ᠵᠣᠷᠢᠭᠲᠠᠢ ᠰᠦᠪᠡᠭᠴᠢᠯᠡᠵᠦ ᠵᠣᠷᠢᠭᠲᠠᠢ ᠠᠵᠢᠯᠯᠠᠨ ᠣᠳᠣᠬᠢᠴᠢᠯᠠᠭᠰᠠᠨ ᠠᠯᠠᠱᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠭᠡ ᠦᠷᠭᠦᠯᠵᠢᠯᠡᠨ ᠲᠡᠮᠡᠴᠡᠵᠡᠭᠡᠶ᠎ᠡ
ᠨᠡᠶᠢᠲᠡᠯᠡᠭᠰᠡᠨ ᠴᠠᠭ᠄
2024/3/10
    ᠢᠲᠡᠭᠡᠯ ᠵᠣᠷᠢᠭ ᠢᠶᠠᠨ ᠪᠠᠲᠤᠳᠬᠠᠨ ᠰᠢᠨ᠎ᠡ ᠠᠶᠠᠨ ᠢᠶᠠᠨ ᠡᠬᠢᠯᠡᠭᠦᠯᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ ᠳᠠᠷᠪᠠᠭᠤᠯ ᠬᠡᠶᠢᠰᠬᠡᠨ ᠤᠷᠤᠭᠰᠢᠯᠠᠨ᠎ᠠ᠃ ᠰᠠᠶ᠋ᠢᠬᠠᠨ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ 2023 ᠣᠨ ᠤ ᠠᠵᠢᠯ ᠢᠶᠠᠨ ᠨᠠᠷᠢᠨ ᠬᠢᠨᠠᠮᠠᠭᠠᠢ ᠳ᠋ᠦᠩᠨᠡᠨ᠂ ᠪᠠᠶᠢᠳᠠᠯ ᠪᠣᠯᠣᠨ ᠡᠭᠦᠷᠭᠡ ᠶᠢ ᠭᠦᠨᠵᠡᠭᠡᠢ ᠵᠠᠳᠠᠯᠵᠤ᠂ ᠳᠠᠪᠠᠭᠤᠯᠢᠭ ᠪᠣᠯᠣᠨ ᠵᠥᠷᠢᠶ᠎ᠡ ᠪᠠᠨ ᠤᠨᠤᠪᠴᠢᠳᠡᠢ ᠡᠷᠢᠵᠦ᠂ ᠡᠨᠡ ᠵᠢᠯ ᠤᠨ ᠬᠥᠭᠵᠢᠯᠲᠡ ᠶᠢᠨ ᠶᠡᠷᠦᠩᠬᠡᠢ ᠰᠡᠳᠬᠢᠴᠡ ᠪᠠ ᠬᠠᠷᠠᠯᠲᠠ ᠶᠢ ᠲᠣᠳᠣᠷᠬᠠᠶᠢᠯᠠᠨ᠂ ᠪᠦᠭᠦ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠵᠢᠷᠤᠭᠯᠠᠨ ᠲᠣᠭᠲᠠᠭᠠᠵᠤ᠂ ︽ᠠᠯᠠᠱᠠ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ᠬᠡᠷᠡᠭᠵᠢᠭᠦᠯᠬᠦ ᠲᠥᠰᠥᠯ︾᠎ ᠢ ᠬᠢᠨᠠᠨ ᠶᠠᠷᠢᠯᠴᠠᠵᠤ ᠪᠠᠲᠤᠯᠠᠭᠰᠠᠨ ᠨᠢ᠂ ᠰᠢᠨ᠎ᠡ ᠭᠠᠷᠤᠭ᠎ᠠ ᠳᠡᠭᠡᠷ᠎ᠡ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠦᠴᠦᠨ ᠢᠶᠠᠨ ᠨᠢᠭᠲᠠᠷᠠᠭᠤᠯᠵᠤ᠂ ᠪᠦᠭᠦ ᠠᠶᠢᠮᠠᠭ ᠤᠨ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠰᠥᠷᠦᠨ᠂ ᠣᠳᠣᠬᠢᠴᠢᠯᠠᠭᠰᠠᠨ ᠠᠯᠠᠱᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕      ︽ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠠᠯᠠᠱᠠ ᠶᠢᠨ ᠭᠡᠯᠪᠡᠷᠢ ᠪᠠᠨ ᠬᠤᠪᠢᠷᠠᠭᠤᠯᠤᠨ ᠳᠠᠪᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ︾ - ᠶᠡᠭᠡ ᠬᠤᠷᠠᠯ ᠠᠴᠠ ᠬᠥᠭᠵᠢᠯᠲᠡ ᠶᠢᠨ ᠶᠡᠭᠡ ᠬᠠᠨᠳᠤᠰᠢ ᠪᠣᠯᠣᠨ ᠠᠯᠠᠱᠠ ᠶᠢᠨ ᠣᠷᠣᠰᠢᠵᠤ ᠪᠠᠶᠢᠭ᠎ᠠ ᠲᠡᠦᠬᠡ ᠶᠢᠨ ᠣᠷᠣᠨ ᠪᠠᠶᠢᠷᠢ᠂ ᠲᠤᠯᠭᠠᠷᠠᠵᠤ ᠪᠠᠶᠢᠭ᠎ᠠ ᠠᠵᠠ ᠲᠣᠭᠢᠶᠠᠯ ᠥᠷᠢᠰᠦᠯᠳᠦᠭᠡᠨ ᠢ ᠭᠦᠨᠵᠡᠭᠡᠢ ᠵᠠᠳᠠᠯᠪᠠ᠃ ᠲᠠᠪᠤᠨ ᠶᠡᠭᠡ ᠳᠠᠪᠠᠭᠤᠯᠢᠭ ᠪᠣᠯᠣᠨ ᠲᠠᠪᠤᠨ ᠲᠠᠯ᠎ᠠ ᠶᠢᠨ ᠵᠥᠷᠢᠶ᠎ᠡ ᠶᠢ ᠣᠶᠤᠨᠴᠢ ᠪᠠᠷ ᠵᠠᠳᠠᠯᠤᠭᠰᠠᠨ ᠰᠠᠭᠤᠷᠢᠨ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠤᠯᠭᠠᠵᠤ᠂ ᠨᠢᠭᠡ ᠵᠢᠱᠢᠶ᠎ᠡ ᠦᠵᠡᠭᠦᠯᠭᠦ ᠠᠶᠢᠮᠠᠭ ᠢ ᠪᠠᠶᠢᠭᠤᠯᠬᠤ᠂ ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠬᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠬᠥᠭᠵᠢᠯᠲᠡ ᠶᠢᠨ ᠰᠡᠳᠬᠢᠴᠡ ᠪᠠ ᠠᠵᠢᠯ ᠤᠨ ᠭᠤᠣᠯᠳᠠᠯᠭ᠎ᠠ ᠨᠢ ᠠᠯᠠᠱᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠪᠠᠶᠢᠷᠢᠰᠢᠯ ᠤᠨ ᠰᠢᠰᠲ᠋ᠧᠮ︾᠎ ᠢ ᠲᠣᠳᠣᠷᠬᠠᠶᠢᠯᠠᠵᠤ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠲᠣᠳᠣᠷᠬᠠᠢ ︽ᠵᠠᠮ ᠱᠤᠭᠤᠮ︾᠎ ᠢ ᠵᠢᠷᠤᠭᠯᠠᠵᠤ ᠥᠭᠭᠦᠭᠰᠡᠨ ᠪᠠᠶᠢᠨ᠎ᠠ᠂ ᠡᠨᠡ ᠨᠢ ︽ᠬᠤᠶᠠᠷ ᠶᠡᠭᠡ ᠶᠠᠪᠤᠳᠠᠯ︾᠎ ᠲᠠᠢ ᠨᠢᠭᠲᠠ ᠵᠣᠯᠭᠠᠯᠳᠤᠵᠤ ᠪᠠᠶᠢᠬᠤ ᠪᠠᠷ ᠪᠠᠷᠠᠬᠤ ᠦᠭᠡᠢ᠂ ᠨᠠᠩ ᠴᠤ ᠠᠶᠢᠮᠠᠭ ᠤᠨ ᠪᠣᠳᠠᠲᠤ ᠪᠠᠶᠢᠳᠠᠯ ᠲᠠᠢ ᠨᠢᠭᠲᠠ ᠬᠤᠯᠪᠣᠯᠳᠤᠵᠤ ᠪᠤᠢ᠂ ᠡᠨᠡ ᠨᠢ ᠬᠥᠭᠵᠢᠯᠲᠡ ᠶᠢᠨ ᠵᠠᠮ ᠱᠤᠭᠤᠮ ᠢ ᠬᠠᠷᠠᠭᠤᠯᠤᠭᠰᠠᠨ ᠮᠥᠷᠲᠡᠭᠡᠨ ᠨᠡᠩ ᠴᠤ ᠬᠥᠭᠵᠢᠯᠲᠡ ᠶᠢᠨ ᠴᠠᠭ ᠦᠶ᠎ᠡ ᠶᠢ ᠲᠠᠭᠠᠨ ᠪᠦᠭᠦ ᠲᠠᠯ᠎ᠠ ᠪᠠᠷ ᠤᠷᠤᠭᠰᠢᠯᠠᠬᠤ᠂ ᠪᠣᠳᠠᠲᠠᠢ ᠶᠢ ᠡᠷᠭᠢᠮᠯᠡᠭᠦ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠲᠠᠢ ᠪᠠᠶᠢᠬᠤ ᠶᠢ ᠬᠠᠷᠠᠭᠤᠯᠤᠭᠰᠠᠨ ᠪᠣᠯᠬᠤᠷ ᠠᠯᠠᠱᠠ ᠶᠢᠨ ᠢᠷᠡᠭᠡᠳᠦᠢ ᠶᠢᠨ ᠬᠥᠭᠵᠢᠯᠲᠡ ᠳᠤ ᠠᠯᠤᠰ ᠭᠡᠳᠤ ᠶᠢᠨ ᠨᠥᠯᠥᠭᠡ ᠦᠵᠡᠭᠦᠯᠭᠦ ᠎ ᠨᠢ ᠯᠠᠪᠲᠠᠢ ᠶᠤᠮ᠃      ︽ᠰᠦᠪᠡᠭᠴᠢᠯᠡᠵᠦ ᠪᠠᠶᠢᠮᠠᠨ ᠭᠠᠷᠬᠤ ᠵᠠᠮ ᠢ ᠣᠯᠣᠨ᠎ᠠ᠂ ᠵᠣᠷᠢᠭᠲᠠᠢ ᠰᠦᠪᠡᠭᠴᠢᠯᠡᠵᠦ ᠵᠣᠷᠢᠭᠲᠠᠢ ᠠᠵᠢᠯᠯᠠᠳᠠᠭ ᠯᠠ ᠶᠤᠮ ᠪᠣᠯ ᠬᠦᠴᠢᠷ ᠢ ᠲᠤᠭᠤᠯᠬᠤ ᠠᠷᠭ᠎ᠠ ᠵᠠᠮ ᠠᠶᠠᠨᠳᠠᠭᠠᠨ ᠢᠯᠡᠷᠡᠨ᠎ᠡ︾ ︽ᠠᠵᠢᠯᠯᠠᠭ᠎ᠠ ᠪᠣᠯ ᠬᠠᠮᠤᠭ ᠰᠠᠶᠢᠨ ᠬᠠᠷᠢᠭᠤᠴᠠᠯᠭ᠎ᠠ ᠮᠥᠨ︾ ︽ᠬᠠᠷᠠᠯᠲᠠ ᠲᠣᠭᠲᠠᠭᠠᠭᠳᠠᠪᠠᠯ ᠡᠷᠬᠡᠪᠰᠢ ᠪᠡᠶᠡᠯᠡᠭᠦᠯᠬᠦ ᠬᠡᠷᠡᠭᠲᠡᠢ᠂ ᠠᠵᠢᠯᠯᠠᠪᠠᠯ ᠳᠠᠷᠤᠢ ᠡᠷᠬᠡᠪᠰᠢ ᠲᠤᠭᠤᠰᠢᠲᠠᠢ ᠠᠵᠢᠯᠯᠠᠬᠤ ᠬᠡᠷᠡᠭᠲᠡᠢ︾ - ᠶᠡᠭᠡ ᠬᠤᠷᠠᠯ ᠠᠴᠠ ᠪᠦᠭᠦ ᠠᠶᠢᠮᠠᠭ ᠤᠨ ᠺᠠᠳ᠋ᠷ ᠤᠯᠠᠨ ᠲᠦᠮᠡᠨ ᠳᠤ ᠥᠭᠭᠦᠭᠰᠡᠨ ᠬᠦᠰᠡᠯ ᠨᠠᠶᠢᠳᠠᠯᠭ᠎ᠠ ᠨᠢ ᠦᠨᠡᠨ ᠪᠣᠳᠠᠲᠠᠢ ᠶᠤᠮ᠃ ︽ᠪᠣᠳᠠᠲᠠᠢ ᠠᠵᠢᠯᠯᠠᠬᠤ ᠪᠠᠷ ᠭᠤᠣᠯ ᠪᠤᠯᠭᠠᠬᠤ︾᠎ ᠶᠢ ᠶᠡᠭᠡ ᠬᠤᠷᠠᠯ ᠤᠨ ᠬᠤᠶᠠᠷ ᠢᠯᠡᠳᠬᠡᠯ ᠪᠣᠯᠣᠨ ᠳᠤᠭᠤᠶᠢᠯᠠᠩ ᠬᠤᠪᠢᠶᠠᠨ ᠶᠠᠷᠢᠯᠴᠠᠬᠤ ᠳᠤ ᠪᠠᠲᠤ ᠲᠤᠭᠤᠰᠢᠯᠠᠭᠤᠯᠵᠠᠢ᠃     ᠶᠠᠭᠠᠬᠢᠵᠤ ᠬᠢᠬᠦ ᠪᠤᠢ︖ ᠬᠦᠴᠢᠷ ᠪᠡᠷᠬᠡᠰᠢᠶᠡᠯ ᠲᠤᠯᠭᠠᠷᠠᠪᠠᠯ ᠰᠠᠶ᠋ᠢ ᠰᠥᠰᠥ ᠵᠣᠷᠢᠭ ᠢ ᠢᠯᠡᠷᠡᠭᠦᠯᠵᠦ ᠴᠢᠳᠠᠨ᠎ᠠ᠂ ᠬᠠᠲᠠᠭᠤᠵᠢᠨ ᠪᠣᠯᠪᠠᠰᠤᠷᠠᠪᠠᠯ ᠰᠠᠶ᠋ᠢ ᠨᠡᠩ ᠪᠠᠲᠤ ᠪᠠᠬᠢ ᠪᠣᠯᠵᠤ ᠴᠢᠳᠠᠨ᠎ᠠ᠃ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠮᠥᠨ ᠴᠦ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ 2023 ᠣᠨ ᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠲᠤᠭᠢᠶᠠᠯ ᠪᠠ ᠪᠦᠭᠦ ᠠᠶᠢᠮᠠᠭ ᠤᠨ ᠲᠦᠷᠭᠡᠨ ᠪᠥᠭᠡᠳ ᠲᠣᠭᠲᠠᠭᠤᠨ ᠬᠥᠭᠵᠢᠯᠲᠡ ᠶᠢᠨ ᠰᠠᠶᠢᠨ ᠪᠠᠶᠢᠳᠠᠯ ᠢ ᠠᠰᠢᠭᠯᠠᠵᠤ᠂ 2024 ᠣᠨ ᠤ ᠠᠵᠢᠯ ᠢ ᠪᠦᠭᠦ ᠬᠦᠴᠦᠨ ᠢᠶᠠᠷ ᠰᠠᠶᠢᠲᠤᠷ ᠠᠳᠬᠤᠨ᠂ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠪᠢᠳᠠᠨ ᠤ ᠡᠬᠢ ᠪᠠᠶᠠᠯᠢᠭ᠂ ᠣᠷᠣᠨ ᠪᠠᠶᠢᠷᠢ᠂ ᠲᠥᠷᠥ ᠶᠢᠨ ᠪᠣᠳᠣᠯᠭ᠎ᠠ᠂ ᠠᠵᠤ ᠦᠢᠯᠡᠰ᠂ ᠰᠣᠶᠣᠯ ᠢᠷᠭᠡᠨᠰᠢᠯ ᠵᠡᠷᠭᠡ ᠳᠠᠪᠠᠭᠤᠯᠢᠭ ᠢ ᠪᠠᠲᠤ ᠡᠵᠡᠮᠳᠡᠨ᠂ ᠰᠠᠭᠤᠷᠢ ᠲᠥᠬᠦᠭᠡᠷᠦᠮᠵᠢ ᠬᠤᠴᠤᠷᠤᠩᠭᠤᠢ᠂ ᠦᠵᠡᠯ ᠰᠠᠨᠠᠭ᠎ᠠ ᠣᠶᠢᠯᠠᠭᠠᠭᠳᠠᠬᠤᠨ ᠬᠤᠴᠤᠷᠤᠩᠭᠤᠢ᠂ ᠴᠢᠳᠠᠪᠤᠷᠢᠲᠠᠨ ᠤ ᠰᠢᠨ᠎ᠡ ᠡᠭᠦᠳᠦᠯᠲᠡ ᠬᠦᠷᠦᠯᠴᠡᠬᠦ ᠦᠭᠡᠢ ᠵᠡᠷᠭᠡ ᠵᠥᠷᠢᠶ᠎ᠡ ᠲᠠᠢ ᠣᠨᠣᠪᠴᠢᠲᠠᠶ ᠬᠠᠷᠢᠴᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠳᠠᠪᠠᠭᠤᠯᠢᠭ ᠢᠶᠠᠨ ᠪᠠᠳᠠᠷᠠᠭᠤᠯᠵᠤ᠂ ︽ᠳᠠᠪᠠᠭᠤᠯᠢᠭ︾᠎ ᠢᠶᠠᠨ ᠪᠠᠲᠤᠳᠬᠠᠬᠤ ᠪᠠᠷ ᠪᠠᠷᠠᠬᠤ ᠦᠭᠡᠢ ᠪᠠᠰᠠ ︽ᠳᠤᠲᠠᠭᠤᠳᠠᠯ︾᠎ ᠢᠶᠠᠨ ᠨᠥᠬᠦᠪᠦᠷᠢᠯᠡᠨ᠂ ᠴᠥᠬᠦᠷᠡᠰᠢ ᠦᠭᠡᠢ ᠴᠢᠷᠮᠠᠶᠢᠨ ᠠᠵᠢᠯᠯᠠᠬᠤ ᠡᠷᠴᠢ ᠵᠣᠷᠢᠭ ᠪᠠ ︽ᠥᠨᠳᠥᠷ ᠲᠤ ᠳᠡᠭᠦᠯᠢᠨ ᠤᠷᠤᠭᠰᠢᠯᠠᠬᠤ︾ ᠴᠢᠷᠮᠠᠶᠢᠯᠭ᠎ᠠ ᠪᠠᠷ ᠳᠤᠲᠠᠭᠤᠳᠠᠯ ᠪᠠ ᠵᠥᠷᠢᠶ᠎ᠡ ᠪᠠᠨ ᠦᠷᠭᠦᠯᠵᠢᠯᠡᠨ ᠬᠥᠭᠵᠢᠬᠦ ᠳᠠᠪᠠᠭᠤᠯᠢᠭ ᠪᠣᠯᠭᠠᠨ ᠬᠤᠪᠢᠷᠠᠭᠤᠯᠵᠤ᠂ ᠳᠠᠪᠠᠭᠤᠯᠢᠭ ᠢᠶᠠᠨ ᠢᠯᠠᠯᠲᠠ ᠶᠢᠨ ᠬᠠᠨᠳᠤᠰᠢ ᠪᠣᠯᠭᠠᠨ ᠬᠤᠪᠢᠷᠠᠭᠤᠯᠤᠨ᠂ ᠶᠡᠭᠡ ᠬᠤᠷᠠᠯ ᠠᠴᠠ ᠵᠢᠷᠤᠭᠯᠠᠭᠰᠠᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠣᠳᠠᠲᠤ ᠶᠠᠪᠤᠳᠠᠯ ᠪᠣᠯᠭᠠᠨ ᠬᠤᠪᠢᠷᠠᠭᠤᠯᠬᠤ ᠬᠡᠷᠡᠭᠲᠡᠢ᠃     ᠶᠠᠭᠤ ᠬᠢᠬᠦ ᠪᠤᠢ︖ ︽ᠣᠳᠣᠬᠠᠨ ᠤ ᠡᠨᠡ ᠬᠦ ᠥᠷᠢᠰᠦᠯᠳᠦᠭᠡᠨ ᠮᠦᠷᠭᠦᠯᠳᠦᠭᠡᠠ ᠬᠤᠷᠴᠠ ᠰᠢᠷᠦᠭᠦᠨ ᠪᠠᠶᠢᠭ᠎ᠠ ᠪᠠᠶᠢᠳᠠᠯ ᠳᠣᠣᠷ᠎ᠠ ᠪᠢᠳᠠ ᠶᠠᠭᠤ ᠴᠤ ᠬᠢᠬᠦ ᠦᠭᠡᠢ ᠪᠠᠶᠢᠵᠤ ᠶᠠᠭᠠᠬᠢᠭᠰᠠᠨ ᠴᠤ ᠪᠤᠯᠬᠤ ᠦᠭᠡᠢ᠂ ᠰᠠᠶᠢᠨ ᠲᠣᠭᠢᠶᠠᠯ ᠢ ᠨᠡᠩ ᠴᠤ ᠠᠯᠳᠠᠵᠤ ᠪᠤᠯᠬᠤ ᠦᠭᠡᠢ︾ ᠁ ᠶᠡᠭᠡ ᠬᠤᠷᠠᠯ ᠠᠴᠠ ᠲᠣᠭᠲᠠᠭᠠᠭᠰᠠᠨ ᠠᠵᠢᠯ ᠤᠨ ᠭᠤᠣᠯ ᠱᠤᠭᠤᠮ ᠪᠣᠯᠣᠨ ᠪᠣᠳᠠᠲᠤ ᠬᠠᠷᠠᠯᠲᠠ ᠡᠭᠦᠷᠭᠡ ᠨᠢ ᠪᠢᠳᠡᠨ ᠤ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶᠢᠯᠠᠵᠤ᠂ ᠬᠦᠴᠦᠯᠡᠬᠦ ᠴᠡᠭ ᠢ ᠣᠨᠣᠪᠴᠢᠲᠠᠢ ᠵᠢᠭᠠᠵᠤ ᠥᠭᠴᠡᠢ᠃ ᠪᠦᠭᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠤᠯᠤᠰ ᠲᠦᠷᠦ ᠶᠢᠨ ᠴᠢᠬᠤᠯᠠ ᠡᠭᠦᠷᠭᠡ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠡᠭᠦᠷᠭᠡᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠳᠤ ᠪᠣᠳᠠᠲᠠᠢ ᠪᠥᠭᠡᠳ ᠪᠦᠲᠦᠮᠵᠢᠲᠡᠢ ᠨᠠᠶᠢᠳᠠᠪᠤᠷᠢᠵᠢᠭᠤᠯᠬᠤ ᠭᠡᠷᠡᠭᠲᠡᠢ᠂         ᠡᠷᠬᠡᠪᠰᠢ ᠨᠡᠩ ᠡᠷᠡᠰ ᠪᠠᠲᠤ ᠤᠬᠠᠮᠰᠠᠷ ᠠᠴᠠ ᠪᠠᠨ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠮᠠᠨ ᠤ ᠤᠯᠤᠰ ᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠭᠦ ᠰᠠᠭᠤᠷᠢᠨ ᠭᠠᠵᠠᠷ᠂ ᠪᠦᠭᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ᠂ ᠪᠦᠭᠦ ᠤᠯᠤᠰ ᠤᠨ ᠴᠢᠬᠤᠯᠠ ᠤᠳᠤ ᠦᠶ᠎ᠡ ᠶᠢᠨ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠪᠦᠭᠦ ᠤᠯᠤᠰ ᠤᠨ ᠤᠳᠤ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠭᠠᠵᠠᠷ᠂ ᠪᠦᠭᠦ ᠤᠯᠤᠰ ᠤᠨ ᠤᠳᠤ ᠦᠶ᠎ᠡ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠭᠠᠵᠠᠷ ᠤᠨ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠦᠷ᠎ᠡ ᠪᠦᠲᠦᠮᠵᠢ ᠶᠢ ᠴᠢᠷᠮᠠᠶᠢᠨ ᠡᠭᠦᠳᠴᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠢ ᠪᠤᠯᠭᠠᠬᠤ ᠭᠡᠷᠡᠭᠳᠡᠢ᠂ ᠡᠷᠭᠡᠪᠰᠢ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠪᠠᠲᠤ ᠪᠠᠬᠢ ᠪᠤᠶ ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠰᠤᠷᠪᠤᠯᠵᠢ᠂ ᠬᠢᠯᠢ ᠬᠢᠵᠠᠭᠠᠷ ᠢᠶᠠᠨ ᠰᠠᠬᠢᠵᠤ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠪᠣᠯᠣᠨ ᠠᠵᠤ ᠦᠢᠯᠡᠰ ᠢ ᠲᠡᠰ ᠳᠡᠪᠰᠢᠭᠦᠯᠬᠦ ᠢᠨᠵᠧᠨᠧᠷᠢᠩ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ᠂ ᠨᠡᠭᠡᠭᠡᠯᠲᠡ ᠬᠢᠵᠦ ᠬᠠᠮᠲᠤᠷᠠᠯᠴᠠᠬᠤ ᠢᠨᠵᠧᠨᠧᠷᠢᠩ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ᠂ ᠴᠢᠳᠠᠪᠤᠷᠢᠲᠠᠨ ᠪᠠ ᠰᠢᠨᠵᠢᠯᠡᠭᠡ ᠮᠡᠷᠭᠡᠵᠢᠯ ᠤᠨ ᠪᠣᠭᠤᠮᠢ ᠶᠢ ᠰᠢᠪᠲᠤᠯᠬᠤ ᠢᠨᠵᠧᠨᠧᠷᠢᠩ ᠤᠨ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠠᠮᠵᠢᠯᠲᠠ ᠪᠦᠲᠦᠮᠵᠢ ᠪᠠᠷ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠬᠥᠮᠥᠵᠢᠭᠦᠯᠵᠦ᠂ ᠨᠠᠮ ᠪᠣᠯᠣᠨ ᠠᠷᠠᠳ ᠲᠦᠮᠡᠨ ᠳᠤ ᠨᠡᠩ ᠳᠤᠯᠠᠭᠠᠬᠠᠨ ᠪᠥᠭᠡᠳ ᠪᠣᠳᠠᠲᠤ ᠬᠥᠭᠵᠢᠯᠲᠡ ᠶᠢᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ᠃     ᠬᠠᠷᠠᠯᠲᠠ ᠲᠣᠭᠲᠠᠭᠠᠭᠳᠠᠵᠤ᠂ ᠵᠢᠷᠤᠭ ᠲᠥᠰᠥᠪ ᠨᠢᠭᠡᠨᠲᠡ ᠵᠢᠷᠤᠭᠯᠠᠭᠳᠠᠪᠠ᠃ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠴᠢᠬᠤᠯᠠ ᠠᠴᠠ ᠴᠢᠬᠤᠯᠠ᠃ 2024 ᠣᠨ ᠳᠤ ᠳᠥᠩᠭᠡᠵᠢ ᠠᠯᠬᠤᠨ ᠣᠷᠣᠭᠰᠠᠨ ᠠᠯᠠᠱᠠ ᠶᠢ ᠡᠷᠭᠢᠴᠡᠭᠦᠯᠬᠦᠶ᠎ᠡ᠂ ᠭᠤᠣᠯ ᠬᠤᠲᠠ ᠪᠠᠯᠭᠠᠰᠤ ᠠᠴᠠ ᠬᠥᠳᠡᠭᠡ ᠲᠣᠰᠬᠤᠨ ᠮᠠᠯᠵᠢᠬᠤ ᠣᠷᠣᠨ ᠭᠦᠷᠲᠡᠯ᠎ᠡ᠂ ᠪᠠᠶᠢᠭᠤᠯᠭ᠎ᠠ ᠨᠢᠭᠡᠴᠢ ᠠᠴᠠ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠭᠦᠷᠲᠡᠯ᠎ᠡ᠂ ᠶᠡᠭᠡ ᠪᠠᠷ ᠠᠵᠢᠯᠯᠠᠵᠤ ᠲᠦᠷᠭᠡᠨ ᠲᠠᠪᠰᠢᠬᠤ ᠬᠥᠭᠵᠢᠯᠲᠡ ᠶᠢᠨ ᠬᠠᠯᠠᠭᠤᠨ ᠥᠷᠨᠢᠯᠲᠡ ᠭᠠᠷᠴᠤ᠂ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠬᠤ ᠰᠦᠷ ᠳᠠᠯᠠᠶᠢᠴᠠᠲᠠᠢ ᠬᠦᠴᠦᠨ ᠣᠷᠭᠢᠯᠤᠨ ᠪᠠᠳᠠᠷᠠᠵᠤ ᠪᠠᠶᠢᠬᠤ ᠶᠢ ᠪᠢᠳᠡ ᠣᠯᠵᠤ ᠬᠠᠷᠠᠪᠠ᠃     ᠰᠢᠨ᠎ᠡ ᠵᠢᠯ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠳᠤ ᠨᠡᠩ ᠴᠤ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠦᠷ᠎ᠡ ᠪᠦᠲᠦᠮᠵᠢ ᠱᠠᠭᠠᠷᠳᠠᠭᠳᠠᠨ᠎ᠠ᠃ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠠᠶᠠᠨ ᠵᠠᠮ ᠳᠠᠭᠠᠨ ᠮᠣᠷᠳᠠᠵᠤ᠂ ᠪᠦᠭᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠎ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠬᠠᠷᠠᠭ᠎ᠠ ᠪᠠᠨ ᠥᠷᠭᠡᠳᠬᠡᠵᠦ᠂ ᠠᠯᠬᠤᠭ᠎ᠠ ᠪᠠᠨ ᠲᠦᠷᠭᠡᠳᠬᠡᠨ᠂ ᠴᠠᠭ ᠪᠢᠳᠠᠨ ᠢ ᠬᠦᠯᠢᠶᠡᠬᠦ ᠦᠭᠡᠢ ᠭᠡᠬᠦ ᠪᠠᠴᠢᠮ ᠲᠤᠯᠭᠠᠮ᠎ᠠ ᠰᠡᠳᠬᠢᠯᠭᠡ᠂ ᠬᠤᠶᠢᠰᠢ ᠤᠬᠤᠷᠢᠵᠤ ᠪᠤᠯᠬᠤ ᠦᠭᠡᠢ ᠭᠡᠬᠦ ᠰᠥᠰᠥ ᠵᠣᠷᠢᠭ᠂ ᠡᠷᠬᠡᠪᠰᠢ ᠪᠡᠶᠡᠯᠡᠭᠦᠯᠬᠦ ᠬᠡᠷᠡᠭᠲᠡᠢ ᠭᠡᠬᠦ ᠵᠣᠷᠢᠭ ᠰᠠᠨᠠᠭ᠎ᠠ ᠪᠠᠷ ᠠᠯᠢᠪᠠ ᠠᠰᠢᠭ ᠲᠠᠢ ᠴᠠᠭ ᠲᠣᠭᠢᠶᠠᠯ ᠪᠠ ᠠᠰᠢᠭ ᠲᠠᠢ ᠨᠥᠬᠦᠴᠡᠯ ᠢ ᠠᠰᠢᠭᠯᠠᠨ ᠳᠠᠷᠤᠶᠢᠬᠠᠨ ᠬᠥᠳᠡᠯᠦᠯᠴᠡᠵᠦ᠂ ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠤᠰᠢᠭᠤ ᠱᠠᠯᠠᠮᠠᠭᠠᠢ ᠪᠠᠶᠢᠬᠤ ᠪᠠ ᠤᠳᠠᠭᠠᠨ ᠳᠠᠭᠠᠭᠠᠮᠠᠭᠠᠢ ᠪᠠᠶᠢᠬᠤ ᠶᠢ ᠣᠷᠭᠠᠨᠢᠭ ᠢᠶᠠᠷ ᠤᠶᠠᠯᠳᠤᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠰᠠᠶᠢᠲᠤᠷ ᠬᠢᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ᠂ ᠠᠵᠢᠯ ᠬᠢᠵᠦ ᠦᠢᠯᠡᠰ ᠪᠦᠲᠦᠭᠡᠬᠦ ᠳᠤᠮᠳᠠ ᠠᠵᠢᠯ ᠤᠨ ᠬᠤᠷᠳᠤᠴᠠ ᠶᠢ ᠲᠦᠷᠭᠡᠳᠬᠡᠬᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ᠂ ᠠᠷᠠᠳ ᠤᠨ ᠰᠡᠳᠬᠢᠯ ᠢ ᠬᠥᠭᠵᠢᠭᠡᠬᠦ ᠶᠢ ᠠᠬᠢᠭᠤᠯᠤᠨ᠂ ᠪᠦᠭᠦ ᠣᠷᠣᠨ ᠤ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠢᠶᠠᠷ ᠤᠷᠤᠭᠰᠢᠯᠠᠬᠤ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠠᠯᠠᠱᠠ ᠶᠢᠨ ᠬᠦᠴᠦᠨ ᠴᠢᠳᠠᠯ ᠎ ᠢᠶᠠᠨ ᠡᠷᠭᠦᠵᠦ᠂ ᠠᠯᠠᠱᠠ ᠶᠢᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠪᠢᠯᠡ᠃                  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号