ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ  ᠠᠴᠠ ᠠᠯᠠᠱᠠ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/10
     ᠪᠠᠢ ᠬᠠᠢ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ          ︵ᠸᠠᠩ ᠢᠦᠢ ᠦ᠋ ᠴᠤᠤ︶ 1 ᠰᠠᠷ᠎ᠠ ᠶᠢᠨ 3᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠠᠯᠠᠱᠠ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠬᠤᠷᠠᠯ ᠡᠷᠭᠢᠯᠡᠪᠡ᠃     ᠬᠤᠷᠠᠯ ᠠᠴᠠ᠂ ᠲᠣᠰ ᠤᠳᠠᠭᠠᠨ ᠤ ᠲᠤᠰᠬᠠᠢ ᠲᠣᠭᠤᠷᠢᠨ ᠪᠠᠶᠢᠴᠠᠭᠠᠯᠲᠠ ᠪᠣᠯ ᠮᠠᠨ ᠤ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠢᠭᠡ ᠤᠳᠠᠭᠠᠨ ᠤ ᠪᠦᠭᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠪᠣᠯᠬᠤᠷ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ ᠠᠴᠠ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠦᠷᠦ ᠶᠢ ᠡᠷᠭᠢᠮᠯᠡᠭᠦ ᠱᠠᠭᠠᠷᠳᠠᠯᠭ᠎ᠠ ᠶᠢ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠪᠦᠭᠦ ᠶᠠᠪᠤᠴᠠ ᠳᠤ ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠬᠠᠮᠤᠭ ᠢᠯᠡ ᠲᠣᠳᠣ ᠣᠪᠣᠷ᠂ ᠬᠠᠮᠤᠭ ᠬᠦᠴᠦᠲᠡᠢ ᠠᠷᠭ᠎ᠠ ᠬᠡᠮᠵᠢᠶ᠎ᠡ᠂ ᠬᠠᠮᠤᠭ ᠴᠢᠩᠭ᠎ᠠ ᠪᠣᠳᠠᠲᠠᠢ ᠰᠤᠷᠲᠠᠯ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠰᠡᠭᠦᠯᠴᠢ ᠶᠢᠨ ᠠᠵᠢᠯ ᠢ ᠯᠠᠪᠳᠠᠭᠤᠨ ᠪᠠᠲᠤᠲᠠᠢ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠢᠵᠢ ᠪᠦᠷᠢᠳᠦᠭᠰᠡᠨ ᠲᠥᠰᠥᠯ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠨᠠᠭᠰᠢᠳᠠ ᠲᠣᠳᠣᠷᠬᠠᠶᠢᠯᠠᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠪᠠᠷᠢᠮᠵᠢᠶ᠎ᠠ ᠶᠢ ᠴᠢᠩᠳᠠᠯᠠᠨ᠂ ᠠᠯᠬᠤᠮ ᠳᠠᠷᠠᠭ᠎ᠠ ᠲᠠᠢ ᠠᠬᠢᠭᠤᠯᠵᠤ᠂ ᠪᠤᠢ ᠪᠦᠬᠦᠢ ᠠᠰᠠᠭᠤᠳᠠᠯ ᠢ ᠴᠥᠮ ᠡᠴᠦᠰ ᠲᠤᠨᠢ ᠲᠤᠯᠲᠠᠯ᠎ᠠ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠃ ᠨᠢᠭᠡ ᠠᠴᠠ ᠨᠦᠭᠦᠭᠡ ᠶᠢ ᠵᠦᠢᠴᠢᠯᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ︽ᠣᠳᠣᠬᠠᠨ ᠤ ᠪᠠᠶᠢᠳᠠᠯ ᠳᠤ ᠥᠭᠡᠷᠡᠴᠢᠯᠡᠯᠲᠡ ᠬᠢᠬᠦ︾ ᠪᠠ ︽ᠤᠷᠳᠤ ᠬᠤᠭᠤᠴᠠᠭ᠎ᠠ ᠪᠠᠷ ᠲᠡᠭᠦᠯᠳᠡᠷᠵᠢᠭᠦᠯᠬᠦ︾ ᠬᠤᠶᠠᠷ ᠠᠵᠢᠯ ᠢ ᠰᠠᠶᠢᠲᠤᠷ ᠬᠢᠵᠦ᠂ ᠨᠠᠷᠢᠨ ᠬᠢᠨᠠᠮᠠᠭᠠᠢ ᠬᠠᠷᠢᠴᠠᠭᠤᠯᠤᠨ ᠪᠠᠶᠢᠴᠠᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠡᠬᠢ ᠡᠭᠦᠰᠦᠯ ᠠᠴᠠ ᠨᠢ ᠪᠠᠬᠢᠵᠢᠭᠦᠯᠦᠨ᠂ ᠲᠣᠭᠤᠷᠢᠨ ᠪᠠᠶᠢᠴᠠᠭᠠᠯᠲᠠ ᠪᠠᠷ ᠥᠭᠡᠷᠡᠴᠢᠯᠡᠯᠲᠡ ᠶᠢ ᠠᠬᠢᠭᠤᠯᠬᠤ᠂ ᠲᠣᠭᠤᠷᠢᠨ ᠪᠠᠶᠢᠴᠠᠭᠠᠯᠲᠠ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ ᠪᠠᠶᠢᠴᠠᠭᠠᠯᠲᠠ ᠪᠠᠷ ᠵᠠᠰᠠᠨ ᠴᠡᠭᠴᠡᠯᠡᠯᠲᠡ ᠶᠢ ᠠᠬᠢᠭᠤᠯᠬᠤ ᠬᠡᠷᠡᠭᠲᠡᠢ᠃ ᠬᠠᠮᠲᠤᠷᠠᠯ ᠬᠦᠴᠦᠨ ᠢ ᠨᠢᠭᠲᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠥᠪ ᠴᠢᠩᠭ᠎ᠠ ᠰᠠᠬᠢᠯᠭ᠎ᠠ ᠪᠠᠲᠤ ᠪᠣᠯᠣᠨ ᠰᠤᠷᠲᠠᠯ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠬᠦᠢᠲᠡᠨ ᠠᠭᠤᠷ ᠠᠮᠢᠰᠬᠤᠯ ᠪᠣᠯᠣᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃ ᠠᠶᠢᠮᠠᠭ ᠤᠨ ᠤᠳᠤᠷᠢᠳᠤᠯᠭ᠎ᠠ ᠵᠠᠩ ᠰᠢᠶᠣᠣ ᠹᠧᠩ᠂ ᠪᠦᠦ ᠶᠧ᠂ ᠯᠢᠦ ᠳ᠋ᠧ᠂ ᠳ᠋ᠠᠢ ᠵᠢᠶᠦ᠋ᠨ᠂ ᠯᠢᠦ ᠴᠥᠩ ᠰᠢᠶᠣᠣ᠂ ᠯᠢᠦ ᠳ᠋ᠧ ᠼᠦᠢ ᠬᠤᠷᠠᠯ ᠳᠤ ᠣᠷᠣᠯᠴᠠᠵᠠᠢ᠃    
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号