭᠦᠢᠴᠡᠳ ᠦᠭᠡᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠨᠢᠭᠡᠴᠢ ᠪᠣᠯᠣᠨ ᠬᠥᠮᠥᠰ ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ       ᠬᠤᠰᠢᠭᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠰᠤᠮᠤ ᠪᠠᠯᠭᠠᠰᠤ ᠶᠢᠨ ᠮᠠᠯᠵᠢᠬᠤ ᠲᠠᠷᠢᠶᠠᠯᠠᠬᠤ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃       ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠡᠭᠦᠷᠡᠰᠦ ᠬᠠᠩᠭᠠᠬᠤ ᠪᠠᠷᠢᠮᠵᠢᠶ᠎ᠠ ᠳᠤ ᠨᠡᠶᠢᠴᠡᠭᠰᠡᠨ ᠮᠠᠯᠵᠢᠬᠤ ᠲᠠᠷᠢᠶᠠᠯᠠᠬᠤ ᠡᠷᠦᠭᠡ ᠶᠢᠨ ᠲᠤᠭ᠎ᠠ ᠶᠢ ᠬᠢᠨᠠᠨ ᠲᠣᠭᠲᠠᠭᠠᠬᠤ ᠠᠵᠢᠯ ᠢ 8 ᠰᠠᠷ᠎ᠠ ᠶᠢᠨ 30 ᠤ ᠡᠳᠦᠷ ᠠᠴᠠ ᠡᠮᠦᠨ᠎ᠡ ᠳᠠᠭᠤᠰᠬᠠᠵᠤ᠂ ᠵᠠᠷᠯᠠᠭᠰᠠᠨ ᠤ ᠳᠠᠷᠠᠭ᠎ᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠲᠠ ᠶᠢᠨ ᠬᠢᠨᠠᠯᠲᠠ ᠲᠠᠯᠪᠢᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠ ᠬᠤᠰᠢᠭᠤᠨ ᠤ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠵᠡᠷᠭᠡ ᠳᠤ ᠮᠡᠳᠡᠭᠦᠯᠦᠨ᠎ᠡ᠃       ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠢᠷᠡᠯᠲᠡ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠬᠠᠷᠢᠭᠤᠴᠠᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢ ᠬᠡᠮᠵᠢᠵᠦ᠂ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢᠨ ᠪᠣᠳᠠᠲᠠᠢ ᠬᠡᠷᠡᠭ ᠶᠠᠪᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃       ᠬᠤᠰᠢᠭᠤᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠭᠦ ᠬᠤᠰᠢᠭᠤᠨ ᠤ ᠨᠡᠭᠦᠷᠡᠰᠦ ᠬᠠᠳᠠᠭᠠᠯᠠᠬᠤ ᠲᠠᠯᠠᠪᠤᠷ᠂ ᠨᠡᠭᠦᠷᠡᠰᠦ ᠰᠤᠯᠠ ᠡᠵᠡᠩᠨᠡᠬᠦ ᠠᠵᠤ ᠠᠬᠤᠶᠢᠯᠠᠯ ᠤᠨ ᠦᠨᠡᠮᠯᠡᠯ ᠪᠦᠷᠢᠨ ᠭᠦᠢᠴᠡᠳ ᠪᠠᠶᠢᠬᠤ ᠡᠰᠡᠬᠦ᠂ ᠬᠡᠪᠴᠢᠶᠡᠨ ᠠᠴᠠ ᠳᠠᠪᠠᠭᠰᠠᠨ ᠡᠵᠡᠩᠨᠡᠯᠲᠡ ᠪᠠᠶᠢᠬᠤ ᠡᠰᠡᠬᠦ᠂ ᠨᠡᠭᠦᠷᠡᠰᠦ ᠬᠠᠳᠠᠭᠠᠯᠠᠬᠤ᠂ ᠨᠡᠭᠦᠷᠡᠰᠦ ᠶᠢ ᠲᠦᠷᠭᠢᠭᠦᠯᠳ ᠥᠰᠬᠡᠬᠦ ᠵᠡᠷᠭᠡ ᠠᠵᠢᠯᠯᠠᠭ᠎ᠠ ᠶᠢ ᠬᠢᠨᠠᠨ ᠬᠠᠮᠢᠶᠠᠷᠬᠤ ᠬᠦᠴᠦᠯᠡᠴᠡ ᠪᠠᠨ ᠴᠢᠩᠭᠠᠳᠬᠠᠵᠤ᠂ ᠮᠠᠨ ᠤ ᠬᠤᠰᠢᠭᠤᠨ ᠤ ᠨᠡᠭᠦᠷᠡᠰᠦ ᠰᠤᠯᠠ ᠲᠠᠷᠬᠠᠭᠠᠬᠤ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠨ᠎ᠠ᠃       ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠠᠴᠠ ᠪᠦᠭᠦ ᠬᠤᠰᠢᠭᠤᠨ ᠤ ᠮᠠᠯᠵᠢᠬᠤ ᠲᠠᠷᠢᠶᠠᠯᠠᠬᠤ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠲᠡᠭᠡᠭᠡᠪᠦᠷᠢᠯᠡᠬᠦ ᠮᠠᠰᠢᠨ ᠲᠡᠷᠭᠡ ᠶᠢ ᠰᠢᠭᠤᠳ ᠨᠡᠪᠲᠡᠷᠡᠭᠦᠯᠬᠦ ᠶᠢ ᠬᠠᠷᠢᠭᠤᠴᠠᠨ᠎ᠠ᠃       ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠲᠤᠰ ᠲᠤᠰ ᠤᠨ ᠡᠭᠦᠷᠭᠡ ᠴᠢᠳᠠᠪᠬᠢ ᠶᠢᠨ ᠬᠦᠷᠢᠶ᠎ᠡ ᠬᠡᠪᠴᠢᠶᠡᠨ ᠳᠣᠲᠣᠷ᠎ᠠ ᠪᠠᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠨᠡᠭᠦᠷᠡᠰᠦ ᠬᠡᠷᠡᠭᠯᠡᠬᠦ ᠠᠵᠢᠯ ᠢ ᠬᠠᠮᠵᠢᠯᠴᠠᠨ ᠰᠠᠶᠢᠲᠤᠷ ᠭᠦᠢᠴᠡᠳᠬᠡᠬᠦ ᠬᠡᠷᠡᠭᠲᠡᠢ᠃ᠡᠯ᠎ᠡ ᠰᠤᠮᠤ ᠪᠠᠯᠭᠠᠰᠤ ᠨᠢ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠮᠠᠯᠵᠢᠬᠤ ᠲᠠᠷᠢᠶᠠᠯᠠᠬᠤ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠠᠷᠢᠮᠵᠢᠶ᠎ᠠ ᠪᠠᠨ ᠨᠢᠭᠡᠳᠬᠡᠵᠦ᠂ ᠢᠯᠡ ᠨᠡᠶᠢᠲᠡᠯᠡᠬᠦ ᠳᠦᠷᠢᠮ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠴᠢᠩᠭ᠎ᠠ ᠬᠡᠷᠡᠭᠵᠢᠭᠦᠯᠵᠦ᠂ ᠰᠠᠶᠢᠨ ᠨᠠᠶᠢᠵᠠ ᠨᠥᠬᠦᠳ ᠪᠠ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠶᠢ ᠲᠡᠪᠴᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ᠂ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠪᠦᠷᠢᠳᠬᠡᠯ ᠬᠢᠨᠠᠨ ᠬᠠᠷᠭᠤᠭᠤᠯᠤᠯᠲᠠ ᠵᠢᠴᠢ ᠨᠥᠬᠦᠪᠦᠷᠢ ᠣᠯᠭᠤᠬᠤ ᠠᠵᠢᠯ ᠢ ᠬᠠᠷᠢᠭᠤᠴᠠᠬᠤ ᠬᠡᠷᠡᠭᠲᠡᠢ᠃       ᠳᠥᠷᠪᠡ᠂ ᠠᠵᠢᠯ ᠤᠨ ᠱᠠᠭᠠᠷᠳᠠᠯᠭ᠎ᠠ       ᠨᠢᠭᠡ ᠳᠤ ᠡᠯ᠎ᠡ ᠰᠤᠮᠤ ᠪᠠᠯᠭᠠᠰᠤ ︵ᠠᠯᠠᠱᠠ ᠠᠶᠢᠮᠠᠭ ᠤᠨ ᠤᠯᠤᠰ ᠤᠨ ᠲᠠᠷᠢᠶᠠᠯᠠᠩ ᠤᠨ ᠲᠠᠯᠠᠪᠠᠢ︶ ᠳᠤ ᠲᠣᠭᠲᠠᠭᠠᠭᠰᠠᠨ ᠲᠠᠷᠬᠠᠭᠠᠬᠤ ᠬᠡᠪᠴᠢᠶ᠎ᠡ ᠪᠠ ᠠᠷᠭ᠎ᠠ ᠮᠠᠶ᠋ᠢᠭ ᠤᠨ ᠶᠣᠰᠣᠭᠠᠷ᠂ ᠬᠠᠷᠢᠶ᠎ᠠ ᠣᠷᠣᠨ ᠪᠦᠰᠡ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠡᠷᠦᠭᠡ ᠶᠢᠨ ᠪᠠᠶᠢᠳᠠᠯ ᠢ ᠣᠶᠢᠯᠠᠭᠠᠨ ᠪᠦᠷᠢᠳᠬᠡᠵᠦ᠂ ᠡᠷᠬᠡ ᠲᠡᠭᠰᠢ᠂ ᠲᠥᠪ ᠭᠤᠣᠯᠴᠢ᠂ ᠢᠯᠡ ᠪᠠᠶᠢᠬᠤ ᠶᠢ ᠦᠨᠡᠨᠬᠦ ᠪᠠᠲᠤᠯᠠᠨ᠎ᠠ᠃ ᠡᠯ᠎ᠡ ᠰᠤᠮᠤ ᠪᠠᠯᠭᠠᠰᠤ 2 ᠲᠤᠨ ᠨᠡᠭᠦᠷᠡᠰᠦ ᠬᠤᠳᠠᠯᠳᠤᠨ ᠠᠪᠴᠤ ᠪᠠᠶᠢᠭ᠎ᠠ ᠮᠠᠯᠴᠢᠨ ᠲᠠᠷᠢᠶᠠᠴᠢᠨ ᠡᠷᠦᠭᠡ ᠶᠢᠨ ᠲᠤᠭ᠎ᠠ ᠶᠢ ᠳᠡᠭᠡᠭᠰᠢ ᠮᠡᠳᠡᠭᠦᠯᠬᠦ ᠱᠠᠭᠠᠷᠳᠠᠯᠭ᠎ᠠ ᠨᠢ ᠣᠨᠣᠪᠴᠢᠲᠠᠢ ᠨᠠᠷᠢᠨ ᠪᠣᠳᠠᠲᠠᠢ ᠪᠠᠶᠢᠵᠤ᠂ ᠪᠢᠴᠢᠭ ᠮᠠᠲ᠋ᠧᠷᠢᠶᠠᠯ ᠤᠨ ᠭᠡᠯᠪᠡᠷᠢ ᠪᠠᠷ ᠪᠣᠳᠠᠲᠠᠢ ᠡᠳ᠋ᠯᠡᠬᠦ ᠡᠷᠦᠭᠡ ᠶᠢᠨ ᠲᠤᠭ᠎ᠠ ᠶᠢ ᠳᠡᠭᠡᠭᠰᠢ ᠮᠡᠳᠡᠭᠦᠯᠦᠨ᠎ᠡ᠂ ᠳᠡᠭᠡᠭᠰᠢ ᠮᠡᠳᠡᠭᠦᠯᠦᠭᠰᠡᠨ ᠤ ᠳᠠᠷᠠᠭ᠎ᠠ ᠵᠠᠰᠠᠪᠤᠷᠢ ᠣᠷᠣᠭᠤᠯᠵᠤ ᠲᠣᠬᠢᠷᠠᠭᠤᠯᠵᠤ ᠪᠤᠯᠬᠤ ᠦᠭᠡᠢ᠃ ᠬᠤᠶᠠᠷ ᠲᠤ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠬᠠᠩᠭᠠᠬᠤ ᠠᠵᠢᠯ ᠢ ᠰᠠᠶᠢᠲᠤᠷ ᠭᠦᠢᠴᠡᠳᠬᠡᠵᠦ᠂ ᠬᠤᠯᠪᠣᠭᠳᠠᠬᠤ ᠬᠡᠪᠴᠢᠶ᠎ᠡ ᠨᠢ ᠥᠷᠭᠡᠨ ᠪᠣᠯᠬᠤᠷ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠪᠠᠯᠭᠠᠰᠤ ᠨᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠸᠢᠴᠠᠲ ᠤᠨ ᠲᠠᠪᠴᠠᠩ᠂ ᠲᠣᠰᠬᠤᠨ ᠪᠣᠯᠭᠠᠨ ᠳᠤ ᠨᠡᠪᠲᠡᠷᠡᠭᠦᠯᠬᠦ ᠵᠡᠷᠭᠡ ᠣᠯᠠᠨ ᠵᠦᠢᠯ ᠤᠨ ᠭᠡᠯᠪᠡᠷᠢ ᠮᠠᠶ᠋ᠢᠭ ᠢ ᠠᠰᠢᠭᠯᠠᠨ ᠤᠬᠠᠭᠤᠯᠵᠤ᠂ ᠡᠷᠦᠭᠡ ᠪᠣᠯᠭᠠᠨ ᠳᠤ ᠣᠶᠢᠯᠠᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ ᠲᠤᠰ ᠣᠷᠣᠨ ᠪᠦᠰᠡ ᠶᠢᠨ ᠲᠠᠷᠢᠶᠠᠯᠠᠬᠤ ᠮᠠᠯᠵᠢᠬᠤ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠠᠵᠢᠯ ᠤᠨ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠦᠨᠡᠨᠬᠦ ᠪᠠᠲᠤᠯᠠᠵᠤ᠂ ᠠᠵᠢᠯ ᠤᠨ ᠵᠣᠬᠢᠶᠠᠨ ᠪᠠᠶᠢᠭᠤᠯᠤᠯᠲᠠ ᠨᠢ ᠬᠦᠴᠦᠨ ᠦᠭᠡᠢ᠂ ᠬᠡᠷᠡᠭᠵᠢᠭᠦᠯᠦᠯᠲᠡ ᠨᠢ ᠪᠣᠳᠠᠲᠠᠶᠢᠵᠢᠭᠠᠳᠤᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠨᠢᠭᠡᠴᠢ ᠪᠣᠯᠣᠨ ᠬᠥᠮᠥᠰ ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠬᠤᠰᠢᠭᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠭᠡᠷ ᠨᠢ ᠡᠯ᠎ᠡ ᠰᠤᠮᠤ ᠪᠠᠯᠭᠠᠰᠤᠨ ᠤ ᠮᠠᠯᠵᠢᠬᠤ ᠲᠠᠷᠢᠶᠠᠯᠠᠬᠤ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠰᠢᠮᠳᠠᠭᠤᠯᠤᠨ ᠪᠠᠶᠢᠴᠠᠭᠠᠬᠤ ᠶᠢ ᠠᠵᠢᠯ ᠤᠨ ᠠᠬᠢᠴᠠ ᠶᠣᠰᠣᠭᠠᠷ ᠶᠠᠪᠤᠭᠳᠠᠭᠤᠯᠵᠤ᠂ ᠮᠠᠯᠵᠢᠬᠤ ᠲᠠᠷᠢᠶᠠᠯᠠᠬᠤ ᠡᠷᠦᠭᠡ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠥᠷᠪᠡ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ︵ᠠᠯᠠᠱᠠ ᠠᠶᠢᠮᠠᠭ ᠤᠨ ᠤᠯᠤᠰ ᠤᠨ ᠲᠠᠷᠢᠶᠠᠯᠠᠩ ᠤᠨ ᠲᠠᠯᠠᠪᠠᠢ︶ ᠶᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠠᠳᠬᠤᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠨᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠭᠰᠢ ᠰᠤᠷᠪᠤᠯᠵᠢᠯᠠᠬᠤ ᠵᠡᠷᠭᠡ ᠬᠡᠷᠡᠭ ᠭᠠᠷᠬᠤ ᠠᠴᠠ ᠵᠠᠶᠢᠯᠠᠰᠬᠢᠵᠦ᠂ ᠰᠠᠶᠢᠨ ᠶᠠᠪᠤᠳᠠᠯ ᠢ ᠦᠨᠡᠨᠬᠦ ᠰᠠᠶᠢᠲᠤᠷ ᠭᠦᠢᠴᠡᠳᠬᠡᠵᠦ᠂ 2024 ᠣᠨ ᠤ ᠡᠪᠦᠯ ᠤᠨ ᠤᠯᠠᠷᠢᠯ ᠤᠨ ᠮᠠᠯᠴᠢᠨ ᠲᠠᠷᠢᠶᠠᠴᠢᠳ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠢ ᠤᠷᠤᠭᠰᠢᠲᠠᠢ ᠪᠡᠶᠡᠯᠡᠭᠦᠯᠬᠦ ᠬᠡᠷᠡᠭᠲᠡᠢ᠃                   ᠬᠠᠪᠰᠤᠷᠤᠯᠲᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号