ᠠᠯᠠᠱᠠ ᠵᠡᠬᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ᠄ ᠵᠠᠰᠠᠭ ᠤᠨ ᠤᠷᠳᠤᠨ
ᠨᠡᠶᠢᠲᠡᠯᠡᠭᠰᠡᠨ ᠴᠠᠭ᠄
2024/3/1
ᠠᠯᠠᠱᠠ ᠵᠡᠬᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ᠄ ᠵᠠᠰᠠᠭ ᠤᠨ ᠤᠷᠳᠤᠨ       1949 ᠤᠨ ᠤ 9 ᠰᠠᠷ᠎ᠠ ᠶᠢᠨ 23᠎ ᠤ ᠡᠳᠤᠷ ᠠᠯᠠᠱᠠ ᠬᠤᠰᠢᠭᠤ ᠨᠠᠶᠢᠷᠠᠮᠳᠠᠯ ᠢᠶᠠᠷ ᠴᠢᠯᠤᠭᠡᠯᠡᠭᠳᠡᠭᠰᠡᠨ ᠤ ᠳᠠᠷᠠᠭ᠎ᠠ᠂ ᠠᠯᠠᠱᠠ ᠬᠤᠱᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠠᠶᠢᠭᠤᠯᠤᠭᠳᠠᠵᠤ᠂ 1950 ᠤᠨ ᠤ 3 ᠰᠠᠷ᠎ᠠ ᠶᠢᠨ 31᠎ ᠤ ᠡᠳᠤᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠨᠢᠩᠰᠢᠶᠠ ᠮᠤᠵᠢ ᠶᠢᠨ ᠬᠤᠷᠢᠶ᠎ᠠ ᠶᠢᠨ ᠵᠦᠪᠰᠢᠶᠡᠷᠡᠯ ᠢᠶᠠᠷ ᠠᠯᠠᠱᠠ ᠬᠤᠱᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠠᠯᠠᠱᠠ ᠬᠤᠱᠤᠳ ᠬᠤᠰᠢᠭᠤᠨ ᠤ ᠦᠪᠡᠷᠳᠡᠭᠡᠨ ᠵᠠᠰᠠᠬᠤ ᠠᠷᠠᠳ ᠤᠨ ᠵᠠᠰᠠᠭ ᠤᠨ ᠤᠷᠳᠤᠨ ᠭᠡᠵᠤ ᠬᠠᠯᠠᠵᠤ᠂ ᠳᠤᠳᠤᠭᠠᠳᠤ ᠪᠠᠶᠢᠭᠤᠯᠤᠮᠵᠢ ᠳᠤ ᠤᠯᠤᠰ ᠳᠦᠷᠤ ᠶᠢᠨ ᠶᠠᠪᠤᠳᠠᠯ ᠤᠨ ᠵᠦᠪᠯᠠᠯ ᠭᠡᠵᠤ ᠭᠠᠷᠭᠠᠵᠤ᠂ ᠳᠡᠬᠦᠨ ᠤ ᠳᠤᠤᠷ᠎ᠠ ᠨᠢ ᠨᠠᠷᠢᠨ ᠪᠢᠴᠢᠭ ᠤᠨ ᠭᠠᠵᠠᠷ᠂ ᠤᠯᠤᠰ ᠳᠦᠷᠤ ᠶᠢᠨ ᠶᠠᠪᠤᠳᠠᠯ ᠤᠨ ᠭᠠᠵᠠᠷ᠂ ᠡᠳ᠋ ᠤᠨ ᠵᠠᠰᠠᠭ ᠤᠨ ᠭᠠᠵᠠᠷ᠂ ᠪᠦᠳᠤᠭᠡᠨ ᠪᠠᠶᠢᠭᠤᠯᠤᠯᠳᠠ ᠶᠢᠨ ᠭᠠᠵᠠᠷ᠂ ᠰᠤᠶᠤᠯ ᠰᠤᠷᠭᠠᠨ ᠬᠦᠮᠤᠵᠢᠯ ᠤᠨ ᠭᠠᠵᠠᠷ᠂ ᠡᠷᠡᠬᠦᠯ ᠬᠠᠮᠠᠭᠠᠯᠠᠯ ᠤᠨ ᠭᠠᠵᠠᠷ ᠵᠡᠷᠭᠡ ᠵᠢᠷᠭᠤᠭᠠᠨ ᠭᠠᠵᠠᠷ ᠳᠤᠭᠢᠷᠠᠭᠤᠯᠵᠡᠢ᠃ 1951 ᠤᠨ ᠤ 8 ᠰᠠᠷ᠎ᠠ ᠶᠢᠨ 18᠎ ᠤ ᠡᠳᠤᠷ ᠳᠦᠪ ᠤᠨ ᠳᠤᠳᠤᠭᠠᠳᠤ ᠶᠠᠪᠤᠳᠠᠯ ᠤᠨ ᠶᠠᠮᠤᠨ ᠰᠶᠢᠳᠪᠤᠷᠢ ᠭᠠᠷᠭᠠᠵᠤ᠂ ᠠᠯᠠᠱᠠ ᠶᠢᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠭᠡᠵᠤ ᠨᠡᠷᠡᠯᠡᠵᠤ᠂ 1954 ᠤᠨ ᠤ 4 ᠰᠠᠷ᠎ᠠ ᠳᠤ ᠠᠯᠠᠱᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠭᠡᠵᠤ᠂ 1956 ᠤᠨ ᠤ 1 ᠰᠠᠷ᠎ᠠ ᠳᠤ ᠠᠯᠠᠱᠠ ᠬᠤᠰᠢᠭᠤᠨ ᠤ ᠠᠷᠠᠳ ᠤᠨ ᠵᠦᠪᠯᠠᠯ ᠭᠡᠵᠤ ᠬᠠᠯᠠᠵᠠᠢ᠃       ︽ᠰᠤᠶᠤᠯ ᠤᠨ ᠶᠡᠭᠡ ᠬᠤᠪᠢᠰᠬᠠᠯ︾᠎ ᠤᠨ ᠳᠤᠮᠳᠠ ᠬᠤᠰᠢᠭᠤᠨ ᠤ ᠠᠷᠠᠳ ᠤᠨ ᠵᠦᠪᠯᠠᠯ ᠤᠨ ᠠᠵᠢᠯ ᠵᠤᠭᠰᠤᠵᠤ᠂ 1968 ᠤᠨ ᠤ 2  ᠰᠠᠷ᠎ᠠ ᠶᠢᠨ 21᠎ ᠤ ᠡᠳᠤᠷ ᠪᠠᠶᠠᠨᠨᠠᠭᠤᠷ ᠠᠶᠢᠠᠮᠭ ᠤᠨ ᠬᠤᠪᠢᠰᠬᠠᠯ ᠤᠨ ᠵᠦᠪᠯᠠᠯ ᠤᠨ ᠵᠦᠪᠰᠢᠶᠡᠷᠡᠯ ᠳᠤ ᠠᠯᠠᠱᠠ ᠵᠡᠬᠦᠨ ᠬᠤᠰᠢᠭᠤᠨ ᠤ ᠬᠤᠪᠢᠰᠬᠠᠯ ᠤᠨ ᠵᠦᠪᠯᠠᠯ ᠪᠠᠶᠢᠭᠤᠯᠤᠭᠳᠠᠨ ᠵᠠᠰᠠᠭ ᠤᠨ ᠠᠵᠢᠯ ᠢ ᠡᠷᠭᠢᠯᠡᠵᠤ᠂ ᠳᠤᠰ ᠵᠢᠯ ᠤᠨ ᠡᠴᠤᠰ ᠲᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠤᠬᠠᠭᠤᠯᠬᠤ ᠠᠩᠭᠢ ᠠᠯᠠᠱᠠ ᠵᠡᠬᠦᠨ ᠬᠤᠰᠢᠭᠤᠨ ᠳᠤ ᠤᠷᠤᠵᠤ ᠰᠠᠭᠤᠭᠰᠠᠨ ᠢᠶᠠᠷ ᠬᠤᠰᠢᠭᠤᠨ ᠤ ᠬᠤᠪᠢᠰᠬᠠᠯ ᠤᠨ ᠵᠦᠪᠯᠠᠯ ᠤᠨ ᠠᠵᠢᠯ ᠢ ᠤᠷᠤᠯᠠᠵᠠᠢ᠃        1980 ᠤᠨ ᠤ 12 ᠰᠠᠷ᠎ᠠ ᠳᠤ ᠠᠯᠠᠱᠠ ᠵᠡᠬᠦᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠠᠷᠠᠳ ᠤᠨ ᠳᠦᠯᠤᠭᠡᠯᠡᠭᠴᠢᠳ ᠤᠨ ᠶᠡᠭᠡ ᠬᠤᠷᠠᠯ ᠤᠨ ᠨᠢᠭᠡᠳᠤᠭᠡᠷ ᠤᠳᠠᠭᠠᠨ ᠤ ᠬᠤᠷᠠᠯᠳᠤᠭᠠᠨ ᠪᠤᠯᠵᠤ᠂ ᠰᠢᠨ᠎ᠡ ᠨᠢᠭᠡᠨ ᠬᠤᠭᠤᠴᠠᠭᠠᠨ ᠤ ᠬᠤᠰᠢᠭᠤᠨ ᠤ ᠬᠤᠪᠢᠰᠬᠠᠯ ᠤᠨ ᠵᠦᠪᠯᠠᠯ ᠪᠤᠢ ᠪᠤᠯᠵᠤ᠂ 1981 ᠤᠨ ᠤ 5 ᠰᠠᠷ᠎ᠠ ᠳᠤ ᠬᠤᠰᠢᠭᠤᠨ ᠤ ᠬᠤᠪᠢᠰᠬᠠᠯ ᠤᠨ ᠵᠦᠪᠯᠠᠯ ᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠭᠡᠵᠤ ᠰᠤᠯᠢᠵᠠᠢ᠃ 2012 ᠤᠨ ᠪᠤᠯᠬᠤ ᠳᠤ ᠠᠯᠠᠱᠠ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠡᠬᠦᠷᠭᠡ ᠴᠢᠳᠠᠯ ᠢ ᠬᠦᠢᠴᠡᠳᠭᠡᠬᠦ ᠰᠠᠯᠠᠭ᠎ᠠ ᠮᠦᠴᠢᠷ ᠲᠤ ᠠᠯᠪᠠᠨ ᠭᠡᠷ ︵ᠬᠠᠤᠯᠢ ᠴᠠᠭᠠᠵᠠ ᠶᠢᠨ ᠠᠯᠪᠠᠨ ᠭᠡᠷ᠂ ᠶᠠᠳᠠᠭᠤ ᠶᠢ ᠳᠡᠳᠬᠦᠵᠤ ᠨᠡᠭᠡᠭᠡᠯᠳᠡ ᠭᠢᠬᠦ ᠠᠯᠪᠠᠨ ᠭᠡᠷ᠂ ᠮᠦᠩᠬᠦᠨ ᠬᠦᠢᠯᠭᠡᠭᠡᠨ ᠤ ᠠᠯᠪᠠᠨ ᠭᠡᠷ᠂ ᠪᠠᠴᠢᠮ ᠪᠠᠶᠢᠳᠠᠯ ᠤᠨ ᠬᠠᠮᠢᠶᠠᠷᠤᠯᠳᠠ ᠶᠢᠨ ᠠᠯᠪᠠᠨ ᠭᠡᠷ ᠢ ᠪᠠᠭᠳᠠᠭᠠᠨ᠎ᠠ︶᠂ ᠬᠦᠭᠵᠢᠬᠦᠯᠤᠯᠳᠠ ᠭᠢᠭᠡᠳ ᠦᠭᠡᠷᠡᠴᠢᠯᠡᠯᠳᠡ ᠶᠢᠨ ᠳᠤᠪᠴᠢᠶ᠎ᠠ᠂ ᠠᠵᠤ ᠠᠬᠤᠢ ᠭᠢᠭᠡᠳ ᠮᠡᠳᠡᠭᠡ ᠵᠠᠩᠭᠢᠴᠢᠯᠠᠯᠳᠠ ᠶᠢᠨ ᠳᠤᠪᠴᠢᠶ᠎ᠠ ︵ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ᠂ ᠠᠮᠤ ᠬᠦᠨᠡᠰᠤᠨ ᠤ ᠳᠤᠪᠴᠢᠶ᠎ᠠ ᠶᠢ ᠪᠠᠭᠳᠠᠭᠠᠨ᠎ᠠ︶᠂ ᠰᠤᠷᠭᠠᠨ ᠬᠦᠮᠤᠵᠢᠯ ᠪᠠᠶ᠎ᠠ ᠳᠠᠮᠢᠷ ᠤᠨ ᠳᠤᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠪᠴᠢᠶ᠎ᠠ ︵ᠮᠡᠳᠡᠯᠭᠡ ᠶᠢᠨ ᠡᠷᠭᠡ ᠶᠢᠨ ᠳᠤᠪᠴᠢᠶ᠎ᠠ᠂ ᠭᠠᠵᠠᠷ ᠬᠦᠳᠡᠯᠤᠯᠳᠠ ᠶᠢᠨ ᠳᠤᠪᠴᠢᠶ᠎ᠠ ᠶᠢ ᠪᠠᠭᠳᠠᠭᠠᠨ᠎ᠠ︶᠂ ᠠᠷᠠᠳ ᠤᠨ ᠶᠠᠪᠤᠳᠠᠯ ᠤᠨ ᠳᠤᠪᠴᠢᠶ᠎ᠠ᠂ ᠦᠨᠳᠤᠰᠤᠳᠡᠨ ᠤ ᠭᠡᠷᠡᠭ ᠶᠠᠪᠤᠳᠠᠯ ᠤᠨ ᠳᠤᠪᠴᠢᠶ᠎ᠠ ︵ᠱᠠᠰᠢᠨ ᠰᠤᠷᠳᠠᠬᠤᠨ ᠤ ᠳᠤᠪᠴᠢᠶ᠎ᠠ᠂ ᠮᠤᠩᠭᠤᠯ ᠭᠡᠯᠠ ᠪᠢᠴᠢᠭ ᠤᠨ ᠠᠵᠢᠯ ᠤᠨ ᠵᠦᠪᠯᠠᠯ ᠢ ᠪᠠᠭᠳᠠᠭᠠᠨ᠎ᠠ︶᠂ ᠡᠳ᠋ ᠤᠨ ᠵᠠᠰᠠᠭ ᠤᠨ ᠳᠤᠪᠴᠢᠶ᠎ᠠ᠂ ᠬᠦᠮᠤᠨ ᠤ ᠬᠦᠴᠤᠨ ᠤ ᠡᠭᠢ ᠪᠠᠶᠠᠯᠢᠭ ᠭᠢᠭᠡᠳ ᠨᠠᠶᠢᠭᠡᠮ ᠤᠨ ᠪᠠᠳᠤᠯᠠᠭ᠎ᠠ ᠶᠢᠨ ᠳᠤᠪᠴᠢᠶ᠎ᠠ᠂ ᠤᠯᠤᠰ ᠤᠨ ᠭᠠᠵᠠᠷ ᠰᠢᠷᠤᠢ ᠡᠭᠢ ᠪᠠᠶᠠᠯᠢᠭ ᠤᠨ ᠳᠤᠪᠴᠢᠶ᠎ᠠ᠂ ᠤᠷᠤᠨ ᠰᠠᠭᠤᠴᠠ ᠭᠢᠭᠡᠳ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠳᠠ ᠶᠢᠨ ᠳᠤᠪᠴᠢᠶ᠎ᠠ ︵ᠠᠷᠠᠳ ᠤᠨ ᠠᠭᠠᠷ ᠤᠨ ᠰᠡᠷᠭᠡᠶᠢᠯᠠᠯᠳᠠ ᠶᠢᠨ ᠠᠯᠪᠠᠨ ᠭᠡᠷ ᠢ ᠪᠠᠭᠳᠠᠭᠠᠨ᠎ᠠ︶᠂ ᠵᠠᠮ ᠬᠠᠷᠢᠯᠴᠠᠭ᠎ᠠ ᠳᠡᠭᠡᠭᠡᠪᠤᠷᠢ ᠶᠢᠨ ᠳᠤᠪᠴᠢᠶ᠎ᠠ᠂ ᠤᠰᠤᠨ ᠤ ᠶᠠᠪᠤᠳᠠᠯ ᠤᠨ ᠳᠤᠪᠴᠢᠶ᠎ᠠ᠂ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ ︵ᠮᠡᠯ ᠡᠮᠨᠡᠯᠭᠡ ᠶᠢᠨ ᠳᠤᠪᠴᠢᠶ᠎ᠠ ᠪᠠᠭᠳᠠᠭᠠᠨ᠎ᠠ︶᠂ ᠤᠢ ᠰᠢᠭᠤᠢ ᠶᠢᠨ ᠳᠤᠪᠴᠢᠶ᠎ᠠ᠂ ᠡᠷᠡᠬᠦᠯ ᠬᠠᠮᠠᠭᠠᠯᠠᠯ ᠤᠨ ᠳᠤᠪᠴᠢᠶ᠎ᠠ᠂ ᠬᠦᠮᠤᠨ ᠠᠮᠠ ᠭᠢᠭᠡᠳ ᠳᠦᠯᠤᠪᠯᠠᠭᠡᠳᠤ ᠬᠦᠩᠭᠡᠵᠢᠯ ᠤᠨ ᠳᠤᠪᠴᠢᠶ᠎ᠠ᠂ ᠭᠢᠨᠡᠨ ᠪᠤᠳᠤᠬᠤ ᠳᠤᠪᠴᠢᠶ᠎ᠠ᠂ ᠳᠤᠭ᠎ᠠ ᠪᠦᠷᠢᠳᠭᠡᠯ ᠤᠨ ᠳᠤᠪᠴᠢᠶ᠎ᠠ᠂ ᠰᠤᠶᠤᠯ ᠵᠤᠭᠠᠴᠠᠯ ᠤᠨ ᠳᠤᠪᠴᠢᠶ᠎ᠠ᠂ ᠵᠠᠭᠢᠳᠠᠯ ᠰᠤᠷᠪᠤᠯᠵᠢᠯᠠᠭ᠎ᠠ ᠶᠢᠨ ᠳᠤᠪᠴᠢᠶ᠎ᠠ᠂ ᠢᠳᠡᠭᠡᠨ ᠤᠮᠳᠠᠭᠠᠨ ᠡᠮ ᠤᠨ ᠵᠦᠢᠯ ᠳᠤ ᠭᠢᠨᠠᠯᠳᠠ ᠳᠠᠯᠪᠢᠬᠤ ᠬᠠᠮᠢᠶᠠᠷᠤᠯᠳᠠ ᠶᠢᠨ ᠳᠤᠪᠴᠢᠶ᠎ᠠ᠂ ᠠᠶᠤᠯ ᠦᠭᠡᠢ ᠦᠢᠯᠡᠳᠪᠤᠷᠢᠯᠠᠯ ᠳᠤ ᠭᠢᠨᠠᠯᠳᠠ ᠳᠠᠯᠪᠢᠬᠤ ᠬᠠᠮᠢᠶᠠᠷᠤᠯᠳᠠ ᠶᠢᠨ ᠳᠤᠪᠴᠢᠶ᠎ᠠ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠪᠴᠢᠶ᠎ᠠ᠂ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ ᠬᠠᠤᠯᠢ ᠴᠠᠭᠠᠵᠠ ᠶᠢᠨ ᠳᠤᠪᠴᠢᠶ᠎ᠠ᠂ ᠭᠢᠨᠠᠨ ᠪᠠᠶᠢᠴᠠᠭᠠᠬᠤ ᠳᠤᠪᠴᠢᠶ᠎ᠠ ᠵᠡᠷᠭᠡ ᠪᠠᠶᠢᠪᠠ᠃       ᠠᠯᠠᠱᠠ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠢᠨ ᠳᠤᠰᠢᠶᠠᠯ ᠳᠤ ᠤᠷᠢᠳ ᠬᠤᠵᠢᠳ ᠳ᠋ᠠᠨᠢᠽᠠᠨ᠎ᠠ ︵ᠮᠤᠩᠭᠤᠯ︶᠂ ᠳ᠋ᠤᠸᠠᠨ · ᠪᠠᠭᠠᠳᠤᠷ ︵ᠮᠤᠩᠭᠤᠯ︶᠂ ᠭᠡᠷᠡᠯᠳᠤ ︵ᠮᠤᠩᠭᠤᠯ︶᠂ ᠤᠯᠠᠮᠰᠡᠶᠢᠨ ︵ᠮᠤᠩᠭᠤᠯ︶᠂ ᠵᠤᠤ · ᠤᠯᠠᠭᠠᠨᠬᠦᠦ ︵ᠮᠤᠩᠭᠤᠯ︶᠂ ᠼᠠᠢ · ᠳᠠᠮᠤᠷᠪᠠᠳᠤ ︵ᠮᠤᠩᠭᠤᠯ︶᠂ ᠯᠦᠸᠧ ᡁᠢ ᠬᠤ᠋ ︵ᠮᠤᠩᠭᠤᠯ︶᠂ ᠵᠠᠩ ᠺᠤᠸᠠᠨ ᡁᠢ ︵ᠭᠢᠳᠡᠳ︶᠂ ᠴᠠᠰᠤᠳᠠᠢ ︵ᠮᠤᠩᠭᠤᠯ︶᠂ ᠸᠧᠢ ᠬᠦᠸᠧ ᠴᠢᠤᠸᠠᠨ ︵ᠮᠤᠩᠭᠤᠯ︶᠂ ᠫᠧᠩ ᠵᠢᠶᠠ ᠵᠦᠩ ︵ᠭᠢᠳᠡᠳ︶᠂ ᠸᠧᠢ · ᠪᠠᠶᠠᠷ ︵ᠮᠤᠩᠭᠤᠯ︶᠂ ᠭᠧ ᠮᠢᠩ ︵ᠮᠤᠩᠭᠤᠯ︶᠂ ᠮᠡᠷᠭᠡᠨ ︵ᠮᠤᠩᠭᠤᠯ︶  ᠂ ᠪᠠᠭᠠᠨ᠎ᠠ ︵ᠮᠤᠩᠭᠤᠯ︶ ᠵᠡᠷᠭᠡ ᠬᠦᠮᠤᠰ ᠠᠵᠢᠯᠯᠠᠵᠤ ᠦᠩᠭᠡᠷᠡᠭᠰᠡᠨ ᠪᠤᠶᠤ ᠠᠵᠢᠯᠯᠠᠵᠤ ᠪᠤᠢ᠃       ᠵᠤᠬᠢᠶᠠᠭᠴᠢ ᠶᠢᠨ ᠳᠤᠪᠴᠢ ᠨᠠᠮᠳᠠᠷ       ᠦᠯᠵᠡᠢ᠂ ᠪᠢᠴᠢᠭ ᠤᠨ ᠨᠠᠷ᠎ᠠ ᠫᠦ᠊ · ᠦᠯᠵᠡᠢ᠂ 1959 ᠤᠨ ᠤ ᠬᠠᠪᠤᠷ ᠤᠤᠯ ᠤᠨ ᠠᠯᠠᠱᠠ ᠬᠤᠰᠢᠭᠤᠨ ᠎ ᠤ ᠽᠤᠨ ᠤ ᠪᠠᠭ ᠤᠨ ᠮᠠᠯᠴᠢᠨ ᠫᠦᠷᠪᠤ᠂ ᠳᠦᠤᠳᠡᠢ ᠶᠢᠨ ᠤᠤᠭᠠᠨ ᠬᠦᠤ ᠪᠤᠯᠵᠤ ᠵᠠᠶᠠᠭᠠᠪᠠ᠃ 1983 ᠤᠨ ᠳᠤ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠳᠦᠷᠤ ᠶᠢᠨ ᠬᠦᠮᠤᠵᠢᠯ ᠤᠨ ᠰᠠᠯᠪᠤᠷᠢ ᠠᠴᠠ ᠳᠡᠬᠦᠰᠤᠨ ᠠᠷᠠᠳ ᠤᠨ ᠪᠠᠭᠰᠢ ᠪᠤᠯᠵᠤ᠂ ᠡᠳᠤᠭᠡ ᠠᠯᠠᠱᠠ ᠮᠤᠩᠭᠤᠯ ᠦᠨᠳᠤᠰᠤᠳᠡᠨ ᠤ ᠪᠦᠷᠢᠨ ᠳᠤᠮᠳᠠᠳᠤ ᠰᠤᠷᠭᠠᠭᠤᠯᠢ ᠳᠤ ᠳᠤᠮᠳᠠᠳᠤ ᠰᠤᠷᠭᠠᠭᠤᠯᠢ ᠶᠢᠨ ᠳᠡᠭᠡᠳᠤ ᠳᠠᠰ ᠤᠨ ᠪᠠᠭᠰᠢ ᠪᠠᠷ ᠠᠵᠢᠯᠯᠠᠵᠤ ᠪᠤᠢ᠃       ᠳᠡᠭᠡᠷ᠎ᠡ ᠵᠠᠭᠤᠨ ᠤ ᠨᠠᠶᠠᠭᠠᠳ ᠤᠨ ᠠᠴᠠ ᠡᠭᠢᠯᠠᠨ ᠤᠨᠤᠯ ᠰᠢᠬᠦᠮᠵᠢ᠂ ᠰᠤᠯᠠ ᠪᠢᠴᠢᠯᠭᠡ᠂ ᠠᠶᠠᠨ ᠤ ᠳᠡᠮᠳᠡᠭᠯᠡᠯ᠂ ᠮᠡᠳᠡᠭᠡ ᠴᠢᠮᠡᠭᠡᠯᠡᠯ ᠵᠡᠷᠭᠡ ᠰᠲ᠋ᠢᠯᠢ ᠶᠢᠨ ᠵᠤᠭᠢᠶᠠᠯ ᠪᠦᠳᠤᠭᠡᠯ ᠤᠷᠤᠯᠳᠤᠵᠤ ᠰᠤᠨᠢᠨ ᠰᠡᠳᠬᠦᠯ ᠳᠤ ᠨᠡᠶᠢᠳᠡᠯᠡᠬᠦᠯᠵᠤ ᠢᠷᠡᠭᠰᠡᠨ᠂ ᠰᠢᠨ᠎ᠡ ᠮᠢᠩᠭᠠᠨ ᠳᠤ ᠤᠷᠤᠭᠰᠠᠨ ᠠᠴᠠ ᠨᠠᠰᠢ ᠭᠤᠤᠯᠳᠠᠭᠤ ᠤᠷᠤᠨ ᠨᠤᠳᠤᠭ ᠤᠨ ᠳᠡᠤᠭᠡ ᠰᠤᠶᠤᠯ ᠤᠨ ᠴᠢᠭᠯᠡᠯ ᠢᠶᠠᠷ ᠰᠤᠳᠤᠯᠭᠠᠨ ᠭᠢᠵᠤ᠂ ︽ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ ︽ᠮᠤᠩᠭᠤᠯ ᠤᠨ ᠰᠤᠳᠤᠯᠤᠯ︾᠂ ︽ᠪᠠᠷᠠᠭᠤᠨ ᠬᠤᠶᠢᠳᠤ ᠶᠢᠨ ᠦᠨᠳᠤᠰᠤᠳᠡᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ ︽ᠪᠠᠷᠠᠭᠤᠨ ᠮᠤᠩᠭᠤᠯ ᠰᠤᠳᠤᠯᠤᠯ︾᠂ ︽ᠳᠤᠮᠳᠠᠳᠤ ᠶᠢᠨ ᠦᠨᠳᠤᠰᠤᠳᠡᠨ︾ ᠵᠡᠷᠭᠡ ᠤᠷᠤᠨ ᠤ ᠳᠤᠳᠤᠨ᠎ᠠ ᠭᠠᠳᠠᠨᠠᠭᠢ ᠰᠤᠨᠢᠨ ᠰᠡᠳᠬᠦᠯ ᠳᠤ ᠡᠷᠳᠡᠮ ᠰᠢᠨᠵᠢᠯᠡᠭᠡᠨ ᠤ ᠦᠬᠦᠯᠡᠯ ᠵᠤᠭᠢᠶᠠᠯ ᠢᠶᠠᠨ ᠨᠠᠶᠢᠳᠠᠯᠠᠵᠤ᠂ ᠪᠠᠰᠠ ︽ᠳᠡᠤᠭᠡ ᠰᠤᠶᠤᠯ ᠤᠨ ᠮᠦᠷᠳᠡᠯᠳᠡ︾᠂ ︽ᠠᠯᠠᠱᠠ ᠶᠢᠨ ᠮᠤᠩᠭᠤᠯ ᠦᠨᠳᠤᠰᠤᠳᠡᠨ ᠤ ᠰᠤᠷᠭᠠᠨ ᠬᠦᠮᠤᠵᠢᠯ ᠤᠨ ᠳᠤᠪᠴᠢ ᠳᠡᠤᠭᠡ︾᠂ ︽ᠠᠯᠠᠱᠠ ᠬᠤᠰᠢᠭᠤᠨ ᠤ ᠠᠵᠤ ᠠᠬᠤᠢ ᠶᠢᠨ ᠳᠡᠤᠭᠡᠨ ᠰᠤᠳᠤᠯᠤᠯ︾ ᠵᠡᠷᠭᠡ ᠨᠤᠮ ᠢᠶᠠᠨ ᠭᠡᠪᠯᠡᠬᠦᠯᠤᠭᠡᠳ ᠪᠠᠶᠢᠨ᠎ᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号