ᠠᠯᠠᠱᠠ ᠵᠡᠭᠦᠨ ᠬᠤᠰᠢᠭᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠪᠠ
ᠨᠡᠶᠢᠲᠡᠯᠡᠭᠰᠡᠨ ᠴᠠᠭ᠄
2024/2/4
ᠠᠯᠠᠱᠠ ᠵᠡᠭᠦᠨ ᠬᠤᠰᠢᠭᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠪᠠ    ᠠᠯᠠᠱᠠ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠲᠡᠮᠡᠭᠡᠲᠦ  ᠨᠤᠲᠤᠭ 2024-2411᠄ 18 ᠥᠪᠥᠷ ᠮᠣᠩᠭᠤᠯ ᠳᠤ ᠨᠡᠶᠢᠲᠡᠯᠡᠪᠡ᠃  1 ᠳ᠋ᠦ᠋ᠭᠡᠷ ᠰᠠᠷ᠎ᠠ ᠶᠢᠨ 22᠎ ᠤᠨ ᠡᠳᠦᠷ᠂ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ᠂ ᠭᠠᠯ ᠺᠤᠮᠠᠨᠲᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠪᠡ᠃  ᠡᠨᠡ ᠵᠢᠯ ᠤᠨ ᠡᠪᠦᠯ ᠤᠨ ᠠᠮᠠᠷᠠᠯᠲᠠ ᠳᠤ ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠳᠡᠭᠡᠳᠦ ᠳᠤᠮᠳᠠᠳᠤ ᠶᠢᠨ ᠭᠤᠷᠪᠠᠳᠤᠭᠠᠷ ᠣᠨ ᠤ 293 ᠰᠣᠷᠣᠭᠴᠢ ᠰᠤᠷᠭᠠᠭᠤᠯᠢ ᠳᠤ ᠰᠤᠷᠤᠯᠴᠠᠪᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠤᠷᠭᠠᠭᠤᠯᠢ ᠠᠴᠠ ᠭᠠᠯ ᠰᠡᠷᠭᠡᠶᠢᠯᠡᠬᠦ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠲᠥᠰᠦᠯ ᠢ ᠲᠣᠭᠲᠠᠭᠠᠵᠤ᠂ ᠪᠥᠬᠦ ᠰᠤᠷᠭᠠᠭᠤᠯᠢ ᠶᠢ ᠥᠨᠴᠥᠭ ᠪᠤᠯᠤᠩ ᠥᠬᠡᠶ ᠨᠡᠶᠢᠳᠡᠮ  ᠪᠠᠶᠢᠴᠠᠭᠠᠪᠠ᠃
   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号