| | ᠨᠡᠶᠢᠲᠡᠯᠡᠭᠰᠡᠨ ᠴᠠᠭ᠄ 2024 - 09 - 10 | ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠬᠡᠯᠲᠡᠰ᠂ ᠬᠤᠷᠢᠶ᠎ᠠ᠂ ᠠᠯᠪᠠᠨ ᠭᠡᠷ᠂ ᠲᠣᠪᠴᠢᠶ᠎ᠠ᠂ | ᠡᠯ᠎ᠡ ᠵᠡᠭᠡᠯᠢ ᠭᠤᠳᠤᠮᠵᠢ᠂ ᠡᠯ᠎ᠡ ᠠᠷᠠᠳ ᠤᠨ ᠪᠦᠯᠭᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠪᠠᠶᠠᠨᠮᠣᠳᠣ ᠲᠠᠷᠢᠶᠠᠯᠠᠩ ᠤᠨ ᠲᠠᠯᠠᠪᠠᠢ᠂ ᠥᠯᠵᠡᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶ᠎ᠠ ᠪᠦᠬᠦᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ | ᠢᠲᠡᠭᠡᠮᠵᠢ᠂ ᠨᠡᠶᠢᠭᠡᠮ ᠤᠨ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠨᠡᠨᠴᠢ ᠰᠢᠳᠤᠷᠭᠤ᠂ ᠢᠲᠡᠭᠡᠮᠵᠢᠲᠡᠢ᠂ ᠡᠷᠬᠡ ᠲᠡᠭᠰᠢ᠂ ᠥᠪᠡᠷ ᠢ ᠪᠠᠨ | ᠱᠠᠭᠠᠷᠳᠠᠬᠤ ᠢᠲᠡᠭᠡᠮᠵᠢ ᠶᠢᠨ ᠣᠷᠴᠢᠨ ᠲᠣᠭᠤᠷᠢᠨ ᠢ ᠪᠤᠢ ᠪᠤᠯᠭᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶ᠎ᠠ ᠪᠦᠬᠦᠢ ᠠᠵᠢᠯ ᠤᠨ | ᠤᠷᠤᠭᠰᠢᠲᠠᠢ ᠨᠠᠶᠢᠳᠠᠪᠤᠷᠢᠵᠢᠭᠤᠯᠤᠬᠳᠠᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ | ᠳᠤᠭᠤᠶᠢᠯᠠᠩ ᠤᠨ ᠳᠠᠷᠤᠭ᠎ᠠ᠄ ᠪᠠᠭᠠᠨ᠎ᠠ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠭᠤᠣ ᠪᠦᠸᠧ ᠬᠤᠰᠢᠭᠤᠨ ᠤ ᠳᠡᠳ᠋ ᠳᠠᠷᠤᠭ᠎ᠠ᠂ ᠬᠤᠰᠢᠭᠤ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠬᠠᠰᠪᠠᠭᠠᠲᠤᠷ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ | ᠪᠦᠷᠢᠯᠳᠦᠭᠦᠨ ᠨᠢᠭᠡᠴᠡ᠄ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ᠂ ᠵᠠᠰᠠᠭ ᠤᠨ ᠣᠷᠳᠣᠨ ᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠣᠢ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠤᠰᠤᠨ ᠠᠰᠢᠭᠯᠠᠯᠲᠠ ᠶᠢᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠤᠯᠤᠰ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠵᠠᠭᠤᠴᠢᠯᠠᠭᠤᠷ ᠤᠨ | ᠲᠥᠪ᠂ ᠡᠮᠡᠭᠲᠡᠶᠢᠴᠦᠳ ᠤᠨ ᠬᠤᠯᠪᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠵᠡᠮᠳᠡᠭᠴᠦᠳ ᠤᠨ | ᠬᠤᠯᠪᠤᠭ᠎ᠠ᠂ ᠣᠶᠤᠨ ᠤ ᠪᠣᠯᠪᠠᠰᠤᠨ ᠤ ᠠᠯᠪᠠᠨ ᠭᠡᠷ ᠵᠡᠷᠭᠡ᠃ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠳᠤ | ᠪᠠᠶᠢᠷᠢᠯᠠᠭᠤᠯᠵᠤ᠂ ᠠᠯᠪᠠᠨ ᠭᠡᠷ ᠤᠨ ᠡᠷᠭᠢᠯᠡᠭᠴᠢ ᠶᠢᠨ ᠲᠤᠰᠢᠶᠠᠯ ᠢ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ᠳᠠᠷᠤᠭ᠎ᠠ ᠬᠠᠰᠪᠠᠭᠠᠲᠤᠷ ᠡᠭᠦᠷᠭᠡᠯᠡᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ ᠪᠠᠷ ᠨᠢ ᠠᠬᠢᠭᠤᠯᠬᠤ᠂ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠰᠢᠮᠳᠠᠭᠤᠯᠤᠨ ᠭᠦᠢᠴᠡᠳᠬᠡᠯᠭᠡᠵᠦ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ | ᠬᠤᠶᠠᠷ᠂ ᠡᠭᠦᠷᠭᠡ ᠶᠢᠨ ᠠᠵᠢᠯ ᠤᠨ ᠬᠤᠪᠢᠶᠠᠷᠢᠯᠠᠯ | ︵ᠨᠢᠭᠡ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ | ᠲᠦᠷᠦᠭᠦᠯᠡᠬᠦ ᠨᠢᠭᠡᠴᠡ᠄ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ᠂ ᠬᠠᠮᠢᠶ᠎ᠠ ᠪᠦᠬᠦᠢ | ᠬᠠᠷᠢᠭᠤᠴᠠᠯᠭᠠᠲᠤ ᠨᠢᠭᠡᠴᠡ᠂ ᠡᠭᠦᠷᠭᠡ ᠴᠢᠳᠠᠪᠬᠢ ᠶᠢᠨ ᠰᠠᠯᠠᠭ᠎ᠠ ᠮᠥᠴᠢᠷ ᠯᠦᠭᠡ ᠵᠣᠬᠢᠴᠠᠯᠳᠤᠨ ᠠᠶᠢᠮᠠᠭ ᠤᠨ | ᠵᠠᠬᠢᠷᠭ᠎ᠠ ᠶᠢᠨ ︽ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠭ᠎ᠠ | ᠬᠡᠮᠵᠢᠶ᠎ᠡ︾ ᠶᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠭᠤᠣᠯᠳᠠᠯᠭ᠎ᠠ ᠲᠠᠢ | ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠮᠥᠷᠳᠡᠵᠦ | ᠰᠢᠮᠳᠠᠭᠤᠯᠤᠨ ᠭᠦᠢᠴᠡᠳᠬᠡᠬᠦ ᠵᠢᠴᠢ ᠮᠠᠲ᠋ᠧᠷᠢᠶᠠᠯ ᠴᠤᠭᠯᠠᠭᠤᠯᠬᠤ᠂ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠬᠦ | ᠵᠡᠷᠭᠡ ᠶᠢ ᠬᠠᠷᠢᠭᠤᠴᠠᠨ᠎ᠠ᠃ ᠬᠠᠷᠢᠯᠴᠠᠬᠤ ᠬᠥᠮᠥᠨ᠄ ᠯᠢ ᠹᠠ ᠯᠦ᠂ 13948036420᠃ | 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ | ᠪᠠ ᠡᠷᠬᠡ ᠲᠡᠭᠰᠢ ᠪᠠᠷ ᠥᠷᠢᠰᠦᠯᠳᠦᠬᠦ ᠠᠴᠠ ᠡᠮᠦᠨᠡᠬᠢ ᠬᠢᠨᠠᠨ ᠪᠠᠶᠢᠴᠠᠭᠠᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ | ᠲᠠᠯᠪᠢᠬᠤ᠂ ᠦᠢᠯᠡᠴᠢᠯᠡᠬᠦ ᠪᠦᠭᠦ ᠶᠠᠪᠤᠴᠠ ᠳᠤ ᠲᠤᠤᠱᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ | ᠣᠷᠳᠣᠨ ᠤ ᠠᠯᠪᠠᠨ ᠭᠡᠷ᠂ ᠬᠠᠤᠯᠢ ᠴᠠᠭᠠᠵᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠤᠷᠢ ᠶᠢᠨ ᠶᠣᠰᠣᠭᠠᠷ ᠬᠠᠮᠵᠢᠯᠴᠠᠨ᠎ᠠ︶ | 2. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠤᠨ᠎ᠠ ︵2023 - 2025 2023 ᠣᠨ︶᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠯᠦᠭᠡᠲᠦ ᠲᠠᠰᠤᠯᠤᠯᠲᠠ ᠶᠢᠨ ᠡᠷᠬᠡ ᠶᠢ ᠴᠢᠩᠭ᠎ᠠ ᠨᠠᠶᠢᠳᠠᠪᠤᠷᠢᠵᠢᠭᠤᠯᠤᠨ᠎ᠠ | ᠃ ᠠᠯᠳᠠᠭ᠎ᠠ ᠪᠤᠷᠤᠭᠤ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠠ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠰᠢᠯᠭᠠᠨ ᠦᠨᠡᠯᠡᠬᠦ ᠳᠦᠷᠢᠮ ᠢ ᠴᠢᠩᠬ᠎ᠠ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠤᠯᠢ ᠴᠠᠭᠠᠵᠠ ᠶᠢᠨ | ᠲᠣᠪᠴᠢᠶ᠎ᠠ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠡᠭᠦᠷᠭᠡ ᠴᠢᠳᠠᠪᠬᠢ ᠶᠣᠰᠣᠭᠠᠷ | ᠬᠠᠮᠵᠢᠯᠴᠠᠨ᠎ᠠ︶ | 3. ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ ᠲᠤᠲᠠᠭᠳᠠᠵᠤ ᠪᠤᠯᠬᠤ ᠵᠦᠢᠯᠡᠰ ᠢ ᠠᠮᠠᠯᠳᠠᠬᠤ᠂ ᠣᠨᠳᠣᠣ | ᠭᠠᠵᠠᠷ ᠤᠨ ᠵᠦᠢᠯᠡᠰ ᠢ ᠣᠷᠣᠨ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ | ᠭᠤᠶᠤᠴᠢᠯᠠᠨ ᠡᠷᠭᠢᠯᠡᠭᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠦᠷ᠎ᠡ ᠠᠰᠢᠭ ᠢ ᠳᠡᠭᠡᠭᠰᠢᠯᠡᠭᠦᠯᠦᠨ᠂ ︽ᠨᠢᠭᠡ | ᠶᠠᠪᠤᠳᠠᠯ ᠢ ᠨᠢᠭᠡ ᠤᠳᠠᠭ᠎ᠠ ᠭᠦᠢᠴᠡᠳᠬᠡᠬᠦ︾ ᠦᠢᠯᠡᠴᠢᠯᠡᠭᠡᠨ ᠤ ᠢᠵᠢ ᠬᠤᠭᠤᠯᠠ ᠢᠳᠡᠬᠦ ᠶᠢ | ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠯ᠎ᠡ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ | ᠠᠵᠢᠯ᠂ ᠰᠢᠰᠲ᠋ᠧᠮ ᠤᠨ ᠬᠠᠮᠵᠢᠯᠴᠠᠭ᠎ᠠ ᠪᠠ ᠲᠤᠭ᠎ᠠ ᠪᠠᠷᠢᠮᠲᠠ ᠶᠢ ᠬᠠᠮᠲᠤ ᠳᠠᠭᠠᠨ ᠭᠦᠷᠲᠡᠭᠦ ᠶᠢ ᠴᠢᠩᠭᠠᠳᠬᠠᠨ᠎ᠠ᠃ ︵ | ᠬᠠᠷᠢᠭᠤᠴᠠᠯᠭᠠᠲᠤ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ | ᠮᠥᠴᠢᠷ ᠡᠭᠦᠷᠭᠡ ᠴᠢᠳᠠᠪᠤᠷᠢ ᠶᠣᠰᠣᠭᠠᠷ ᠬᠠᠮᠵᠢᠯᠴᠠᠨ᠎ᠠ︶ | 4. ᠬᠠᠤᠯᠢ ᠪᠠᠷ ᠬᠤᠰᠢᠭᠤ ᠪᠠᠨ ᠵᠠᠰᠠᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠠᠨᠠᠭᠤᠯᠬᠤ | ᠰᠢᠮᠳᠠᠭᠤᠯᠤᠨ ᠭᠦᠢᠴᠡᠳᠬᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ | ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠵᠠᠷᠭᠤ ᠦᠯᠦ ᠢᠯᠠᠭᠳᠠᠬᠤ᠂ | ᠵᠠᠰᠠᠭ ᠵᠠᠬᠢᠷᠭᠠᠨ ᠤ ᠳᠠᠭᠢᠨ ᠵᠥᠪᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠳᠦᠷᠢᠮ ᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠭᠡᠷ᠂ | ᠬᠠᠤᠯᠢ ᠴᠠᠭᠠᠵᠠ ᠶᠢᠨ ᠲᠣᠪᠴᠢᠶ᠎ᠠ︶ | 5. ᠢᠲᠡᠭᠡᠮᠵᠢ ᠪᠠᠨ ᠰᠠᠬᠢᠨ ᠠᠮᠠᠯᠠᠯᠲᠠ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠬᠢᠭᠡᠳ ᠠᠵᠤ | ᠠᠬᠤᠶᠢᠯᠠᠯ ᠤᠨ ᠲᠣᠭᠲᠠᠭᠰᠠᠨ ᠭᠡᠷ᠎ᠡ ᠪᠠᠨ ᠭᠦᠢᠴᠡᠳᠬᠡᠬᠦ ᠮᠡᠳᠡᠭᠡ ᠵᠠᠩᠭᠢ ᠶᠢ ᠪᠦᠭᠦ ᠲᠠᠯ᠎ᠠ ᠪᠠᠷ ᠴᠤᠭᠯᠠᠭᠤᠯᠵᠤ᠂ | ᠬᠥᠳᠡᠯᠦᠩᠭᠦᠢ ᠪᠠᠷ ᠮᠥᠷᠳᠡᠨ ᠳᠠᠭᠠᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ ᠭᠠᠷᠭᠠᠭᠰᠠᠨ ᠲᠥᠷᠥ ᠶᠢᠨ | ᠪᠣᠳᠣᠯᠭ᠎ᠠ ᠶᠢᠨ ᠠᠮᠠᠯᠠᠯᠲᠠ᠂ ᠲᠣᠭᠲᠠᠭᠰᠠᠨ ᠡᠯ᠎ᠡ ᠲᠥᠷᠥᠯ ᠤᠨ ᠭᠡᠷ᠎ᠡ ᠶᠢᠨ ᠵᠥᠪᠳᠡᠯᠴᠡᠭᠡᠷ ᠢ ᠪᠡᠶᠡᠯᠡᠭᠦᠯᠬᠦ ᠪᠠ | ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ | ᠵᠣᠬᠢᠶᠠᠨ ᠪᠠᠶᠢᠭᠤᠯᠬᠤ ᠬᠡᠯᠲᠡᠰ᠂ ᠵᠠᠰᠠᠭ ᠤᠨ ᠣᠷᠳᠣᠨ ᠤ ᠠᠯᠪᠠᠨ ᠭᠡᠷ᠂ ᠬᠠᠤᠯᠢ ᠪᠠᠷ ᠬᠤᠰᠢᠭᠤ ᠪᠠᠨ ᠵᠠᠰᠠᠬᠤ | ᠠᠯᠪᠠᠨ ᠭᠡᠷ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 6. ᠰᠢᠭᠦᠬᠦ ᠬᠤᠷᠢᠶᠠᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠰᠢᠭᠦᠬᠦ | ᠬᠤᠷᠢᠶ᠎ᠠ ᠨᠢ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ | ᠭᠦᠢᠴᠡᠳᠬᠡᠬᠦ ᠶᠢ ᠲᠡᠪᠴᠢᠭᠰᠡᠨ ᠨᠠᠮ ᠵᠠᠰᠠᠭ ᠤᠨ ᠪᠠᠶᠢᠭᠤᠯᠤᠯᠭ᠎ᠠ ᠶᠢ ᠠᠳᠠᠯᠢ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠵᠠᠷᠯᠠᠵᠤ ᠱᠠᠭᠠᠷᠳᠠᠨ ᠰᠢᠢᠳᠪᠦᠷᠢᠯᠡᠭᠦᠯᠬᠦ ᠪᠣᠯᠣᠨ᠎ᠠ᠃ ᠠᠷᠠᠳ ᠤᠨ ᠰᠢᠭᠦᠬᠦ ᠬᠤᠷᠢᠶᠠᠨ ᠤ | ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠦᠭᠡᠢ ᠴᠢᠳᠠᠪᠤᠷᠢ᠂ ᠨᠥᠬᠦᠴᠡᠯ ᠲᠠᠢ ᠭᠤᠣᠯ | ᠬᠠᠷᠢᠭᠤᠴᠠᠯᠭᠠᠲᠠᠨ ᠢ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠰᠢᠭᠦᠬᠦ ᠬᠤᠷᠢᠶ᠎ᠠ᠂ ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠭᠡᠷ᠂ ᠵᠠᠰᠠᠭ ᠤᠨ | ᠣᠷᠳᠣᠨ ᠤ ᠠᠯᠪᠠᠨ ᠭᠡᠷ︶ | 7. ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠢ ᠬᠠᠤᠯᠢ ᠲᠣᠭᠲᠠᠭᠠᠯ ᠶᠣᠰᠣᠭᠠᠷ ᠮᠠᠭᠠᠳᠯᠠᠨ | ᠨᠡᠶᠢᠲᠡᠯᠡᠬᠦ᠂ ᠨᠡᠷ᠎ᠡ ᠶᠢᠨ ᠬᠠᠭᠤᠳᠠᠰᠤ ᠶᠢᠨ ᠲᠥᠪ ᠭᠤᠣᠯᠴᠢ ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ ᠪᠠᠲᠤᠯᠠᠵᠤ | ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 8. ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠤᠯᠭᠠᠬᠤ ᠡᠷᠴᠢᠮ ᠢ ᠴᠢᠩᠭᠠᠷᠠᠭᠤᠯᠵᠤ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠴᠤᠪᠤᠷᠠᠯ ᠢ ᠵᠢᠷᠤᠮᠵᠢᠭᠤᠯᠤᠨ᠂ ᠢᠯᠡ ᠪᠤᠯᠭᠠᠬᠤ ᠠᠷᠭ᠎ᠠ ᠵᠠᠮ ᠢ | ᠨᠢᠭᠡᠳᠦᠯᠲᠡᠢ ᠪᠣᠯᠭᠠᠨ᠎ᠠ᠃ ᠠᠷᠠᠳ ᠣᠯᠠᠨ ᠯᠤᠭ᠎ᠠ ᠦᠨᠡᠨᠬᠦ ᠬᠠᠮᠢᠶ᠎ᠠ ᠪᠦᠬᠦᠢ ᠭᠤᠣᠯᠳᠠᠯᠭ᠎ᠠ ᠲᠠᠢ ᠬᠦᠷᠢᠶ᠎ᠡ᠂ ᠴᠢᠬᠤᠯᠠ | ᠠᠵᠢᠯ ᠤᠨ ᠪᠠᠶᠢᠷᠢ ᠪᠠ ᠵᠠᠩᠭᠢᠯᠠᠭ᠎ᠠ ᠶᠢᠨ ᠲᠠᠯ᠎ᠠ ᠶᠢᠨ ᠡᠷᠬᠡ ᠶᠢᠨ ᠠᠵᠢᠯᠯᠠᠭᠠᠨ ᠤ ᠪᠠᠶᠢᠳᠠᠯ ᠢ ᠴᠠᠭ ᠲᠤᠨᠢ | ᠲᠣᠬᠢᠷᠠᠭᠤᠯᠤᠨ ᠢᠯᠡ ᠪᠤᠯᠭᠠᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠨ᠂ ᠪᠦᠭᠦ ᠶᠠᠪᠤᠴᠠ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ︵ | ᠬᠠᠷᠢᠭᠤᠴᠠᠯᠭᠠᠲᠤ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠰᠠᠭ ᠤᠨ ᠣᠷᠳᠣᠨ ᠤ | ᠠᠯᠪᠠᠨ ᠭᠡᠷ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠶᠣᠰᠣᠭᠠᠷ︶ | 9. ᠢᠯᠡ ᠪᠤᠯᠭᠠᠬᠤ ᠶᠣᠰᠣᠲᠠᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠮᠡᠳᠡᠭᠡ ᠵᠠᠩᠭᠢ ᠶᠢᠨ ︽ᠬᠤᠶᠠᠷ ᠢ ᠢᠯᠡ ᠨᠡᠶᠢᠲᠡᠯᠡᠬᠦ︾ ᠠᠵᠢᠯ ᠤᠨ ᠪᠦᠭᠦᠨ ᠢ ᠬᠠᠮᠤᠷᠬᠤ ᠶᠢ | ᠠᠬᠢᠭᠤᠯᠵᠤ᠂ ᠡᠯ᠎ᠡ ᠰᠠᠯᠠᠭ᠎ᠠ ᠮᠥᠴᠢᠷ ᠤᠳ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ - | ᠥᠪᠥᠷ ᠮᠣᠩᠭᠤᠯ︶ ᠪᠠ ᠠᠯᠠᠱᠠ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ︾ ᠳᠤ ᠲᠦᠰᠢᠭᠯᠡᠨ | ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠰᠢᠩᠭᠡᠬᠡᠨ ᠣᠷᠣᠭᠤᠯᠵᠤ᠂ ᠴᠠᠭ ᠲᠤᠬᠠᠢ | ᠳᠤᠨᠢ ᠨᠣᠷᠮ᠎ᠠ᠂ ᠲᠣᠭᠲᠠᠭᠠᠯ ᠳᠤ ᠨᠡᠶᠢᠴᠡᠬᠦ ᠨᠣᠷᠮ᠎ᠠ᠂ ᠳᠡᠭᠡᠭᠰᠢ ᠮᠡᠳᠡᠭᠦᠯᠬᠦ ᠨᠣᠷᠮ᠎ᠠ ᠶᠢ 100 % ᠳᠤ | ᠬᠦᠷᠦᠭᠦᠯᠬᠦ ᠪᠠᠷ ᠴᠢᠷᠮᠠᠶᠢᠨ᠎ᠠ᠃ ᠢᠯᠡ ᠨᠡᠶᠢᠲᠡᠯᠡᠬᠦ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ | ︽ᠬᠤᠶᠠᠷ ᠢ ᠢᠯᠡ ᠨᠡᠶᠢᠲᠡᠯᠡᠬᠦ︾ ᠶᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ | ᠲᠠᠲᠠᠪᠤᠷᠢᠯᠠᠯᠲᠠ᠂ ᠵᠠᠰᠠᠭ ᠵᠠᠬᠢᠷᠭᠠᠨ ᠤ ᠲᠥᠯᠥᠪᠦᠷᠢ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠬᠢᠨᠠᠯᠲᠠ | ᠲᠠᠯᠪᠢᠯᠲᠠ ᠵᠡᠷᠭᠡ ︽ᠠᠷᠪᠠ ᠪᠠᠷ ᠢᠯᠡ ᠨᠡᠶᠢᠲᠡᠯᠡᠬᠦ︾ ᠭᠦᠷᠲᠡᠯ᠎ᠡ ᠪᠦᠭᠦ ᠲᠠᠯ᠎ᠠ ᠪᠠᠷ ᠥᠷᠭᠡᠵᠢᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ | ᠡᠯ᠎ᠡ ᠰᠤᠮᠤ ᠪᠠᠯᠭᠠᠰᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ ᠪᠡᠶᠡᠯᠡᠭᠦᠯᠦᠨ᠎ᠡ︶ | 10. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠵᠠᠰᠠᠭ ᠤᠨ ᠣᠷᠳᠣᠨ ᠤ ᠭᠡᠷ᠎ᠡ ᠠᠴᠠ ᠵᠥᠷᠢᠴᠡᠭᠰᠡᠨ ᠵᠠᠭᠠᠯᠳᠤᠬᠤ ᠴᠣᠩᠬᠤᠪᠴᠢ᠂ | 12345 ᠦᠢᠯᠡᠴᠢᠯᠡᠭᠡ ᠶᠢᠨ ᠤᠲᠠᠰᠤ ᠶᠢᠨ ᠵᠠᠰᠠᠭ ᠤᠨ ᠣᠷᠳᠣᠨ ᠤ ᠭᠡᠷ᠎ᠡ ᠠᠴᠠ ᠵᠥᠷᠢᠴᠡᠭᠰᠡᠨ ᠵᠠᠭᠠᠯᠳᠤᠯᠭ᠎ᠠ ᠶᠢᠨ | ᠲᠤᠰᠬᠠᠢ ᠪᠤᠯᠤᠩ᠂ 9688 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠴᠢᠯᠡᠭᠡᠨ ᠤ | ᠦᠢᠯᠡᠴᠢᠯᠡᠭᠡ ᠶᠢᠨ ᠤᠲᠠᠰᠤ᠂ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠤᠨ ᠥᠷᠢ ᠶᠢ ᠵᠠᠭᠠᠯᠳᠤᠵᠤ ᠬᠠᠷᠢᠭᠤ | ᠲᠤᠰᠬᠠᠬᠤ ᠰᠢᠰᠲ᠋ᠧᠮ᠂ ︽ᠥᠪᠥᠷ ᠮᠣᠩᠭᠤᠯ ᠤᠨ ᠠᠵᠤ ᠠᠬᠤᠶᠢᠯᠠᠯ︾ ᠲᠠᠪᠴᠠᠩ ᠵᠡᠷᠭᠡ ᠵᠠᠭᠠᠯᠳᠤᠬᠤ | ᠲᠠᠪᠴᠠᠩ ᠤᠨ ᠲᠤᠰᠬᠠᠭᠰᠠᠨ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠰᠠᠭᠤᠳᠠᠯ ᠢ ᠡᠮᠬᠢᠯᠡᠨ ᠨᠡᠶᠢᠯᠡᠭᠦᠯᠵᠦ᠂ | ᠬᠢᠨᠠᠨ ᠪᠠᠶᠢᠴᠠᠭᠠᠬᠤ ᠪᠠᠷ ᠳᠠᠮᠵᠢᠨ ᠦᠨᠡᠨ ᠪᠣᠳᠠᠲᠠᠢ ᠪᠣᠯᠤᠭᠰᠠᠨ ᠤ ᠳᠠᠷᠠᠭ᠎ᠠ᠂ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠤ ᠴᠠᠭ ᠲᠤᠬᠠᠢ ᠳᠤᠨᠢ ᠣᠷᠣᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠠᠤᠯᠢ ᠶᠣᠰᠣᠭᠠᠷ ᠬᠤᠰᠢᠭᠤ ᠠᠯᠪᠠᠨ ᠭᠡᠷ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ᠂ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 11. ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠢᠲᠡᠭᠡᠯ ᠠᠯᠳᠠᠭᠰᠠᠨ ᠪᠠᠶᠢᠳᠠᠯ ᠢ ᠴᠡᠭᠴᠡᠯᠡᠨ ᠵᠠᠰᠠᠬᠤ ᠶᠢ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠲᠣᠬᠢᠷᠠᠭᠤᠯᠤᠨ ᠪᠠᠶᠢᠷᠢᠯᠠᠭᠤᠯᠤᠭᠰᠠᠨ | ᠶᠣᠰᠣᠭᠠᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠮᠠᠯᠠᠯᠲᠠ ᠪᠠᠨ ᠪᠡᠶᠡᠯᠡᠭᠦᠯᠬᠦ ᠦᠭᠡᠢ᠂ ᠰᠢᠨ᠎ᠡ ᠠᠯᠪᠠᠨ | ᠲᠤᠰᠢᠶᠠᠯᠲᠠᠨ ᠬᠠᠭᠤᠴᠢᠨ ᠳᠠᠩᠰᠠ ᠪᠠᠨ ᠪᠤᠳᠣᠬᠤ ᠦᠭᠡᠢ᠂ ᠠᠮᠠᠯᠠᠯᠲᠠ ᠪᠠᠨ ᠬᠥᠩᠭᠡᠨ ᠲᠠᠰᠤᠯᠬᠤ᠂ | ᠬᠤᠳᠠᠯᠳᠤᠭᠠᠨ ᠤ ᠢᠲᠡᠭᠡᠮᠵᠢ ᠪᠠᠨ ᠠᠯᠳᠠᠭᠰᠠᠨ᠂ ᠠᠯᠠᠵᠤ ᠨᠢᠲᠤᠯᠤᠭᠰᠠᠨ ᠬᠤᠳᠠᠯᠳᠤᠭᠠᠴᠢᠨ ᠬᠤᠳᠠᠯᠳᠤᠭᠠᠴᠢᠨ | ᠮᠡᠬᠡᠯᠡᠬᠦ᠂ ᠭᠡᠷ᠎ᠡ ᠠᠴᠠ ᠵᠥᠷᠢᠴᠡᠵᠦ ᠭᠡᠷ᠎ᠡ ᠪᠠᠨ ᠬᠤᠬᠢᠷᠠᠭᠤᠯᠤᠨ ᠬᠥᠨᠥᠭᠡᠬᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠳᠠᠩᠰᠠᠨ ᠵᠣᠭᠤᠰ ᠢ ᠥᠷᠢᠲᠦᠬᠦ ᠵᠡᠷᠭᠡ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠶᠢ ᠶᠡᠬᠡᠪᠡᠷ ᠵᠢᠭᠰᠠᠭᠠᠨ ᠪᠠᠶᠢᠴᠠᠭᠠᠵᠤ᠂ ᠶᠡᠭᠡ ᠰᠠᠭᠤᠷᠢ ᠶᠢ ᠪᠠᠬᠢᠵᠢᠭᠦᠯᠵᠦ᠂ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠤᠯᠢ ᠶᠣᠰᠣᠭᠠᠷ ᠬᠤᠰᠢᠭᠤ ᠶᠠᠪᠤᠳᠠᠯ ᠢ | ᠵᠠᠰᠠᠬᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 12. ᠤᠷᠮᠠᠰᠢᠭᠤᠯᠬᠤ ᠪᠠ ᠵᠠᠯᠬᠠᠭᠠᠬᠤ ᠪᠠᠨ ᠴᠢᠩᠭᠠᠷᠠᠭᠤᠯᠵᠤ᠂ ᠢᠲᠡᠭᠡᠯ ᠠᠯᠳᠠᠭᠰᠠᠨ ᠲᠡᠮᠳᠡᠭᠯᠡᠯ ᠲᠠᠢ | ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ᠂ ᠡᠯ᠎ᠡ ᠲᠥᠷᠥᠯ ᠤᠨ ᠰᠢᠯᠢᠳᠡᠭ ᠢ ᠰᠢᠯᠭᠠᠷᠠᠭᠤᠯᠵᠤ ᠲᠡᠷᠢᠭᠦᠨ ᠤ | ᠬᠢ ᠶᠢ ᠰᠢᠯᠭᠠᠷᠠᠭᠤᠯᠬᠤ ᠳᠤ ᠣᠷᠤᠯᠴᠠᠬᠤ ᠬᠢᠷᠢ ᠭᠡᠮ ᠢ ᠨᠢ ᠬᠠᠤᠯᠢ ᠲᠣᠭᠲᠠᠭᠠᠯ ᠶᠣᠰᠣᠭᠠᠷ ᠬᠦᠴᠦᠨ ᠦᠭᠡᠢ | ᠪᠤᠯᠭᠠᠬᠤ ᠶᠢᠨ ᠬᠠᠮᠲᠤ ᠨᠡᠶᠢᠲᠡ ᠳᠤ ᠵᠠᠷᠯᠠᠨ ᠰᠢᠭᠦᠮᠵᠢᠯᠡᠨ᠎ᠡ᠃ ᠠᠯᠪᠠᠨ ᠲᠤᠰᠢᠶᠠᠯᠲᠠᠨ ᠤ ᠢᠲᠡᠭᠡᠯ ᠪᠠᠲᠤ ᠰᠠᠬᠢᠬᠤ ᠶᠢ | ᠤᠷᠮᠠᠰᠢᠭᠤᠯᠬᠤ ᠪᠠ ᠢᠲᠡᠭᠡᠯ ᠠᠯᠳᠠᠬᠤ ᠶᠢ ᠵᠠᠯᠬᠠᠭᠠᠨ ᠴᠡᠭᠡᠷᠯᠡᠭᠦᠯᠬᠦ ᠶᠢ ᠴᠢᠩᠭᠠᠷᠠᠭᠤᠯᠵᠤ᠂ ᠡᠯ᠎ᠡ ᠲᠥᠷᠥᠯ ᠤᠨ | ᠰᠢᠯᠢᠳᠡᠭ ᠲᠡᠷᠢᠭᠦᠨ ᠤ ᠬᠢ ᠶᠢ ᠰᠢᠯᠭᠠᠷᠠᠭᠤᠯᠵᠤ ᠬᠥᠬᠢᠭᠦᠯᠦᠨ ᠱᠠᠩᠨᠠᠬᠤ ᠠᠵᠢᠯᠯᠠᠭ᠎ᠠ ᠶᠢ ᠥᠷᠨᠢᠭᠦᠯᠬᠦ ᠳᠡᠭᠡᠨ᠂ | ᠦᠨᠡᠨᠴᠢ ᠢᠲᠡᠭᠡᠮᠵᠢ ᠶᠢᠨ ᠲᠡᠮᠳᠡᠭᠯᠡᠯ ᠪᠠ ᠬᠠᠮᠢᠶ᠎ᠠ ᠪᠦᠬᠦᠢ ᠢᠲᠡᠭᠡᠮᠵᠢ ᠶᠢ ᠦᠨᠡᠯᠡᠭᠰᠡᠨ ᠦᠷ᠎ᠡ ᠳ᠋ᠦᠩ ᠢ ᠠᠯᠪᠠᠨ | ᠲᠤᠰᠢᠶᠠᠯᠲᠠᠨ ᠢ ᠬᠥᠬᠢᠭᠦᠯᠦᠨ ᠱᠠᠩᠨᠠᠬᠤ ᠶᠢᠨ ᠴᠢᠬᠤᠯᠠ ᠦᠨᠳᠦᠰᠦᠯᠡᠯ ᠪᠤᠯᠭᠠᠬᠤ ᠬᠡᠷᠡᠭᠲᠡᠢ᠃ ︵ᠬᠠᠷᠢᠭᠤᠴᠠᠯᠭᠠᠲᠤ | ᠨᠢᠭᠡᠴᠡ᠄ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠤᠷᠢ ᠪᠠᠷ ᠢᠶᠠᠨ ᠬᠠᠮᠵᠢᠯᠴᠠᠨ᠎ᠠ︶ | 13. ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠵᠤ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠠᠵᠢᠯ ᠤᠨ ᠬᠤᠷᠢᠶ᠎ᠠ᠂ | ᠨᠠᠮ ᠤᠨ ᠤᠳᠤᠷᠢᠳᠬᠤ ᠳᠤᠭᠤᠶᠢᠯᠠᠩ︶ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ | ᠰᠤᠷᠤᠯᠴᠠᠯᠭ᠎ᠠ ᠶᠢᠨ ᠠᠭᠤᠯᠭ᠎ᠠ ᠳᠤ ᠣᠷᠣᠭᠤᠯᠵᠤ᠂ ᠪᠦᠭᠦ ᠬᠤᠰᠢᠭᠤᠨ ᠤ ᠺᠠᠲᠷ ᠤᠨ ᠬᠥᠮᠦᠵᠢᠯ ᠪᠣᠯᠪᠠᠰᠤᠷᠠᠯ ᠤᠨ | ᠠᠭᠤᠯᠭ᠎ᠠ ᠳᠤ ᠣᠷᠣᠭᠤᠯᠤᠨ᠎ᠠ᠃ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ᠂ ᠰᠢᠯᠢᠳᠡᠭ ᠰᠠᠶᠢᠨ | ᠦᠢᠯᠡᠴᠢᠯᠡᠭᠡ ᠲᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠣᠨ ᠠᠯᠪᠠᠲᠠᠨ ᠢ ᠤᠬᠠᠭᠤᠯᠤᠨ ᠮᠡᠳᠡᠭᠡᠯᠡᠬᠦ ᠶᠢ | ᠴᠢᠬᠤᠯᠠᠴᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠤᠬᠠᠭᠤᠯᠬᠤ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ︶ | 14. ᠠᠯᠪᠠᠨ ᠲᠤᠰᠢᠶᠠᠯᠲᠠᠨ ᠤ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠵᠤ᠂ ᠠᠯᠪᠠᠨ ᠠᠵᠢᠯᠲᠠᠨ ᠤ | ᠢᠲᠡᠭᠡᠮᠵᠢ ᠶᠢᠨ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠡᠯᠰᠡᠨ ᠬᠡᠷᠡᠭᠯᠡᠬᠦ᠂ ᠬᠢᠨᠠᠨ ᠰᠢᠯᠭᠠᠬᠤ᠂ ᠰᠢᠯᠢᠨ | ᠳᠡᠪᠰᠢᠭᠦᠯᠵᠦ ᠲᠣᠮᠢᠯᠠᠨ ᠬᠡᠷᠡᠭᠯᠡᠬᠦ ᠪᠠ ᠬᠥᠬᠢᠭᠦᠯᠦᠨ ᠱᠠᠩᠨᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠡ᠄ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | ︵ᠬᠤᠶᠠᠷ︶ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ | ᠲᠦᠷᠦᠭᠦᠯᠡᠬᠦ ᠨᠢᠭᠡᠴᠡ᠄ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ | ᠵᠠᠬᠢᠷᠭ᠎ᠠ ᠶᠢᠨ ︽ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠠᠷᠭ᠎ᠠ ᠬᠡᠮᠵᠢᠶ᠎ᠡ︾ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ | ᠭᠤᠣᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠬᠤ᠂ ᠮᠥᠷᠳᠡᠨ ᠰᠢᠮᠳᠠᠭᠤᠯᠤᠨ ᠰᠢᠢᠳᠪᠦᠷᠢᠯᠡᠬᠦ ᠵᠢᠴᠢ ᠮᠠᠲ᠋ᠧᠷᠢᠶᠠᠯ ᠴᠤᠭᠯᠠᠭᠤᠯᠬᠤ᠂ ᠬᠤᠷᠢᠶᠠᠩᠭᠤᠶᠢᠯᠠᠬᠤ | ᠂ ᠳᠡᠭᠡᠭᠰᠢ ᠮᠡᠳᠡᠭᠦᠯᠬᠦ ᠵᠡᠷᠭᠡ ᠶᠢ ᠬᠠᠷᠢᠭᠤᠴᠠᠨ᠎ᠠ᠃ ᠬᠠᠷᠢᠯᠴᠠᠬᠤ ᠬᠥᠮᠥᠨ᠄ ᠸᠧᠢ ᠵᠢᠩ ᠰᠢᠨ᠂ | 151489809999᠃ | 1. ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ | ︵2024 2024 ᠣᠨ ᠤ ᠬᠡᠪᠯᠡᠯ︶︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ | ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠴᠤᠭᠯᠠᠭᠤᠯᠵᠤ᠂ ᠪᠤᠰᠤᠳᠴᠢ ᠪᠠᠷ | ᠲᠡᠮᠳᠡᠭᠯᠡᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠣᠷᠣᠯᠠᠭᠤᠯᠬᠤ ︽ᠬᠠᠤᠯᠢ | ᠲᠣᠭᠲᠠᠭᠠᠯ ᠠᠴᠠ ᠵᠥᠷᠢᠴᠡᠭᠰᠡᠨ ᠭᠡᠷᠡᠴᠢ ᠦᠭᠡᠢ︾ ᠶᠢ ᠰᠦᠪᠡᠭᠴᠢᠯᠡᠨ ᠥᠷᠨᠢᠭᠦᠯᠵᠦ᠂ ᠡᠵᠡᠩᠨᠡᠯᠲᠡ ᠶᠢᠨ ᠭᠤᠣᠯ | ᠴᠣᠭᠴᠠ ᠶᠢᠨ ᠦᠨᠡᠮᠯᠡᠯ ᠭᠦᠢᠴᠡᠳᠬᠡᠬᠦ ᠨᠢ ᠠᠷᠪᠢᠨ᠂ ᠠᠵᠢᠯ ᠶᠠᠪᠤᠳᠠᠯ ᠭᠦᠢᠴᠡᠳᠬᠡᠬᠦ ᠳᠤ ᠬᠦᠴᠢᠷ ᠵᠡᠷᠭᠡ | ᠠᠰᠠᠭᠤᠳᠠᠯ ᠢ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠶᠣᠰᠣᠭᠠᠷ︶ | 2. ᠰᠠᠯᠠᠭ᠎ᠠ ᠮᠥᠴᠢᠷ ᠲᠤ ᠲᠦᠰᠢᠭᠯᠡᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠥᠪᠥᠷ ᠮᠣᠩᠭᠤᠯ︶ | ᠢ ᠲᠦᠰᠢᠭᠯᠡᠨ ᠪᠦᠭᠦ ᠬᠤᠰᠢᠭᠤᠨ ᠤ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠥᠮᠥᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ | ᠮᠥᠴᠢᠷ ᠡᠭᠦᠷᠭᠡ ᠴᠢᠳᠠᠪᠬᠢ ᠶᠣᠰᠣᠭᠠᠷ ᠬᠠᠮᠵᠢᠯᠴᠠᠨ᠎ᠠ︶ | 3. ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠠᠵᠢᠯ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ | ᠦᠨᠡᠯᠡᠯᠲᠡ ᠶᠢᠨ ᠳᠦᠷᠢᠮ ᠢ ᠨᠠᠶᠢᠳᠠᠪᠤᠷᠢᠵᠢᠭᠤᠯᠤᠨ᠎ᠠ ︵ᠰᠢᠨᠵᠢᠯᠡᠬᠦ ᠤᠬᠠᠭᠠᠨ ᠤ ᠰᠤᠳᠤᠯᠭᠠᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠶᠠᠰᠤ ᠴᠢᠨᠠᠷ ᠪᠠ ᠨᠡᠷᠡᠲᠦ ᠲᠥᠷᠥᠯ ᠲᠡᠮᠳᠡᠭᠲᠦ᠂ ᠠᠶᠤᠯ | ᠦᠭᠡᠢ ᠦᠢᠯᠡᠳᠪᠦᠷᠢᠯᠡᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠭᠠᠶᠢᠯᠢ᠂ ᠬᠡᠷᠡᠭᠯᠡᠭᠡᠨ᠂ ᠮᠥᠩᠭᠦᠨ | ᠭᠦᠢᠯᠭᠡᠭᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠭᠡᠷ ᠤᠨ ᠶᠠᠪᠤᠳᠠᠯ ᠤᠨ | ᠦᠢᠯᠡᠴᠢᠯᠡᠭᠡᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠰᠣᠶᠣᠯ ᠤᠨ ᠵᠢᠭᠤᠯᠴᠢᠯᠠᠯ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠢᠲᠡᠭᠡᠮᠵᠢ ᠶᠢᠨ ᠦᠨᠡᠯᠡᠯᠲᠡ ᠶᠢᠨ ᠳᠦᠷᠢᠮ ᠢ | ᠪᠠᠶᠢᠭᠤᠯᠤᠨ᠎ᠠ︶᠂ ᠢᠲᠡᠭᠡᠮᠵᠢ ᠰᠠᠬᠢᠬᠤ᠂ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠴᠠᠭ | ᠬᠤᠭᠤᠴᠠᠭ᠎ᠠ᠂ ᠨᠥᠯᠥᠭᠡ ᠵᠡᠷᠭᠡ ᠬᠦᠴᠦᠨ ᠵᠦᠢᠯ ᠢ ᠦᠨᠳᠦᠰᠦᠯᠡᠨ᠂ ᠠᠳᠠᠯᠢ ᠪᠤᠰᠤ ᠳᠡᠰ ᠬᠤᠪᠢᠶᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠥᠳᠡᠯᠦᠩᠭᠦᠢ ᠰᠢᠨᠡᠴᠢᠯᠡᠯᠲᠡ ᠬᠢᠨ᠎ᠡ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ ᠬᠤᠪᠢᠶᠠᠷᠢᠯᠠᠯ | ᠶᠣᠰᠣᠭᠠᠷ︶ | 4. ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠰᠠᠯᠠᠭ᠎ᠠ | ᠮᠥᠴᠢᠷ ᠤᠨ ᠢᠶᠠᠨ ᠮᠡᠳᠡᠭᠳᠡᠭᠰᠡᠨ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠨ᠂ ᠰᠢᠨᠡᠳᠬᠡᠵᠦ᠂ ︽ | ᠠᠯᠠᠱᠠ ᠵᠡᠭᠦᠨ ᠬᠤᠰᠢᠭᠤᠨ ᠤ ᠮᠡᠳᠡᠭᠳᠡᠭᠰᠡᠨ ᠠᠮᠠᠯᠠᠯᠲᠠ ᠶᠢᠨ ᠳᠦᠷᠢᠮ ᠵᠦᠢᠯ ᠤᠨ ᠭᠠᠷᠴᠠᠭ ᠤᠨ ᠨᠠᠷᠢᠨ ᠬᠠᠭᠤᠳᠠᠰᠤ | ︾ ᠶᠢ ᠨᠠᠶᠢᠷᠠᠭᠤᠯᠤᠨ ᠨᠡᠶᠢᠲᠡᠯᠡᠬᠦ ᠶᠢᠨ ᠬᠠᠮᠲᠤ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠨ᠎ᠡ᠃ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠵᠤ ᠳᠠᠩᠰᠠᠯᠠᠭᠤᠯᠬᠤ ᠶᠢᠨ ᠦᠨᠡᠯᠡᠨ ᠵᠢᠱᠢᠬᠦ ᠪᠠ | ᠢᠯᠭᠠᠷᠠᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠬᠠᠤᠯᠢ ᠲᠣᠭᠲᠠᠭᠠᠯ ᠶᠣᠰᠣᠭᠠᠷ ᠨᠡᠶᠢᠭᠡᠮ ᠳᠤ ᠨᠡᠶᠢᠲᠡᠯᠡᠬᠦ | ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠠᠤᠯᠢ ᠴᠠᠭᠠᠵᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ | ᠡᠭᠦᠷᠭᠡ ᠴᠢᠳᠠᠪᠬᠢ ᠶᠣᠰᠣᠭᠠᠷ ᠬᠠᠮᠵᠢᠯᠴᠠᠨ᠎ᠠ︶ | 5. ᠬᠤᠳᠠᠯᠳᠤᠭᠠᠨ ᠤ ᠡᠷᠦᠭᠡ ᠶᠢᠨ ᠢᠲᠡᠭᠡᠮᠵᠢ ᠶᠢᠨ ᠠᠮᠠᠯᠠᠯᠲᠠ ᠵᠢᠴᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ | ᠮᠡᠳᠡᠭᠡ ᠵᠠᠩᠭᠢ ᠶᠢ ᠦᠨᠡᠯᠡᠬᠦ ᠪᠠᠷᠢᠮᠵᠢᠶ᠎ᠠ ᠳᠤ ᠣᠷᠣᠭᠤᠯᠵᠤ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ︽ | ᠢᠯᠡ ᠨᠣᠮᠧᠷ ᠲᠠᠢ ᠡᠵᠡᠩᠨᠡᠬᠦ︾ ᠶᠢ ᠬᠡᠷᠡᠭᠵᠢᠭᠦᠯᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠦᠢᠴᠡᠳᠬᠡᠬᠦ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ | ᠮᠥᠴᠢᠷ ᠡᠭᠦᠷᠭᠡ ᠴᠢᠳᠠᠪᠤᠷᠢ ᠶᠣᠰᠣᠭᠠᠷ ᠬᠠᠮᠵᠢᠯᠴᠠᠨ᠎ᠠ︶ | 6. ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠲᠣᠬᠢᠷᠠᠭᠤᠯᠤᠨ ᠪᠠᠶᠢᠷᠢᠯᠠᠭᠤᠯᠤᠭᠰᠠᠨ | ᠪᠠᠶᠢᠷᠢᠯᠠᠭᠤᠯᠤᠯᠲᠠ ᠶᠣᠰᠣᠭᠠᠷ᠂ ᠬᠤᠳᠠᠯᠳᠤᠭᠠᠨ ᠤ ᠮᠡᠬᠡᠯᠡᠯ᠂ ᠭᠡᠷ᠎ᠡ ᠶᠢᠨ ᠪᠣᠯᠵᠤᠭ᠎ᠠ ᠠᠴᠠ ᠵᠥᠷᠢᠴᠡᠭᠰᠡᠨ᠂ | ᠥᠷᠢᠲᠦᠭᠰᠡᠨ ᠥᠷᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ᠂ ᠬᠤᠳᠠᠯ ᠬᠠᠭᠤᠷᠮᠠᠭ | ᠴᠢᠨᠠᠷ ᠮᠠᠭᠤ ᠲᠠᠸᠠᠷ ᠦᠢᠯᠡᠳᠴᠦ ᠪᠣᠷᠣᠯᠠᠭᠤᠯᠤᠭᠰᠠᠨ᠂ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ | ᠮᠡᠳᠡᠭᠡ ᠨᠡᠶᠢᠲᠡᠯᠡᠬᠦ᠂ ᠭᠠᠶᠢᠯᠢ ᠠᠴᠠ ᠵᠠᠶᠢᠯᠠᠵᠤ ᠭᠠᠶᠢᠯᠢ ᠶᠢ ᠮᠡᠬᠡᠯᠡᠨ ᠠᠪᠤᠭᠰᠠᠨ᠂ ᠲᠥᠷᠥᠯ ᠵᠦᠢᠯ ᠤᠨ ᠪᠡᠯᠡ | ᠮᠥᠩᠭᠦ ᠶᠢ ᠮᠡᠬᠡᠯᠡᠨ ᠠᠪᠤᠭᠰᠠᠨ ᠵᠡᠷᠭᠡ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯᠯᠠᠭ᠎ᠠ ᠥᠷᠨᠢᠭᠦᠯᠵᠦ᠂ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠠᠤᠯᠢ ᠶᠣᠰᠣᠭᠠᠷ ᠬᠤᠰᠢᠭᠤ ᠶᠠᠪᠤᠳᠠᠯ ᠢ | ᠵᠠᠰᠠᠬᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 7. ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠲᠡᠭᠡᠮᠵᠢ ᠶᠢᠨ | ᠲᠡᠮᠳᠡᠭᠯᠡᠯ ᠢᠶᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠳᠤ ᠬᠡᠷᠡᠭ ᠤᠨ ᠡᠮᠦᠨᠡᠬᠢ᠂ | ᠠᠵᠢᠯ ᠶᠠᠪᠤᠳᠠᠯ ᠤᠨ ᠳᠤᠮᠳᠠᠬᠢ᠂ ᠬᠡᠷᠡᠭ ᠤᠨ ᠳᠠᠷᠠᠭᠠᠬᠢ ︽ᠪᠦᠭᠦ ᠬᠤᠭᠤᠴᠠᠭ᠎ᠠ︾ ᠶᠢᠨ ᠬᠢᠨᠠᠯᠲᠠ ᠬᠠᠮᠢᠶᠠᠷᠤᠯᠲᠠ ᠶᠢ | ᠪᠡᠶᠡᠯᠡᠭᠦᠯᠦᠨ᠎ᠡ᠃ ︽ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠤᠯᠭᠠᠬᠤ︾ ᠰᠤᠭᠤᠴᠢᠨ ᠪᠠᠶᠢᠴᠠᠭᠠᠬᠤ ᠶᠢ | ᠪᠦᠭᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠵᠦᠷᠢᠴᠢᠯᠡᠭᠰᠡᠨ | ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠬᠢ ᠶᠣᠰᠣᠭᠠᠷ ᠬᠠᠮᠵᠢᠯᠴᠠᠨ᠎ᠠ︶ | 8. ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠢᠲᠡᠭᠡᠮᠵᠢ ᠶᠢ ᠨᠢ ᠰᠡᠷᠭᠦᠭᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ | ᠣᠯᠠᠨ ᠲᠠᠯ᠎ᠠ ᠠᠴᠠ ᠵᠠᠰᠠᠬᠤ︾ ︽ᠬᠤᠭᠤᠴᠠᠭ᠎ᠠ ᠠᠴᠠ ᠳᠠᠪᠠᠭᠤᠯᠤᠨ ᠵᠠᠰᠠᠬᠤ︾ ᠠᠰᠠᠭᠤᠳᠠᠯ ᠢ ᠰᠢᠢᠳᠪᠦᠷᠢᠯᠡᠨ᠎ᠡ᠃ | ᠢᠲᠡᠭᠡᠮᠵᠢ ᠶᠢ ᠨᠢ ᠰᠡᠷᠭᠦᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢ ᠨᠢ | ᠰᠡᠷᠭᠦᠭᠡᠬᠦ ᠪᠦᠭᠦ ᠶᠠᠪᠤᠴᠠ ᠶᠢᠨ ᠰᠦᠯᠵᠢᠶᠡᠨ ᠤ ᠠᠯᠪᠠᠨ ᠭᠡᠷ ᠢ ᠠᠬᠢᠭᠤᠯᠤᠨ᠂ ᠰᠡᠯᠪᠢᠨ ᠰᠡᠷᠭᠦᠭᠡᠬᠦ ᠨᠥᠬᠦᠴᠡᠯ ᠳᠤ | ᠨᠡᠶᠢᠴᠡᠬᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠳᠤ ᠦᠨᠡᠨᠴᠢ ᠢᠲᠡᠭᠡᠮᠵᠢ ᠶᠢᠨ ᠬᠥᠮᠦᠵᠢᠯ᠂ ᠲᠥᠪᠯᠡᠷᠡᠭᠦᠯᠦᠨ | ᠰᠠᠨᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠥᠷᠨᠢᠭᠦᠯᠵᠦ᠂ ᠢᠲᠡᠭᠡᠮᠵᠢ ᠠᠯᠳᠠᠭᠰᠠᠨ ᠭᠤᠣᠯ | ᠴᠣᠭᠴᠠ ᠶᠢᠨ ᠦᠯᠡᠳᠡᠭᠡᠯ ᠢ ᠪᠠᠭᠠᠰᠬᠠᠵᠤ᠂ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠮᠡᠭᠳᠡᠯ ᠢ ᠬᠢᠵᠠᠭᠠᠷᠯᠠᠨ᠎ᠠ | ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠣᠰᠣᠭᠠᠷ ᠬᠠᠮᠵᠢᠯᠴᠠᠨ᠎ᠠ︶ | 9. ︽ᠢᠲᠡᠭᠡᠮᠵᠢ ᠲᠠᠢ ᠪᠠᠶᠢᠬᠤ ᠪᠠᠷ ᠬᠤᠳᠠᠯᠳᠤᠭ᠎ᠠ ᠪᠠᠨ ᠬᠥᠭᠵᠢᠭᠦᠯᠬᠦ ᠤᠬᠠᠭᠤᠯᠭ᠎ᠠ ᠶᠢᠨ ᠰᠠᠷ᠎ᠠ︾᠂ ︽ | ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠵᠢᠴᠢ ᠴᠢᠬᠤᠯᠠ ᠪᠠᠶᠠᠷ ᠳᠤᠷᠠᠰᠬᠠᠯ ᠤᠨ ᠡᠳᠦᠷ ᠵᠡᠷᠭᠡ | ᠴᠠᠭ ᠬᠤᠭᠤᠴᠠᠭ᠎ᠠ ᠶᠢ ᠠᠰᠢᠭᠯᠠᠵᠤ᠂ ᠣᠯᠠᠨ ᠭᠡᠯᠪᠡᠷᠢ ᠮᠠᠶ᠋ᠢᠭ ᠪᠦᠬᠦᠢ ᠦᠨᠡᠨᠴᠢ ᠢᠲᠡᠭᠡᠮᠵᠢ ᠶᠢᠨ ᠤᠬᠠᠭᠤᠯᠤᠨ | ᠳᠡᠯᠭᠡᠷᠡᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ ᠶᠣᠰᠣᠭᠠᠷ | ᠬᠠᠮᠵᠢᠯᠴᠠᠨ᠎ᠠ︶ | ︵ᠭᠤᠷᠪᠠ︶ ᠨᠡᠶᠢᠭᠡᠮ ᠤᠨ ᠦᠨᠡᠨᠴᠢ ᠢᠲᠡᠭᠡᠮᠵᠢ | ᠲᠦᠷᠦᠭᠦᠯᠡᠬᠦ ᠨᠢᠭᠡᠴᠡ᠄ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠶᠢᠮᠠᠭ ᠤᠨ | ᠵᠠᠬᠢᠷᠭ᠎ᠠ ᠶᠢᠨ ︽ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ︾ ᠶᠢ | ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠭᠤᠣᠯᠳᠠᠯᠭ᠎ᠠ ᠲᠠᠢ ᠡᠭᠦᠷᠭᠡ ᠶᠢ | ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠮᠥᠷᠳᠡᠨ | ᠰᠢᠮᠳᠠᠭᠤᠯᠤᠨ ᠰᠢᠢᠳᠪᠦᠷᠢᠯᠡᠬᠦ ᠵᠢᠴᠢ ᠮᠠᠲ᠋ᠧᠷᠢᠶᠠᠯ ᠴᠤᠭᠯᠠᠭᠤᠯᠬᠤ᠂ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠬᠦ | ᠵᠡᠷᠭᠡ ᠶᠢ ᠬᠠᠷᠢᠭᠤᠴᠠᠨ᠎ᠠ᠃ ᠬᠠᠷᠢᠯᠴᠠᠬᠤ ᠬᠥᠮᠥᠨ᠄ ᠵᠧᠦ ᠵᠢᠶᠠ ᠨᠢ᠂ 18648310111᠃ | 1. ᠬᠤᠪᠢ ᠬᠥᠮᠥᠨ ᠤ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠪᠢ ᠬᠥᠮᠥᠨ ᠤ | ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠂ ᠠᠵᠢᠯ ᠲᠥᠷᠥᠯ ᠬᠤᠪᠢᠶᠠᠷᠢ ᠬᠦᠷᠢᠶ᠎ᠡ | ᠬᠡᠪᠴᠢᠶ᠎ᠡ ᠳᠤ ᠬᠤᠪᠢ ᠬᠥᠮᠥᠨ ᠤ ᠢᠲᠡᠭᠡᠮᠵᠢ ᠶᠢᠨ ᠳᠠᠩᠰᠠ ᠡᠪᠬᠡᠮᠡᠯ ᠢ ᠠᠯᠬᠤᠮ ᠠᠯᠬᠤᠮ ᠢᠶᠠᠷ ᠪᠠᠶᠢᠭᠤᠯᠤᠨ᠂ | ᠲᠣᠭᠲᠠᠮᠠᠯ ᠬᠤᠭᠤᠴᠠᠭ᠎ᠠ ᠲᠠᠢ ᠪᠠᠷ ᠬᠥᠳᠡᠯᠦᠩᠭᠦᠢ ᠰᠢᠨᠡᠳᠬᠡᠬᠦ ᠶᠢ ᠬᠡᠷᠡᠭᠵᠢᠭᠦᠯᠵᠦ᠂ ᠬᠤᠪᠢ ᠬᠥᠮᠥᠨ ᠤ | ᠢᠲᠡᠭᠡᠮᠵᠢ ᠶᠢᠨ ᠴᠤᠭᠯᠠᠭᠤᠯᠭ᠎ᠠ᠂ ᠡᠳ᠋ᠰᠢᠭᠦᠯᠭᠡ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠬᠤᠪᠢ | ᠬᠥᠮᠥᠨ ᠤ ᠦᠨᠡᠨᠴᠢ ᠢᠲᠡᠭᠡᠮᠵᠢᠲᠡᠢ ᠪᠠᠶᠢᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠮᠢᠶ᠎ᠠ ᠪᠦᠬᠦᠢ | ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠶᠣᠰᠣᠭᠠᠷ︶ | 2. ᠬᠦᠨᠳᠦ ᠨᠣᠴᠢᠲᠠᠢ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠳᠤ᠂ ᠨᠡᠶᠢᠭᠡᠮ ᠤᠨ | ᠢᠲᠡᠭᠡᠮᠵᠢ ᠶᠢᠨ ᠣᠷᠣᠯᠠᠬᠤ ᠲᠡᠮᠳᠡᠭ ᠢ ᠨᠢᠭᠡᠳᠬᠡᠬᠦ ᠪᠠᠷ ᠴᠣᠷ ᠤᠨ ᠭᠠᠭᠴᠠ ᠲᠡᠮᠳᠡᠭ ᠪᠤᠯᠭᠠᠵᠤ᠂ ᠬᠠᠮᠢᠶ᠎ᠠ ᠪᠦᠬᠦᠢ | ᠮᠡᠳᠡᠭᠡ ᠵᠠᠩᠭᠢ ᠶᠢ ᠴᠠᠭ ᠲᠤᠬᠠᠢ ᠳᠤᠨᠢ ᠠᠯᠠᠱᠠ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠲᠠᠪᠴᠠᠩ ᠳᠤ ᠬᠦᠷᠭᠡᠬᠦ ᠶᠢᠨ ᠬᠠᠮᠲᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ | ᠢᠯᠡ ᠨᠡᠶᠢᠲᠡᠯᠡᠵᠦ᠂ ᠵᠠᠬ᠎ᠠ ᠳᠡᠯᠭᠡᠭᠦᠷ ᠤᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠢᠯᠭᠠᠨ ᠲᠠᠨᠢᠬᠤ ᠳᠤ | ᠳᠥᠭᠦᠮ ᠦᠵᠡᠭᠦᠯᠦᠨ᠂ ᠢᠲᠡᠭᠡᠮᠵᠢ ᠶᠢᠨ ᠲᠦᠭᠰᠢᠭᠦᠷᠢ ᠶᠢ ᠰᠡᠷᠭᠡᠶᠢᠯᠡᠵᠦ᠂ ᠬᠠᠮᠢᠶ᠎ᠠ ᠪᠦᠬᠦᠢ ᠵᠠᠯᠬᠠᠭᠠᠨ ᠴᠡᠭᠡᠷᠯᠡᠭᠦᠯᠬᠦ | ᠠᠷᠭ᠎ᠠ ᠬᠡᠮᠵᠢᠶ᠎ᠡ ᠣᠯᠭᠤᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠬᠢ ᠶᠣᠰᠣᠭᠠᠷ ᠬᠠᠮᠵᠢᠯᠴᠠᠨ᠎ᠠ︶ | 3. ᠢᠲᠡᠭᠡᠮᠵᠢ ᠶᠢ ᠨᠢ ᠰᠡᠷᠭᠦᠭᠡᠬᠦ ᠬᠡᠪᠴᠢᠶ᠎ᠡ᠂ ᠠᠷᠭ᠎ᠠ ᠵᠠᠮ᠂ ᠴᠤᠪᠤᠷᠠᠯ ᠵᠡᠷᠭᠡ ᠶᠢ ᠵᠢᠷᠤᠮᠵᠢᠭᠤᠯᠤᠨ᠂ | ᠢᠲᠡᠭᠡᠮᠵᠢ ᠠᠯᠳᠠᠭᠰᠠᠨ ᠠᠵᠢᠯᠯᠠᠭ᠎ᠠ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠭᠤᠣᠯ ᠴᠣᠭᠴᠠ ᠶᠢ ᠳᠡᠮᠵᠢᠵᠦ ᠪᠠᠶᠢᠭᠠᠳ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠶᠢ ᠨᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠵᠤ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ | ᠪᠣᠯᠣᠨ ᠵᠡᠷᠭᠡ ᠳᠡᠰ ᠢ ᠨᠢ ᠲᠣᠭᠲᠠᠭᠠᠭᠰᠠᠨ ᠡᠭᠦᠰᠬᠡᠨ ᠪᠠᠶᠢᠭᠤᠯᠤᠭᠰᠠᠨ ᠨᠢᠭᠡᠴᠡ ᠳᠤ ᠢᠲᠡᠭᠡᠮᠵᠢ ᠪᠠᠷ ᠰᠡᠯᠪᠢᠨ | ᠵᠠᠰᠠᠭᠤᠯᠬᠤ ᠳᠤᠷᠠᠳᠤᠨ ᠭᠠᠷᠭᠠᠬᠤ ᠶᠢᠨ ᠬᠠᠮᠲᠤ᠂ ᠢᠲᠡᠭᠡᠮᠵᠢ ᠶᠢ ᠨᠢ ᠰᠡᠷᠭᠦᠭᠡᠭᠰᠡᠨ ᠲᠡᠮᠳᠡᠭᠯᠡᠯ ᠢ ᠡᠯ᠎ᠡ ᠱᠠᠲᠤᠨ ᠤ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠳᠤ ᠣᠷᠣᠭᠤᠯᠬᠤ ᠬᠡᠷᠡᠭᠲᠡᠢ᠃ | ᠬᠡᠷᠡᠭᠵᠢᠭᠦᠯᠦᠭᠰᠡᠨ ᠰᠠᠯᠠᠭ᠎ᠠ ᠮᠥᠴᠢᠷ ᠤᠳ ᠨᠢ ᠰᠡᠯᠪᠢᠨ ᠵᠠᠰᠠᠭᠰᠠᠨ ᠤ ᠳᠠᠷᠠᠭᠠᠬᠢ ᠢᠲᠡᠭᠡᠮᠵᠢ ᠶᠢᠨ ᠲᠡᠮᠳᠡᠭᠯᠡᠯ | ᠶᠣᠰᠣᠭᠠᠷ ᠲᠡᠭᠦᠨ ᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠪᠠᠭᠠᠰᠬᠠᠬᠤ ᠪᠤᠶᠤ ᠬᠦᠴᠦᠨ ᠦᠭᠡᠢ ᠪᠣᠯᠭᠠᠨ᠎ᠠ᠃ | ︵ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠶᠣᠰᠣᠭᠠᠷ | ᠬᠠᠮᠵᠢᠯᠴᠠᠨ᠎ᠠ︶ | 4. ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠲᠣᠬᠢᠷᠠᠭᠤᠯᠤᠨ ᠪᠠᠶᠢᠷᠢᠯᠠᠭᠤᠯᠤᠭᠰᠠᠨ | ᠪᠠᠶᠢᠷᠢᠯᠠᠭᠤᠯᠤᠯᠲᠠ ᠶᠣᠰᠣᠭᠠᠷ᠂ ᠡᠯ᠎ᠡ ᠲᠥᠷᠥᠯ ᠤᠨ ᠪᠡᠯᠡ ᠮᠥᠩᠭᠦ ᠶᠢ ᠬᠤᠳᠠᠯ ᠢᠶᠠᠷ ᠮᠡᠳᠡᠭᠦᠯᠦᠨ ᠠᠪᠴᠤ | ᠬᠡᠷᠡᠭᠯᠡᠭᠰᠡᠨ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠨᠢ ᠲᠥᠪ ᠪᠤᠰᠤ᠂ ᠬᠠᠷ᠎ᠠ | ᠵᠠᠭᠤᠴᠢ ᠶᠢ ᠰᠢᠯᠭᠠᠬᠤ ᠪᠠ ᠨᠡᠭᠡᠭᠡᠨ ᠡᠷᠭᠢᠯᠡᠭᠦ᠂ ᠬᠡᠲᠦᠷᠡᠲᠡᠯ᠎ᠡ ᠣᠨᠣᠰᠢᠯᠠᠨ ᠡᠮᠨᠡᠬᠦ᠂ ᠪᠥᠵᠢᠭ ᠤᠨ ᠭᠡᠮ ᠰᠣᠭᠤᠭ ᠢ | ᠬᠢᠨᠠᠨ ᠲᠣᠭᠲᠠᠭᠠᠬᠤ᠂ ᠮᠡᠬᠡᠯᠡᠨ ᠠᠵᠢᠯᠯᠠᠭᠤᠯᠤᠨ ᠭᠠᠷᠭᠠᠬᠤ ᠵᠡᠷᠭᠡ ᠢᠲᠡᠭᠡᠮᠵᠢ ᠠᠯᠳᠠᠭᠰᠠᠨ ᠲᠣᠪᠣᠶᠢᠮ᠎ᠠ | ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠵᠠᠰᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠤᠯᠢ ᠶᠣᠰᠣᠭᠠᠷ ᠬᠤᠰᠢᠭᠤ | ᠶᠠᠪᠤᠳᠠᠯ ᠢ ᠵᠠᠰᠠᠬᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠤᠨ ᠵᠥᠪᠯᠡᠯ᠂ | ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠶᠣᠰᠣᠭᠠᠷ | ᠬᠠᠮᠵᠢᠯᠴᠠᠨ᠎ᠠ︶ | 5. ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢᠲᠡᠭᠡᠯ ᠢᠶᠠᠨ | ᠠᠯᠳᠠᠭᠰᠠᠨ ᠭᠤᠣᠯ ᠴᠣᠭᠴᠠ ᠶᠢᠨ ᠬᠠᠤᠯᠢ ᠶᠢᠨ ᠡᠷᠬᠡᠲᠡᠨ ᠪᠠ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠶᠢᠨ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ᠂ ᠬᠠᠤᠯᠢ ᠴᠠᠭᠠᠵᠠ ᠶᠢᠨ ᠲᠠᠰᠤᠯᠤᠯᠲᠠ᠂ ᠢᠲᠡᠭᠡᠯ ᠠᠯᠳᠠᠭᠰᠠᠳ ᠢ | ᠭᠦᠢᠴᠡᠳᠭᠡᠭᠴᠢ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠠᠯᠠᠱᠠ ᠠᠶᠢᠮᠠᠭ ᠤᠨ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠦᠷᠲᠡᠭᠦ ᠲᠠᠪᠴᠠᠩ᠂ ︽ᠢᠲᠡᠭᠡᠮᠵᠢᠲᠦ ᠳᠤᠮᠳᠠᠳᠤ ᠤᠯᠤᠰ ︵ | ᠥᠪᠥᠷ ᠮᠣᠩᠭᠤᠯ ᠤᠨ ᠠᠯᠠᠱᠠ︶︾ ᠰᠦᠯᠵᠢᠶᠡᠨ ᠤ ᠥᠷᠲᠡᠭᠡ ᠳᠤ ᠢᠯᠡ ᠨᠡᠶᠢᠲᠡᠯᠡᠵᠦ᠂ ᠨᠡᠶᠢᠭᠡᠮ ᠳᠤ ︽ᠨᠢᠭᠡ | ᠥᠷᠲᠡᠭᠡ ᠮᠠᠶ᠋ᠢᠭ︾ ᠤᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ | ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ | ᠬᠤᠪᠢᠶᠠᠷᠢᠯᠠᠯ ᠶᠣᠰᠣᠭᠠᠷ︶ | 6. ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠲᠤᠰᠬᠠᠢ ᠵᠦᠢᠯ ᠢᠶᠠᠷ ᠵᠠᠰᠠᠬᠤ ᠶᠢ ᠥᠷᠨᠢᠭᠦᠯᠵᠦ᠂ | ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ︽ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ | ᠨᠡᠷᠡᠰ︾ ᠲᠤ ᠣᠯᠠᠨ ᠤᠳᠠᠭ᠎ᠠ ᠣᠷᠣᠭᠤᠯᠤᠭᠰᠠᠨ ᠪᠤᠶᠤ ᠵᠠᠰᠠᠭ ᠵᠠᠬᠢᠷᠭᠠᠨ ᠤ ᠰᠢᠢᠳᠬᠡᠯ ᠣᠯᠣᠭᠠᠳ | ᠵᠠᠯᠠᠷᠠᠭᠤᠯᠤᠭᠠᠳᠤᠢ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ︽ᠯᠠᠶᠢᠢᠮᠤᠷᠴᠢ︾ ᠢᠲᠡᠭᠡᠮᠵᠢ ᠠᠯᠳᠠᠭᠰᠠᠨ | ᠶᠠᠪᠤᠳᠠᠯ ᠢ ᠲᠤᠰᠬᠠᠢ ᠵᠦᠢᠯ ᠢᠶᠠᠷ ᠵᠠᠰᠠᠬᠤ ᠡᠬᠡ ᠳᠠᠩᠰᠠ ᠪᠠᠶᠢᠭᠤᠯᠵᠤ᠂ ᠨᠢᠭᠡ ᠪᠦᠯᠦᠭ ᠢᠲᠡᠭᠡᠯ ᠠᠯᠳᠠᠭᠰᠠᠨ | ᠬᠡᠷᠡᠭ ᠤᠨ ᠰᠦᠪᠡᠭᠴᠢ ᠶᠢ ᠵᠢᠭᠰᠠᠭᠠᠨ ᠪᠠᠶᠢᠴᠠᠭᠠᠵᠤ᠂ ᠨᠢᠭᠡ ᠪᠦᠯᠦᠭ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠣᠯ | ᠴᠣᠭᠴᠠ ᠶᠢ ᠵᠠᠯᠬᠠᠭᠠᠨ ᠴᠡᠭᠡᠷᠯᠡᠭᠦᠯᠵᠦ᠂ ᠨᠢᠭᠡ ᠪᠦᠯᠦᠭ ᠨᠡᠶᠢᠲᠡᠯᠢᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ | ᠪᠦᠯᠦᠭ ᠰᠡᠷᠡᠮᠵᠢᠯᠡᠭᠦᠯᠦᠨ᠂ ᠨᠢᠭᠡ ᠪᠦᠯᠦᠭ ᠰᠤᠷᠭᠠᠨ ᠬᠥᠮᠥᠵᠢᠭᠦᠯᠵᠦ ᠨᠢᠭᠡ ᠪᠦᠯᠦᠭ ᠦᠷ᠎ᠡ ᠪᠦᠲᠦᠮᠵᠢ ᠣᠯᠬᠤ | ᠱᠠᠭᠠᠷᠳᠠᠯᠭ᠎ᠠ ᠲᠠᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠣᠰᠣᠭᠠᠷ ᠬᠠᠮᠵᠢᠯᠴᠠᠨ᠎ᠠ︶ | 7. ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠬᠢᠭᠡᠳ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠬᠤ | ᠪᠠ ᠦᠢᠯᠡᠳᠦᠯᠭᠡᠵᠢᠭᠦᠯᠬᠦ᠂ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠡᠭᠦᠳᠬᠦ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠠᠮᠢᠶ᠎ᠠ ᠪᠦᠬᠦᠢ | ᠰᠠᠯᠠᠭ᠎ᠠ ᠮᠥᠴᠢᠷ ᠡᠭᠦᠷᠭᠡ ᠴᠢᠳᠠᠪᠤᠷᠢ ᠶᠣᠰᠣᠭᠠᠷ ᠬᠠᠮᠵᠢᠯᠴᠠᠨ᠎ᠠ︶ | 8. ᠰᠣᠶᠣᠯ ᠤᠨ ᠣᠷᠳᠣᠨ᠂ ᠨᠣᠮ ᠤᠨ ᠰᠠᠩ ᠵᠡᠷᠭᠡ ᠰᠣᠶᠣᠯ ᠤᠨ ᠵᠢᠭᠰᠠᠭᠠᠯ ᠤᠨ ᠭᠠᠵᠠᠷ ᠢ ᠭᠦᠢᠴᠡᠳ | ᠠᠰᠢᠭᠯᠠᠨ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ᠂ ᠤᠷᠠᠨ ᠰᠠᠶᠢᠬᠠᠨ ᠤ ᠲᠣᠬᠯᠠᠯᠲᠠ ᠵᠡᠷᠭᠡ ᠭᠡᠯᠪᠡᠷᠢ ᠪᠠᠷ | ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠰᠣᠶᠣᠯ ᠢ ᠭᠦᠨᠵᠡᠭᠡᠢ ᠤᠬᠠᠭᠤᠯᠵᠤ᠂ ᠨᠡᠶᠢᠭᠡᠮ ᠤᠨ ᠨᠥᠯᠥᠭᠡᠯᠡᠬᠦ | ᠬᠦᠴᠦᠨ ᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠵᠤ᠂ ᠡᠷᠦᠭᠡ ᠶᠢᠨ ᠳᠣᠲᠣᠷ᠎ᠠ ᠭᠠᠳᠠᠨᠠᠬᠢ ᠲᠣᠮᠣ ᠳᠡᠯᠭᠡᠴᠡ᠂ ᠤᠬᠠᠭᠤᠯᠭ᠎ᠠ ᠶᠢᠨ | ᠰᠠᠮᠪᠠᠷ᠎ᠠ᠂ ᠣᠶᠤᠨᠴᠢ ᠣᠬᠤᠷ ᠮᠡᠳᠡᠭᠡ ᠵᠡᠷᠭᠡ ᠠᠴᠢᠶᠠᠯᠠᠪᠤᠷᠢ ᠶᠢ ᠠᠰᠢᠭᠯᠠᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠨᠡᠶᠢᠭᠡᠮ ᠤᠨ ᠥᠩᠭᠡᠨ ᠲᠠᠯ᠎ᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠭᠦᠨ ᠵᠤᠵᠠᠭᠠᠨ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠲᠥᠪ ︵ᠭᠠᠵᠠᠷ᠂ ᠥᠷᠲᠡᠭᠡ︶ ᠵᠡᠷᠭᠡ ᠦᠨᠳᠦᠰᠦᠨ ᠱᠠᠲᠤᠨ ᠤ ᠤᠬᠠᠭᠤᠯᠭ᠎ᠠ ᠰᠣᠶᠣᠯ ᠤᠨ ᠵᠢᠭᠰᠠᠭᠠᠯ ᠤᠨ ᠭᠠᠵᠠᠷ ᠢ | ᠠᠰᠢᠭᠯᠠᠨ᠂ ᠴᠢᠭᠯᠡᠭᠦᠯᠦᠯᠲᠦ᠂ ᠣᠯᠠᠨᠴᠢᠯᠠᠯᠵᠢᠬᠤ᠂ ᠬᠠᠷᠢᠯᠴᠠᠨ ᠦᠢᠯᠡᠳᠦᠯᠴᠡᠬᠦ ᠣᠨᠣᠯ ᠤᠨ ᠤᠬᠠᠭᠤᠯᠤᠯ ᠵᠢᠴᠢ | ᠨᠡᠶᠢᠭᠡᠮ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠦᠨᠡᠨᠴᠢ | ᠢᠲᠡᠭᠡᠮᠵᠢ ᠶᠢᠨ ᠨᠡᠶᠢᠲᠡᠯᠢᠭ ᠬᠥᠮᠥᠨ᠂ ᠦᠨᠡᠨᠴᠢ ᠢᠲᠡᠭᠡᠮᠵᠢ ᠶᠢᠨ ᠦᠯᠢᠭᠡᠷ᠂ ᠢᠲᠡᠭᠡᠮᠵᠢ ᠶᠢᠨ ᠮᠡᠳᠡᠯᠭᠡ ᠵᠡᠷᠭᠡ ᠶᠢ | ᠲᠠᠶᠢᠯᠪᠤᠷᠢᠯᠠᠨ ᠲᠣᠭᠠᠴᠢᠵᠤ᠂ ᠦᠨᠡᠨᠴᠢ ᠢᠲᠡᠭᠡᠮᠵᠢ ᠶᠢᠨ ᠰᠣᠶᠣᠯ ᠢ ᠤᠯᠠᠮᠵᠢᠯᠠᠨ ᠳᠡᠯᠭᠡᠷᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠠᠮᠢᠶ᠎ᠠ ᠪᠦᠬᠦᠢ | ᠰᠠᠯᠠᠭ᠎ᠠ ᠮᠥᠴᠢᠷ ᠡᠭᠦᠷᠭᠡ ᠴᠢᠳᠠᠪᠤᠷᠢ ᠶᠣᠰᠣᠭᠠᠷ ᠬᠠᠮᠵᠢᠯᠴᠠᠨ᠎ᠠ︶ | 9. ᠨᠢᠭᠡ ᠪᠦᠯᠦᠭ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠢᠲᠡᠭᠡᠮᠵᠢ ᠪᠠᠷ ᠠᠮᠠᠯᠠᠯᠲᠠ ᠪᠠᠨ | ᠦᠢᠯᠡᠳᠦᠯᠭᠡᠵᠢᠭᠦᠯᠬᠦ ᠪᠠᠷᠢᠮᠵᠢᠶᠠᠲᠤ ᠳᠠᠭᠤᠷᠢᠶᠠᠯ ᠠᠵᠤ ᠠᠬᠤᠶᠢᠯᠠᠯ ᠪᠣᠯᠣᠨ ᠦᠨᠡᠨᠴᠢ ᠢᠲᠡᠭᠡᠮᠵᠢᠲᠡᠢ ᠬᠤᠪᠢ | ᠬᠥᠮᠥᠨ ᠢ ᠪᠤᠢ ᠪᠤᠯᠭᠠᠵᠤ᠂ ᠦᠨᠡᠨᠴᠢ ᠢᠲᠡᠭᠡᠮᠵᠢᠲᠡᠢ ᠬᠤᠳᠠᠯᠳᠤᠭᠠᠨ ᠤ ᠡᠷᠦᠭᠡ᠂ ᠠᠵᠤ ᠠᠬᠤᠶᠢᠯᠠᠯ᠂ ᠠᠵᠢᠯ | ᠲᠥᠷᠥᠯ ᠤᠨ ᠪᠠᠶᠢᠭᠤᠯᠤᠯᠲᠠ ᠶᠢᠨ ᠦᠨᠡᠯᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠬᠠᠭᠤᠯᠬᠤ ᠬᠡᠯᠲᠡᠰ᠂ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ ᠬᠠᠮᠵᠢᠯᠴᠠᠭ᠎ᠠ︶ | 10. ᠰᠣᠨᠢᠨ ᠮᠡᠳᠡᠭᠡᠨ ᠤ ᠵᠠᠭᠤᠴᠢᠯᠠᠭᠤᠷ ᠪᠠ ᠲᠣᠣᠷ ᠰᠦᠯᠵᠢᠶᠡᠨ ᠤ ᠡᠬᠢ ᠪᠠᠶᠠᠯᠢᠭ ᠢ ᠤᠬᠠᠭᠤᠯᠵᠤ | ᠬᠥᠲᠥᠯᠥᠨ ᠵᠢᠯᠤᠭᠤᠳᠬᠤ ᠪᠠ ᠤᠯᠠᠮᠵᠢᠯᠠᠨ ᠳᠡᠯᠭᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ︽ | ᠢᠲᠡᠭᠡᠮᠵᠢᠲᠡᠢ ᠪᠠᠶᠢᠬᠤ ᠶᠢ ᠵᠢᠷᠤᠮᠯᠠᠨ ᠥᠩᠭᠡ ᠭᠡᠷᠡᠯᠲᠡᠢ ᠪᠠᠶᠢᠯᠭᠠᠵᠤ᠂ ᠢᠲᠡᠭᠡᠯ ᠠᠯᠳᠠᠪᠠᠯ ᠢᠴᠢᠭᠦᠷᠢ | ᠭᠤᠲᠤᠮᠰᠢᠭ ᠲᠠᠢ ᠪᠠᠶᠢᠬᠤ︾ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠤᠮᠠᠷᠠᠲᠤ ᠬᠢᠯᠢ ᠶᠢᠨ ᠦᠯᠢᠭᠡᠷ | ᠳᠠᠭᠤᠷᠢᠶᠠᠯ᠂ ᠶᠣᠰᠣ ᠮᠣᠷᠠᠯ ᠤᠨ ᠵᠢᠱᠢᠶᠡᠴᠢ᠂ ᠳᠡᠷᠭᠡᠳᠡᠬᠢ ᠰᠠᠶᠢᠨ ᠬᠥᠮᠥᠨ ᠵᠡᠷᠭᠡ ᠭᠡᠯᠪᠡᠷᠢ ᠪᠠᠷ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠤᠯᠭᠠᠬᠤ ᠡᠷᠴᠢᠮ ᠢᠶᠠᠨ ᠴᠢᠩᠭᠠᠷᠠᠭᠤᠯᠵᠤ᠂ ᠦᠨᠡᠨᠴᠢ | ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠴᠡᠴᠡᠷᠯᠢᠭ ᠤᠨ ᠠᠭᠤᠳᠠᠮ ᠲᠠᠯᠠᠪᠠᠢ ᠳᠤ ᠣᠷᠣᠭᠤᠯᠬᠤ᠂ ᠵᠡᠭᠡᠯᠢ ᠭᠤᠳᠤᠮᠵᠢ | ᠨᠡᠶᠢᠭᠡᠮ ᠲᠣᠭᠤᠷᠢᠭ ᠲᠤ ᠣᠷᠣᠭᠤᠯᠬᠤ᠂ ᠡᠯ᠎ᠡ ᠠᠵᠢᠯ ᠲᠥᠷᠥᠯ ᠤᠨ ︽ᠢᠷᠠᠭᠤ ᠠᠯᠳᠠᠷᠲᠤ ᠰᠠᠮᠪᠠᠷ᠎ᠠ︾ ᠶᠢ ᠳᠡᠯᠭᠡᠨ | ᠦᠵᠡᠭᠦᠯᠭᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠲᠡᠯᠢᠭ ᠵᠢᠱᠢᠶ᠎ᠡ ᠶᠢᠨ ᠤᠬᠠᠭᠤᠯᠬᠤ ᠶᠢᠨ ᠵᠥᠪ | ᠲᠠᠯ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠤᠬᠠᠭᠤᠯᠬᠤ ᠬᠡᠯᠲᠡᠰ᠂ ᠮᠥᠩᠭᠦᠨ ᠭᠦᠢᠯᠭᠡᠭᠡᠨ ᠤ ᠵᠠᠭᠤᠴᠢᠯᠠᠭᠤᠷ ᠤᠨ ᠲᠥᠪ᠂ ᠬᠠᠮᠢᠶ᠎ᠠ ᠪᠦᠬᠦᠢ ᠰᠠᠯᠠᠭ᠎ᠠ ᠮᠥᠴᠢᠷ | ᠡᠭᠦᠷᠭᠡ ᠴᠢᠳᠠᠪᠤᠷᠢ ᠶᠢᠨ ᠬᠠᠮᠵᠢᠯᠴᠠᠭ᠎ᠠ︶ | 11. ᠰᠦᠯᠵᠢᠶᠡᠨ ᠵᠠᠭᠤᠴᠢᠯᠠᠭᠤᠷ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠦᠯᠵᠢᠶᠡᠨ ᠡᠬᠢ ᠪᠠᠶᠠᠯᠢᠭ ᠢ ᠬᠡᠷᠡᠭᠯᠡᠬᠦ ᠶᠢ ᠴᠢᠬᠤᠯᠠᠴᠢᠯᠠᠨ᠂ ᠡᠯ᠎ᠡ ᠱᠠᠲᠤᠨ ᠤ ᠵᠠᠭᠤᠴᠢᠯᠠᠭᠤᠷ᠂ ᠰᠦᠯᠵᠢᠶᠡᠨ | ᠥᠷᠲᠡᠭᠡ᠂ ᠸᠢᠴᠠᠲ ᠣᠯᠠᠨ ᠨᠡᠶᠢᠲᠡ ᠶᠢᠨ ᠨᠣᠮᠧᠷ ᠲᠤ ᠢᠲᠡᠭᠡᠮᠵᠢ ᠶᠢᠨ ᠨᠡᠶᠢᠲᠡ ᠶᠢᠨ ᠠᠰᠠᠷᠠᠮᠵᠢ ᠶᠢᠨ ᠮᠡᠳᠡᠯᠭᠡ ᠶᠢ | ᠠᠬᠢᠭᠤᠯᠵᠤ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠦᠵᠡᠯ | ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠰᠦᠯᠵᠢᠶᠡᠨ ᠤ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠎ᠠ︔ | ᠵᠠᠭᠤᠴᠢᠯᠠᠭᠤᠷ ᠪᠠ ᠢᠨᠲ᠋ᠧᠷ ᠰᠦᠯᠵᠢᠶ᠎ᠡ ᠶᠢᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ | ᠳᠣᠲᠣᠭᠠᠳᠤ ᠶᠢᠨ ᠦᠨᠡᠨᠴᠢ ᠢᠲᠡᠭᠡᠮᠵᠢ ᠶᠢᠨ ᠵᠢᠷᠤᠮᠵᠢᠯ ᠪᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠰᠦᠯᠵᠢᠶᠡᠨ ᠤ ᠠᠮᠤᠷ ᠲᠦᠪᠰᠢᠨ ᠤ ᠲᠥᠪ᠂ ᠬᠠᠮᠢᠶ᠎ᠠ | ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | ︵ᠳᠥᠷᠪᠡ︶ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ | ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ︽ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ︾ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ | ᠨᠡᠶᠢᠲᠡ ᠶᠢᠨ ᠢᠲᠡᠭᠡᠮᠵᠢ ᠶᠢᠨ ᠭᠤᠣᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ᠂ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠮᠥᠷᠳᠡᠨ ᠰᠢᠮᠳᠠᠭᠤᠯᠤᠨ ᠰᠢᠢᠳᠪᠦᠷᠢᠯᠡᠬᠦ ᠵᠢᠴᠢ ᠮᠠᠲ᠋ᠧᠷᠢᠶᠠᠯ | ᠴᠤᠭᠯᠠᠭᠤᠯᠬᠤ᠂ ᠬᠤᠷᠢᠶᠠᠩᠭᠤᠶᠢᠯᠠᠬᠤ᠂ ᠳᠡᠭᠡᠭᠰᠢ ᠮᠡᠳᠡᠭᠦᠯᠬᠦ ᠵᠡᠷᠭᠡ ᠶᠢ ᠬᠠᠷᠢᠭᠤᠴᠠᠨ᠎ᠠ᠃ ᠬᠠᠷᠢᠯᠴᠠᠬᠤ ᠬᠥᠮᠥᠨ᠄ | ᠯᠢ ᠬᠠᠢ ᠶᠠᠨ᠂ 13514838090᠃ | 1. ᠬᠠᠤᠯᠢ ᠴᠠᠭᠠᠵᠠ ᠶᠢ ᠢᠯᠡ ᠪᠤᠯᠭᠠᠬᠤ ᠡᠷᠴᠢᠮ ᠢᠶᠠᠨ ᠴᠢᠩᠭᠠᠷᠠᠭᠤᠯᠵᠤ᠂ ᠰᠢᠭᠦᠨ ᠲᠠᠰᠤᠯᠤᠯᠲᠠ ᠶᠢ | ᠢᠯᠡ ᠪᠤᠯᠭᠠᠬᠤ᠂ ᠪᠠᠶᠢᠴᠠᠭᠠᠬᠤ ᠶᠠᠪᠤᠳᠠᠯ ᠢ ᠢᠯᠡ ᠪᠤᠯᠭᠠᠬᠤ᠂ ᠴᠠᠭᠳᠠᠭᠠᠨ ᠤ ᠶᠠᠪᠤᠳᠠᠯ ᠢ ᠢᠯᠡ ᠪᠤᠯᠭᠠᠬᠤ᠂ | ᠭᠦᠢᠴᠡᠳᠬᠡᠬᠦ ᠶᠢ ᠢᠯᠡ ᠪᠤᠯᠭᠠᠬᠤ ᠶᠢ ᠠᠬᠢᠭᠤᠯᠵᠤ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ︽ᠴᠠᠭ ᠲᠤ | ᠬᠠᠨᠳᠤᠭᠤᠯᠤᠭᠰᠠᠨ︾ ᠦᠢᠯᠡᠴᠢᠯᠡᠭᠡ ᠬᠦᠷᠭᠡᠬᠦ ᠵᠡᠷᠭᠡ ᠬᠠᠤᠯᠢ ᠴᠠᠭᠠᠵᠠ ᠶᠢ ᠢᠯᠡ ᠪᠤᠯᠭᠠᠵᠤ ᠠᠷᠠᠳ ᠲᠤ ᠳᠥᠭᠦᠮ | ᠦᠵᠡᠭᠦᠯᠭᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ | ᠬᠢᠨᠠᠯᠲᠠ ᠲᠠᠯᠪᠢᠭᠴᠢ᠂ ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠵᠤ ᠬᠡᠷᠡᠭᠯᠡᠬᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠪᠠᠲᠤᠯᠠᠭ᠎ᠠ᠂ ᠬᠢᠨᠠᠨ ᠰᠢᠯᠭᠠᠵᠤ ᠦᠨᠡᠯᠡᠬᠦ ᠠᠵᠢᠯ ᠢ ᠵᠢᠷᠤᠮᠵᠢᠭᠤᠯᠤᠨ᠎ᠠ᠃ | ᠲᠢᠩᠬᠢᠮ ᠤᠨ ᠰᠢᠭᠦᠯᠲᠡ ᠶᠢᠨ ᠦᠵᠡᠭᠦᠯᠦᠯᠭᠡ ᠦᠵᠡᠭᠦᠯᠭᠦ᠂ ᠢᠯᠡ ᠪᠠᠷ ᠭᠡᠷᠡᠴᠢᠯᠡᠭᠡ ᠰᠣᠨᠣᠰᠬᠤ᠂ ᠭᠡᠷᠡᠴᠢᠯᠡᠭᠡ | ᠮᠡᠳᠡᠨ ᠬᠡᠷᠡᠭᠵᠢᠭᠦᠯᠬᠦ ᠵᠡᠷᠭᠡ ᠬᠠᠤᠯᠢ ᠴᠠᠭᠠᠵᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ | ᠨᠡᠭᠡᠭᠡᠯᠲᠡ ᠶᠢᠨ ᠡᠳᠦᠷ︾ ︽ᠭᠥᠯᠢᠶᠡᠨ ᠠᠪᠬᠤ ᠡᠳᠦᠷ︾ ᠤᠨ ᠠᠵᠢᠯᠯᠠᠭ᠎ᠠ ᠶᠢ ᠬᠡᠪᠰᠢᠭᠦᠯᠦᠨ ᠥᠷᠨᠢᠭᠦᠯᠵᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ | ︵ᠬᠠᠷᠢᠭᠤᠴᠠᠯᠭᠠᠲᠤ ᠨᠢᠭᠡᠴᠡ᠄ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 2. ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠭᠤᠣᠯ ᠲᠤᠬᠠᠶᠢᠯᠠᠭᠰᠠᠨ ᠠᠵᠢᠯ ᠤᠨ ᠲᠤᠭ᠎ᠠ | ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ᠂ ᠤᠯᠤᠰ ᠲᠥᠷᠥ ᠬᠠᠤᠯᠢ ᠴᠠᠭᠠᠵᠠ ᠶᠢᠨ | ᠨᠢᠭᠡᠴᠡ ᠶᠢ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠶᠠᠰᠤ ᠴᠢᠨᠠᠷ ᠤᠨ ᠪᠠᠶᠢᠳᠠᠯ ᠢ ᠵᠠᠳᠠᠯᠤᠨ | ᠰᠤᠳᠤᠯᠵᠤ ᠮᠠᠭᠠᠳᠯᠠᠭᠤᠯᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠯᠠᠨ ᠲᠦᠮᠡᠨ ᠤ ᠠᠩᠬᠠᠷᠴᠤ ᠪᠠᠶᠢᠭ᠎ᠠ᠂ ᠲᠤᠰᠬᠠᠯ ᠴᠢᠩᠭ᠎ᠠ᠂ ᠬᠦᠴᠢᠷ | ᠲᠦᠪᠡᠭ ᠪᠤᠳᠤᠯᠢᠶᠠᠨᠲᠠᠢ ᠬᠠᠤᠯᠢ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ᠂ ᠠᠮᠢ | ᠠᠬᠤᠢ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ ᠵᠦᠢᠯ ᠤᠨ ᠡᠷᠡᠭᠦᠦ ᠶᠢᠨ ᠬᠡᠷᠡᠭ ᠢ ᠦᠨᠡᠯᠡᠨ ᠪᠠᠶᠢᠴᠠᠭᠠᠬᠤ | ᠠᠵᠢᠯ ᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ᠎ᠠ᠃ ︵ | ᠬᠠᠷᠢᠭᠤᠴᠠᠯᠭᠠᠲᠤ ᠨᠢᠭᠡᠴᠡ᠄ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 3. ᠬᠠᠤᠯᠢ ᠬᠡᠷᠡᠭᠵᠢᠭᠦᠯᠬᠦ ᠨᠢ ᠴᠢᠩᠭ᠎ᠠ ᠪᠤᠰᠤ᠂ ᠬᠠᠤᠯᠢ ᠪᠠᠷᠢᠬᠤ ᠨᠢ ᠭᠤᠣᠯᠴᠢ ᠪᠤᠰᠤ ᠲᠣᠪᠣᠶᠢᠮ᠎ᠠ | ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠣᠯᠠᠨ ᠲᠦᠮᠡᠨ ᠤ ᠲᠤᠰᠬᠠᠯ ᠶᠡᠬᠡᠲᠡᠢ ᠪᠠᠶᠢᠭ᠎ᠠ ᠬᠡᠷᠡᠭ ᠪᠠᠶᠢᠲᠠᠯ᠎ᠠ | ᠳᠠᠩᠰᠠᠯᠠᠬᠤ ᠦᠭᠡᠢ᠂ ᠬᠡᠷᠡᠭ ᠢ ᠳᠠᠷᠤᠵᠤ ᠪᠠᠶᠢᠴᠠᠭᠠᠬᠤ ᠦᠭᠡᠢ᠂ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ | ᠪᠠᠶᠢᠬᠤ ᠬᠡᠷᠡᠭ ᠤᠨ ᠰᠦᠪᠡᠭᠴᠢ ᠶᠢ ᠨᠠᠭᠠᠲᠤ ᠵᠠᠬ᠎ᠠ ᠶᠢᠨ ᠪᠠᠶᠢᠴᠠᠭᠠᠨ ᠭᠠᠷᠭᠠᠵᠤ᠂ ᠡᠷᠬᠡ ᠶᠢᠨ ᠬᠡᠪᠴᠢᠶ᠎ᠡ ᠠᠴᠠ | ᠳᠠᠪᠠᠭᠰᠠᠨ᠂ ᠬᠦᠷᠢᠶ᠎ᠡ ᠬᠡᠪᠴᠢᠶ᠎ᠡ ᠠᠴᠠ ᠳᠠᠪᠠᠭᠰᠠᠨ᠂ ᠲᠤᠭ᠎ᠠ ᠨᠣᠷᠮ᠎ᠠ ᠠᠴᠠ ᠳᠠᠪᠠᠭᠰᠠᠨ᠂ ᠴᠠᠭ | ᠬᠤᠭᠤᠴᠠᠭ᠎ᠠ ᠠᠴᠠ ᠬᠡᠲᠦᠷᠡᠲᠡᠯ᠎ᠡ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ᠂ ᠴᠡᠪᠳᠡᠭᠰᠢᠭᠦᠯᠦᠭᠰᠡᠨ | ᠠᠰᠠᠭᠤᠳᠠᠯ ᠢ ᠲᠤᠰᠬᠠᠢ ᠪᠠᠶᠢᠴᠠᠭᠠᠯᠲᠠ ᠥᠷᠨᠢᠭᠦᠯᠵᠦ᠂ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠳᠤ ᠠᠵᠢᠯ ᠦᠯᠦ | ᠬᠢᠬᠦ᠂ ᠳᠤᠷ᠎ᠠ ᠪᠠᠷ ᠢᠶᠠᠨ ᠦᠢᠯᠡᠳᠬᠦ ᠠᠰᠠᠭᠤᠳᠠᠯ ᠢ ᠡᠷᠡᠰ ᠵᠠᠯᠬᠠᠭᠠᠨ ᠰᠢᠢᠳᠭᠡᠭᠦ ᠪᠠ ᠵᠠᠯᠠᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 4. ᠠᠵᠤ ᠠᠬᠤᠶᠢᠯᠠᠯ ᠳᠤ ᠬᠤᠯᠪᠣᠭᠳᠠᠭᠰᠠᠨ ᠠᠵᠤ ᠠᠬᠤᠢ ᠶᠢᠨ ᠶᠠᠯᠠᠲᠤ ᠬᠡᠷᠡᠭ ᠢ ᠬᠡᠷᠡᠭ ᠪᠣᠯᠭᠠᠨ | ᠳᠠᠩᠰᠠᠯᠠᠬᠤ᠂ ᠬᠡᠷᠡᠭ ᠢ ᠬᠦᠴᠦᠨ ᠦᠭᠡᠢ ᠪᠤᠯᠭᠠᠬᠤ ᠲᠤᠰᠬᠠᠢ ᠬᠢᠨᠠᠯᠲᠠ ᠲᠠᠯᠪᠢᠨ᠎ᠠ᠃ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠬᠠᠯᠠᠭᠤᠨ ᠴᠡᠭ ᠤᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢ ᠡᠭᠦᠰᠳᠡᠭ ᠪᠤᠶᠤ ᠵᠣᠬᠢᠬᠤ ᠬᠤᠭᠤᠴᠠᠭᠠᠨ ᠳᠤ ᠨᠡᠯᠢᠶᠡᠳ ᠲᠣᠪᠣᠶᠢᠮ᠎ᠠ | ᠪᠠᠶᠢᠳᠠᠭ ᠶᠠᠮᠠᠷ ᠨᠢᠭᠡᠨ ᠵᠦᠢᠯ ᠤᠨ ᠬᠠᠤᠯᠢ ᠠᠴᠠ ᠵᠥᠷᠢᠴᠡᠭᠰᠡᠨ ᠦᠵᠡᠭᠳᠡᠯ ᠪᠤᠶᠤ ᠠᠰᠠᠭᠤᠳᠠᠯ ᠣᠯᠠᠨ ᠡᠭᠦᠰᠳᠡᠭ | ᠶᠠᠯᠠᠲᠤ ᠠᠵᠢᠯᠯᠠᠭ᠎ᠠ ᠶᠢᠨ ᠲᠥᠷᠥᠯ ᠵᠦᠢᠯ ᠢ ᠠᠩᠬᠠᠷᠴᠤ᠂ ᠬᠠᠨᠳᠤᠯᠭᠠᠲᠤ ᠴᠢᠨᠠᠷ ᠲᠠᠢ ᠪᠠᠷ ᠬᠢᠨᠠᠯᠲᠠ ᠲᠠᠯᠪᠢᠬᠤ | ᠰᠠᠨᠠᠯ ᠢᠶᠠᠨ ᠳᠤᠷᠠᠳᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠠᠵᠤ ᠠᠬᠤᠢ ᠶᠢᠨ ᠶᠠᠯᠠᠲᠤ ᠬᠡᠷᠡᠭ ᠲᠤ ︽ | ᠲᠦᠷ ᠴᠠᠭ ᠬᠦᠯᠢᠶᠡᠵᠦ ᠠᠪᠤᠭᠰᠠᠨ ᠬᠡᠷᠡᠭ︾ ᠢ ᠲᠤᠰᠬᠠᠢ ᠵᠦᠢᠯ ᠢᠶᠠᠷ ᠢᠯᠭᠠᠷᠠᠭᠤᠯᠤᠨ ᠲᠢᠭᠯᠡᠭᠦ ᠠᠵᠢᠯᠯᠠᠭ᠎ᠠ | ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠪᠠᠶᠢᠴᠠᠭᠠᠬᠤ ᠬᠤᠷᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ | ᠡᠭᠦᠷᠭᠡ ᠴᠢᠳᠠᠪᠬᠢ ᠶᠣᠰᠣᠭᠠᠷ ᠬᠠᠮᠵᠢᠯᠴᠠᠨ᠎ᠠ︶ | 5. ᠬᠤᠳᠠᠯ ᠬᠠᠭᠤᠷᠮᠠᠭ ᠵᠠᠷᠭᠤ ᠶᠢ ᠴᠢᠩᠭ᠎ᠠ ᠵᠠᠯᠬᠠᠭᠠᠨ ᠰᠢᠢᠳᠭᠡᠵᠦ᠂ ᠬᠤᠳᠠᠯ ᠬᠠᠭᠤᠷᠮᠠᠭ ᠵᠠᠷᠭᠤ | ᠵᠠᠭᠠᠯᠳᠤᠭᠰᠠᠨ ᠢ ᠬᠠᠮᠲᠤᠷᠠᠨ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠨᠢᠭᠡ | ᠪᠦᠯᠦᠭ ᠬᠤᠳᠠᠯ ᠬᠠᠭᠤᠷᠮᠠᠭ ᠵᠠᠷᠭᠤ ᠶᠢᠨ ᠨᠡᠶᠢᠲᠡᠯᠢᠭ ᠬᠡᠷᠡᠭ ᠢ ᠵᠠᠯᠠᠷᠠᠭᠤᠯᠬᠤ ᠶᠢᠨ ᠬᠠᠮᠲᠤ ᠣᠯᠠᠨ ᠳᠤ ᠢᠯᠡ | ᠦᠵᠡᠭᠦᠯᠵᠦ᠂ ᠬᠤᠳᠠᠯ ᠬᠠᠭᠤᠷᠮᠠᠭ ᠵᠠᠷᠭᠤ ᠬᠢᠬᠦ ᠪᠠᠷ ᠳᠠᠮᠵᠢᠭᠤᠯᠤᠨ ᠵᠦᠢ ᠪᠤᠰᠤ ᠠᠰᠢᠭ ᠲᠤᠰᠠ ᠣᠯᠬᠤ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠬᠠᠷᠢᠭᠤᠴᠠᠯᠭᠠᠲᠤ | ᠨᠢᠭᠡᠴᠡ᠄ ᠪᠠᠶᠢᠴᠠᠭᠠᠬᠤ ᠬᠤᠷᠢᠶ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠣᠰᠣᠭᠠᠷ ᠬᠠᠮᠵᠢᠯᠴᠠᠨ᠎ᠠ | ︶ | 6. ᠭᠦᠢᠴᠡᠳᠬᠡᠬᠦ ᠶᠢ ᠬᠤᠷᠢᠭᠯᠠᠵᠤ ᠬᠠᠷᠰᠢᠯᠠᠬᠤ ᠬᠠᠤᠯᠢ ᠴᠠᠭᠠᠵᠠ ᠶᠢᠨ ︽ᠭᠤᠷᠪᠠᠨ ᠲᠣᠭᠲᠠᠭᠠᠯ︾ ᠤᠨ | ᠰᠢᠮᠳᠠᠭᠤᠯᠤᠨ ᠪᠠᠶᠢᠴᠠᠭᠠᠯᠲᠠ ᠶᠢ ᠪᠠᠶ᠋ᠢᠩᠭᠤᠵᠢᠭᠤᠯᠵᠤ᠂ ᠬᠡᠷᠡᠭ ᠤᠨ ᠰᠦᠪᠡᠭᠴᠢ ᠶᠢ ᠬᠢᠨᠠᠮᠠᠭᠠᠢ ᠬᠢᠨᠠᠨ ᠪᠠᠶᠢᠴᠠᠭᠠᠵᠤ | ᠭᠠᠷ ᠲᠥᠷᠥᠵᠦ ᠠᠰᠠᠭᠤᠨ ᠯᠠᠪᠯᠠᠨ᠎ᠠ᠃ ︽ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠲᠤᠰᠢᠶᠠᠯ ᠠᠴᠠ ᠪᠠᠨ | ᠰᠠᠯᠬᠤ ᠳᠤ ᠠᠵᠢᠯᠲᠠᠨ ᠤ ᠬᠠᠤᠯᠢᠴᠢ ᠶᠢᠨ ᠠᠵᠢᠯ ᠡᠷᠭᠢᠯᠡᠭᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ | ᠰᠠᠨᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ | ᠠᠵᠢᠯᠲᠠᠨ ᠤ ᠲᠤᠰᠢᠶᠠᠯ ᠠᠴᠠ ᠪᠠᠨ ᠰᠠᠯᠬᠤ ᠶᠢᠨ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠶᠢ ᠴᠢᠩᠭᠠᠷᠠᠭᠤᠯᠵᠤ᠂ | ᠣᠶᠢᠷ᠎ᠠ ᠲᠥᠷᠥᠯ ᠰᠠᠳᠤᠨ ᠤ ︽ᠠᠵᠢᠯ ᠡᠷᠭᠢᠯᠡᠭᠦ ᠶᠢ ᠴᠠᠭᠠᠵᠠᠯᠠᠬᠤ ᠨᠠᠷᠢᠨ ᠬᠠᠭᠤᠳᠠᠰᠤ︾ ᠶᠢ | ᠨᠠᠶᠢᠳᠠᠪᠤᠷᠢᠵᠢᠭᠤᠯᠤᠨ᠎ᠠ᠃ ᠠᠵᠢᠯ ᠠᠴᠠ ᠪᠠᠨ ᠪᠠᠭᠤᠵᠤ ᠠᠮᠠᠷᠠᠬᠤ᠂ ᠠᠯᠪᠠᠨ ᠲᠤᠰᠢᠶᠠᠯ ᠠᠴᠠ ᠪᠠᠨ ᠪᠠᠭᠤᠬᠤ᠂ | ᠠᠵᠢᠯ ᠠᠴᠠ ᠨᠢ ᠬᠥᠭᠡᠭᠡᠬᠦ᠂ ᠠᠵᠢᠯ ᠠᠴᠠ ᠨᠢ ᠪᠠᠭᠤᠯᠭᠠᠬᠤ᠂ ᠠᠵᠢᠯ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠣᠴᠢᠬᠤ ᠭᠠᠵᠠᠷ ᠪᠠ ᠳᠠᠭᠢᠨ ᠠᠵᠢᠯ ᠣᠯᠭᠤᠵᠤ ᠪᠠᠶᠢᠭ᠎ᠠ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠣᠷᠣᠯᠠᠨ ᠭᠦᠢᠴᠡᠳᠬᠡᠬᠦ | ᠵᠡᠷᠭᠡ ᠦᠢᠯᠡ ᠠᠵᠢᠯᠯᠠᠭ᠎ᠠ ᠭᠠᠷᠬᠤ ᠶᠢ ᠦᠨᠡᠨᠬᠦ ᠵᠣᠭᠰᠤᠭᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠤᠯᠤᠰ | ᠲᠥᠷᠥ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | | 7. ᠵᠠᠰᠠᠭ ᠤᠨ ᠣᠷᠳᠣᠨ ᠳᠤ ᠬᠤᠯᠪᠣᠭᠳᠠᠭᠰᠠᠨ᠂ ᠠᠵᠤ ᠠᠬᠤᠶᠢᠯᠠᠯ ᠳᠤ ᠬᠤᠯᠪᠣᠭᠳᠠᠭᠰᠠᠨ᠂ ᠠᠷᠠᠳ ᠤᠨ | ᠠᠮᠢᠳᠤᠷᠠᠯ ᠳᠤ ᠬᠤᠯᠪᠣᠭᠳᠠᠭᠰᠠᠨ᠂ ᠮᠥᠩᠭᠦᠨ ᠭᠦᠢᠯᠭᠡᠭᠡᠨ ᠤ ᠬᠡᠷᠡᠭ ᠤᠨ ᠭᠦᠢᠴᠡᠳᠬᠡᠬᠦ ᠲᠤᠰᠬᠠᠢ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠬᠡᠷᠡᠭᠵᠢᠭᠦᠯᠬᠦ ᠨᠣᠷᠮ᠎ᠠ ᠶᠢ | ᠳᠡᠭᠡᠭᠰᠢᠯᠡᠭᠦᠯᠵᠦ᠂ ᠲᠤᠬᠠᠢ ᠶᠢᠨ ᠬᠥᠮᠥᠨ ᠤ ᠵᠠᠷᠭᠤ ᠢᠯᠠᠬᠤ ᠡᠷᠬᠡ ᠠᠰᠢᠭ ᠢ ᠡᠷᠡᠰ ᠬᠠᠮᠠᠭᠠᠯᠠᠨ᠎ᠠ᠃ ᠭᠦᠢᠴᠡᠳᠬᠡᠬᠦ | ᠡᠬᠢ ᠰᠤᠷᠪᠤᠯᠵᠢ ᠶᠢ ᠵᠠᠰᠠᠬᠤ ᠶᠢ ᠴᠢᠩᠭᠠᠳᠬᠠᠨ᠂ ᠬᠡᠷᠡᠭ ᠪᠣᠯᠭᠠᠨ ᠳᠠᠩᠰᠠᠯᠠᠬᠤ᠂ ᠰᠢᠭᠦᠨ ᠲᠠᠰᠤᠯᠬᠤ ᠪᠠ | ᠭᠦᠢᠴᠡᠳᠬᠡᠬᠦ ᠠᠵᠢᠯ ᠢ ᠵᠣᠬᠢᠴᠠᠭᠤᠯᠤᠨ ᠶᠠᠪᠤᠭᠳᠠᠭᠤᠯᠬᠤ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠬᠡᠷᠡᠭᠵᠢᠭᠦᠯᠬᠦ ᠠᠷᠭ᠎ᠠ ᠶᠢ ᠨᠠᠶᠢᠳᠠᠪᠤᠷᠢᠵᠢᠭᠤᠯᠵᠤ᠂ | ᠭᠦᠢᠴᠡᠳᠬᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠰᠢᠭᠦᠬᠦ ᠬᠤᠷᠢᠶ᠎ᠠ᠂ ᠬᠠᠮᠢᠶ᠎ᠠ | ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠶᠢᠨ ᠶᠣᠰᠣᠭᠠᠷ ᠬᠠᠮᠵᠢᠯᠴᠠᠨ᠎ᠠ︶ | 8. ᠬᠠᠤᠯᠢᠴᠢ᠂ ᠠᠯᠪᠠᠨ ᠭᠡᠷᠡᠴᠢᠯᠡᠭᠡ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ | ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ ᠵᠠᠬᠢᠳᠠᠯ | ᠰᠤᠷᠪᠤᠯᠵᠢᠯᠠᠯ ᠤᠨ ᠵᠠᠭᠠᠯᠳᠤᠬᠤ ᠮᠡᠳᠡᠭᠡ ᠵᠠᠩᠭᠢᠴᠢᠯᠠᠬᠤ ᠲᠠᠪᠴᠠᠩ ᠳᠤ ᠲᠦᠰᠢᠭᠯᠡᠨ᠂ ᠢᠲᠡᠭᠡᠯ ᠢᠶᠠᠨ ᠠᠯᠳᠠᠭᠰᠠᠨ ︽ | ᠨᠡᠷ᠎ᠡ ᠶᠢᠨ ᠬᠠᠷ᠎ᠠ ᠳᠠᠩᠰᠠ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠡᠷᠭᠢᠯᠡᠭᠦ ︵ᠢᠲᠡᠭᠡᠮᠵᠢ︶ | ᠮᠡᠳᠡᠭᠡ ᠵᠠᠩᠭᠢ ᠪᠠ ᠬᠢᠨᠠᠨ ᠰᠢᠯᠭᠠᠭᠰᠠᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ | ᠨᠡᠶᠢᠲᠡᠯᠡᠬᠦ ᠶᠢᠨ ᠬᠠᠮᠲᠤ ᠡᠯ᠎ᠡ ᠱᠠᠲᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠳᠠᠮᠵᠢᠭᠤᠯᠤᠨ | ᠬᠦᠷᠭᠡᠨ᠎ᠡ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠠᠵᠢᠯ ᠡᠷᠬᠢᠯᠡᠭᠰᠡᠳ ᠤᠨ ᠠᠵᠢᠯ | ᠡᠷᠭᠢᠯᠡᠭᠦ ᠳᠠᠩᠰᠠ ᠡᠪᠬᠡᠮᠡᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠲᠡᠭᠡᠮᠵᠢ ᠶᠢᠨ ᠬᠥᠮᠦᠵᠢᠯ ᠢ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠠᠵᠢᠯᠯᠠᠭᠰᠠᠳ ᠤᠨ ᠠᠵᠢᠯ ᠡᠷᠭᠢᠯᠡᠭᠦ ᠴᠢᠬᠤᠯᠠ ᠠᠭᠤᠯᠭ᠎ᠠ | ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠤᠯᠢ ᠴᠠᠭᠠᠵᠠ ᠶᠢᠨ ᠲᠣᠪᠴᠢᠶ᠎ᠠ᠂ ᠬᠠᠮᠢᠶ᠎ᠠ ᠪᠦᠬᠦᠢ ᠰᠠᠯᠠᠭ᠎ᠠ | ᠮᠥᠴᠢᠷ ᠡᠭᠦᠷᠭᠡ ᠴᠢᠳᠠᠪᠬᠢ ᠶᠣᠰᠣᠭᠠᠷ ᠬᠠᠮᠵᠢᠯᠴᠠᠨ᠎ᠠ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠰᠠᠯᠠᠭ᠎ᠠ | ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠡᠭᠡᠨ ᠣᠷᠣᠭᠤᠯᠵᠤ᠂ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠷᠠᠭᠤᠯᠤᠨ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ ᠬᠡᠷᠡᠭᠲᠡᠢ᠃ ᠨᠢᠭᠡ | ᠬᠥᠯᠭᠡ ᠰᠢᠲᠠᠷ᠎ᠠ ᠮᠡᠲᠦ ᠪᠠᠶᠢᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠤ᠂ ᠤᠯᠤᠰ ᠲᠥᠷᠥ ᠶᠢ ᠡᠷᠭᠢᠮᠯᠡᠭᠦ | ᠳᠡᠭᠡᠳᠦ ᠬᠡᠮᠵᠢᠶᠡᠨ ᠠᠴᠠ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠡᠭᠦᠷᠭᠡ ᠠᠵᠢᠯ ᠤᠨ | ᠬᠤᠪᠢᠶᠠᠷᠢᠯᠠᠯ ᠶᠣᠰᠣᠭᠠᠷ ᠲᠤᠰ ᠬᠦᠷᠢᠶ᠎ᠡ ᠴᠠᠷᠠᠭ᠎ᠠ᠂ ᠲᠤᠰ ᠨᠢᠭᠡᠴᠡ ᠶᠢᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠨ᠂ ᠠᠶᠢᠮᠠᠭ ᠤᠨ ᠱᠠᠲᠤᠨ ᠤ ᠨᠢᠭᠡᠴᠡ ᠲᠠᠢ ᠢᠳᠡᠪᠬᠢᠲᠡᠢ | ᠬᠠᠷᠢᠯᠴᠠᠵᠤ᠂ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ᠂ ᠪᠦᠲᠦᠮᠵᠢᠲᠡᠢ ᠠᠬᠢᠭᠤᠯᠬᠤ᠂ | ᠴᠢᠨᠠᠷ ᠰᠠᠶᠢᠲᠠᠢ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠡᠯ᠎ᠡ | ᠱᠠᠲᠤᠨ ᠤ ᠡᠯ᠎ᠡ ᠲᠥᠷᠥᠯ ᠤᠨ ᠡᠬᠢ ᠪᠠᠶᠠᠯᠢᠭ ᠢ ᠳᠠᠶᠢᠴᠢᠯᠠᠨ᠂ ᠦᠨᠡᠨᠴᠢ ᠢᠲᠡᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠶᠡᠬᠡᠪᠡᠷ | ᠤᠬᠠᠭᠤᠯᠬᠤ ᠬᠡᠷᠡᠭᠲᠡᠢ᠃ ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ᠂ ᠦᠨᠡᠨᠴᠢ ᠢᠲᠡᠭᠡᠮᠵᠢ ᠪᠠᠷ ᠬᠤᠳᠠᠯᠳᠤᠭ᠎ᠠ ᠪᠠᠨ | ᠮᠠᠨᠳᠤᠭᠤᠯᠬᠤ ᠤᠬᠠᠭᠤᠯᠭ᠎ᠠ ᠶᠢᠨ ᠰᠠᠷ᠎ᠠ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ᠂ | ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠵᠡᠷᠭᠡ ᠵᠠᠩᠭᠢᠯᠠᠭ᠎ᠠ ᠲᠠᠢ ᠤᠶᠠᠯᠳᠤᠭᠤᠯᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠲᠥᠪᠯᠡᠷᠡᠩᠭᠦᠢ ᠤᠬᠠᠭᠤᠯᠭ᠎ᠠ ᠶᠢ ᠥᠷᠨᠢᠭᠦᠯᠵᠦ᠂ ᠦᠨᠡᠨᠴᠢ ᠢᠲᠡᠭᠡᠮᠵᠢ ᠶᠢᠨ ᠨᠡᠶᠢᠲᠡᠯᠢᠭ | ᠵᠢᠱᠢᠶ᠎ᠡ ᠶᠢ ᠰᠣᠩᠭᠤᠨ ᠪᠤᠢ ᠪᠤᠯᠭᠠᠬᠤ ᠡᠷᠴᠢᠮ ᠢᠶᠠᠨ ᠴᠢᠩᠭᠠᠷᠠᠭᠤᠯᠤᠨ᠂ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢᠨ | ᠵᠥᠪ ᠲᠠᠯ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ | ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠪᠦᠭᠦ ᠨᠡᠶᠢᠭᠡᠮ ᠤᠨ ᠬᠢᠨ ᠤ ᠢᠲᠡᠭᠡᠯ ᠢ ᠵᠢᠷᠤᠮᠵᠢᠭᠤᠯᠬᠤ ᠶᠢ | ᠬᠥᠲᠥᠯᠥᠨ ᠵᠢᠯᠤᠭᠤᠳᠴᠤ᠂ ᠪᠦᠭᠦ ᠨᠡᠶᠢᠭᠡᠮ ᠢᠶᠠᠷ ᠢᠶᠠᠨ ᠢᠲᠡᠭᠡᠯ ᠲᠠᠢ᠂ ᠢᠲᠡᠭᠡᠯ ᠲᠠᠢ᠂ ᠢᠲᠡᠭᠡᠯ ᠲᠠᠢ᠂ | ᠢᠲᠡᠭᠡᠯ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠰᠠᠯᠠᠭ᠎ᠠ | ᠮᠥᠴᠢᠷ ᠤᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠨ᠂ ᠴᠠᠭ ᠲᠤᠬᠠᠢ ᠳᠤᠨᠢ ᠪᠠᠶᠢᠷᠢᠯᠠᠭᠤᠯᠵᠤ᠂ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠭᠦ ᠬᠦᠴᠦ ᠪᠠᠷ ᠢᠶᠠᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ | ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ ᠪᠠ ᠬᠠᠤᠯᠢ ᠴᠠᠭᠠᠵᠠ ᠶᠢᠨ | ᠨᠡᠶᠢᠲᠡ ᠶᠢᠨ ᠢᠲᠡᠭᠡᠮᠵᠢ ᠶᠢᠨ ᠡᠯ᠎ᠡ ᠬᠦᠷᠢᠶ᠎ᠡ ᠴᠠᠷᠠᠭ᠎ᠠ ᠶᠢᠨ ᠲᠦᠷᠦᠭᠦᠯᠡᠨ ᠬᠠᠷᠢᠭᠤᠴᠠᠬᠤ ᠨᠢᠭᠡᠴᠡ ᠨᠦᠭᠦᠳ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠷᠠᠭᠤᠯᠵᠤ᠂ ᠬᠠᠮᠢᠶ᠎ᠠ ᠪᠦᠬᠦᠢ ᠨᠢᠭᠡᠴᠡ ᠶᠢ ᠰᠢᠮᠳᠠᠭᠤᠯᠵᠤ | ᠪᠠᠶᠢᠭᠠᠳ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠢ ᠠᠬᠢᠭᠤᠯᠵᠤ᠂ ᠡᠯ᠎ᠡ ᠵᠦᠢᠯ ᠤᠨ ᠠᠵᠢᠯ ᠢ | ᠯᠠᠪᠳᠠᠭᠤᠨ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠤᠨ ᠮᠡᠳᠡᠭᠦᠯᠦᠯᠲᠡ ᠶᠢᠨ | ᠳᠦᠷᠢᠮ ᠢ ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠠᠵᠢᠯ ᠤᠨ | ᠲᠥᠯᠥᠪᠯᠡᠭᠡ ᠵᠡᠷᠭᠡ ᠠᠭᠤᠯᠭ᠎ᠠ ᠶᠢᠨ ᠲᠣᠭᠤᠷᠢᠨ ᠳᠤ᠂ ᠰᠠᠷ᠎ᠠ ᠪᠦᠷᠢ ᠶᠢᠨ 15 ᠤ ᠡᠳᠦᠷ ᠠᠴᠠ ᠡᠮᠦᠨ᠎ᠡ | ᠬᠠᠷᠢᠭᠤᠴᠠᠯᠭ᠎ᠠ ᠲᠠᠢ ᠨᠢᠭᠡᠴᠡ ᠠᠴᠠ ᠲᠦᠷᠦᠭᠦᠯᠡᠨ ᠬᠠᠷᠢᠭᠤᠴᠠᠬᠤ ᠨᠢᠭᠡᠴᠡ᠂ ᠲᠦᠷᠦᠭᠦᠯᠡᠨ ᠬᠢᠬᠦ ᠨᠢᠭᠡᠴᠡ ᠳᠤ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠠᠵᠢᠯ ᠢᠶᠠᠨ ᠠᠬᠢᠭᠤᠯᠵᠤ ᠪᠠᠶᠢᠭ᠎ᠠ ᠪᠠᠶᠢᠳᠠᠯ ᠢᠶᠠᠨ | ᠬᠤᠷᠢᠶᠠᠩᠭᠤᠶᠢᠯᠠᠨ ᠮᠡᠳᠡᠭᠦᠯᠦᠨ᠎ᠡ᠃ | ︵ᠳᠥᠷᠪᠡ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠᠨ ᠴᠢᠩᠭᠠᠷᠠᠭᠤᠯᠬᠤ ᠬᠡᠷᠡᠭᠲᠡᠢ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠤᠭᠰᠠᠨ ᠪᠠᠶᠢᠳᠠᠯ ᠢ ᠬᠤᠰᠢᠭᠤ ᠨᠠᠮ ᠤᠨ | ᠬᠤᠷᠢᠶᠠᠨ ᠤ ᠪᠦᠭᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠶᠢ ᠬᠢᠨᠠᠨ ᠦᠨᠡᠯᠡᠬᠦ ᠰᠢᠰᠲ᠋ᠧᠮ ᠪᠠ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠲᠤᠰᠬᠠᠢ ᠲᠥᠷᠥᠯ ᠢᠶᠠᠷ ᠬᠢᠨᠠᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠪᠠᠶᠢᠴᠠᠭᠠᠬᠤ ᠬᠢᠨᠠᠨ ᠬᠢᠨᠠᠯᠲᠠ ᠲᠠᠯᠪᠢᠬᠤ ᠬᠠᠮᠵᠢᠯᠴᠠᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢᠵᠢᠭᠰᠠᠨ ᠬᠤᠳᠠᠯᠳᠤᠭᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ | ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠢᠨᠠᠨ ᠵᠢᠯᠤᠭᠤᠳᠴᠤ ᠪᠠᠶᠢᠴᠠᠭᠠᠬᠤ ᠶᠢ | ᠥᠷᠨᠢᠭᠦᠯᠦᠨ᠂ ᠬᠠᠤᠯᠢ ᠪᠠᠷ ᠵᠠᠰᠠᠬᠤ ᠶᠢᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠨ᠎ᠠ᠃ | ᠡᠯ᠎ᠡ ᠰᠠᠯᠠᠭ᠎ᠠ ᠮᠥᠴᠢᠷ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠬᠤ | ᠪᠤᠶᠤ ᠲᠠᠪᠴᠠᠩ ᠢ ᠬᠢᠨᠠᠨ ᠰᠢᠨᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠯᠭᠠᠨ ᠠᠪᠴᠤ᠂ ᠬᠠᠷᠠᠯᠲᠠ ᠶᠢᠨ | ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠮᠡᠳᠡᠭᠡᠯᠡᠬᠦ ᠲᠣᠭᠲᠠᠴᠠ ᠶᠢ ᠪᠠᠶᠢᠭᠤᠯᠤᠨ᠂ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠬᠦᠷᠢᠶ᠎ᠡ ᠴᠠᠷᠠᠭ᠎ᠠ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ | ᠪᠠ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ | ᠳᠠᠭᠠᠯᠳᠤᠭᠤᠯᠤᠯ᠄ ᠠᠯᠠᠱᠠ ᠵᠡᠭᠦᠨ ᠬᠤᠰᠢᠭᠤᠨ ᠤ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠢᠨᠵᠧᠨᠧᠷᠢᠩ ᠤᠨ ᠡᠭᠦᠷᠭᠡ ᠶᠢᠨ ᠨᠠᠷᠢᠨ ᠳᠠᠩᠰᠠ xlsxx | 2024 ᠣᠨ ᠤ 3 ᠰᠠᠷ᠎ᠠ ᠶᠢᠨ 27 ᠤ ᠡᠳᠦᠷ | [ ᠪᠦᠭᠦ ᠠᠭᠤᠯᠭ᠎ᠠ ᠶᠢ ᠪᠠᠭᠤᠯᠭᠠᠬᠤ ] | |