ᠠᠯᠠᠱᠠ ᠵᠡᠭᠦᠨ ᠬᠤᠰᠢᠭᠤ ᠭᠠᠩ ᠬᠠᠭᠰᠠᠷᠠᠭᠠᠨ ᠲᠠᠢ ᠲᠡᠮᠡᠴᠡᠨ᠂ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠵᠤ ᠠᠷᠠᠳ ᠤᠨ ᠠᠮᠢᠳᠤᠷᠠᠯ ᠢ ᠪᠠᠲᠤᠯᠠᠪᠠ
ᠨᠡᠶᠢᠲᠡᠯᠡᠭᠰᠡᠨ ᠴᠠᠭ᠄
2024/2/2
     2023 ᠣᠨ ᠠᠴᠠ ᠨᠠᠰᠢ᠂ ᠠᠯᠠᠱᠠ ᠵᠡᠭᠦᠨ ᠬᠤᠰᠢᠭᠤᠨ ᠤ ᠠᠭᠠᠷ ᠤᠨ ᠳᠤᠯᠠᠭᠠᠨ ᠡᠩ ᠤᠨ ᠵᠢᠯ ᠤᠨ ᠬᠢ ᠠᠴᠠ ᠥᠨᠳᠥᠷ ᠪᠠᠶᠢᠵᠤ᠂ ᠶᠡᠷᠦᠩᠬᠡᠶ ᠲᠤᠨᠳᠠᠰᠤᠨ ᠤ ᠬᠡᠮᠵᠢᠶ᠎ᠡ 2 - 8 ᠬᠤᠪᠢ ᠪᠠᠷ ᠪᠠᠭᠠᠰᠴᠤ᠂ ᠭᠠᠩ ᠬᠠᠭᠰᠠᠷᠠᠭᠠᠨ ᠤ ᠪᠠᠶᠢᠳᠠᠯ ᠬᠦᠨᠳᠦ ᠨᠣᠴᠢᠲᠠᠶ ᠪᠠᠶᠢᠵᠤ᠂ ᠡᠭᠦᠨ ᠤ ᠳᠡᠭᠡᠷ᠎ᠡ ᠡᠪᠦᠯ ᠠᠴᠠ ᠨᠠᠰᠢᠬᠢ ᠴᠠᠰᠤ ᠣᠷᠣᠬᠤ ᠴᠠᠭ ᠠᠭᠤᠷ ᠤᠨ ᠨᠥᠯᠥᠭᠡ ᠠᠴᠠ  ᠮᠠᠯᠵᠢᠬᠤ ᠣᠷᠣᠨ ᠤ ᠣᠯᠠᠨ ᠲᠦᠮᠡᠨ ᠤ ᠡᠪᠡᠰᠦ ᠪᠣᠷᠳᠣᠭᠠᠨ ᠤ ᠨᠥᠭᠡᠴᠡ ᠬᠦᠷᠦᠯᠴᠡᠬᠦ ᠥᠬᠡᠶ ᠪᠣᠯᠵᠣ᠂ ᠮᠠᠯ ᠤᠨᠤᠭ᠎ᠠ ᠶᠢ ᠡᠪᠦᠯᠵᠢᠭᠦᠯᠬᠦ ᠳᠤ ᠪᠡᠷᠬᠡ ᠪᠣᠯᠵᠠᠶ᠃ ᠪᠥᠬᠦ ᠬᠤᠰᠢᠭᠤ ᠪᠠᠷ ᠢᠶᠠᠨ ᠭᠠᠩ ᠬᠠᠭᠰᠠᠷᠠᠭᠠᠨ ᠲᠠᠢ ᠲᠡᠮᠡᠴᠡᠬᠦ ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠᠯᠠ ᠮᠥᠩᠭᠦ ᠶᠢ ᠲᠡᠮᠡᠴᠡᠨ ᠤᠯᠬᠤ᠂ ᠤᠰᠤ ᠬᠠᠩᠭᠠᠬᠤ ᠪᠠᠲᠤᠯᠠᠭ᠎ᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠡᠪᠡᠰᠦ ᠪᠣᠷᠳᠤᠭ᠎ᠠ ᠰᠢᠯᠵᠢᠭᠦᠯᠦᠨ ᠲᠡᠭᠡᠭᠡᠪᠦᠷᠢᠯᠡᠵᠦ ᠬᠠᠩᠭᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠵᠤ ᠠᠷᠠᠳ ᠤᠨ ᠠᠮᠢᠳᠤᠷᠠᠯ ᠢ  ᠪᠠᠲᠤᠯᠠᠪᠠ᠃     1 ᠰᠠᠷ᠎ᠠ ᠶᠢᠨ 25᠎ ᠤ ᠡᠳᠦᠷ᠂ ᠠᠯᠠᠱᠠ ᠠᠶᠢᠮᠠᠭ ᠤᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠤᠪᠢ ᠡᠵᠡᠮᠳᠡᠭᠰᠡᠨ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠠᠯᠠᠱᠠ ᠵᠡᠭᠦᠨ ᠬᠤᠰᠢᠭᠤᠨ ᠳᠤ 500 ᠲᠣᠨ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠬᠠᠨᠳᠢᠪᠯᠠᠵᠤ᠂ ᠡᠲᠡᠭᠡᠷ ᠡᠪᠡᠰᠦ ᠪᠣᠷᠳᠤᠭ᠎ᠠ ᠨᠢ ᠶᠠᠭ ᠮᠠᠯᠴᠢᠳ ᠤᠨ ᠪᠠᠴᠢᠮ ᠪᠠᠶᠢᠳᠠᠯ ᠢ ᠰᠢᠢᠳᠪᠦᠷᠢᠯᠡᠪᠡ᠃ ᠳᠠᠷᠠᠭ᠎ᠠ ᠨᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠡᠪᠡᠰᠦ ᠪᠣᠷᠳᠤᠭ᠎ᠠ ᠶᠢ ᠴᠠᠭ ᠲᠤᠬᠠᠶ ᠳᠤᠨᠢ ᠭᠠᠩ ᠬᠠᠭᠰᠠᠷᠠᠭᠠᠨ ᠤ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠭ᠎ᠠ ᠰᠤᠮᠤ ᠪᠠᠯᠭᠠᠰᠤᠨ ᠳᠤ ᠬᠤᠪᠢᠶᠠᠨ ᠥᠭᠴᠦ᠂ ᠡᠨᠡᠬᠦ ᠬᠠᠯᠠᠭᠤᠨ ᠳᠤᠯᠠᠭᠠᠨ ᠢ ᠴᠠᠭ ᠲᠤᠬᠠᠶ ᠳᠤᠨᠢ ᠮᠠᠯᠴᠢᠳ ᠤᠨ ᠬᠡᠷ ᠲᠤ ᠬᠦᠷᠭᠡᠬᠦ ᠶᠢ ᠪᠠᠲᠤᠯᠠᠪᠠ᠃    ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠲᠡᠮᠡᠭᠡᠲᠦ ᠨᠤᠲᠤᠭ 2024-2617᠄ 20 ᠥᠪᠥᠷ ᠮᠣᠩᠭᠤᠯ ᠳᠤ ᠨᠡᠶᠢᠲᠡᠯᠡᠪᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号