ᠠᠯᠠᠱᠠ ᠵᠡᠭᠦᠨ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠨᠢ ᠠᠶᠤᠯᠭᠦᠶ ᠦᠢᠯᠡᠳᠪᠦᠷᠢᠯᠡᠯ ᠤᠨ ᠠᠵᠢᠯ ᠢ ᠳᠠᠯᠳᠠᠭᠤᠷ ᠰᠤᠷᠪᠤᠯᠵᠢᠯᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/2/4
   1 ᠰᠠᠷ᠎ᠠ ᠶᠢᠨ 27᠎ ᠤ ᠡᠳᠦᠷ ᠠᠴᠠ 28᠎ ᠤ ᠡᠳᠦᠷ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠤᠤᠯ ᠬᠠᠷᠢᠭᠤᠴᠠᠯᠭᠠᠲᠠᠨ ᠲᠣᠰ ᠲᠣᠰ ᠲᠠᠭᠠᠨ ᠪᠠᠭ ᠳᠠᠭᠠᠭᠤᠯᠵᠤ᠂ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ᠂ ᠲᠡᠷᠭᠡᠨ ᠥᠷᠲᠡᠭᠡ ᠨᠢᠰᠬᠡᠯ ᠤᠨ ᠪᠠᠭᠤᠳᠠᠯ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠬᠥᠮᠦᠨ ᠲᠥᠪᠯᠡᠷᠡᠭᠰᠡᠨ ᠲᠠᠯᠠᠪᠤᠷ ᠲᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠭᠡᠮ ᠰᠣᠭᠤᠭ ᠢ ᠵᠢᠭᠠᠨ ᠭᠠᠷᠭᠠᠬᠤ ᠶᠢᠨ ᠬᠠᠮᠲᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠨ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠦᠷᠢᠵᠢᠭᠤᠯᠤᠨ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃    ᠪᠠᠶᠢᠴᠠᠭᠠᠬᠤ ᠳᠤᠭᠤᠶᠢᠯᠠᠩ ᠠᠴᠠ ᠴᠠᠭᠠᠨ ᠰᠠᠷ᠎ᠠ ᠬᠦᠷᠴᠦ ᠢᠷᠡᠬᠦ ᠶᠢ ᠳᠠᠭᠠᠯᠳᠤᠨ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠤᠨ ᠬᠥᠮᠦᠰ ᠤᠨ ᠤᠷᠤᠰᠤᠯᠲᠠ ᠨᠡᠮᠡᠭᠳᠡᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠴᠤ ᠨᠡᠮᠡᠭᠳᠡᠵᠦ ᠪᠠᠶᠢᠨ᠎ᠠ᠂ ᠡᠯ᠎ᠡ ᠰᠠᠯᠠᠭ᠎ᠠ ᠮᠥᠴᠢᠷ ᠨᠢᠭᠡᠴᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ ᠨᠠᠶᠢᠳᠠᠪᠤᠷᠢᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠦᠢᠯᠠᠭᠠᠭᠳᠠᠬᠤᠨ ᠢ ᠪᠠᠲᠤ ᠪᠣᠶ ᠪᠣᠯᠭᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠤᠯᠳᠠᠯᠭ᠎ᠠ ᠲᠠᠢ ᠲᠠᠯᠠᠪᠤᠷ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠰᠠᠨ ᠴᠡᠭᠴᠡᠯᠡᠵᠦ᠂ ᠲᠤᠰᠬᠠᠶ ᠪᠠᠶᠢᠴᠠᠭᠠᠬᠤ᠂ ᠳᠤᠬᠢᠶᠠᠯᠳᠤᠯ ᠢᠶᠠᠷ  ᠰᠤᠩᠭᠤᠨ ᠰᠢᠯᠭᠠᠬᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠪᠥᠬᠦ ᠬᠦᠴᠦᠨ ᠢᠶᠠᠷ ᠢᠶᠠᠨ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠰᠢᠢᠳᠪᠦᠷᠢᠯᠡᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠤ ᠰᠠᠶᠢᠨ ᠰᠠᠶᠢᠬᠠᠨ ᠪᠠᠶᠢᠳᠠᠯ ᠢ ᠦᠨᠡᠨ ᠬᠦ ᠬᠠᠮᠠᠭᠠᠯᠠᠨ᠂ ᠥᠷᠭᠡᠨ ᠣᠯᠠᠨ ᠲᠦᠮᠡᠨ ᠢ ᠠᠮᠤᠷ ᠠᠮᠤᠭᠤᠯᠠᠩ ᠥᠯᠵᠡᠶ ᠪᠡᠯᠭᠡ ᠲᠠᠢ ᠥᠩᠭᠡᠷᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号