ᠠᠯᠠᠱᠠ ᠵᠡᠬᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ᠄ ᠤᠯᠤᠰ ᠳᠦᠷᠤ ᠶᠢᠨ ᠵᠦᠪᠯᠡᠯᠭᠡᠨ
ᠨᠡᠶᠢᠲᠡᠯᠡᠭᠰᠡᠨ ᠴᠠᠭ᠄
2024/3/1
ᠠᠯᠠᠱᠠ ᠵᠡᠬᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠮᠵᠢ᠄ ᠤᠯᠤᠰ ᠳᠦᠷᠤ ᠶᠢᠨ ᠵᠦᠪᠯᠡᠯᠭᠡᠨ       1956 ᠤᠨ ᠤ 12 ᠰᠠᠷ᠎ᠠ ᠶᠢᠨ 18 ᠤ ᠡᠳᠤᠷ ᠠᠴᠠ 20 ᠤ ᠡᠳᠤᠷ ᠪᠤᠯᠳᠠᠯ᠎ᠠ ᠤᠯᠤᠰ ᠳᠦᠷᠤ ᠶᠢᠨ ᠵᠦᠪᠯᠠᠯᠭᠡᠨ ᠤ ᠠᠯᠠᠱᠠ ᠬᠤᠰᠢᠭᠤᠨ ᠤ ᠵᠦᠪᠯᠠᠯ ᠤᠨ ᠨᠢᠭᠡᠳᠤᠭᠡᠷ ᠤᠳᠠᠭᠠᠨ ᠤ ᠬᠤᠷᠠᠯᠳᠤᠭᠠᠨ ᠪᠤᠯᠪᠠ᠂ ᠡᠨᠡ ᠨᠢ ᠳᠤᠮᠳᠠᠳᠤ ᠤᠯᠤᠰ ᠤᠨ ᠠᠷᠠᠳ ᠤᠨ ᠤᠯᠤᠰ ᠳᠦᠷᠤ ᠶᠢᠨ ᠵᠦᠪᠯᠡᠯᠭᠡᠨ ᠤ ᠬᠤᠷᠠᠯ ᠤᠨ ᠠᠯᠠᠱᠠ ᠬᠤᠰᠢᠭᠤᠨ ᠤ ᠵᠦᠪᠯᠠᠯ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠭ᠎ᠠ ᠶᠤᠮ᠃ ᠭᠡᠪᠡᠴᠤ ︽ᠰᠤᠶᠤᠯ ᠤᠨ ᠶᠡᠭᠡ ᠬᠤᠪᠢᠰᠬᠠᠯ︾ ᠤᠨ ᠳᠤᠮᠳᠠ ᠤᠯᠤᠰ ᠳᠦᠷᠤ ᠶᠢᠨ ᠵᠦᠪᠯᠠᠯᠭᠡᠨ ᠤ ᠠᠵᠢᠯ ᠵᠤᠭᠰᠤᠵᠤ᠂ 1980 ᠤᠨ ᠤ 12 ᠰᠠᠷ᠎ᠠ ᠳᠤ ᠳᠠᠭᠢᠨ ᠰᠡᠷᠬᠦᠭᠡᠭᠳᠡᠵᠤ᠂ ︽ᠤᠷᠳᠤ ᠬᠤᠭᠤᠴᠠᠭ᠎ᠠ ᠪᠠᠷ ᠵᠡᠷᠭᠡᠴᠡᠨ ᠤᠷᠤᠰᠢᠵᠤ᠂ ᠬᠠᠷᠢᠯᠴᠠᠨ ᠭᠢᠨᠠᠯᠳᠠ ᠳᠠᠯᠪᠢᠵᠤ᠂ ᠦᠨᠡᠨ ᠰᠡᠳᠭᠢᠯ ᠠᠴᠠ ᠪᠠᠨ ᠨᠦᠬᠦᠷᠯᠡᠵᠤ᠂ ᠵᠢᠷᠭᠠᠯ ᠵᠤᠪᠠᠯᠠᠩ ᠢᠶᠠᠨ ᠬᠠᠮᠳᠤᠳᠬᠠᠬᠤ︾ ᠴᠢᠭᠯᠡᠯᠳᠡ ᠶᠢᠨ ᠵᠢᠯᠤᠭᠤᠳᠤᠯᠭ᠎ᠠ ᠳᠤᠤᠷ᠎ᠠ᠂ ᠤᠯᠤᠰ ᠳᠦᠷᠤ ᠶᠢᠨ ᠵᠦᠪᠯᠡᠯᠭᠡᠨ ᠭᠢᠬᠦ᠂ ᠠᠷᠠᠳᠴᠢᠯᠠᠯ ᠢᠶᠠᠷ ᠭᠢᠨᠠᠯᠳᠠ ᠳᠠᠯᠪᠢᠬᠤ᠂ ᠵᠠᠰᠠᠭ ᠲᠤ ᠤᠷᠤᠯᠴᠠᠵᠤ ᠵᠠᠰᠠᠭ ᠤᠨ ᠶᠠᠪᠤᠳᠠᠯ ᠢ ᠵᠦᠪᠯᠡᠬᠦ ᠡᠬᠦᠷᠭᠡ ᠴᠢᠳᠠᠯ ᠢᠶᠠᠨ ᠬᠦᠢᠴᠡᠳᠭᠡᠬᠦ ᠪᠤᠯᠤᠭᠰᠠᠨ ᠪᠠᠶᠢᠨ᠎ᠠ᠃       ᠤᠯᠤᠰ ᠳᠦᠷᠤ ᠶᠢᠨ ᠵᠦᠪᠯᠡᠯᠭᠡᠨ ᠤ ᠳᠤᠰᠬᠠᠢ ᠵᠦᠪᠯᠠᠯ ᠪᠤᠯ ᠤᠯᠤᠰ ᠳᠦᠷᠤ ᠶᠢᠨ ᠵᠦᠪᠯᠡᠯᠭᠡᠨ ᠤ ᠪᠠᠶᠢᠩᠭᠤ ᠶᠢᠨ ᠵᠦᠪᠯᠠᠯ ᠪᠠ ᠳᠡᠷᠢᠬᠦᠯᠡᠭᠴᠢ ᠶᠢᠨ ᠬᠤᠷᠠᠯᠳᠤᠭᠠᠨ ᠤ ᠤᠳᠤᠷᠢᠳᠤᠯᠭ᠎ᠠ ᠳᠤᠤᠷ᠎ᠠ ᠭᠡᠰᠢᠬᠦᠳ ᠢ ᠵᠤᠭᠢᠶᠠᠨ ᠪᠠᠶᠢᠭᠤᠯᠤᠨ ᠪᠠᠶᠢᠩᠭᠤ ᠶᠢᠨ ᠴᠢᠨᠠᠷᠳᠠᠢ ᠠᠵᠢᠯᠯᠠᠭ᠎ᠠ ᠦᠷᠨᠢᠬᠦᠯᠬᠦ ᠠᠵᠢᠯ ᠤᠨ ᠪᠠᠶᠢᠭᠤᠯᠤᠮᠵᠢ ᠪᠠᠶᠢᠵᠤ᠂ ᠤᠯᠤᠰ ᠳᠦᠷᠤ ᠶᠢᠨ ᠵᠥᠪᠯᠡᠯᠭᠡᠨ ᠭᠢᠬᠦ ᠪᠠ ᠠᠷᠠᠳᠴᠢᠯᠠᠯ ᠢᠶᠠᠷ ᠭᠢᠨᠠᠯᠳᠠ ᠳᠠᠯᠪᠢᠵᠤ᠂ ᠵᠠᠰᠠᠭ ᠲᠤ ᠤᠷᠤᠯᠴᠠᠵᠤ ᠵᠠᠰᠠᠭ ᠤᠨ ᠶᠠᠪᠤᠳᠠᠯ ᠢ ᠵᠦᠪᠯᠡᠬᠦ ᠠᠵᠢᠯ ᠢ ᠰᠡᠶᠢᠳᠤᠷ ᠭᠢᠬᠦ ᠶᠢᠨ ᠰᠠᠭᠤᠷᠢ ᠪᠤᠯᠤᠨ᠎ᠠ᠃ 2012 ᠤᠨ ᠪᠤᠯᠬᠤ ᠳᠤ ᠠᠯᠠᠱᠠ ᠵᠡᠬᠦᠨ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠳᠤ ᠠᠯᠪᠠᠨ ᠭᠡᠷ᠂ ᠰᠠᠨᠠᠯ ᠳᠤᠷᠠᠳᠤᠯᠭ᠎ᠠ ᠬᠠᠤᠯᠢ ᠴᠠᠭᠠᠵᠠ ᠶᠢᠨ ᠺᠤᠮᠢᠰ᠂ ᠰᠤᠷᠭᠠᠨ ᠬᠦᠮᠤᠵᠢᠯ ᠡᠷᠡᠬᠦᠯ ᠬᠠᠮᠠᠭᠠᠯᠠᠯ ᠰᠤᠶᠤᠯ ᠪᠠᠶ᠎ᠠ ᠳᠠᠮᠢᠷ ᠳᠦᠯᠤᠪᠯᠡᠭᠡᠳᠤ ᠬᠦᠩᠭᠡᠵᠢᠯ ᠬᠦᠮᠤᠨ ᠠᠮᠠ ᠶᠢᠨ ᠬᠦᠭᠵᠢᠯᠳᠡ ᠶᠢᠨ ᠺᠤᠮᠢᠰ᠂ ᠦᠨᠳᠤᠰᠤᠳᠡᠨ ᠱᠠᠰᠢᠨ ᠰᠤᠷᠳᠠᠬᠤᠨ ᠤᠯᠠᠨ ᠳᠦᠮᠠᠨᠴᠢ ᠪᠦᠯᠬᠦᠮ ᠲᠠᠢ ᠬᠠᠷᠢᠯᠴᠠᠬᠤ ᠺᠤᠮᠢᠰ᠂ ᠠᠵᠤ ᠠᠬᠤᠢ ᠲᠧᠭᠨᠢᠭ ᠮᠡᠷᠭᠡᠵᠢᠯ ᠡᠭᠢ ᠪᠠᠶᠠᠯᠢᠭ ᠤᠷᠴᠢᠨ ᠳᠤᠭᠤᠷᠢᠨ ᠤ ᠺᠤᠮᠢᠰ᠂v ᠰᠤᠶᠤᠯ ᠳᠡᠤᠭᠡ ᠶᠢᠨ ᠰᠤᠷᠤᠯᠴᠠᠯᠭ᠎ᠠ ᠶᠢᠨ ᠺᠤᠮᠢᠰ ᠵᠡᠷᠭᠡ ᠡᠬᠦᠷᠭᠡ ᠴᠢᠳᠠᠪᠭᠢᠳᠤ ᠪᠠᠶᠢᠭᠤᠯᠤᠮᠵᠢ ᠲᠠᠢ ᠪᠠᠶᠢᠨ᠎ᠠ᠃       ᠤᠯᠤᠰ ᠳᠦᠷᠤ ᠶᠢᠨ ᠵᠦᠪᠯᠠᠯᠭᠡᠨ ᠤ ᠠᠯᠠᠱᠠ ᠵᠡᠬᠦᠨ ᠬᠤᠰᠢᠭᠤᠨ ᠤ ᠵᠦᠪᠯᠠᠯ ᠪᠠᠶᠢᠭᠤᠯᠤᠭᠳᠠᠭᠰᠠᠨ ᠠᠴᠠ ᠨᠠᠰᠢ ᠠᠷᠪᠠᠨ ᠬᠤᠶᠠᠷ ᠬᠤᠭᠤᠴᠠᠭᠠᠨ ᠤ ᠬᠤᠷᠠᠯ ᠬᠤᠷᠠᠯᠳᠤᠵᠤ᠂ ᠡᠨᠡ ᠳᠡᠤᠭᠡᠨ ᠶᠠᠪᠤᠴᠠ ᠳᠤ ᠳᠡᠷᠢᠬᠦᠯᠡᠭᠴᠢ ᠶᠢᠨ ᠳᠤᠰᠢᠶᠠᠯ ᠳᠤ ᠤᠷᠢᠳ ᠬᠤᠵᠢᠳ ᠹᠦᠵᠤᠷᠠᠢ ︵ᠮᠤᠩᠭᠤᠯ︶᠂ ᠰᠤᠳᠪᠠᠵᠠᠮᠰᠤ ︵ᠮᠤᠩᠭᠤᠯ︶᠂ ᠤᠯᠠᠮᠵᠠᠪ ︵ᠮᠤᠩᠭᠤᠯ︶᠂ ᠡᠾᠧ · ᠬᠥᠭᠵᠢᠯᠳᠦ ︵ᠮᠤᠩᠭᠤᠯ︶᠂ ᠬᠤᠸᠠᠩ · ᠠᠯᠳᠠᠨᠪᠠᠶᠠᠷ ︵ᠮᠤᠩᠭᠤᠯ︶᠂ ᠸᠠᠨ · ᠪᠠᠳᠤᠪᠤᠶᠠᠨ ᠂ ᠬᠠᠰᠪᠠᠭᠠᠳᠤᠷ ︵ᠮᠤᠩᠭᠤᠯ︶᠂ ᠡᠷᠳᠡᠨᠢᠪᠠᠶᠠᠷ ︵ᠮᠤᠩᠭᠤᠯ︶᠂ ᠠᠯᠳᠠᠨ᠋ᠧᠴᠢᠷ ︵ᠮᠤᠩᠭᠤᠯ︶᠂ ᠯᠢ · ᠰᠤᠶᠤᠯᠳᠤ ︵ᠮᠤᠩᠭᠤᠯ︶᠂ ᠠᠯᠲᠠᠨᠴᠢᠯᠠᠭᠤ ︵ᠮᠤᠩᠭᠤᠯ︶ ᠵᠡᠷᠭᠡ ᠬᠦᠮᠤᠰ ᠪᠠᠶᠢᠭᠰᠠᠨ ᠪᠤᠶᠤ ᠪᠠᠶᠢᠨ᠎ᠠ᠃ᠵᠤᠬᠢᠶᠠᠭᠴᠢ ᠶᠢᠨ ᠳᠤᠪᠴᠢ ᠨᠠᠮᠳᠠᠷ       ᠦᠯᠵᠡᠢ᠂ ᠪᠢᠴᠢᠭ ᠤᠨ ᠨᠠᠷ᠎ᠠ ᠫᠦ᠊ · ᠦᠯᠵᠡᠢ᠂ 1959 ᠤᠨ ᠤ ᠬᠠᠪᠤᠷ ᠤᠤᠯ ᠤᠨ ᠠᠯᠠᠱᠠ ᠬᠤᠰᠢᠭᠤᠨ  ᠤ ᠽᠤᠨ ᠤ ᠪᠠᠭ ᠤᠨ ᠮᠠᠯᠴᠢᠨ ᠫᠦᠷᠪᠤ᠂ ᠳᠦᠤᠳᠡᠢ ᠶᠢᠨ ᠤᠤᠭᠠᠨ ᠬᠦᠤ ᠪᠤᠯᠵᠤ ᠵᠠᠶᠠᠭᠠᠪᠠ᠃ 1983 ᠤᠨ ᠳᠤ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠳᠦᠷᠤ ᠶᠢᠨ ᠬᠦᠮᠤᠵᠢᠯ ᠤᠨ ᠰᠠᠯᠪᠤᠷᠢ ᠠᠴᠠ ᠳᠡᠬᠦᠰᠤᠨ ᠠᠷᠠᠳ ᠤᠨ ᠪᠠᠭᠰᠢ ᠪᠤᠯᠵᠤ᠂ ᠡᠳᠤᠭᠡ ᠠᠯᠠᠱᠠ ᠮᠤᠩᠭᠤᠯ ᠦᠨᠳᠤᠰᠤᠳᠡᠨ ᠤ ᠪᠦᠷᠢᠨ ᠳᠤᠮᠳᠠᠳᠤ ᠰᠤᠷᠭᠠᠭᠤᠯᠢ ᠳᠤ ᠳᠤᠮᠳᠠᠳᠤ ᠰᠤᠷᠭᠠᠭᠤᠯᠢ ᠶᠢᠨ ᠳᠡᠭᠡᠳᠤ ᠳᠠᠰ ᠤᠨ ᠪᠠᠭᠰᠢ ᠪᠠᠷ ᠠᠵᠢᠯᠯᠠᠵᠤ ᠪᠤᠢ᠃       ᠳᠡᠭᠡᠷ᠎ᠡ ᠵᠠᠭᠤᠨ ᠤ ᠨᠠᠶᠠᠭᠠᠳ ᠤᠨ ᠠᠴᠠ ᠡᠭᠢᠯᠠᠨ ᠤᠨᠤᠯ ᠰᠢᠬᠦᠮᠵᠢ᠂ ᠰᠤᠯᠠ ᠪᠢᠴᠢᠯᠭᠡ᠂ ᠠᠶᠠᠨ ᠤ ᠳᠡᠮᠳᠡᠭᠯᠡᠯ᠂ ᠮᠡᠳᠡᠭᠡ ᠴᠢᠮᠡᠭᠡᠯᠡᠯ ᠵᠡᠷᠭᠡ ᠰᠲ᠋ᠢᠯᠢ ᠶᠢᠨ ᠵᠤᠭᠢᠶᠠᠯ ᠪᠦᠳᠤᠭᠡᠯ ᠤᠷᠤᠯᠳᠤᠵᠤ ᠰᠤᠨᠢᠨ ᠰᠡᠳᠬᠦᠯ ᠳᠤ ᠨᠡᠶᠢᠳᠡᠯᠡᠬᠦᠯᠵᠤ ᠢᠷᠡᠭᠰᠡᠨ᠂ ᠰᠢᠨ᠎ᠡ ᠮᠢᠩᠭᠠᠨ ᠳᠤ ᠤᠷᠤᠭᠰᠠᠨ ᠠᠴᠠ ᠨᠠᠰᠢ ᠭᠤᠤᠯᠳᠠᠭᠤ ᠤᠷᠤᠨ ᠨᠤᠳᠤᠭ ᠤᠨ ᠳᠡᠤᠭᠡ ᠰᠤᠶᠤᠯ ᠤᠨ ᠴᠢᠭᠯᠡᠯ ᠢᠶᠠᠷ ᠰᠤᠳᠤᠯᠭᠠᠨ ᠭᠢᠵᠤ᠂ ︽ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ ︽ᠮᠤᠩᠭᠤᠯ ᠤᠨ ᠰᠤᠳᠤᠯᠤᠯ︾᠂ ︽ᠪᠠᠷᠠᠭᠤᠨ ᠬᠤᠶᠢᠳᠤ ᠶᠢᠨ ᠦᠨᠳᠤᠰᠤᠳᠡᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ ︽ᠪᠠᠷᠠᠭᠤᠨ ᠮᠤᠩᠭᠤᠯ ᠰᠤᠳᠤᠯᠤᠯ︾᠂ ︽ᠳᠤᠮᠳᠠᠳᠤ ᠶᠢᠨ ᠦᠨᠳᠤᠰᠤᠳᠡᠨ︾ ᠵᠡᠷᠭᠡ ᠤᠷᠤᠨ ᠤ ᠳᠤᠳᠤᠨ᠎ᠠ ᠭᠠᠳᠠᠨᠠᠭᠢ ᠰᠤᠨᠢᠨ ᠰᠡᠳᠬᠦᠯ ᠳᠤ ᠡᠷᠳᠡᠮ ᠰᠢᠨᠵᠢᠯᠡᠭᠡᠨ ᠤ ᠦᠬᠦᠯᠡᠯ ᠵᠤᠭᠢᠶᠠᠯ ᠢᠶᠠᠨ ᠨᠠᠶᠢᠳᠠᠯᠠᠵᠤ᠂ ᠪᠠᠰᠠ ︽ᠳᠡᠤᠭᠡ ᠰᠤᠶᠤᠯ ᠤᠨ ᠮᠦᠷᠳᠡᠯᠳᠡ︾᠂ ︽ᠠᠯᠠᠱᠠ ᠶᠢᠨ ᠮᠤᠩᠭᠤᠯ ᠦᠨᠳᠤᠰᠤᠳᠡᠨ ᠤ ᠰᠤᠷᠭᠠᠨ ᠬᠦᠮᠤᠵᠢᠯ ᠤᠨ ᠳᠤᠪᠴᠢ ᠳᠡᠤᠭᠡ︾᠂ ︽ᠠᠯᠠᠱᠠ ᠬᠤᠰᠢᠭᠤᠨ ᠤ ᠠᠵᠤ ᠠᠬᠤᠢ ᠶᠢᠨ ᠳᠡᠤᠭᠡᠨ ᠰᠤᠳᠤᠯᠤᠯ︾ ᠵᠡᠷᠭᠡ ᠨᠤᠮ ᠢᠶᠠᠨ ᠭᠡᠪᠯᠡᠬᠦᠯᠤᠭᠡᠳ ᠪᠠᠶᠢᠨ᠎ᠠ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号