| 2023 ᠣᠨ ᠠᠴᠠ ᠨᠠᠰᠢ᠂ ᠠᠯᠠᠱᠠ ᠵᠡᠭᠦᠨ ᠬᠤᠰᠢᠭᠤᠨ ᠤ ᠠᠭᠠᠷ ᠤᠨ ᠳᠤᠯᠠᠭᠠᠨ ᠡᠩ ᠤᠨ | ᠵᠢᠯ ᠤᠨ ᠬᠢ ᠠᠴᠠ ᠥᠨᠳᠥᠷ ᠪᠠᠶᠢᠵᠤ᠂ ᠶᠡᠷᠦᠩᠬᠡᠶ ᠲᠤᠨᠳᠠᠰᠤᠨ ᠤ ᠬᠡᠮᠵᠢᠶ᠎ᠡ 2 - 8 ᠬᠤᠪᠢ ᠪᠠᠷ ᠪᠠᠭᠠᠰᠴᠤ᠂ ᠭᠠᠩ | ᠬᠠᠭᠰᠠᠷᠠᠭᠠᠨ ᠤ ᠪᠠᠶᠢᠳᠠᠯ ᠬᠦᠨᠳᠦ ᠨᠣᠴᠢᠲᠠᠶ ᠪᠠᠶᠢᠵᠤ᠂ ᠡᠭᠦᠨ ᠤ ᠳᠡᠭᠡᠷ᠎ᠡ ᠡᠪᠦᠯ ᠠᠴᠠ ᠨᠠᠰᠢᠬᠢ ᠴᠠᠰᠤ ᠣᠷᠣᠬᠤ | ᠴᠠᠭ ᠠᠭᠤᠷ ᠤᠨ ᠨᠥᠯᠥᠭᠡ ᠠᠴᠠ ᠮᠠᠯᠵᠢᠬᠤ ᠣᠷᠣᠨ ᠤ ᠣᠯᠠᠨ ᠲᠦᠮᠡᠨ ᠤ ᠡᠪᠡᠰᠦ ᠪᠣᠷᠳᠣᠭᠠᠨ ᠤ ᠨᠥᠭᠡᠴᠡ | ᠬᠦᠷᠦᠯᠴᠡᠬᠦ ᠥᠬᠡᠶ ᠪᠣᠯᠵᠣ᠂ ᠮᠠᠯ ᠤᠨᠤᠭ᠎ᠠ ᠶᠢ ᠡᠪᠦᠯᠵᠢᠭᠦᠯᠬᠦ ᠳᠤ ᠪᠡᠷᠬᠡ ᠪᠣᠯᠵᠠᠶ᠃ ᠪᠥᠬᠦ ᠬᠤᠰᠢᠭᠤ ᠪᠠᠷ ᠢᠶᠠᠨ | ᠭᠠᠩ ᠬᠠᠭᠰᠠᠷᠠᠭᠠᠨ ᠲᠠᠢ ᠲᠡᠮᠡᠴᠡᠬᠦ ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ | ᠡᠬᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ | ᠠᠪᠤᠷᠠᠬᠤ ᠪᠠᠯᠠ ᠮᠥᠩᠭᠦ ᠶᠢ ᠲᠡᠮᠡᠴᠡᠨ ᠤᠯᠬᠤ᠂ ᠤᠰᠤ ᠬᠠᠩᠭᠠᠬᠤ ᠪᠠᠲᠤᠯᠠᠭ᠎ᠠ ᠶᠢᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠡᠪᠡᠰᠦ ᠪᠣᠷᠳᠤᠭ᠎ᠠ ᠰᠢᠯᠵᠢᠭᠦᠯᠦᠨ ᠲᠡᠭᠡᠭᠡᠪᠦᠷᠢᠯᠡᠵᠦ ᠬᠠᠩᠭᠠᠬᠤ ᠶᠢ ᠴᠢᠩᠭᠠᠳᠬᠠᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠭᠠᠩ ᠬᠠᠭᠰᠠᠷᠠᠭᠠᠨ ᠤ ᠪᠠᠶᠢᠳᠠᠯ ᠢ | ᠨᠠᠮᠳᠠᠭᠤᠯᠵᠤ ᠠᠷᠠᠳ ᠤᠨ ᠠᠮᠢᠳᠤᠷᠠᠯ ᠢ ᠪᠠᠲᠤᠯᠠᠪᠠ᠃ | 1 ᠰᠠᠷ᠎ᠠ ᠶᠢᠨ 25 ᠤ ᠡᠳᠦᠷ᠂ ᠠᠯᠠᠱᠠ ᠠᠶᠢᠮᠠᠭ ᠤᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ | ᠬᠤᠪᠢ ᠡᠵᠡᠮᠳᠡᠭᠰᠡᠨ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠠᠯᠠᠱᠠ ᠵᠡᠭᠦᠨ ᠬᠤᠰᠢᠭᠤᠨ ᠳᠤ 500 ᠲᠣᠨ | ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠬᠠᠨᠳᠢᠪᠯᠠᠵᠤ᠂ ᠡᠲᠡᠭᠡᠷ ᠡᠪᠡᠰᠦ ᠪᠣᠷᠳᠤᠭ᠎ᠠ ᠨᠢ ᠶᠠᠭ | ᠮᠠᠯᠴᠢᠳ ᠤᠨ ᠪᠠᠴᠢᠮ ᠪᠠᠶᠢᠳᠠᠯ ᠢ ᠰᠢᠢᠳᠪᠦᠷᠢᠯᠡᠪᠡ᠃ ᠳᠠᠷᠠᠭ᠎ᠠ ᠨᠢ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠡᠪᠡᠰᠦ ᠪᠣᠷᠳᠤᠭ᠎ᠠ ᠶᠢ ᠴᠠᠭ ᠲᠤᠬᠠᠶ ᠳᠤᠨᠢ ᠭᠠᠩ ᠬᠠᠭᠰᠠᠷᠠᠭᠠᠨ ᠤ ᠪᠠᠶᠢᠳᠠᠯ ᠨᠡᠯᠢᠶᠡᠳ | ᠬᠦᠨᠳᠦ ᠨᠣᠴᠢᠲᠠᠶ ᠪᠠᠶᠢᠭ᠎ᠠ ᠰᠤᠮᠤ ᠪᠠᠯᠭᠠᠰᠤᠨ ᠳᠤ ᠬᠤᠪᠢᠶᠠᠨ ᠥᠭᠴᠦ᠂ ᠡᠨᠡᠬᠦ ᠬᠠᠯᠠᠭᠤᠨ ᠳᠤᠯᠠᠭᠠᠨ ᠢ ᠴᠠᠭ | ᠲᠤᠬᠠᠶ ᠳᠤᠨᠢ ᠮᠠᠯᠴᠢᠳ ᠤᠨ ᠬᠡᠷ ᠲᠤ ᠬᠦᠷᠭᠡᠬᠦ ᠶᠢ ᠪᠠᠲᠤᠯᠠᠪᠠ᠃ | ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠲᠡᠮᠡᠭᠡᠲᠦ ᠨᠤᠲᠤᠭ 2024-2617᠄ | 20 ᠥᠪᠥᠷ ᠮᠣᠩᠭᠤᠯ ᠳᠤ ᠨᠡᠶᠢᠲᠡᠯᠡᠪᠡ᠃ | |