ᠠᠯᠠᠱᠠ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠭᠡᠷᠡᠯ ᠭᠢᠯᠪᠠᠭ᠎ᠠ ᠶᠢ ᠰᠠᠴᠤᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/10
ᠡᠷᠳᠡᠨᠢᠴᠢᠮᠡᠭ ᠶᠠᠨ ᠴᠧᠨ ᠴᠧᠨ ᠬᠤᠪᠢᠲᠠᠢ     ᠣᠷᠴᠢᠮᠬᠠᠨ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠬᠦᠬᠦ ᠠᠵᠢᠯ ᠣᠯᠭᠤᠯᠲᠠ ᠶᠢᠨ ᠦᠢᠯᠡᠳᠬᠡᠯ ᠤᠨ ᠭᠠᠵᠠᠷ ᠪᠤᠯᠬᠤ ᠣᠷᠢᠶᠠᠮᠠᠯ ᠮᠣᠷᠢᠨ ᠬᠢᠯᠭᠠᠰᠤᠨ ᠤ ᠮᠣᠩᠭᠤᠯ ᠲᠠᠩᠺᠠ ᠤᠷᠠᠯᠠᠯ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠬᠤ ᠭᠠᠵᠠᠷ ᠲᠤ ᠬᠦᠷᠬᠦ ᠳᠤ ᠥᠩᠭᠡ ᠢᠯᠭᠠᠷᠠᠭᠰᠠᠨ᠂ ᠡᠯᠪᠡᠭ ᠪᠠᠶᠠᠯᠢᠭ ᠠᠭᠤᠯᠬᠤᠨ ᠲᠠᠢ ᠦᠵᠡᠭᠦᠯᠭᠡ ᠶᠢᠨ ᠪᠣᠳᠠᠰ ᠲᠡᠷᠢ ᠲᠡᠭᠰᠢ ᠳᠡᠯᠭᠡᠭᠳᠡᠵᠦ᠂ ᠬᠥᠮᠥᠰ ᠤᠨ ᠠᠩᠬᠠᠷᠤᠯ ᠢ ᠲᠠᠲᠠᠵᠤ ᠪᠠᠶᠢᠯ᠎ᠠ᠃ ᠡᠲᠡᠭᠡᠷ ᠪᠦᠲᠦᠭᠡᠯ ᠢ ᠵᠢᠷᠤᠵᠤ ᠲᠥᠯᠥᠪᠯᠡᠬᠦ᠂ ᠡᠰᠬᠡᠬᠦ᠂ ᠨᠠᠭᠠᠬᠤ᠂ ᠤᠲᠠᠰᠤ ᠣᠷᠢᠶᠠᠬᠤ᠂ ᠣᠶᠣᠬᠤ ᠵᠡᠷᠭᠡ 19 ᠵᠦᠢᠯ ᠤᠨ ᠠᠵᠢᠯ ᠤᠨ ᠳᠠᠷᠠᠭᠠᠯᠠᠯ ᠢᠶᠠᠷ ᠵᠣᠬᠢᠶᠠᠵᠤ ᠪᠦᠲᠦᠭᠡᠭᠰᠡᠨ ᠪᠣᠯᠬᠤᠷ ᠬᠠᠷᠠᠭᠠᠨ ᠳᠤ ᠭᠠᠶᠢᠬᠠᠮ᠎ᠠ ᠮᠥᠷᠲᠡᠭᠡᠨ ᠣᠷᠳᠣ ᠬᠤᠭᠤᠴᠠᠭ᠎ᠠ ᠪᠠᠷ ᠬᠠᠳᠠᠭᠠᠯᠠᠪᠠᠴᠤ ᠥᠩᠭᠡ ᠳᠦᠷᠰᠦ ᠨᠢ ᠬᠤᠪᠢᠷᠠᠬᠤ ᠦᠭᠡᠢ ᠠᠵᠢ᠃      ︽ᠮᠣᠷᠢᠨ ᠤ ᠬᠢᠯᠭᠠᠰᠤ ᠪᠠᠷ ᠲᠠᠩᠺᠠ ᠤᠷᠠᠯᠠᠭᠠᠳ ᠨᠢᠭᠡᠨᠲᠡ 10 ᠭᠠᠷᠤᠢ ᠵᠢᠯ ᠪᠣᠯᠵᠤ ᠪᠤᠢ᠂ ᠡᠨᠡ ᠬᠦ ᠮᠡᠷᠭᠡᠵᠢᠯ ᠢ ᠭᠠᠭᠴᠠᠭᠠᠷ ᠢᠶᠠᠨ ᠤᠷᠤᠯᠳᠤᠭᠠᠳ ᠪᠠᠶᠢᠵᠤ ᠪᠤᠯᠬᠤ ᠦᠭᠡᠢ᠂ ᠨᠡᠩ ᠣᠯᠠᠨ ᠬᠥᠮᠥᠨ ᠳᠤ ᠤᠯᠠᠮᠵᠢᠯᠠᠵᠤ ᠥᠭᠬᠦ ᠬᠡᠷᠡᠭᠲᠡᠢ᠂ ᠣᠯᠠᠨ ᠢᠶᠠᠷ ᠢᠶᠠᠨ ᠡᠨᠡ ᠬᠦ ᠰᠣᠶᠣᠯ ᠤᠨ ᠦᠨᠡᠲᠦ ᠡᠷᠳᠡᠨᠢ ᠶᠢ ᠬᠠᠮᠲᠤ ᠪᠠᠷ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠡᠷᠡᠭᠲᠡᠢ︾᠃ ᠣᠷᠢᠶᠠᠮᠠᠯ ᠮᠣᠷᠢᠨ ᠬᠢᠯᠭᠠᠰᠤᠨ ᠤ ᠮᠣᠩᠭᠤᠯ ᠲᠠᠩᠺᠠ ᠤᠷᠠᠯᠠᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠠᠮᠵᠢᠯᠠᠭᠴᠢ ᠲᠤᠤ ᠭᠡᠷᠡᠯ ᠬᠡᠯᠡᠬᠦ ᠳᠡᠭᠡᠨ᠂ ᠣᠲᠣ ᠪᠤᠯᠲᠠᠯ᠎ᠠ ᠨᠡᠶᠢᠲᠡ 700 ᠭᠠᠷᠤᠢ ᠮᠠᠯᠴᠢᠨ ᠲᠠᠷᠢᠶᠠᠴᠢᠨ᠂ ᠠᠵᠢᠯ ᠠᠯᠳᠠᠭᠰᠠᠳ ᠪᠠ ᠵᠡᠮᠳᠡᠭᠴᠦᠳ ᠲᠤ ᠮᠣᠷᠢᠨ ᠬᠢᠯᠭᠠᠰᠤᠨ ᠲᠠᠩᠺᠠ ᠤᠷᠠᠯᠠᠯ ᠤᠨ ᠮᠡᠷᠭᠡᠵᠢᠯ ᠢ ᠦᠨ᠎ᠡ ᠲᠥᠯᠥᠪᠦᠷᠢ ᠦᠭᠡᠢ ᠪᠠᠷ ᠵᠢᠭᠠᠨ ᠵᠢᠯᠤᠭᠤᠳᠴᠤ᠂ 60 ᠭᠠᠷᠤᠢ ᠬᠥᠮᠥᠨ ᠤ ᠠᠵᠢᠯ ᠣᠯᠭᠤᠯᠲᠠ ᠶᠢ ᠪᠡᠶᠡᠯᠡᠭᠦᠯᠦᠭᠰᠡᠨ ᠪᠠᠶᠢᠨ᠎ᠠ ᠭᠡᠪᠡ᠃     ᠣᠶᠢᠷ᠎ᠠ ᠶᠢᠨ ᠵᠢᠯ ᠤᠳ ᠲᠤ᠂ ᠮᠠᠨ ᠤ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠤᠯᠭᠠᠵᠦ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠠ ᠤᠯᠠᠮᠵᠢᠯᠠᠯ ᠤᠨ ᠲᠠᠯ᠎ᠠ ᠪᠠᠷ ᠬᠢ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ︽ᠬᠠᠮᠠᠭᠠᠯᠠᠬᠤ ᠪᠠᠷ ᠭᠤᠣᠯ ᠪᠤᠯᠭᠠᠬᠤ᠂ ᠰᠡᠷᠭᠦᠭᠡᠬᠦ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠢ ᠠᠰᠢᠭᠯᠠᠬᠤ᠂ ᠤᠯᠠᠮᠵᠢᠯᠠᠨ ᠬᠥᠭᠵᠢᠭᠦᠯᠬᠦ︾ ᠠᠵᠢᠯ ᠤᠨ ᠴᠢᠭᠯᠡᠯᠲᠡ ᠶᠢ ᠪᠠᠷᠢᠮᠲᠠᠯᠠᠨ᠂ ᠪᠣᠳᠠᠰ ᠤᠨ ᠪᠤᠰᠤ ᠰᠣᠶᠣᠯ ᠤᠨ ᠥᠪ ᠤᠨ ᠴᠠᠭ ᠦᠶ᠎ᠡ ᠶᠢᠨ ᠦᠨ᠎ᠡ ᠦᠷᠳᠡᠭ ᠪᠠ ᠨᠡᠶᠢᠭᠡᠮ ᠤᠨ ᠦᠨ᠎ᠡ ᠦᠷᠳᠡᠭ ᠢ ᠴᠢᠬᠤᠯᠠᠴᠢᠯᠠᠵᠤ᠂ ᠢᠯᠡᠷᠡᠭᠦᠯᠬᠦ ᠪᠠ ᠤᠯᠠᠮᠵᠢᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠦᠨ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠡᠶᠡᠯᠡᠭᠦᠯᠵᠦ᠂ ᠴᠠᠭ ᠦᠶ᠎ᠡ ᠶᠢᠨ ᠥᠩᠭᠡ ᠭᠢᠯᠪᠠᠭ᠎ᠠ ᠶᠢ ᠪᠦᠷᠢᠨ ᠢᠯᠡᠷᠡᠭᠦᠯᠦᠭᠰᠡᠨ ᠪᠠᠶᠢᠨ᠎ᠠ᠃     ᠰᠤᠷᠪᠤᠯᠵᠢᠯᠠᠬᠴᠢ ᠮᠣᠩᠭᠤᠯ ᠰᠢᠲᠠᠷ᠎ᠠ ᠶᠢᠨ ᠤᠯᠠᠮᠵᠢᠯᠠᠯ ᠤᠨ ᠰᠠᠭᠤᠷᠢᠨ ᠭᠠᠵᠠᠷ ᠪᠤᠯᠬᠤ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠬᠦ ᠳᠤ᠂ ᠰᠤᠷᠤᠬᠴᠢᠳ ᠮᠣᠩᠭᠤᠯ ᠰᠢᠲᠠᠷ᠎ᠠ ᠶᠢᠨ ᠬᠢᠴᠢᠶᠡᠯ ᠳᠡᠭᠡᠷ᠎ᠡ ᠰᠢᠲᠠᠷ᠎ᠠ ᠮᠥᠷᠥᠶᠢᠴᠡᠵᠦ ᠪᠠᠶᠢᠯ᠎ᠠ᠃ ᠮᠣᠩᠭᠤᠯ ᠰᠢᠲᠠᠷ᠎ᠠ ᠪᠣᠯ ᠨᠢᠭᠡ ᠵᠦᠢᠯ ᠤᠨ ᠡᠷᠲᠡᠨ ᠤ ᠪᠥᠭᠡᠳ ᠥᠪᠡᠷᠮᠢᠴᠡ ᠣᠨᠴᠠᠯᠢᠭ ᠲᠠᠢ ᠮᠥᠷᠥᠶᠢᠴᠡᠭᠡᠨ ᠤ ᠲᠣᠭᠯᠠᠭᠠᠮ ᠤᠨ ᠨᠢᠭᠡ ᠪᠣᠯᠣᠨ᠎ᠠ᠃ ᠲᠡᠷᠡ ᠨᠢ ᠰᠣᠨᠢᠷᠬᠠᠯᠳᠤ ᠴᠢᠨᠠᠷ᠂ ᠮᠡᠳᠡᠯᠭᠡᠲᠦ ᠴᠢᠨᠠᠷ᠂ ᠨᠡᠭᠡᠭᠡᠯᠲᠡᠲᠤ ᠴᠢᠨᠠᠷ᠂ ᠥᠷᠢᠰᠦᠯᠳᠦᠭᠡᠨᠲᠦ ᠴᠢᠨᠠᠷ᠂ ᠤᠷᠠᠯᠢᠭᠴᠢ ᠴᠢᠨᠠᠷ ᠢ ᠨᠢᠭᠡᠳᠬᠡᠭᠰᠡᠨ ᠪᠠᠶᠢᠳᠠᠭ᠃ ᠣᠯᠠᠨ ᠵᠢᠯ ᠤᠨ ᠲᠤᠷᠰᠢ᠂ ᠮᠣᠩᠭᠤᠯ ᠰᠢᠲᠠᠷ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠤᠯᠤᠰ ᠤᠨ ᠲᠠᠰ ᠤᠨ ᠤᠯᠠᠮᠵᠢᠯᠠᠭᠴᠢ ᠨᠠᠷᠠᠯᠠᠢ ᠮᠣᠩᠭᠤᠯ ᠰᠢᠲᠠᠷ᠎ᠠ ᠶᠢ ᠤᠯᠠᠮᠵᠢᠯᠠᠨ ᠬᠠᠮᠠᠭᠠᠯᠠᠬᠤ ᠠᠵᠢᠯ ᠳᠤ ᠬᠦᠴᠦ ᠪᠠᠨ ᠡᠷᠭᠦᠨ᠂ ᠠᠯᠠᠱᠠ ᠠᠶᠢᠮᠠᠭ ᠤᠨ ᠮᠣᠩᠭᠤᠯ ᠰᠢᠲᠠᠷ᠎ᠠ ᠶᠢᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠮᠣᠩᠭᠤᠯ ᠰᠢᠲᠠᠷ᠎ᠠ ᠶᠢᠨ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠢ ᠪᠠᠶᠢᠩᠭᠤ ᠥᠷᠨᠢᠭᠦᠯᠦᠭᠰᠡᠭᠡᠷ ᠢᠷᠡᠵᠠᠢ᠃ ᠲᠡᠭᠦᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ᠂ ᠮᠣᠩᠭᠤᠯ ᠰᠢᠲᠠᠷ᠎ᠠ ᠶᠢ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠢᠴᠢᠶᠡᠯ ᠤᠨ ᠴᠢᠬᠤᠯᠠ ᠠᠭᠤᠯᠭ᠎ᠠ ᠶᠢᠨ ᠨᠢᠭᠡ ᠪᠣᠯᠭᠠᠵᠠᠢ᠃      ︽2013 ᠣᠨ ᠳᠤ ᠮᠣᠩᠭᠤᠯ ᠰᠢᠲᠠᠷ᠎ᠠ ᠶᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠣᠷᠣᠭᠤᠯᠵᠤ᠂ 10 ᠵᠢᠯ ᠤᠨ ᠲᠤᠷᠰᠢ 1000 ᠭᠠᠷᠤᠢ ᠮᠣᠩᠭᠤᠯ ᠰᠢᠲᠠᠷᠴᠢᠨ ᠢ ᠬᠥᠮᠥᠵᠢᠭᠦᠯᠵᠡᠢ᠃ ᠡᠭᠦᠨ ᠠᠴᠠ ᠭᠠᠳᠠᠨ᠎ᠠ ᠮᠠᠨ ᠤ ᠰᠤᠷᠭᠠᠭᠤᠯᠢ ᠪᠠᠰᠠ ᠱᠠᠯᠪᠤᠷ ᠪᠦᠭᠡ᠂ ᠤᠷᠲᠤ ᠶᠢᠨ ᠳᠠᠭᠤᠤ ᠵᠡᠷᠭᠡ ᠤᠯᠠᠮᠵᠢᠯᠠᠯᠲᠤ ᠰᠣᠶᠣᠯ ᠤᠨ 10 ᠭᠠᠷᠤᠢ ᠵᠦᠢᠯ ᠤᠨ ᠬᠢᠴᠢᠶᠡᠯ ᠢ ᠨᠡᠭᠡᠭᠡᠵᠡᠢ︾᠃ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠠᠯᠲᠠᠨᠰᠥ᠋ᠮᠪᠥᠷ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠦᠨᠳᠦᠰᠦᠲᠡᠨ ᠤ ᠰᠤᠷᠭᠠᠭᠤᠯᠢ ᠶᠢᠨ ᠳᠤᠷ᠎ᠠ ᠰᠣᠨᠢᠷᠬᠠᠯ ᠤᠨ ᠬᠢᠴᠢᠶᠡᠯ ᠳᠤ ᠣᠷᠣᠭᠤᠯᠤᠭᠰᠠᠨ ᠨᠢ ᠵᠠᠯᠠᠭᠤᠴᠤᠳ ᠪᠠᠭᠠᠴᠤᠳ ᠤᠨ ᠪᠠᠶᠠᠯᠢᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ ᠳᠤᠮᠳᠠ ᠪᠠᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠬᠡ ᠣᠷᠣᠨᠴᠢ ᠰᠡᠳᠬᠢᠯᠭᠡ ᠶᠢ ᠨᠡᠮᠡᠭᠳᠡᠭᠦᠯᠬᠦ ᠶᠠᠪᠤᠳᠠᠯ ᠪᠣᠯᠣᠨ᠎ᠠ ᠭᠡᠵᠦ ᠪᠠᠶᠢᠯ᠎ᠠ᠃     ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠦᠵᠡᠮᠵᠢ ᠶᠢᠨ ᠣᠷᠣᠨ ᠳᠤ ᠣᠷᠣᠭᠤᠯᠬᠤ ᠁ ᠡᠳᠦᠭᠡ᠂ ᠠᠯᠠᠱᠠ ᠤᠷᠳᠤ ᠶᠢᠨ ᠳᠠᠭᠤᠤ᠂ ᠰᠠᠪᠠᠷᠳᠠᠩ᠂ ᠲᠡᠮᠡᠭᠡᠨ ᠤ ᠶᠠᠰᠤᠨ ᠤ ᠰᠡᠶᠢᠯᠦᠮᠡᠯ᠂ ᠡᠷᠲᠡᠨ ᠤ ᠳᠠᠭᠤᠷᠢᠶᠠᠮᠠᠯ ᠬᠡᠪᠢᠰ᠂ ᠮᠣᠷᠢᠨ ᠬᠤᠭᠤᠷ ᠤᠨ ᠤᠷ᠎ᠠ ᠮᠡᠷᠭᠡᠵᠢᠯ ᠵᠡᠷᠭᠡ ᠨᠢᠭᠡ ᠪᠦᠯᠦᠭ ᠲᠥᠯᠥᠭᠡᠯᠡᠬᠦ ᠴᠢᠨᠠᠷᠲᠠᠢ ᠪᠣᠳᠠᠰ ᠤᠨ ᠪᠤᠰᠤ ᠰᠣᠶᠣᠯ ᠤᠨ ᠥᠪ ᠵᠢᠴᠢ ᠲᠡᠭᠦᠨ ᠤ ᠦᠷ᠎ᠡ ᠪᠦᠲᠦᠭᠡᠯ ᠤᠳ ᠤᠯᠠᠨ ᠲᠦᠮᠡᠨ ᠤ ᠬᠠᠷᠠᠭᠠᠨ ᠳᠤ ᠣᠷᠣᠵᠤ᠂ ᠰᠣᠶᠣᠯ ᠤᠨ ᠷᠢᠳᠢ ᠰᠢᠳᠢ ᠶᠢ ᠢᠯᠡᠷᠡᠭᠦᠯᠦᠯ᠎ᠡ᠃ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠪᠤᠯᠬᠤ ᠱᠠᠯᠪᠤᠷ ᠪᠦᠭᠡ ᠨᠢᠭᠡᠨᠲᠡ ᠤᠯᠤᠰ ᠤᠨ ︽ᠰᠢᠯᠢᠳᠡᠭ ᠬᠠᠮᠠᠭᠠᠯᠠᠯᠲᠠ ᠶᠢᠨ ᠦᠢᠯᠡᠳᠦᠯᠭᠡ ᠶᠢᠨ ᠵᠢᠱᠢᠶ᠎ᠡ︾᠎ ᠪᠠᠷ ᠰᠣᠩᠭᠤᠬᠳᠠᠪᠠ᠂ ᠠᠯᠠᠱᠠ ᠪᠠᠷᠠᠭᠤᠨ ᠬᠤᠰᠢᠭᠤᠨ ᠤ ᠱᠠᠭ᠎ᠠ ᠲᠣᠭᠯᠠᠭᠠᠮ ᠤᠨ ᠲᠥᠷᠥᠯ ᠵᠦᠢᠯ ᠬᠢᠭᠡᠳ ᠡᠵᠡᠨ᠎ᠡ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠮᠵᠢ ᠶᠢᠨ ᠣᠷᠣᠨ ᠳᠤ ᠣᠷᠣᠬᠤ ᠠᠵᠢᠯᠯᠠᠭ᠎ᠠ ᠨᠢ ᠲᠣᠰ ᠲᠣᠰ ᠪᠦᠭᠦ ᠣᠷᠣᠨ ᠤ ︽ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ︽ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ︾ ᠰᠢᠯᠢᠳᠡᠭ ᠵᠢᠱᠢᠶ᠎ᠡ ᠪᠠᠷ ᠦᠨᠡᠯᠡᠭᠳᠡᠪᠡ᠂ ᠪᠤᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠬᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠡᠭᠦᠳᠦᠯᠲᠡ᠂ ᠪᠣᠳᠠᠰ ᠤᠨ ᠪᠤᠰᠤ ᠰᠣᠶᠣᠯ ᠤᠨ ᠥᠪ ᠤᠨ ᠪᠣᠷᠤᠯᠠᠭᠤᠯᠭ᠎ᠠ ᠵᠡᠷᠭᠡ ᠨᠢ ᠴᠥᠮ ᠮᠠᠨ ᠤ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠭᠡᠷᠡᠯ ᠭᠢᠯᠪᠠᠭ᠎ᠠ ᠶᠢ ᠰᠠᠴᠤᠷᠠᠭᠤᠯᠤᠭᠰᠠᠨ ᠪᠠᠶᠢᠨ᠎ᠠ᠃     ᠪᠦᠷᠢᠳᠬᠡᠯ ᠢ ᠦᠨᠳᠦᠰᠦᠯᠡᠪᠡᠯ᠂ ᠣᠳᠣᠬᠠᠨ ᠪᠦᠭᠦ ᠠᠶᠢᠮᠠᠭ ᠲᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠬᠠᠮᠠᠭᠠᠯᠠᠯᠲᠠ ᠶᠢᠨ 9 ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠲᠠᠰ ᠤᠨ 62 ᠲᠦᠷᠦᠯ ᠵᠦᠢᠯ᠂ ᠠᠶᠢᠮᠠᠭ ᠤᠨ ᠲᠠᠰ ᠤᠨ 113 ᠲᠦᠷᠦᠯ ᠵᠦᠢᠯ᠂ ᠬᠤᠰᠢᠭᠤᠨ ᠤ ᠲᠠᠰ ᠤᠨ 243 ᠲᠦᠷᠦᠯ ᠵᠦᠢᠯ ᠲᠠᠢ᠃ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ 7 ᠤᠯᠠᠮᠵᠢᠯᠠᠭᠴᠢ᠂ ᠥᠪᠡᠷᠲᠡᠭᠡᠨ ᠵᠠᠰᠠᠬᠤ ᠣᠷᠣᠨ ᠤ ᠲᠠᠰ ᠤᠨ 88 ᠤᠯᠠᠮᠵᠢᠯᠠᠭᠴᠢ᠂ ᠠᠶᠢᠮᠠᠭ ᠤᠨ ᠲᠠᠰ ᠤᠨ 292 ᠤᠯᠠᠮᠵᠢᠯᠠᠭᠴᠢ᠂ ᠬᠤᠰᠢᠭᠤᠨ ᠤ ᠲᠠᠰ ᠤᠨ 771 ᠤᠯᠠᠮᠵᠢᠯᠠᠭᠴᠢ ᠲᠠᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ 2 ᠣᠷᠣᠨ᠂ ᠰᠣᠶᠣᠯ ᠤᠷᠠᠯᠢᠭ ᠤᠨ 7 ᠨᠤᠲᠤᠭ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ 2 ᠦᠢᠯᠡᠳᠬᠡᠯ ᠤᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠢ ᠪᠠᠶᠠᠳᠠᠨ ᠣᠶᠢᠯᠠᠭᠠᠬᠤ 2 ᠰᠠᠭᠤᠷᠢᠨ᠂ ᠪᠣᠳᠠᠰ ᠤᠨ ᠪᠤᠰᠤ ᠰᠣᠶᠣᠯ ᠤᠨ ᠪᠣᠯᠪᠠᠰᠤᠷᠠᠯ ᠤᠨ 2 ᠰᠠᠭᠤᠷᠢᠨ ᠲᠠᠢ ᠮᠥᠷᠲᠡᠭᠡᠨ ᠠᠶᠢᠮᠠᠭ ᠬᠤᠰᠢᠭᠤᠨ ᠳᠤ ᠡᠯ᠎ᠡ ᠲᠥᠷᠥᠯ ᠤᠨ ᠪᠣᠳᠠᠰ ᠤᠨ ᠪᠤᠰᠤ ᠰᠣᠶᠣᠯ ᠤᠨ ᠪᠣᠯᠪᠠᠰᠤᠷᠠᠯ ᠤᠨ 66 ᠡᠷᠦᠭᠡ ᠲᠠᠢ᠃ ᠪᠣᠳᠠᠰ ᠤᠨ ᠪᠤᠰᠤ ᠰᠣᠶᠣᠯ ᠤᠨ ᠥᠪ ᠤᠨ 16 ᠲᠥᠷᠥᠯ ᠵᠦᠢᠯ ᠠᠶᠢᠮᠠᠭ ᠤᠨ ᠲᠠᠰ ᠤᠨ ︽ᠨᠠᠷᠠᠲᠤ ᠪᠠᠭᠰᠢ ᠶᠢᠨ ᠱᠠᠪᠢ ᠳᠠᠭᠠᠭᠤᠯᠬᠤ ᠠᠵᠢᠯ ᠤᠨ ᠲᠠᠰᠤᠭ︾᠎ ᠤᠨ ᠨᠡᠷᠡᠰ ᠤᠨ ᠵᠢᠭᠰᠠᠭᠠᠯᠲᠠ ᠳᠤ ᠣᠷᠣᠪᠠ᠃ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠰᠣᠳᠣᠨ ᠵᠢᠭᠤᠯᠴᠢᠯᠠᠯ ᠤᠨ 4 ᠵᠠᠮ ᠱᠤᠭᠤᠮ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠵᠠᠮ ᠱᠤᠭᠤᠮ ᠢᠶᠠᠷ ᠲᠣᠭᠲᠠᠭᠠᠭᠳᠠᠵᠠᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠥᠮᠦᠵᠢᠯ ᠦᠢᠯᠡᠳᠦᠯᠭᠡ ᠶᠢᠨ 5 ᠰᠠᠭᠤᠷᠢᠨ᠂ ᠪᠣᠳᠠᠰ ᠤᠨ ᠪᠤᠰᠤ ᠰᠣᠶᠣᠯ ᠤᠨ ᠥᠪ ᠤᠨ 4 ᠣᠨᠴᠠᠯᠢᠭᠲᠤ ᠲᠣᠰᠬᠤᠨ ᠪᠠᠯᠭᠠᠰᠤ᠂ 4 ᠵᠡᠭᠡᠯᠢ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠬᠤᠶᠠᠳᠤᠭᠠᠷ ᠪᠦᠯᠦᠭ ᠤᠨ 6 ᠲᠥᠷᠥᠯ ᠵᠦᠢᠯ ᠲᠠᠢ᠃    
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号