ᠡᠪᠦᠯ ᠤᠨ ᠬᠦᠢᠲᠡᠨ ᠳᠤ ᠬᠠᠪᠤᠷ ᠤᠨ ᠠᠮᠢᠰᠬᠤᠯ ᠪᠢᠯᠬᠠᠭᠰᠠᠨ ᠢᠳᠡᠰᠢᠨ ᠨᠣᠭᠤᠭ᠎ᠠ ᠶᠢᠨ ᠬᠦᠯᠡᠮᠵᠢ
ᠨᠡᠶᠢᠲᠡᠯᠡᠭᠰᠡᠨ ᠴᠠᠭ᠄
2024/3/10
    ᠨᠠᠮᠢᠷᠠ ᠮᠧᠩ ᠶᠠᠨ     ᠬᠤᠶᠠᠷ ᠶᠢᠰᠦ ᠶᠢᠨ ᠬᠦᠢᠲᠡᠨ ᠳᠤ ᠭᠡᠷ ᠤᠨ ᠭᠠᠳᠠᠨᠠᠬᠢ ᠠᠭᠠᠷ ᠤᠨ ᠳᠤᠯᠠᠭᠠᠨ ᠲᠡᠭ ᠠᠴᠠ ᠳᠣᠷᠣᠭᠰᠢ ᠪᠣᠯᠤᠭᠰᠠᠨ ᠴᠦ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠶᠠᠨᠬᠥ᠋ᠳᠡᠭᠡ ᠭᠠᠴᠠᠭᠠᠨ ᠤ ᠳᠤᠯᠠᠭᠠᠨ ᠬᠦᠯᠡᠮᠵᠢ ᠳᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠃ ᠰᠣᠩᠭᠢᠨ᠎ᠠ ᠬᠥᠬᠡᠷᠡᠨ ᠨᠣᠭᠤᠭᠠᠷᠠᠵᠤ᠂ ᠲᠥᠪᠡᠳ ᠬᠠᠰᠢ ᠶᠢᠨ ᠨᠠᠪᠴᠢ ᠨᠠᠮᠠᠭ᠎ᠠ ᠰᠠᠬᠤᠯᠢᠭᠵᠢᠨ ᠵᠢᠮᠢᠰᠦᠯᠡᠵᠡᠢ᠃ ᠭᠦᠵᠡᠯᠵᠡᠭᠡᠨ᠎ᠡ ᠤᠯᠠᠭᠠᠨ ᠮᠥᠷᠲᠡᠭᠡᠨ ᠵᠥᠭᠡᠯᠡᠨ ᠪᠣᠯᠪᠠᠰᠤᠷᠠᠵᠤ ᠠᠩᠬᠢᠯᠤᠮ᠎ᠠ ᠦᠨᠦᠷ ᠬᠠᠩᠬᠤᠯᠤᠨ᠎ᠠ᠃᠂ ᠤᠯᠠᠭᠠᠨ᠂ ᠰᠢᠷ᠎ᠠ᠂ ᠨᠣᠭᠤᠭᠠᠨ ᠡᠯᠳᠡᠪ ᠵᠢᠮᠢᠰ ᠪᠥᠮᠪᠥᠯᠵᠡᠨ ᠂ ᠬᠥᠮᠥᠰ ᠤᠨ ᠪᠠᠭ᠋ᠠᠷᠬᠠᠯ ᠢ ᠲᠠᠲᠠᠨ᠎ᠠ᠃     ᠣᠳᠣᠬᠠᠨ ᠳᠤ ᠶᠠᠭ ᠰᠠᠶᠢᠬᠠᠨ ᠲᠥᠪᠡᠳ ᠬᠠᠰᠢ ᠪᠣᠯᠪᠠᠰᠤᠷᠠᠵᠤ ᠵᠠᠬ᠎ᠠ ᠳᠡᠯᠭᠡᠭᠦᠷ ᠲᠤ ᠭᠠᠷᠬᠤ ᠤᠯᠠᠷᠢᠯ ᠪᠣᠯᠵᠤ ᠪᠠᠶᠢᠨ᠎ᠠ᠃ ᠳᠤᠯᠠᠭᠠᠨ ᠬᠦᠯᠡᠮᠵᠢᠨ ᠳᠤ 8 ᠵᠢᠯ ᠨᠣᠭᠤᠭ᠎ᠠ ᠳᠠᠷᠢᠭᠰᠠᠨ ᠲᠤᠷᠰᠢᠯᠭ᠎ᠠ ᠲᠠᠢ ᠬᠠᠨ ᠴᠦᠨ ᠬᠤᠸᠠ ᠶᠢᠨ ᠎ ᠬᠢᠨ ᠡᠨᠡ ᠬᠡᠳᠦᠨ ᠡᠳᠦᠷ ᠮᠠᠰᠢ ᠶᠠᠭᠠᠷᠠᠯᠲᠠᠢ ᠠᠵᠢᠯᠯᠠᠨ᠎ᠠ᠃ ᠲᠡᠷᠡ ᠥᠪᠡᠷ ᠤᠨ ᠳᠠᠷᠢᠭᠰᠠᠨ 4 ᠬᠦᠯᠡᠮᠵᠢ ᠢᠳᠡᠰᠢᠨ ᠨᠣᠭᠤᠭ᠎ᠠ ᠪᠠᠨ ᠨᠠᠷᠢᠨ ᠠᠷᠠᠴᠢᠯᠠᠵᠤ᠂ ᠰᠠᠶᠢᠨ ᠦᠨ᠎ᠡ ᠪᠠᠷ ᠬᠤᠳᠠᠯᠳᠤᠬᠤ ᠶᠢ ᠬᠦᠰᠡᠨ ᠬᠦᠯᠢᠶᠡᠵᠦ ᠪᠠᠶᠢᠪᠠ᠃ ︽ᠬᠦᠯᠡᠮᠵᠢ ᠳᠤ ᠲᠥᠪᠡᠳ ᠬᠠᠰᠢ ᠶᠢ ᠵᠢᠯ ᠳᠤ ᠬᠤᠶᠠᠷ ᠤᠳᠠᠭ᠎ᠠ ᠳᠠᠷᠢᠳᠠᠭ᠂ ᠨᠢᠳᠤᠨᠤᠨ ᠤ 8 ᠰᠠᠷ᠎ᠠ ᠠᠴᠠ ᠡᠨᠡ ᠵᠢᠯ ᠤᠨ 2 ᠰᠠᠷ᠎ᠠ ᠪᠤᠯᠲᠠᠯ᠎ᠠ ᠬᠤᠶᠠᠳᠠᠭᠢ ᠡᠭᠡᠯᠵᠢ ᠶᠢᠨ ᠲᠠᠷᠢᠮᠠᠯ ᠤᠨ ᠬᠤᠭᠤᠴᠠᠭ᠎ᠠ ᠪᠣᠯᠣᠨ᠎ᠠ᠃ ᠤᠳᠤ ᠶᠠᠭ ᠪᠣᠯᠪᠠᠰᠤᠷᠠᠵᠤ ᠭᠦᠢᠴᠡᠭᠡᠳ ᠵᠠᠬ᠎ᠠ ᠳᠡᠯᠭᠡᠭᠦᠷ ᠲᠤ ᠭᠠᠷᠴᠤ ᠪᠠᠶᠢᠨ᠎ᠠ᠃ ᠵᠢᠯ ᠤᠨ ᠡᠬᠢᠨ ᠤ ᠦᠶ᠎ᠡ ᠪᠣᠯᠬᠤᠷ ᠲᠥᠪᠡᠳ ᠬᠠᠰᠢ ᠶᠢᠨ ᠦᠨ᠎ᠡ ᠮᠠᠰᠢ ᠰᠠᠶᠢᠨ ᠪᠠᠶᠢᠨ᠎ᠠ᠃ ᠪᠥᠭᠡᠮ ᠢᠶᠠᠷ ᠬᠤᠳᠠᠯᠳᠤᠬᠤ ᠦᠨ᠎ᠡ ᠨᠢ ᠵᠢᠩ ᠳᠡᠭᠡᠨ 3 - 4 ᠲᠥᠭᠦᠷᠢᠭ ᠲᠤ ᠬᠦᠷᠴᠦ᠂ ᠨᠡᠶᠢᠳᠡᠮ ᠳᠡᠭᠡᠨ ᠨᠢᠳᠤᠨᠤᠨ ᠤ ᠬᠢ ᠠᠴᠠ 1 - 2 ᠲᠥᠭᠦᠷᠢᠭ ᠥᠨᠳᠥᠷ᠂ ᠠᠰᠢᠭ ᠣᠷᠣᠯᠭ᠎ᠠ ᠨᠡᠯᠢᠶᠡᠳ ᠰᠠᠶᠢᠨ ᠪᠠᠶᠢᠨ᠎ᠠ︾ ᠭᠡᠵᠦ ᠬᠠᠨ ᠴᠦᠨ ᠬᠤᠸᠠ ᠲᠠᠨᠢᠯᠴᠠᠭᠤᠯᠤᠨ᠎ᠠ᠃     ᠪᠠᠰᠠ ᠬᠤᠶᠠᠷ ᠭᠠᠷᠠᠭ ᠥᠩᠭᠡᠷᠡᠪᠡᠯ᠂ ᠯᠢ ᠴᠧᠩ ᠠᠨ ᠳᠠᠷᠢᠭᠰᠠᠨ ᠬᠦᠮᠡᠯᠢ ᠪᠠᠨ ᠵᠠᠬ᠎ᠠ ᠳᠡᠯᠭᠡᠭᠦᠷ ᠲᠤ ᠭᠠᠷᠭᠠᠨ ᠬᠤᠳᠠᠯᠳᠤᠬᠤ ᠪᠠᠷ ᠪᠠᠶᠢᠨ᠎ᠠ᠃ ᠲᠡᠷᠡ ᠬᠦᠮᠡᠯᠢ ᠶᠢᠨ ᠡᠪᠡᠰᠦ ᠶᠢ ᠠᠷᠢᠯᠭᠠᠵᠤ ᠤᠰᠤᠯᠠᠨ ᠳᠣᠳᠣᠮᠳᠠᠬᠤ ᠶᠢᠨ ᠳᠠᠭᠠᠤ᠄ ︽ᠬᠦᠮᠡᠯᠢ ᠶᠢ ᠬᠦᠯᠡᠮᠵᠢᠨ ᠳᠤ ᠳᠠᠷᠢᠬᠤ ᠪᠣᠯᠤᠭᠰᠠᠨ ᠢᠶᠠᠷ ᠬᠥᠮᠥᠰ ᠳᠦᠷᠪᠡᠨ ᠤᠯᠠᠷᠢᠯ ᠳᠤ ᠴᠥᠮ ᠢᠳᠡᠵᠦ ᠳᠡᠶᠢᠯᠭᠦ ᠪᠣᠯᠪᠠ᠃ ᠡᠪᠦᠯ ᠤᠨ ᠤᠯᠠᠷᠢᠯ ᠳᠤ ᠬᠦᠮᠡᠯᠢ ᠶᠢᠨ ᠦᠨ᠎ᠡ ᠬᠠᠩᠰᠢ ᠥᠨᠳᠥᠷ᠂ ᠵᠠᠬ᠎ᠠ ᠳᠡᠯᠭᠡᠭᠦᠷ ᠤᠨ ᠦᠨ᠎ᠡ ᠎ ᠨᠢ ᠪᠠᠷᠤᠭ ᠵᠢᠩ ᠳᠡᠭᠡᠨ 23 ᠲᠥᠭᠦᠷᠢᠭ ᠲᠤ ᠬᠦᠷᠴᠦ ᠪᠠᠶᠢᠨ᠎ᠠ᠃ ᠪᠢᠳᠡ 7 ᠬᠦᠯᠡᠮᠵᠢᠨ ᠳᠤ ᠬᠦᠮᠡᠯᠢ ᠳᠠᠷᠢᠭᠰᠠᠨ᠂ ᠤᠳᠤ ᠢᠭᠴᠤ ᠰᠠᠬᠤᠯᠢᠭ ᠢᠳᠡᠷᠡᠭᠦᠨ ᠰᠠᠶᠢᠬᠠᠨ ᠤᠷᠭᠤᠵᠤ ᠪᠠᠶᠢᠨ᠎ᠠ︾ ᠭᠡᠵᠦ ᠪᠠᠶᠢᠯ᠎ᠠ᠃     ᠣᠳᠣᠬᠠᠨ ᠳᠤ ᠢᠳᠡᠰᠢᠨ ᠨᠣᠭᠤᠭ᠎ᠠ ᠶᠢᠨ ᠲᠣᠰᠬᠤᠨ ᠤ ᠬᠦᠯᠡᠮᠵᠢ ᠳᠤ ᠭᠦᠵᠡᠯᠵᠡᠭᠡᠨ᠎ᠡ᠂ ᠲᠥᠪᠡᠳ ᠬᠠᠰᠢ᠂ ᠵᠢᠵᠢᠭ ᠲᠥᠪᠡᠳ ᠬᠠᠰᠢ᠂ ᠬᠦᠮᠡᠯᠢ᠂ ᠭᠤᠭᠤᠳ ᠵᠡᠷᠭᠡ ᠣᠯᠠᠨ ᠵᠦᠢᠯ ᠤᠨ ᠨᠣᠭᠤᠭ᠎ᠠ ᠵᠢᠮᠢᠰ ᠳᠠᠷᠢᠵᠤ᠂ ᠴᠥᠮ ᠪᠣᠯᠪᠠᠰᠤᠷᠠᠬᠤ ᠬᠤᠭᠤᠴᠠᠭᠠᠨ ᠳᠠᠭᠠᠨ ᠣᠷᠣᠭᠠᠳ ᠪᠠᠶᠢᠨ᠎ᠠ᠃ ᠲᠠᠷᠢᠶᠠᠴᠢᠨ ᠡᠳᠦᠷ ᠪᠦᠷᠢ ᠵᠠᠬᠢᠶᠠᠯᠠᠭ᠎ᠠ ᠪᠠᠨ ᠦᠨᠳᠦᠰᠦᠯᠡᠨ ᠲᠡᠭᠦᠵᠦ᠂ ᠬᠤᠲᠠ ᠶᠢᠨ ᠠᠷᠠᠳ ᠲᠤ ᠲᠠᠰᠤᠷᠠᠯᠲᠠ ᠦᠭᠡᠢ ᠰᠢᠨ᠎ᠡ ᠰᠣᠷᠭᠤᠭ ᠨᠣᠭᠤᠭ᠎ᠠ ᠵᠢᠮᠢᠰ ᠬᠠᠩᠭᠠᠵᠤ ᠪᠠᠶᠢᠬᠤ ᠪᠥᠭᠡᠳ ᠬᠡᠷᠡᠭᠯᠡᠭᠴᠢᠳ ᠤᠨ ᠥᠪᠡᠷ ᠲᠡᠭᠡᠨ ᠢᠷᠡᠵᠦ ᠲᠡᠭᠦᠬᠦ ᠦᠢᠯᠡᠴᠢᠯᠡᠭᠡ ᠶᠢ ᠴᠤ ᠬᠠᠩᠭᠠᠵᠤ ᠪᠠᠶᠢᠨ᠎ᠠ᠃ ᠤᠯᠠᠷᠢᠯ ᠤᠨ ᠪᠤᠰᠤ ᠢᠳᠡᠰᠢᠨ ᠨᠣᠭᠤᠭ᠎ᠠ ᠳᠠᠷᠢᠬᠤ ᠨᠢ ᠬᠤᠲᠠ ᠶᠢᠨ ᠠᠷᠠᠳ ᠤᠨ ᠡᠪᠦᠯ ᠤᠨ ᠢᠳᠡᠰᠢᠨ ᠨᠣᠭᠤᠭ᠎ᠠ ᠶᠢᠨ ᠳᠦᠷᠦᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠲᠠᠷᠢᠶᠠᠴᠢᠨ ᠳᠤ ᠮᠠᠰᠢ ᠰᠠᠶᠢᠨ ᠠᠵᠤ ᠠᠬᠤᠢ ᠶᠢᠨ ᠦᠷ᠎ᠡ ᠠᠰᠢᠭ ᠢ ᠠᠪᠴᠢᠷᠠᠭᠰᠠᠨ ᠪᠠᠶᠢᠨ᠎ᠠ᠃    
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号