ᠠᠯᠠᠱᠠ ᠵᠡᠬᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ᠄ ᠠᠷᠠᠳ ᠤᠨ ᠳᠦᠯᠤᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ | 1951ᠤᠨ ᠤ 11 ᠰᠠᠷ᠎ᠠ ᠶᠢᠨ 1 ᠤ ᠡᠳᠤᠷ ᠠᠴᠠ 13 ᠤ ᠡᠳᠤᠷ ᠪᠤᠯᠳᠠᠯ᠎ᠠ ᠠᠯᠠᠱᠠ ᠬᠤᠰᠢᠭᠤᠨ ᠤ | ᠠᠩᠬᠠᠳᠤᠭᠠᠷ ᠤᠳᠠᠭᠠᠨ ᠤ ᠡᠯ᠎ᠡ ᠦᠨᠳᠤᠰᠤᠳᠡᠨ ᠡᠯ᠎ᠡ ᠡᠳᠡᠭᠡᠳ ᠤᠨ ᠠᠷᠠᠳ ᠤᠨ ᠳᠦᠯᠤᠭᠡᠯᠡᠭᠴᠢᠳ ᠤᠨ | ᠬᠤᠷᠠᠯᠳᠤᠭᠠᠨ ᠪᠤᠯᠵᠤ᠂ ᠯᠢ ᠵᠢᠶᠠᠨ ︵ᠭᠢᠳᠡᠳ︶ ᠳᠡᠷᠢᠬᠦᠯᠡᠭᠴᠢ ᠪᠠᠷ ᠰᠤᠩᠭᠤᠭᠳᠠᠵᠤ᠂ 1952 ᠤᠨ ᠤ 12 | ᠰᠠᠷ᠎ᠠ ᠶᠢᠨ 2 ᠤᠨ ᠡᠳᠤᠷ ᠬᠤᠶᠠᠳᠤᠭᠠᠷ ᠤᠳᠠᠭᠠᠨ ᠤ ᠡᠯ᠎ᠡ ᠦᠨᠳᠤᠰᠤᠳᠡᠨ ᠡᠯ᠎ᠡ ᠡᠳᠡᠭᠡᠳ ᠤᠨ ᠠᠷᠠᠳ ᠤᠨ | ᠳᠦᠯᠤᠭᠡᠯᠡᠭᠴᠢᠳ ᠤᠨ ᠬᠤᠷᠠᠯᠳᠤᠭᠠᠨ ᠬᠤᠷᠠᠯᠳᠤᠵᠤ᠂ ᠳ᠋ᠠᠨᠢᠽᠠᠨ᠎ᠠ ︵ᠮᠤᠩᠭᠤᠯ︶ ᠳᠡᠷᠢᠬᠦᠯᠡᠭᠴᠢ ᠪᠠᠷ | ᠰᠤᠩᠭᠤᠭᠳᠠᠭᠰᠠᠨ ᠪᠠᠶᠢᠨ᠎ᠠ᠂ | 1954 ᠤᠨ ᠤ 4 ᠰᠠᠷ᠎ᠠ ᠶᠢᠨ 6 ᠤ ᠡᠳᠤᠷ ᠠᠴᠠ 12 ᠤᠨ ᠡᠳᠤᠷ ᠪᠤᠯᠳᠠᠯ᠎ᠠ ᠠᠯᠠᠱᠠ ᠬᠤᠰᠢᠭᠤᠨ ᠤ | ᠠᠩᠬᠠᠳᠤᠭᠠᠷ ᠬᠤᠭᠤᠴᠠᠭᠠᠨ ᠤ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠪᠣᠯᠵᠤ᠂ ᠳᠠᠪᠤᠳᠤᠭᠠᠷ | ᠬᠤᠭᠤᠴᠠᠭᠠᠨ ᠤ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠳᠡᠬᠦᠰᠳᠠᠯᠠ ᠪᠠᠶᠢᠩᠭᠤ ᠶᠢᠨ ᠬᠤᠷᠢᠶ᠎ᠠ | ᠭᠠᠷᠭᠠᠭᠰᠠᠨ ᠦᠭᠡᠢ᠃ ᠨᠢᠭᠡ ᠠᠴᠠ ᠳᠠᠪᠤᠳᠤᠭᠠᠷ ᠬᠤᠭᠤᠴᠠᠭᠠᠨ ᠤ ᠠᠷᠠᠳ ᠤᠨ ᠳᠦᠯᠤᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠤ ᠬᠦᠢᠴᠡᠳᠭᠡᠬᠦ ᠶᠤᠰᠤᠳᠠᠢ ᠡᠬᠦᠷᠭᠡ ᠴᠢᠳᠠᠯ ᠢ ᠬᠤᠰᠢᠭᠤᠨ ᠤ ᠠᠷᠠᠳ ᠤᠨ | ᠵᠠᠰᠠᠭ ᠤᠨ ᠤᠷᠳᠤᠨ ᠬᠦᠢᠴᠡᠳᠭᠡᠵᠤ ᠪᠠᠶᠢᠵᠡᠢ᠃ | 1980 ᠤᠨ ᠤ 12 ᠰᠠᠷ᠎ᠠ ᠳᠤ ᠪᠤᠯᠤᠭᠰᠠᠨ ᠠᠯᠠᠱᠠ ᠵᠡᠬᠦᠨ ᠬᠤᠰᠢᠭᠤᠨ ᠤ ᠵᠢᠷᠭᠤᠳᠤᠭᠠᠷ | ᠬᠤᠭᠤᠴᠠᠭᠠᠨ ᠤ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠢᠶᠠᠷ ᠪᠠᠶᠢᠩᠭᠤ ᠶᠢᠨ ᠬᠤᠷᠢᠶ᠎ᠠ ᠶᠢ ᠰᠤᠩᠭᠤᠨ | ᠭᠠᠷᠭᠠᠵᠤ᠂ ᠳᠤᠤᠷ᠎ᠠ ᠨᠢ ᠠᠯᠪᠠᠨ ᠭᠡᠷ ᠳᠤᠭᠢᠷᠠᠭᠤᠯᠵᠤ᠂ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠨᠢ ᠭᠢᠨᠠᠯᠳᠠ ᠳᠠᠯᠪᠢᠬᠤ ᠡᠷᠭᠡ᠂ ᠰᠶᠢᠳᠪᠤᠷᠢ ᠪᠠᠳᠤᠯᠠᠬᠤ ᠡᠷᠭᠡ ᠪᠠ ᠳᠤᠮᠢᠯᠠᠵᠤ ᠪᠠᠭᠤᠯᠭᠠᠬᠤ | ᠡᠷᠭᠡ ᠪᠠᠨ ᠭᠡᠷᠡᠭᠵᠢᠬᠦᠯᠵᠤ ᠡᠭᠢᠯᠡᠭᠰᠡᠨ ᠪᠠᠶᠢᠨ᠎ᠠ᠃ 1988 ᠤᠨ ᠤ 4 ᠰᠠᠷ᠎ᠠ ᠳᠤ ᠪᠤᠯᠤᠭᠰᠠᠨ ᠨᠡᠢᠮᠠᠳᠤᠭᠠᠷ | ᠬᠤᠭᠤᠴᠠᠭᠠᠨ ᠤᠳᠠᠭᠠᠨ ᠤ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ | ᠬᠤᠷᠠᠯᠳᠤᠭᠠᠨ ᠢᠶᠠᠷ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠡᠬᠦᠷᠭᠡ ᠴᠢᠳᠠᠯ ᠳᠤ ᠵᠤᠭᠢᠴᠠᠭᠤᠯᠤᠨ ᠭᠤᠷᠪᠠᠨ ᠵᠦᠪᠯᠠᠯ ᠨᠢᠭᠡ ᠭᠡᠷ᠂ ᠳᠤᠬᠠᠶᠢᠯᠠᠪᠠᠯ ᠤᠯᠤᠰ ᠳᠦᠷᠤ ᠬᠠᠤᠯᠢ | ᠴᠠᠭᠠᠵᠠ ᠶᠢᠨ ᠠᠵᠢᠯ ᠤᠨ ᠵᠦᠪᠯᠠᠯ᠂ ᠡᠳ᠋ ᠤᠨ ᠵᠠᠰᠠᠭ ᠠᠵᠤ ᠠᠬᠤᠢ ᠶᠢᠨ ᠵᠦᠪᠯᠠᠯ᠂ ᠰᠤᠷᠭᠠᠨ ᠬᠦᠮᠤᠵᠢᠯ ᠰᠢᠨᠵᠢᠯᠡᠬᠦ | ᠤᠬᠠᠭᠠᠨ ᠰᠤᠶᠤᠯ ᠡᠷᠡᠬᠦᠯ ᠬᠠᠮᠠᠭᠠᠯᠠᠯ ᠤᠨ ᠵᠦᠪᠯᠠᠯ ᠪᠤᠯᠤᠨ ᠠᠯᠪᠠᠨ ᠭᠡᠷ ᠭᠠᠷᠭᠠᠵᠠᠢ᠃ 2012 ᠤᠨ ᠪᠤᠯᠬᠤ ᠳᠤ | ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠤᠳᠤᠭᠠᠳᠤ ᠶᠢᠨ | ᠪᠠᠶᠢᠭᠤᠯᠤᠮᠵᠢ ᠶᠢ ᠳᠦᠷᠪᠡᠨ ᠵᠦᠪᠯᠠᠯ ᠬᠤᠶᠠᠷ᠂ ᠳᠤᠬᠠᠶᠢᠯᠠᠪᠠᠯ ᠤᠯᠤᠰ ᠳᠦᠷᠤ ᠬᠠᠤᠯᠢ ᠴᠠᠭᠠᠵᠠ ᠶᠢᠨ ᠠᠵᠢᠯ ᠤᠨ | ᠵᠦᠪᠯᠠᠯ᠂ ᠡᠳ᠋ ᠤᠨ ᠵᠠᠰᠠᠭ ᠠᠵᠤ ᠠᠬᠤᠢ ᠶᠢᠨ ᠵᠦᠪᠯᠠᠯ᠂ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠰᠤᠶᠤᠯ | ᠡᠷᠡᠬᠦᠯ ᠬᠠᠮᠠᠭᠠᠯᠠᠯ ᠤᠨ ᠵᠦᠪᠯᠠᠯ᠂ ᠤᠷᠴᠢᠨ ᠳᠤᠭᠤᠷᠢᠨ ᠭᠢᠭᠡᠳ ᠡᠭᠢ ᠪᠠᠶᠠᠯᠢᠭ ᠤᠨ ᠬᠠᠮᠠᠭᠠᠯᠠᠯᠳᠠ ᠶᠢᠨ ᠵᠦᠪᠯᠠᠯ᠂ | ᠠᠯᠪᠠᠨ ᠭᠡᠷ ᠪᠤᠯᠤᠨ ᠵᠠᠭᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠪᠤᠯᠭᠠᠵᠠᠢ᠃ | 1980 ᠤᠨ ᠳᠤ ᠪᠤᠯᠤᠭᠰᠠᠨ ᠠᠯᠠᠱᠠ ᠵᠡᠬᠦᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠠᠷᠠᠳ ᠤᠨ | ᠳᠦᠯᠤᠭᠡᠯᠡᠭᠴᠢᠳ ᠤᠨ ᠶᠡᠭᠡ ᠬᠤᠷᠠᠯ ᠠᠴᠠ 2013 ᠤᠨ ᠳᠤ ᠪᠤᠯᠤᠭᠰᠠᠨ ᠠᠷᠪᠠᠨ ᠳᠦᠷᠪᠡᠳᠤᠭᠡᠷ ᠬᠤᠭᠤᠴᠠᠭᠠᠨ ᠤ | ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠪᠠᠷ ᠤᠷᠢᠳ | ᠬᠤᠵᠢᠳ ᠳᠡᠭᠰᠢ ︵ᠮᠤᠩᠭᠤᠯ︶᠂ ᠳᠤᠤ · ᠦᠯᠵᠡᠢ ︵ᠮᠤᠩᠭᠤᠯ︶᠂ ᠸᠠᠩ ᠯᠸᠢ ᠱᠧᠩ ︵ᠭᠢᠳᠡᠳ︶᠂ ᠯᠾᠠᠵᠠᠪ | ︵ᠮᠤᠩᠭᠤᠯ︶᠂ ᠶᠤᠤ ᠰᠢᠩ ᠹᠦ᠋ ︵ᠮᠤᠩᠭᠤᠯ︶᠂ ᠶᠦᠸᠧ · ᠳᠡᠮᠡᠴᠡᠯᠳᠤ ︵ᠮᠤᠩᠭᠤᠯ︶᠂ ᠡᠷᠳᠡᠨᠢᠪᠠᠶᠠᠷ ︵ | ᠮᠤᠩᠭᠤᠯ︶᠂ ᠰᠧ ᠵᠢᠶᠦ᠋ᠨ ᠴᠢᠶᠠᠩ ︵ᠭᠢᠳᠡᠳ︶᠂ ᠯᠢ ᠰᠤᠶᠤᠯᠲᠤ ︵ᠮᠤᠩᠭᠤᠯ︶᠃ ᠮᠠᠥ ᠽᠧᠩ ᠬᠠᠢ ︵ | ᠬᠢᠲᠠᠳ︶ ᠵᠡᠷᠭᠡ ᠬᠦᠮᠤᠰ ᠠᠵᠢᠯᠯᠠᠵᠤ ᠦᠩᠭᠡᠷᠡᠭᠰᠡᠨ ᠪᠤᠶᠤ ᠠᠵᠢᠯᠯᠠᠵᠤ ᠪᠠᠶᠢᠨ᠎ᠠ᠃ | ᠵᠤᠬᠢᠶᠠᠭᠴᠢ ᠶᠢᠨ ᠳᠤᠪᠴᠢ ᠨᠠᠮᠳᠠᠷ | ᠦᠯᠵᠡᠢ᠂ ᠪᠢᠴᠢᠭ ᠤᠨ ᠨᠠᠷᠠ ᠫᠦ᠊ · ᠦᠯᠵᠡᠢ᠂ 1959 ᠤᠨ ᠤ ᠬᠠᠪᠤᠷ ᠤᠤᠯ ᠤᠨ ᠠᠯᠠᠱᠠ ᠬᠤᠰᠢᠭᠤᠨ | ᠤ ᠽᠤᠨ ᠤ ᠪᠠᠭ ᠤᠨ ᠮᠠᠯᠴᠢᠨ ᠫᠦᠷᠪᠤ᠂ ᠳᠦᠤᠳᠡᠢ ᠶᠢᠨ ᠤᠤᠭᠠᠨ ᠬᠦᠤ ᠪᠤᠯᠵᠤ ᠵᠠᠶᠠᠭᠠᠪᠠ᠃ 1983 ᠤᠨ ᠳᠤ | ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠳᠦᠷᠤ ᠶᠢᠨ ᠬᠦᠮᠤᠵᠢᠯ ᠤᠨ ᠰᠠᠯᠪᠤᠷᠢ ᠠᠴᠠ | ᠳᠡᠬᠦᠰᠤᠨ ᠠᠷᠠᠳ ᠤᠨ ᠪᠠᠭᠰᠢ ᠪᠤᠯᠵᠤ᠂ ᠡᠳᠤᠭᠡ ᠠᠯᠠᠱᠠ ᠮᠤᠩᠭᠤᠯ ᠦᠨᠳᠤᠰᠤᠳᠡᠨ ᠤ ᠪᠦᠷᠢᠨ ᠳᠤᠮᠳᠠᠳᠤ | ᠰᠤᠷᠭᠠᠭᠤᠯᠢ ᠳᠤ ᠳᠤᠮᠳᠠᠳᠤ ᠰᠤᠷᠭᠠᠭᠤᠯᠢ ᠶᠢᠨ ᠳᠡᠭᠡᠳᠤ ᠳᠠᠰ ᠤᠨ ᠪᠠᠭᠰᠢ ᠪᠠᠷ ᠠᠵᠢᠯᠯᠠᠵᠤ ᠪᠤᠢ᠃ | ᠳᠡᠭᠡᠷ᠎ᠡ ᠵᠠᠭᠤᠨ ᠤ ᠨᠠᠶᠠᠭᠠᠳ ᠤᠨ ᠠᠴᠠ ᠡᠭᠢᠯᠠᠨ ᠤᠨᠤᠯ ᠰᠢᠬᠦᠮᠵᠢ᠂ ᠰᠤᠯᠠ ᠪᠢᠴᠢᠯᠭᠡ᠂ ᠠᠶᠠᠨ ᠤ | ᠳᠡᠮᠳᠡᠭᠯᠡᠯ᠂ ᠮᠡᠳᠡᠭᠡ ᠴᠢᠮᠡᠭᠡᠯᠡᠯ ᠵᠡᠷᠭᠡ ᠰᠲ᠋ᠢᠯᠢ ᠶᠢᠨ ᠵᠤᠭᠢᠶᠠᠯ ᠪᠦᠳᠤᠭᠡᠯ ᠤᠷᠤᠯᠳᠤᠵᠤ ᠰᠤᠨᠢᠨ ᠰᠡᠳᠬᠦᠯ ᠳᠤ | ᠨᠡᠶᠢᠳᠡᠯᠡᠬᠦᠯᠵᠤ ᠢᠷᠡᠭᠰᠡᠨ᠂ ᠰᠢᠨ᠎ᠡ ᠮᠢᠩᠭᠠᠨ ᠳᠤ ᠤᠷᠤᠭᠰᠠᠨ ᠠᠴᠠ ᠨᠠᠰᠢ ᠭᠤᠤᠯᠳᠠᠭᠤ ᠤᠷᠤᠨ ᠨᠤᠳᠤᠭ ᠤᠨ | ᠳᠡᠤᠭᠡ ᠰᠤᠶᠤᠯ ᠤᠨ ᠴᠢᠭᠯᠡᠯ ᠢᠶᠠᠷ ᠰᠤᠳᠤᠯᠭᠠᠨ ᠭᠢᠵᠤ᠂ ︽ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ | ᠤᠬᠠᠭᠠᠨ︾᠂ ︽ᠮᠤᠩᠭᠤᠯ ᠤᠨ ᠰᠤᠳᠤᠯᠤᠯ︾᠂ ︽ᠪᠠᠷᠠᠭᠤᠨ ᠬᠤᠶᠢᠳᠤ ᠶᠢᠨ ᠦᠨᠳᠤᠰᠤᠳᠡᠨ ᠤ ᠶᠡᠭᠡ | ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ ︽ᠪᠠᠷᠠᠭᠤᠨ ᠮᠤᠩᠭᠤᠯ ᠰᠤᠳᠤᠯᠤᠯ︾᠂ ︽ | ᠳᠤᠮᠳᠠᠳᠤ ᠶᠢᠨ ᠦᠨᠳᠤᠰᠤᠳᠡᠨ︾ ᠵᠡᠷᠭᠡ ᠤᠷᠤᠨ ᠤ ᠳᠤᠳᠤᠨ᠎ᠠ ᠭᠠᠳᠠᠨᠠᠭᠢ ᠰᠤᠨᠢᠨ ᠰᠡᠳᠬᠦᠯ ᠳᠤ ᠡᠷᠳᠡᠮ | ᠰᠢᠨᠵᠢᠯᠡᠭᠡᠨ ᠤ ᠦᠬᠦᠯᠡᠯ ᠵᠤᠭᠢᠶᠠᠯ ᠢᠶᠠᠨ ᠨᠠᠶᠢᠳᠠᠯᠠᠵᠤ᠂ ᠪᠠᠰᠠ ︽ᠳᠡᠤᠭᠡ ᠰᠤᠶᠤᠯ ᠤᠨ ᠮᠦᠷᠳᠡᠯᠳᠡ︾᠂ ︽ | ᠠᠯᠠᠱᠠ ᠶᠢᠨ ᠮᠤᠩᠭᠤᠯ ᠦᠨᠳᠤᠰᠤᠳᠡᠨ ᠤ ᠰᠤᠷᠭᠠᠨ ᠬᠦᠮᠤᠵᠢᠯ ᠤᠨ ᠳᠤᠪᠴᠢ ᠳᠡᠤᠭᠡ︾᠂ ︽ᠠᠯᠠᠱᠠ | ᠬᠤᠰᠢᠭᠤᠨ ᠤ ᠠᠵᠤ ᠠᠬᠤᠢ ᠶᠢᠨ ᠳᠡᠤᠭᠡᠨ ᠰᠤᠳᠤᠯᠤᠯ︾ ᠵᠡᠷᠭᠡ ᠨᠤᠮ ᠢᠶᠠᠨ ᠭᠡᠪᠯᠡᠬᠦᠯᠤᠭᠡᠳ ᠪᠠᠶᠢᠨ᠎ᠠ᠃ | | |