ᠠᠯᠠᠱᠠ ᠵᠡᠬᠦᠨ ᠬᠤᠰᠢᠭᠤᠨ ᠤ ᠬᠦᠮᠤᠨ ᠠᠮᠠ ᠪᠠ ᠦᠨᠳᠤᠰᠤᠳᠡᠨ
ᠨᠡᠶᠢᠲᠡᠯᠡᠭᠰᠡᠨ ᠴᠠᠭ᠄
2024/3/10
ᠫᠦ᠊ · ᠦᠯᠵᠡᠢ     ᠠᠯᠠᠱᠠ ᠬᠤᠰᠢᠭᠤ ᠨᠠᠶᠢᠷᠠᠮᠳᠠᠯ ᠢᠶᠠᠷ ᠴᠢᠯᠤᠭᠡᠯᠡᠭᠳᠡᠬᠦ ᠳᠤ ᠪᠦᠬᠦ ᠬᠤᠰᠢᠭᠤᠨ ᠤ ᠬᠦᠮᠤᠨ ᠠᠮᠠ 25692 ᠪᠠᠶᠢᠵᠤ᠂ ᠳᠡᠬᠦᠨ ᠤ ᠳᠤᠳᠤᠷ᠎ᠠ ᠮᠤᠩᠭᠤᠯ ᠦᠨᠳᠤᠰᠤᠳᠡᠨ 12402 ᠪᠠᠶᠢᠵᠤ᠂ ᠪᠦᠬᠦ ᠬᠦᠮᠤᠨ ᠤ 48% ᠭᠠᠷᠤᠢ ᠶᠢ ᠡᠵᠡᠯᠡᠵᠤ᠂ ᠭᠢᠳᠡᠳ ᠦᠨᠳᠤᠰᠤᠳᠡᠨ 10854 ᠪᠠᠶᠢᠵᠡᠢ᠃ 1958 ᠤᠨ ᠪᠤᠯᠬᠤ ᠳᠤ ᠬᠦᠮᠤᠨ ᠠᠮᠠ 35361 ᠪᠤᠯᠵᠤ᠂ 35.5%᠎ ᠪᠠᠷ ᠨᠡᠮᠡᠭᠳᠡᠭᠰᠡᠨ ᠪᠠᠶᠢᠨ᠎ᠠ᠃ 1960 ᠤᠨ ᠪᠤᠯᠬᠤ ᠳᠤ ᠬᠦᠮᠤᠨ ᠠᠮᠠ ᠶᠢᠨ ᠶᠡᠷᠤᠩᠭᠡᠢ ᠳᠤᠭ᠎ᠠ 62927 ᠪᠤᠯᠵᠤ᠂ 1958 ᠤᠨ ᠤ ᠬᠢ ᠠᠴᠠ 78.0%᠎ ᠪᠠᠷ ᠨᠡᠮᠡᠭᠳᠡᠵᠦ᠂ ᠡᠬᠦᠨ ᠳᠤ ᠮᠤᠩᠭᠤᠯ ᠦᠨᠳᠤᠰᠤᠳᠡᠨ 13491 ᠬᠦᠮᠤᠨ ᠪᠠᠶᠢᠵᠤ᠂ ᠭᠢᠳᠡᠳ ᠦᠨᠳᠤᠰᠤᠳᠡᠨ 45064 ᠬᠦᠮᠤᠨ ᠪᠠᠶᠢᠪᠠ᠃ 1961 ᠤᠨ ᠳᠤ ᠪᠦᠬᠦ ᠬᠤᠰᠢᠭᠤᠨ ᠤ ᠬᠦᠮᠤᠨ ᠠᠮᠠ 53887 ᠪᠠᠶᠢᠵᠤ᠂ 1960 ᠤᠨ ᠲᠠᠢ ᠬᠠᠷᠢᠴᠠᠭᠤᠯᠪᠠᠯ 14.37% ᠎ ᠪᠠᠷ ᠳᠤᠷᠤᠭᠰᠢᠯᠠᠵᠤ᠂ 1963 ᠤᠨ ᠪᠤᠯᠬᠤ ᠳᠤ ᠪᠦᠬᠦ ᠬᠤᠰᠢᠭᠤᠨ ᠤ ᠬᠦᠮᠤᠨ ᠠᠮᠠ 51716 ᠪᠠᠶᠢᠵᠤ᠂ 1960 ᠤᠨ ᠤ ᠬᠢ ᠠᠴᠠ 17.8%᠎ ᠪᠠᠷ ᠳᠤᠷᠤᠭᠰᠢᠯᠠᠵᠠᠢ᠃ 1966 ᠤᠨ ᠳᠤ ᠪᠦᠬᠦ ᠬᠤᠰᠢᠭᠤᠨ ᠤ ᠬᠦᠮᠤᠨ ᠠᠮᠠ 62625᠎ ᠳᠤ ᠬᠦᠷᠴᠤ᠂ 1979 ᠤᠨ ᠪᠣᠯᠬᠤ ᠳᠤ 106936᠎ ᠳᠤ ᠬᠦᠷᠤᠭ᠍ᠰᠡᠨ ᠪᠠᠶᠢᠨ᠎ᠠ᠃     ᠪᠦᠬᠦ ᠬᠤᠰᠢᠭᠤᠨ ᠤ ᠬᠦᠮᠤᠨ ᠠᠮᠠ 1981 ᠤᠨ ᠳᠤ 106320 ᠪᠠᠶᠢᠵᠤ᠂ 1990 ᠤᠨ ᠳᠤ 122830 ᠪᠤᠯᠵᠤ᠂ 1999 ᠤᠨ ᠳᠤ 134223 ᠪᠤᠯᠵᠤ᠂ 1990 ᠤᠨ ᠤ ᠬᠦᠮᠤᠨ ᠠᠮᠠ ᠶᠢ 1949 ᠤᠨ ᠲᠠᠢ ᠬᠠᠷᠢᠴᠠᠭᠤᠯᠪᠠᠯ 3.8 ᠳᠠᠭᠢᠨ ᠨᠡᠮᠡᠭᠳᠡᠵᠦ᠂ 1999 ᠤᠨ ᠤ ᠬᠦᠮᠤᠨ ᠠᠮᠠ ᠶᠢ 1949 ᠤᠨ ᠲᠠᠢ ᠬᠠᠷᠢᠴᠠᠭᠤᠯᠪᠠᠯ 4.2 ᠳᠠᠭᠢᠨ ᠢᠶᠠᠷ ᠨᠡᠮᠡᠭᠳᠡᠵᠡᠢ᠃ 2000 ᠤᠨ ᠳᠤ ᠪᠦᠬᠦ ᠬᠤᠰᠢᠭᠤᠨ ᠤ ᠬᠦᠮᠤᠨ ᠠᠮᠠ 134361 ᠪᠠᠶᠢᠵᠤ᠂ ᠡᠬᠦᠨ ᠳᠤ ᠮᠤᠩᠭᠤᠯ ᠦᠨᠳᠤᠰᠤᠳᠡᠨ 33754 ᠪᠠᠶᠢᠵᠤ᠂ ᠪᠦᠬᠦ ᠬᠦᠮᠤᠨ ᠠᠮᠠ ᠶᠢᠨ 31.8%᠎ ᠶᠢ ᠡᠵᠡᠯᠡᠵᠤ︔ 2005 ᠤᠨ ᠳᠤ ᠪᠦᠬᠦ ᠬᠤᠰᠢᠭᠤᠨ ᠤ ᠬᠦᠮᠤᠨ ᠠᠮᠠ 139903 ᠪᠤᠯᠵᠤ᠂ ᠡᠬᠦᠨ ᠳᠤ ᠮᠤᠩᠭᠤᠯ ᠦᠨᠳᠤᠰᠤᠳᠡᠨ 36531 ᠪᠠᠶᠢᠵᠤ᠂ ᠪᠦᠬᠦ ᠬᠦᠮᠤᠨ ᠠᠮᠠ ᠶᠢᠨ 26.0%᠎ ᠶᠢ ᠡᠵᠡᠯᠡᠵᠤ︔᠎ 2012 ᠤᠨ ᠪᠤᠯᠬᠤ ᠳᠤ ᠪᠦᠬᠦ ᠬᠤᠰᠢᠭᠤᠨ ᠤ ᠬᠦᠮᠤᠨ ᠠᠮᠠ 142668 ᠪᠤᠯᠵᠤ᠂ ᠡᠬᠦᠨ ᠳᠤ ᠮᠤᠩᠭᠤᠯ ᠦᠨᠳᠤᠰᠤᠳᠡᠨ 38566 ᠪᠠᠶᠢᠵᠤ᠂ ᠪᠦᠬᠦ ᠬᠦᠮᠤᠨ ᠠᠮᠠ ᠶᠢᠨ 27.0%᠎ ᠶᠢ ᠡᠵᠡᠯᠡᠬᠦ ᠪᠤᠯᠤᠭᠰᠠᠨ ᠪᠠᠶᠢᠨ᠎ᠠ᠃     ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠤᠨ ᠠᠮᠠ ᠶᠢᠨ ᠪᠠᠶᠢᠴᠠᠭᠠᠯᠳᠠ ᠪᠠᠷ ᠠᠯᠠᠱᠠ ᠵᠡᠬᠦᠨ ᠬᠤᠰᠢᠭᠤᠨ ᠳᠤ ᠪᠠᠶᠢᠩᠭᠤ ᠰᠠᠭᠤᠭ᠎ᠠ ᠬᠦᠮᠤᠨ ᠠᠮᠠ 173494 ᠪᠠᠶᠢᠵᠤ᠂ ᠳᠠᠪᠤᠳᠤᠭᠠᠷ ᠤᠳᠠᠭᠠᠨ ᠤ ᠪᠦᠬᠦ ᠤᠯᠤᠰ ᠤᠨ ᠬᠦᠮᠤᠨ ᠠᠮᠠ ᠶᠢᠨ ᠪᠠᠶᠢᠴᠠᠭᠠᠯᠳᠠ ᠶᠢᠨ ᠦᠶ᠎ᠡ ᠶᠢᠨ 148672 ᠬᠦᠮᠤᠨ ᠠᠴᠠ 24822 ᠨᠡᠮᠡᠭᠳᠡᠵᠦ ᠂ ᠨᠡᠮᠡᠭᠳᠡᠯ ᠤᠨ ᠨᠤᠷᠮ᠎ᠠ ᠨᠢ 16.70%᠎ ᠳᠤ ᠬᠦᠷᠴᠤ᠂ ᠵᠢᠯ ᠤᠨ ᠪᠦᠷᠢ ᠳᠡᠭᠰᠢᠳᠭᠡᠭᠡᠳ 1.6 %᠎ ᠳᠤ ᠬᠦᠷᠤᠭ᠍ᠰᠡᠨ ᠪᠠᠶᠢᠨ᠎ᠠ᠃ ᠬᠤᠳᠠ ᠪᠠᠯᠭᠠᠰᠤᠨ ᠳᠤ ᠰᠠᠭᠤᠭ᠎ᠠ ᠬᠦᠮᠤᠨ ᠠᠮᠠ 129242 ᠪᠠᠶᠢᠵᠤ᠂ ᠪᠦᠬᠦ ᠬᠦᠮᠤᠨ ᠠᠮᠠ ᠶᠢᠨ 74.49%᠎ ᠶᠢ ᠡᠵᠡᠯᠡᠵᠤ᠂ ᠬᠦᠳᠡᠭᠡ ᠳᠤᠰᠬᠤᠨ ᠮᠠᠯᠵᠢᠬᠤ ᠤᠷᠤᠨ ᠤ ᠬᠦᠮᠤᠨ ᠠᠮᠠ 44252 ᠪᠠᠶᠢᠵᠤ᠂ ᠪᠦᠬᠦ ᠬᠦᠮᠤᠨ ᠠᠮᠠ ᠶᠢᠨ 25.51%᠎ ᠶᠢ ᠡᠵᠡᠯᠡᠵᠡᠢ᠃ ᠪᠠᠶᠢᠩᠭᠤ ᠰᠠᠭᠤᠭ᠎ᠠ ᠬᠦᠮᠤᠨ ᠠᠮᠠ ᠶᠢᠨ ᠳᠤᠳᠤᠷ᠎ᠠ ᠡᠷᠡᠭᠳᠡᠢ 94537 ᠪᠠᠶᠢᠵᠤ᠂ 54.49%᠎ ᠶᠢ ᠡᠵᠡᠯᠡᠵᠤ᠂ ᠡᠮᠡᠭᠳᠡᠢ 78957 ᠪᠠᠶᠢᠵᠤ᠂ 45.51%᠎ ᠶᠢ ᠡᠵᠡᠯᠡᠵᠡᠢ᠃ ᠭᠢᠳᠡᠳ ᠦᠨᠳᠤᠰᠤᠳᠡᠨ ᠤ ᠬᠦᠮᠤᠨ ᠠᠮᠠ 127045 ᠪᠠᠶᠢᠵᠤ᠂ 73.23%᠎ ᠶᠢ ᠡᠵᠡᠯᠡᠵᠤ᠂ ᠮᠤᠩᠭᠤᠯ ᠦᠨᠳᠤᠰᠤᠳᠡᠨ ᠤ ᠬᠦᠮᠤᠨ ᠠᠮᠠ 33087 ᠪᠠᠶᠢᠵᠤ᠂ 19.07%᠎ ᠶᠢ ᠡᠵᠡᠯᠡᠵᠤ᠂ ᠪᠤᠰᠤᠳ ᠴᠦᠭᠡᠨ ᠳᠤᠭᠠᠳᠤ ᠦᠨᠳᠤᠰᠤᠳᠡᠨ ᠤ ᠬᠦᠮᠤᠨ ᠠᠮᠠ 13362 ᠪᠠᠶᠢᠵᠤ᠂ 7.70%᠎ ᠶᠢ ᠡᠵᠡᠯᠡᠵᠤ᠂ ᠳᠠᠪᠤᠳᠤᠭᠠᠷ ᠤᠳᠠᠭᠠᠨ ᠤ ᠪᠦᠬᠦ ᠤᠯᠤᠰ ᠤᠨ ᠬᠦᠮᠤᠨ ᠠᠮᠠ ᠶᠢᠨ ᠪᠠᠶᠢᠴᠠᠭᠠᠯᠳᠠ ᠲᠠᠢ ᠬᠠᠷᠢᠴᠠᠭᠤᠯᠪᠠᠯ ᠭᠢᠳᠡᠳ ᠦᠨᠳᠤᠰᠤᠳᠠᠨ 20484 ᠬᠦᠮᠤᠨ ᠨᠡᠮᠡᠭᠳᠡᠵᠦ᠂ ᠨᠡᠮᠡᠭᠳᠡᠯ ᠤᠨ ᠨᠤᠷᠮ᠎ᠠ ᠨᠢ 19.22%᠎ ᠳᠤ ᠬᠦᠷᠴᠤ᠂ ᠮᠤᠩᠭᠤᠯ ᠦᠨᠳᠤᠰᠤᠳᠡᠨ 1097 ᠬᠦᠮᠤᠨ ᠨᠡᠮᠡᠭᠳᠡᠵᠦ᠂ ᠨᠡᠮᠡᠭᠳᠡᠯ ᠤᠨ ᠨᠣᠷᠮ᠎ᠠ ᠨᠢ 3.43%᠎ ᠳᠤ ᠬᠦᠷᠴᠤ᠂ ᠪᠤᠰᠤᠳ ᠴᠦᠭᠡᠨ ᠳᠤᠭᠠᠳᠤ ᠦᠨᠳᠤᠰᠤᠳᠡᠨ ᠤ ᠬᠦᠮᠤᠨ ᠠᠮᠠ 3241᠎ ᠪᠠᠷ ᠨᠡᠮᠡᠭᠳᠡᠵᠦ᠂ 32.02%᠎ ᠪᠠᠷ ᠨᠡᠮᠡᠭᠳᠡᠵᠡᠢ᠃ ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠤᠨ ᠠᠮᠠ ᠶᠢᠨ ᠳᠤᠳᠤᠷ᠎ᠠ ᠶᠡᠭᠡ ᠰᠤᠷᠭᠠᠭᠤᠯᠢ ᠠᠴᠠ ᠳᠡᠭᠡᠭᠰᠢᠭᠢ ᠰᠤᠶᠤᠯ ᠤᠨ ᠭᠡᠮᠵᠢᠶ᠎ᠠ ᠲᠠᠢ ᠬᠦᠮᠤᠨ 29407 ᠪᠠᠶᠢᠵᠤ᠂ 16.95%᠎ ᠶᠢ ᠡᠵᠡᠯᠡᠵᠤ᠂ ᠳᠡᠭᠡᠳᠤ ᠳᠤᠮᠳᠠᠳᠤ᠂ ᠳᠤᠮᠳᠠᠳᠤ ᠵᠡᠷᠭᠡ ᠶᠢᠨ ᠳᠤᠰᠬᠠᠢ ᠮᠡᠷᠭᠡᠵᠢᠯ ᠤᠨ ᠰᠤᠶᠤᠯ ᠤᠨ ᠭᠡᠮᠵᠢᠶ᠎ᠠ ᠲᠠᠢ ᠬᠦᠮᠤᠨ 32873 ᠪᠠᠶᠢᠵᠤ᠂ 18.95%᠎ ᠶᠢ ᠡᠵᠡᠯᠡᠵᠤ᠂ ᠠᠩᠬ᠎ᠠ ᠳᠤᠮᠳᠠᠳᠤ ᠶᠢᠨ ᠰᠤᠶᠤᠯ ᠤᠨ ᠭᠡᠮᠵᠢᠶ᠎ᠠ ᠲᠠᠢ ᠬᠦᠮᠤᠨ 59420 ᠪᠠᠶᠢᠵᠤ᠂ 34.25%᠎ ᠶᠢ ᠡᠵᠡᠯᠡᠵᠤ᠂ ᠪᠠᠭ᠎ᠠ ᠰᠤᠷᠭᠠᠭᠤᠯᠢ ᠶᠢᠨ ᠰᠤᠶᠤᠯ ᠤᠨ ᠭᠡᠮᠵᠢᠶ᠎ᠠ ᠲᠠᠢ ᠬᠦᠮᠤᠨ 35397 ᠪᠠᠶᠢᠵᠤ᠂ 20.40%᠎ ᠶᠢ ᠡᠵᠡᠯᠡᠵᠤ᠂ ᠠᠷᠪᠠᠨ ᠳᠠᠪᠤᠨ ᠨᠠᠰᠤ ᠵᠢᠴᠢ ᠳᠡᠬᠦᠨ ᠠᠴᠠ ᠳᠡᠭᠡᠭᠰᠢᠭᠢ ᠨᠠᠰᠤᠨ ᠤ ᠪᠢᠴᠢᠭ ᠤᠨ ᠪᠠᠯᠠᠢ 7073 ᠪᠠᠶᠢᠵᠤ᠂ 4.08%᠎ ᠶᠢ  ᠡᠵᠡᠯᠡᠵᠡᠢ︔ ᠪᠢᠴᠢᠭ ᠤᠨ ᠪᠠᠯᠠᠢ ᠶᠢ ᠪᠦᠬᠦ ᠤᠯᠤᠰ ᠤᠨ ᠳᠠᠪᠤᠳᠤᠭᠠᠷ ᠤᠳᠠᠭᠠᠨ ᠤ ᠬᠦᠮᠤᠨ ᠠᠮᠠ ᠶᠢᠨ ᠪᠠᠶᠢᠴᠠᠭᠠᠯᠳᠠ ᠲᠠᠢ ᠬᠠᠷᠢᠴᠠᠭᠤᠯᠪᠠᠯ ᠳᠤᠬᠠᠢ ᠶᠢᠨ ᠦᠶ᠎ᠡ ᠳᠤ 5443 ᠬᠦᠮᠤᠨ ᠪᠠᠶᠢᠵᠤ᠂ 1053%᠎ ᠠᠴᠠ ᠪᠠᠭᠤᠷᠠᠭᠠᠳ 5.82% ᠪᠤᠯᠤᠭᠰᠠᠨ ᠪᠠᠶᠢᠨ᠎ᠠ᠃     ᠤᠳᠤ ᠠᠯᠠᠱᠠ ᠵᠡᠬᠦᠨ ᠬᠤᠰᠢᠭᠤᠨ ᠳᠤ ᠮᠤᠩᠭᠤᠯ᠂ ᠭᠢᠳᠡᠳ᠂ ᠬᠤᠳᠤᠩ᠂ ᠮᠠᠨᠵᠤ᠂ ᠳᠦᠪᠡᠳ ᠵᠡᠷᠭᠡ 28 ᠦᠨᠳᠤᠰᠤᠳᠡᠨ ᠤᠷᠤᠰᠢᠨ ᠠᠮᠢᠳᠤᠷᠠᠵᠤ ᠪᠠᠶᠢᠳᠠᠭ᠃ᠦᠯᠵᠡᠢ ᠶᠢᠨ ᠳᠤᠪᠴᠢ ᠨᠠᠮᠳᠠᠷ     ᠦᠯᠵᠡᠢ᠂ ᠪᠢᠴᠢᠭ ᠤᠨ ᠨᠠᠷ᠎ᠠ ᠫᠦ᠊ · ᠦᠯᠵᠡᠢ᠂ 1959 ᠤᠨ ᠤ ᠬᠠᠪᠤᠷ ᠤᠤᠯ ᠤᠨ ᠠᠯᠠᠱᠠ ᠬᠤᠰᠢᠭᠤᠨ ᠤ ᠽᠤᠨ ᠤ ᠪᠠᠭ ᠤᠨ ᠮᠠᠯᠴᠢᠨ ᠫᠦᠷᠪᠤ᠂ ᠳᠦᠤᠳᠡᠢ ᠶᠢᠨ ᠤᠤᠭᠠᠨ ᠬᠦᠤ ᠪᠤᠯᠵᠤ ᠵᠠᠶᠠᠭᠠᠪᠠ᠃ 1983 ᠤᠨ ᠳᠤ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠳᠦᠷᠤ ᠶᠢᠨ ᠬᠦᠮᠤᠵᠢᠯ ᠤᠨ ᠰᠠᠯᠪᠤᠷᠢ ᠠᠴᠠ ᠳᠡᠬᠦᠰᠤᠨ ᠠᠷᠠᠳ ᠤᠨ ᠪᠠᠭᠰᠢ ᠪᠤᠯᠵᠤ᠂ ᠡᠳᠤᠭᠡ ᠠᠯᠠᠱᠠ ᠮᠤᠩᠭᠤᠯ ᠦᠨᠳᠤᠰᠤᠳᠡᠨ ᠤ ᠪᠦᠷᠢᠨ ᠳᠤᠮᠳᠠᠳᠤ ᠰᠤᠷᠭᠠᠭᠤᠯᠢ ᠳᠤ ᠳᠤᠮᠳᠠᠳᠤ ᠰᠤᠷᠭᠠᠭᠤᠯᠢ ᠶᠢᠨ ᠳᠡᠭᠡᠳᠤ ᠳᠠᠰ ᠤᠨ ᠪᠠᠭᠰᠢ ᠪᠠᠷ ᠠᠵᠢᠯᠯᠠᠵᠤ ᠪᠤᠢ᠃     ᠳᠡᠭᠡᠷ᠎ᠡ ᠵᠠᠭᠤᠨ ᠤ ᠨᠠᠶᠠᠭᠠᠳ ᠤᠨ ᠠᠴᠠ ᠡᠭᠢᠯᠠᠨ ᠤᠨᠤᠯ ᠰᠢᠬᠦᠮᠵᠢ᠂ ᠰᠤᠯᠠ ᠪᠢᠴᠢᠯᠭᠡ᠂ ᠠᠶᠠᠨ ᠤ ᠳᠡᠮᠳᠡᠭᠯᠡᠯ᠂ ᠮᠡᠳᠡᠭᠡ ᠴᠢᠮᠡᠭᠡᠯᠡᠯ ᠵᠡᠷᠭᠡ ᠰᠲ᠋ᠢᠯᠢ ᠶᠢᠨ ᠵᠤᠭᠢᠶᠠᠯ ᠪᠦᠳᠤᠭᠡᠯ ᠤᠷᠤᠯᠳᠤᠵᠤ ᠰᠤᠨᠢᠨ ᠰᠡᠳᠬᠦᠯ ᠳᠤ ᠨᠡᠶᠢᠳᠡᠯᠡᠬᠦᠯᠵᠤ ᠢᠷᠡᠭᠰᠡᠨ᠂ ᠰᠢᠨ᠎ᠡ ᠮᠢᠩᠭᠠᠨ ᠳᠤ ᠤᠷᠤᠭᠰᠠᠨ ᠠᠴᠠ ᠨᠠᠰᠢ ᠭᠤᠤᠯᠳᠠᠭᠤ ᠤᠷᠤᠨ ᠨᠤᠳᠤᠭ ᠤᠨ ᠳᠡᠤᠭᠡ ᠰᠤᠶᠤᠯ ᠤᠨ ᠴᠢᠭᠯᠡᠯ ᠢᠶᠠᠷ ᠰᠤᠳᠤᠯᠭᠠᠨ ᠭᠢᠵᠤ᠂ ︽ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ ︽ᠮᠤᠩᠭᠤᠯ ᠤᠨ ᠰᠤᠳᠤᠯᠤᠯ︾᠂ ︽ᠪᠠᠷᠠᠭᠤᠨ ᠬᠤᠶᠢᠳᠤ ᠶᠢᠨ ᠦᠨᠳᠤᠰᠤᠳᠡᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ ︽ᠪᠠᠷᠠᠭᠤᠨ ᠮᠤᠩᠭᠤᠯ ᠰᠤᠳᠤᠯᠤᠯ︾᠂ ︽ᠳᠤᠮᠳᠠᠳᠤ ᠶᠢᠨ ᠦᠨᠳᠤᠰᠤᠳᠡᠨ︾ ᠵᠡᠷᠭᠡ ᠤᠷᠤᠨ ᠤ ᠳᠤᠳᠤᠨ᠎ᠠ ᠭᠠᠳᠠᠨᠠᠭᠢ ᠰᠤᠨᠢᠨ ᠰᠡᠳᠬᠦᠯ ᠳᠤ ᠡᠷᠳᠡᠮ ᠰᠢᠨᠵᠢᠯᠡᠭᠡᠨ ᠤ ᠦᠬᠦᠯᠡᠯ ᠵᠤᠭᠢᠶᠠᠯ ᠢᠶᠠᠨ ᠨᠠᠶᠢᠳᠠᠯᠠᠵᠤ᠂ ᠪᠠᠰᠠ ︽ᠳᠡᠤᠭᠡ ᠰᠤᠶᠤᠯ ᠤᠨ ᠮᠦᠷᠳᠡᠯᠳᠡ︾᠂ ︽ᠠᠯᠠᠱᠠ ᠶᠢᠨ ᠮᠤᠩᠭᠤᠯ ᠦᠨᠳᠤᠰᠤᠳᠡᠨ ᠤ ᠰᠤᠷᠭᠠᠨ ᠬᠦᠮᠤᠵᠢᠯ ᠤᠨ ᠳᠤᠪᠴᠢ ᠳᠡᠤᠭᠡ︾᠂ ︽ᠠᠯᠠᠱᠠ ᠬᠤᠰᠢᠭᠤᠨ ᠤ ᠠᠵᠤ ᠠᠬᠤᠢ ᠶᠢᠨ ᠳᠡᠤᠭᠡᠨ ᠰᠤᠳᠤᠯᠤᠯ︾ ᠵᠡᠷᠭᠡ ᠨᠤᠮ ᠢᠶᠠᠨ ᠭᠡᠪᠯᠡᠬᠦᠯᠤᠭᠡᠳ ᠪᠠᠶᠢᠨ᠎ᠠ᠃    
 
ᠢᠷᠡᠯᠲᠡ᠄ ᠠᠯᠠᠱᠠ ᠵᠡᠬᠦᠨ ᠬᠤᠰᠢᠭᠤᠨ ᠤ ᠳᠡᠤᠭᠡ ᠰᠤᠶᠤᠯ ᠤᠨ ᠳᠦᠢᠮᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号